ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠵᠢᠨ ᠳᠤᠷᠠᠰᠬᠠᠯᠲᠤ ᠵᠥᠢ᠍ᠯᠡᠰ᠎ᠤᠨ ᠵᠢᠷᠤᠭ᠎ᠤᠨ ᠴᠠᠳᠢᠭ (ᠥᠪᠥᠷ ᠮᠣᠩᠭᠣᠯ᠎ᠤᠨ ᠪᠤᠳᠢ)》᠎ᠢ ᠨᠠᠢ᠌ᠷᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ
ᠨᠡᠶ᠋ᠢᠲᠡᠯᠡᠭᠰᠡᠨ ᠴᠠᠭ᠄ 2024-08-07

      ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠵᠢᠷᠤᠭ᠎ᠤᠨ ᠴᠠᠳᠢᠭ (ᠥᠪᠥᠷ ᠮᠣᠩᠭᠣᠯ᠎ᠤᠨ ᠪᠤᠳᠢ)》 (ᠳᠣᠷᠣᠭᠰᠢ 《〈ᠥᠪᠥᠷ ᠮᠣᠩᠭᠣᠯ᠎ᠤᠨ ᠪᠤᠳᠢ〉》 ᠭᠡᠵᠦ ᠲᠣᠪᠴᠢᠯᠠᠨ᠎ᠠ)᠎ᠤᠨ ᠬᠤᠪᠢᠶᠠᠷᠢ ᠨᠠᠢ᠌ᠷᠠᠭᠤᠯᠬᠤ ᠺᠣᠮᠢᠰ᠎ᠤᠨ ᠬᠡᠰᠡᠭ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ 《ᠵᠢᠷᠤᠭ᠎ᠤᠨ ᠴᠠᠳᠢᠭ (ᠥᠪᠥᠷ ᠮᠣᠩᠭᠣᠯ᠎ᠤᠨ ᠪᠤᠳᠢ)》᠎ᠤᠨ ᠭᠠᠷᠴᠠᠭ ᠵᠢᠴᠢ ᠠᠭᠤᠯᠭ᠎ᠠ ᠵᠢ ᠬᠢᠨᠠᠨ ᠲᠣᠭᠲᠠᠭ᠋ᠠᠪᠠ᠃ ᠲᠣᠰ ᠤᠳᠠᠭ᠋ᠠᠨ᠎ᠤ ᠬᠤᠷᠠᠯ᠎ᠨᠢ ᠲᠦᠷᠦᠭᠦᠴᠢ ᠵᠢᠨ ᠬᠤᠭᠤᠴᠠᠭ᠋ᠠᠨ᠎ᠤ ᠠᠵᠢᠯ᠎ᠤᠨ ᠳ᠋ᠦᠩᠨᠡᠯᠲᠡ ᠪᠣᠯᠬᠤ᠎ᠪᠠᠷ ᠪᠠᠷᠠᠬᠤ ᠦᠭᠡᠢ᠂ ᠪᠠᠰᠠ 《ᠵᠢᠷᠤᠭ᠎ᠤᠨ ᠴᠠᠳᠢᠭ (ᠥᠪᠥᠷ ᠮᠣᠩᠭᠣᠯ᠎ᠤᠨ ᠪᠤᠳᠢ)》᠎ᠢ ᠨᠠᠢ᠌ᠷᠠᠭᠤᠯᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠣᠯᠣᠭᠰᠠᠨ᠎ᠢ ᠬᠠᠷᠠᠭᠤᠯᠪᠠ᠃
      ᠥᠩᠭᠡᠷᠡᠭᠰᠡᠨ ᠬᠣᠶᠠᠷ ᠰᠠᠷ᠎ᠠ᠎ᠳᠤ ᠬᠤᠪᠢᠶᠠᠷᠢ ᠨᠠᠢ᠌ᠷᠠᠭᠤᠯᠬᠤ ᠺᠤᠮᠢᠰ᠎ᠤᠨ ᠲᠤᠰᠬᠠᠢ ᠮᠡᠷᠭᠡᠵᠢᠯᠲᠡᠨ ᠰᠢᠷᠭ᠋ᠠᠭᠤ ᠬᠠᠲᠠᠭᠤᠵᠢᠯᠲᠠᠢ ᠴᠢᠷᠮᠠᠢ᠌ᠵᠦ᠂ ᠠᠩᠬ᠎ᠠ ᠠᠯᠬᠤᠮ ᠰᠣᠩᠭᠣᠭᠰᠠᠨ 823 ᠬᠤᠪᠢ (ᠢᠵᠢ) ᠰᠢᠯᠵᠢᠭᠦᠯᠵᠦ ᠪᠣᠯᠬᠤ ᠲᠡᠦᠬᠡ ᠵᠢᠨ ᠳᠤᠷᠠᠰᠬᠠᠯᠲᠤ ᠵᠦᠢ᠍ᠯ ᠪᠣᠯᠣᠨ 177 ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠭᠠᠷᠴᠠᠭ ᠵᠢᠴᠢ ᠠᠭᠤᠯᠭ᠎ᠠ᠎ᠳᠤ ᠪᠦᠬᠦ ᠲᠠᠯ᠎ᠠ᠎ᠪᠠᠷ ᠨᠠᠷᠢᠨ ᠨᠢᠮᠪᠠᠢ ᠲᠦᠷᠦᠯ ᠬᠤᠪᠢᠶᠠᠨ ᠡᠮᠬᠢᠯᠡᠬᠦ᠂ ᠨᠥᠬᠥᠪᠦᠷᠢᠯᠡᠨ ᠲᠡᠭᠦᠯᠳᠡᠷᠵᠢᠬᠦᠯᠬᠦ᠂ ᠬᠠᠰᠤᠵᠤ ᠨᠡᠢ᠌ᠯᠡᠭᠦᠯᠬᠦ ᠵᠢᠴᠢ ᠬᠤᠷᠢᠶᠠᠩᠭᠤᠢ᠌ᠯᠠᠬᠤ ᠠᠵᠢᠯ᠎ᠢ ᠬᠢᠵᠡᠢ᠃ ᠴᠢᠩᠭ᠎ᠠ ᠨᠢᠮᠪᠠᠢ ᠰᠢᠯᠢᠨ ᠰᠣᠩᠭᠣᠬᠤ᠎ᠪᠠᠷ ᠲᠠᠮᠵᠢᠵᠦ᠂ ᠬᠠᠮᠤᠭ ᠡᠴᠦᠰ᠎ᠲᠤ 793 ᠬᠤᠪᠢ (ᠢᠵᠢ) ᠰᠢᠯᠵᠢᠭᠦᠯᠵᠦ ᠪᠣᠯᠬᠤ ᠲᠡᠦᠬᠡ ᠵᠢᠨ ᠳᠤᠷᠠᠰᠬᠠᠯᠲᠤ ᠵᠦᠢ᠍ᠯ ᠪᠣᠯᠣᠨ 172 ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠢ ᠲᠣᠭᠲᠠᠭ᠋ᠠᠵᠤ᠂ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ  ᠵᠢᠨ ᠳᠤᠷᠠᠰᠬᠠᠯᠲᠤ ᠵᠥᠢ᠍ᠯᠡᠰ᠎ᠤᠨ ᠵᠢᠷᠤᠭ᠎ᠤᠨ ᠴᠠᠳᠢᠭ》᠎ᠢ ᠨᠠᠢ᠌ᠷᠠᠭᠤᠯᠤᠨ ᠬᠡᠪᠯᠡᠭᠦᠯᠬᠦ ᠺᠣᠮᠢᠰ᠎ᠤᠨ ᠠᠯᠪᠠᠨ ᠭᠡᠷ᠎ᠲᠤ ᠲᠤᠰᠢᠶᠠᠵᠤ ᠤᠯᠠᠮ ᠨᠢᠭᠡ ᠠᠯᠬᠤᠮ ᠬᠢᠨᠠᠨ ᠬᠠᠷᠭᠤᠭᠤᠯᠪᠠ᠃ ᠵᠠᠯᠭ᠋ᠠᠭ᠋ᠠᠳ ᠬᠤᠪᠢᠶᠠᠷᠢ ᠨᠠᠢ᠌ᠷᠠᠭᠤᠯᠬᠤ ᠺᠣᠮᠢᠰ᠎ᠤᠨ ᠲᠤᠰᠬᠠᠢ ᠮᠡᠷᠭᠡᠵᠢᠯᠲᠡᠳ ᠲᠡᠦᠬᠡ ᠵᠢᠨ ᠳᠤᠷᠠᠰᠬᠠᠯᠲᠤ ᠵᠦᠢ᠍ᠯ᠎ᠤᠨ ᠥᠨᠳᠥᠷ ᠲᠤᠳᠤᠴᠠᠳᠤ ᠬᠡᠷᠡᠯ ᠵᠢᠷᠤᠭ᠎ᠢ ᠰᠢᠯᠢᠨ ᠰᠣᠩᠭᠣᠬᠤ ᠪᠠ ᠬᠢᠨᠠᠨ ᠲᠣᠭᠲᠠᠭ᠋ᠠᠬᠤ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠷᠡᠯ ᠵᠢᠷᠤᠭ ᠨᠢᠭᠡ ᠪᠦᠷᠢ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠡᠦᠬᠡᠨ ᠳᠦᠷᠰᠦ ᠪᠠᠢ᠌ᠳᠠᠯ ᠪᠠ ᠰᠣᠶᠣᠯ᠎ᠤᠨ ᠠᠭᠤᠯᠤᠭᠳᠠᠬᠤᠨ᠎ᠢ ᠲᠣᠳᠣᠷᠬᠠᠢ᠂ ᠣᠨᠣᠪᠴᠢᠲᠠᠶ ᠳᠡᠯᠭᠡᠨ ᠦᠵᠡᠭᠦᠯᠬᠦ ᠵᠢ ᠦᠨᠡᠨ ᠬᠦ᠌ ᠪᠠᠲᠤᠯᠠᠵᠤ᠂ 《ᠵᠢᠷᠤᠭ᠎ᠤᠨ ᠴᠠᠳᠢᠭ (ᠥᠪᠥᠷ ᠮᠣᠩᠭᠣᠯ᠎ᠤᠨ ᠪᠤᠳᠢ)》᠎ᠢ ᠬᠡᠪᠯᠡᠭᠦᠯᠬᠦ᠎ᠳᠤ ᠪᠠᠲᠤ ᠪᠡᠬᠢ ᠰᠠᠭᠤᠷᠢ ᠲᠠᠯᠪᠢᠵᠤ ᠥᠭᠬᠦ ᠪᠣᠯᠣᠨ᠎ᠠ᠃



          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠰᠣᠶᠣᠯ ᠤᠬᠠᠭᠤᠯᠭ᠎ᠠ ᠵᠢᠨ ᠭᠠᠵᠠᠷ