ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠠᠵᠢᠯ᠎ᠤᠨ ᠬᠤᠷᠠᠯ ᠬᠤᠷᠠᠯᠳᠤᠭᠤᠯᠵᠤ ᠭᠣᠣᠯ ᠰᠢᠵᠢᠮ᠎ᠳᠤ ᠠᠩᠬᠠᠷᠤᠯ ᠵᠶ᠋ᠠᠨ ᠲᠦᠪᠯᠡᠷᠡᠬᠦᠯᠵᠦ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠶ ᠡᠷᠢᠪᠡ
ᠨᠡᠶ᠋ᠢᠲᠡᠯᠡᠭᠰᠡᠨ ᠴᠠᠭ᠄ 2024-08-07

      2024 ᠣᠨ᠎ᠤ 7 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠣᠸ᠋ ᠵᠠᠨ ᠱᠧᠩ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠎ᠪᠠᠨ ᠲᠣᠬᠢᠷᠠᠭᠤᠯᠤᠨ ᠰᠢᠯᠢᠳᠡᠭᠵᠢᠭᠦᠯᠬᠦ ᠵᠣᠷᠢᠯᠭ᠎ᠠ᠎ᠪᠠᠷ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠲᠤ ᠢᠷᠡᠵᠦ ᠪᠠᠢ᠌ᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠣᠳᠪᠠ᠃ ᠣᠢ᠌ᠷ᠎ᠠ ᠵᠢᠨ ᠵᠢᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠥᠷᠨᠢᠭᠦᠯᠦᠭᠰᠡᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠭᠣᠸ᠋ ᠵᠠᠨ ᠱᠧᠩ ᠡᠷᠬᠢᠯᠡᠭᠴᠢ᠎ᠠᠴᠠ ᠨᠢᠭᠡ᠎ᠳᠤ᠂ ᠠᠵᠢᠯ᠎ᠤᠨ ᠴᠢᠭᠯᠡᠯ ᠵᠶ᠋ᠡᠨ ᠣᠨᠣᠪᠴᠢᠲᠠᠶ ᠡᠵᠡᠮᠰᠢᠵᠦ᠂ ᠡᠷᠲᠡᠨ᠎ᠤ ᠰᠤᠳᠤᠷ ᠪᠢᠴᠢᠭ ᠲᠤᠯᠭᠤᠷ ᠪᠢᠴᠢᠭ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠳᠤ ᠦᠢ᠍ᠯᠡᠴᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠢ᠌ᠲᠤᠷ ᠪᠡᠶᠡᠯᠡᠬᠦᠯᠬᠦ᠎ᠳᠤ ᠦᠢ᠍ᠯᠡᠴᠢᠯᠡᠭᠦᠯᠬᠦ ᠬᠡᠷᠡᠭᠲᠡᠢ᠃ ᠬᠣᠶᠠᠷ᠎ᠲᠤ᠂ ᠡᠷᠲᠡᠨ᠎ᠤ ᠰᠤᠳᠤᠷ ᠪᠢᠴᠢᠭ ᠵᠶ᠋ᠡᠷ ᠦᠨᠳᠦᠰᠦᠲᠡᠨ᠎ᠨᠦᠭᠦᠳ᠎ᠤᠨ ᠠᠭᠤᠰᠤᠯᠴᠠᠨ ᠴᠤᠭᠯᠠᠷᠠᠭᠰᠠᠨ᠂ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠭᠴᠠᠵᠢᠭᠰᠠᠨ ᠬᠦᠭᠵᠢᠯᠳᠡ ᠵᠢᠨ ᠲᠡᠦᠬᠡᠨ ᠪᠣᠳᠠᠲᠤ ᠪᠠᠢ᠌ᠳᠠᠯ᠎ᠢ ᠶᠠᠷᠢᠵᠤ᠂ ᠡᠭᠦᠨ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠵᠡᠯ ᠰᠠᠨᠠᠭ᠎ᠠ ᠵᠢ ᠭᠦᠨᠵᠡᠭᠡᠢ ᠠᠭᠤᠳᠠᠯᠤᠨ ᠪᠠᠳᠠᠷᠠᠭᠤᠯᠬᠤ ᠬᠡᠷᠡᠭᠲᠡᠢ᠃ ᠭᠤᠷᠪᠠ᠎ᠳᠤ᠂ ᠴᠠᠭ ᠦᠶ᠎ᠡ ᠵᠢᠨ ᠱᠠᠭ᠋ᠠᠷᠳᠠᠯᠭ᠎ᠠ᠎ᠳᠤ ᠵᠤᠬᠢᠴᠠᠭᠤᠯᠵᠦ᠂ ᠰᠤᠳᠤᠯᠭ᠋ᠠᠨ᠎ᠤ ᠦᠷ᠎ᠡ ᠪᠦᠲᠦᠭᠡᠯ᠎ᠢ ᠤᠯᠠᠷᠢᠭᠤᠯᠤᠨ ᠠᠰᠢᠭᠯᠠᠬᠤ ᠠᠵᠢᠯ᠎ᠢ ᠴᠢᠩᠭ᠋ᠠᠳᠬᠠᠵᠤ᠂ ᠰᠠᠢ᠌ᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠳᠤᠯᠠᠬᠤ ᠭᠡᠷᠡᠭᠳᠡᠢ ᠭᠡᠵᠦ ᠱᠠᠭ᠋ᠠᠷᠳᠠᠪᠠ᠃

W020240723402256975144_ORIGIN.jpg

      ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ᠎ᠬᠢᠨ ᠭᠤᠤ ᠵᠠᠨ ᠱᠧᠩ ᠡᠷᠬᠢᠯᠡᠭᠴᠢ ᠵᠢᠨ ᠵᠢᠯᠤᠭᠣᠳᠬᠤ ᠰᠠᠨᠠᠯ᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠤᠷᠠᠯ ᠬᠤᠷᠠᠯᠳᠤᠭᠤᠯᠵᠤ ᠠᠵᠢᠯ ᠵᠶ᠋ᠠᠨ ᠰᠤᠳᠤᠯᠤᠨ ᠪᠠᠢ᠌ᠷᠢᠯᠠᠭᠤᠯᠪᠠ᠃ ᠬᠤᠷᠠᠯ᠎ᠠᠴᠠ ᠭᠣᠸ᠋ ᠵᠠᠨ ᠱᠧᠩ ᠡᠷᠬᠢᠯᠡᠭᠴᠢ ᠵᠢᠨ ᠵᠢᠯᠤᠭᠣᠳᠬᠤ ᠰᠠᠨᠠᠯ᠎ᠳᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠬᠠᠷᠠᠯᠲᠠ ᠡᠭᠦᠷᠭᠡ᠂ ᠡᠭᠦᠷᠭᠡ ᠴᠢᠳᠠᠪᠤᠷᠢ ᠵᠢᠨ ᠪᠠᠢ᠌ᠷᠢ ᠲᠣᠭᠲᠠᠭ᠋ᠠᠯᠲᠠ᠂ ᠠᠷᠭ᠎ᠠ ᠬᠡᠯᠪᠡᠷᠢ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠣᠳᠣᠷᠬᠠᠢ ᠲᠣᠭᠲᠠᠭ᠋ᠠᠵᠠᠢ᠃ ᠲᠠᠷᠠᠭ᠋ᠠᠴᠢ ᠵᠢᠨ ᠠᠯᠬᠤᠮ᠎ᠳᠤ᠂ ᠨᠢᠭᠡ᠎ᠳᠤ ᠰᠢᠨ᠎ᠡ ᠪᠠᠢ᠌ᠳᠠᠯ᠂ ᠰᠢᠨ᠎ᠡ ᠡᠭᠦᠷᠭᠡ᠎ᠳᠤ ᠵᠣᠬᠢᠴᠠᠭᠤᠯᠵᠤ᠂ ᠠᠵᠢᠯ᠎ᠤᠨ ᠰᠡᠳᠬᠢᠮᠵᠢ᠎ᠪᠠᠨ ᠴᠠᠭ ᠲᠤᠬᠠᠢ᠎ᠳᠤ᠎ᠨᠢ ᠬᠤᠪᠢᠷᠠᠭᠤᠯᠵᠤ᠂ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠢ ᠠᠭᠤᠰᠤᠯᠴᠠᠭᠤᠯᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠬᠦ ᠬᠡᠷᠡᠭᠳᠡᠢ᠃ ᠬᠣᠶᠠᠷ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠢ᠌ᠭᠤᠯᠭ᠎ᠠ ᠵᠢᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠦᠨᠳᠦᠰᠦᠲᠡᠨ᠎ᠤ ᠠᠵᠢᠯ᠎ᠳᠤ᠎ᠬᠢ ᠪᠠᠢ᠌ᠷᠢ ᠲᠣᠭᠲᠠᠭ᠋ᠠᠯᠲᠠ ᠪᠠ ᠦᠢ᠍ᠯᠡᠳᠦᠯ᠎ᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠭᠤᠷᠪᠠ᠎ᠳᠤ ᠵᠢᠷᠤᠮᠵᠢᠭᠤᠯᠤᠯᠲᠠ᠂ ᠳᠦᠷᠢᠮᠵᠢᠭᠦᠯᠦᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠮᠢᠶ᠎ᠠ ᠪᠦᠬᠦᠢ ᠠᠵᠢᠯ᠎ᠤᠨ ᠳᠦᠷᠢᠮ᠂ ᠲᠥᠯᠦᠪᠵᠢᠭᠦᠯᠭᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠭᠡᠷᠡᠭᠳᠡᠢ ᠭᠡᠵᠦ ᠵᠢᠭ᠋ᠠᠵᠦ ᠭᠠᠷᠭ᠋ᠠᠭᠰᠠᠨ ᠪᠠᠢ᠌ᠨ᠎ᠠ᠃



          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄