2024 ᠣᠨ᠎ᠤ 7 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠠᠴᠠ ᠳᠠᠭ᠋ᠠᠭ᠋ᠠᠴᠢᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠣᠮ᠎ᠤᠨ ᠰᠠᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ᠂ ᠣᠷᠳᠣᠰ᠎ᠤᠨ ᠨᠣᠮ᠎ᠤᠨ ᠰᠠᠩ᠂ ᠪᠠᠶᠠᠨᠨᠠᠭᠤᠷ ᠬᠣᠲᠠ ᠵᠢᠨ ᠨᠣᠮ᠎ᠤᠨ ᠰᠠᠩ᠎ᠠᠴᠠ ᠬᠠᠮᠵᠢᠯᠴᠠᠨ ᠡᠷᠭᠢᠯᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠷᠲᠡᠨ᠎ᠤ ᠮᠣᠩᠭᠣᠯ ᠰᠤᠳᠤᠷ ᠪᠢᠴᠢᠭ᠎ᠤᠨ ᠦᠵᠡᠭᠦᠯᠭᠡ》᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠨᠢᠭᠡᠳᠦᠭᠡᠷ ᠳᠠᠪᠬᠤᠷᠯᠢᠭ᠎ᠤᠨ ᠦᠵᠡᠭᠦᠯᠭᠡ ᠵᠢᠨ ᠲᠢᠩᠬᠢᠮ᠎ᠳᠤ ᠶᠠᠪᠤᠭᠳᠠᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠷᠲᠡᠨ᠎ᠤ ᠮᠣᠩᠭᠣᠯ ᠰᠤᠳᠤᠷ ᠪᠢᠴᠢᠭ᠎ᠤᠨ ᠦᠵᠡᠭᠦᠯᠭᠡ᠎ᠨᠢ 《ᠦᠨᠳᠦᠰᠦᠲᠡᠨ᠎ᠨᠦᠭᠦᠳ ᠡᠬᠡ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠵᠡᠢ》᠂ 《ᠦᠨᠳᠦᠰᠦᠲᠡᠨ᠎ᠨᠦᠭᠦᠳ ᠡᠬᠡ ᠤᠯᠤᠰ᠎ᠤᠨ ᠥᠨᠢ ᠤᠳᠠᠭ᠋ᠠᠨ ᠲᠡᠦᠬᠡ ᠵᠢ ᠬᠠᠮᠲᠤ᠎ᠪᠠᠷ ᠪᠢᠴᠢᠭᠯᠡᠵᠡᠢ》᠂ 《ᠦᠨᠳᠦᠰᠦᠲᠡᠨ᠎ᠨᠦᠭᠦᠳ ᠡᠭᠡ ᠤᠯᠤᠰ᠎ᠤᠨ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠡᠢ》᠂ 《ᠦᠨᠳᠦᠰᠦᠲᠡᠨ᠎ᠨᠦᠭᠦᠳ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠣᠢ᠌ᠵᠢᠭᠤᠯᠵᠠᠢ》 ᠬᠡᠬᠦ ᠳᠥᠷᠪᠡᠨ ᠬᠡᠰᠡᠭ᠎ᠲᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠨᠢ ᠨᠣᠮ᠎ᠤᠨ ᠰᠠᠩ᠎ᠤᠨ ᠬᠠᠳᠠᠭ᠋ᠠᠯᠠᠮᠵᠢ ᠵᠢᠨ ᠡᠬᠢ ᠪᠠᠶᠠᠯᠢᠭ᠎ᠲᠤ᠎ᠪᠠᠨ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠬᠦᠭᠵᠢᠭᠰᠡᠨ ᠲᠡᠦᠬᠡ ᠵᠢ ᠠᠭᠤᠳᠠᠯᠤᠨ ᠳᠡᠮᠳᠡᠭᠯᠡᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠤᠯᠨ ᠮᠦᠷ᠎ᠢ ᠳᠤᠳᠤᠷᠠᠭᠤᠯᠤᠭᠰᠠᠨ ᠬᠢᠲᠠᠳ ᠬᠡᠯᠡᠨ᠎ᠤ᠂ ᠮᠣᠩᠭᠣᠯ ᠬᠡᠯᠡᠨ᠎ᠤ᠂ ᠲᠥᠪᠡᠳ ᠬᠡᠯᠡᠨ᠎ᠤ 74 ᠡᠷᠲᠡᠨ᠎ᠤ ᠰᠤᠳᠤᠷ ᠪᠢᠴᠢᠭ᠎ᠢ ᠳᠡᠯᠭᠡᠨ ᠦᠵᠡᠭᠦᠯᠵᠦ᠂ ᠦᠨᠳᠦᠰᠦᠲᠡᠨ᠎ᠨᠦᠭᠦᠳ ᠬᠠᠷᠢᠯᠴᠠᠨ ᠨᠥᠯᠥᠭᠡᠯᠡᠵᠦ᠂ ᠬᠠᠷᠢᠯᠴᠠᠨ ᠠᠭᠤᠰᠤᠯᠴᠠᠵᠤ᠂ ᠥᠰᠥᠭ ᠪᠢᠴᠢᠭ᠎ᠢ ᠬᠠᠷᠢᠯᠴᠠᠨ ᠰᠤᠷᠤᠯᠴᠠᠵᠤ᠂ ᠬᠡᠷᠡᠯ ᠰᠠᠴᠤᠷᠠᠩᠭᠤᠶ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠦᠭᠰᠡᠨ ᠡᠷᠲᠡᠨ᠎ᠤ ᠰᠤᠳᠤᠷ ᠪᠢᠴᠢᠭ᠎ᠤᠨ ᠦᠪᠡᠳᠡᠭᠰᠢ ᠨᠠᠢ᠌ᠷ᠎ᠢ ᠢᠯᠡᠷᠡᠭᠦᠯᠪᠡ᠃ ᠦᠵᠡᠭᠦᠯᠭᠡ ᠵᠢᠨ ᠲᠢᠩᠬᠢᠮ᠎ᠳᠤ ᠪᠠᠰᠠ 《ᠲᠦᠮᠡᠨ ᠭᠠᠵᠠᠷ᠎ᠤᠨ ᠴᠠᠶ ᠵᠢᠨ ᠵᠠᠮ》᠎ᠤᠨ ᠲᠡᠦᠬᠡ ᠰᠣᠶᠣᠯ᠎ᠤᠨ ᠦᠵᠡᠭᠦᠯᠭᠡ ᠵᠢᠨ ᠲᠣᠭᠣᠷᠢᠭ ᠪᠠ ᠡᠷᠲᠡᠨ᠎ᠤ ᠰᠤᠳᠤᠷ ᠪᠢᠴᠢᠭ᠎ᠢ ᠵᠠᠰᠠᠨ ᠰᠡᠷᠭᠦᠭᠡᠵᠦ ᠪᠡᠶᠡᠴᠢᠯᠡᠨ ᠣᠢ᠌ᠯᠠᠭ᠋ᠠᠬᠤ ᠲᠣᠭᠣᠷᠢᠭ ᠵᠡᠷᠭᠡ ᠰᠢᠬᠢᠳᠬᠡᠯᠳᠦ ᠮᠠᠶᠢᠭ᠎ᠤᠨ ᠬᠠᠷᠢᠯᠴᠠᠨ ᠦᠢᠯᠡᠳᠦᠯᠴᠡᠬᠦ ᠲᠤᠰᠬᠠᠶ ᠲᠣᠭᠣᠷᠢᠭ᠎ᠢ ᠲᠣᠬᠢᠷᠠᠭᠤᠯᠪᠠ᠃
ᠥᠪᠥᠷ ᠮᠣᠩᠭᠣᠯ᠎ᠤᠨ ᠡᠷᠲᠡᠨ᠎ᠤ ᠰᠤᠳᠤᠷ ᠪᠢᠴᠢᠭ᠎ᠤᠨ ᠲᠥᠷᠥᠯ ᠵᠦᠢᠯ᠎ᠨᠢ ᠣᠯᠠᠨ ᠮᠦᠷᠳᠡᠬᠡᠨ ᠥᠨᠢ ᠤᠳᠠᠭ᠋ᠠᠨ ᠳᠡᠦᠬᠡ᠎ᠲᠠᠢ ᠲᠤᠯᠠ᠂ ᠳᠤᠮᠳᠠᠳᠤ ᠵᠢᠨ ᠡᠷᠲᠡᠨ᠎ᠤ ᠰᠤᠳᠤᠷ ᠪᠢᠴᠢᠭ᠎ᠤᠨ ᠴᠢᠬᠤᠯᠠ ᠪᠦᠷᠢᠯᠳᠦᠬᠦᠨ ᠬᠡᠰᠡᠭ ᠪᠣᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠬᠥᠭᠵᠢᠯᠲᠡ ᠵᠢᠨ ᠠᠬᠢᠴᠠ ᠵᠢ ᠦᠨᠡᠨ ᠪᠣᠳᠠᠲᠠᠶ᠎ᠪᠠᠷ ᠲᠡᠮᠳᠡᠭᠯᠡᠵᠦ᠂ ᠡᠯᠪᠡᠭ ᠪᠠᠶᠠᠯᠢᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠎ᠠ ᠵᠢ ᠠᠬᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠤᠨ ᠪᠦᠷᠢᠯᠳᠦᠨ ᠬᠦᠭᠵᠢᠭᠰᠡᠨ ᠶᠠᠪᠤᠴᠠ ᠵᠢᠨ ᠴᠢᠬᠤᠯᠠ ᠬᠡᠷᠡᠴᠢᠯᠡᠭᠴᠢ ᠪᠣᠯᠬᠤ ᠶᠤᠮ᠃ ᠣᠷᠴᠢᠮ᠎ᠤᠨ ᠵᠢᠯ᠎ᠳᠤ ᠥᠪᠥᠷ ᠮᠣᠩᠭᠣᠯ᠎ᠨᠢ ᠡᠷᠲᠡᠨ᠎ᠤ ᠰᠤᠳᠤᠷ ᠪᠢᠴᠢᠭ᠎ᠤᠨ ᠡᠬᠢ ᠪᠠᠶᠠᠯᠢᠭ᠎ᠢ ᠪᠦᠲᠦᠭᠡᠯᠴᠢ ᠴᠢᠨᠠᠷᠲᠠᠢ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠶ ᠬᠦᠭᠵᠢᠭᠦᠯᠬᠦ ᠵᠢ ᠢᠳᠡᠪᠬᠢᠲᠡᠢ ᠠᠬᠢᠭᠤᠯᠤᠭ᠋ᠠᠳ᠂ ᠡᠷᠲᠡᠨ᠎ᠤ ᠰᠤᠳᠤᠷ ᠪᠢᠴᠢᠭ᠎ᠢ ᠠᠪᠤᠷᠠᠨ ᠬᠠᠮᠠᠭ᠋ᠠᠯᠠᠬᠤ᠂ ᠡᠮᠬᠢᠳᠬᠡᠨ ᠰᠤᠳᠤᠯᠬᠤ ᠪᠠ ᠬᠡᠪᠯᠡᠭᠦᠯᠦᠨ ᠨᠡᠢ᠌ᠲᠡᠯᠡᠵᠦ ᠠᠰᠢᠭᠯᠠᠬᠤ ᠵᠢ ᠴᠢᠩᠭ᠋ᠠᠳᠬᠠᠵᠤ᠂ ᠡᠷᠲᠡᠨ᠎ᠤ ᠰᠤᠳᠤᠷ ᠪᠢᠴᠢᠭ᠎ᠢ ᠬᠠᠮᠠᠭ᠋ᠠᠯᠠᠨ ᠤᠯᠠᠮᠵᠢᠯᠠᠬᠤ᠂ ᠨᠡᠭᠡᠭᠡᠨ ᠠᠰᠢᠭᠯᠠᠬᠤ ᠦᠷ᠎ᠡ ᠪᠦᠲᠦᠮᠵᠢ ᠢᠯᠡᠳᠲᠡ ᠪᠣᠯᠪᠠ᠂ ᠪᠥᠬᠥ ᠣᠷᠣᠨ᠎ᠤ 53 ᠪᠠᠢ᠌ᠭᠤᠯᠭ᠎ᠠ ᠨᠢᠬᠡᠴᠢ ᠡᠷᠲᠡᠨ᠎ᠤ ᠬᠢᠲᠠᠳ ᠬᠡᠯᠡᠨ᠎ᠤ ᠰᠤᠳᠤᠷ ᠪᠢᠴᠢᠭ᠂ ᠢᠷᠭᠡᠨ ᠤᠯᠤᠰ᠎ᠤᠨ ᠦᠳᠡᠮᠡᠯ ᠳᠡᠪᠳᠡᠷ᠎ᠤᠨ ᠰᠤᠷᠪᠤᠯᠵᠢ ᠪᠢᠴᠢᠭ ᠵᠢᠴᠢ ᠮᠣᠩᠭᠣᠯ᠂ ᠮᠠᠨᠵᠤ᠂ ᠲᠥᠪᠡᠳ ᠵᠡᠷᠭᠡ ᠦᠨᠳᠦᠰᠦᠲᠡᠨ᠎ᠤ ᠰᠤᠳᠤᠷ ᠪᠢᠴᠢᠭ᠎ᠢ ᠪᠠᠷᠤᠭ 50 ᠲᠦᠮᠡᠨ ᠳᠡᠪᠲᠡᠷ ᠬᠤᠷᠢᠶᠡᠨ ᠬᠠᠳᠠᠭ᠋ᠠᠯᠠᠪᠠ᠂ 116 ᠪᠤᠳᠢ ᠡᠷᠲᠡᠨ᠎ᠤ ᠰᠤᠳᠤᠷ ᠪᠢᠴᠢᠭ᠎ᠨᠢ 《ᠤᠯᠤᠰ᠎ᠤᠨ ᠬᠣᠪᠣᠷ ᠨᠠᠨᠳᠢᠨ ᠡᠷᠲᠡᠨ᠎ᠤ ᠰᠤᠳᠤᠷ ᠪᠢᠴᠢᠭ᠎ᠤᠨ ᠨᠡᠷᠡᠰ᠎ᠤᠨ ᠵᠢᠭᠰᠠᠭ᠋ᠠᠯᠲᠠ》᠎ᠳᠤ ᠰᠣᠩᠭᠣᠭᠳᠠᠨ ᠣᠷᠣᠪᠠ᠂ 4 ᠪᠠᠢ᠌ᠭᠤᠯᠭ᠎ᠠ ᠨᠢᠭᠡᠴᠢ᠎ᠨᠢ 《ᠪᠥᠬᠥ ᠤᠯᠤᠰ᠎ᠤᠨ ᠭᠣᠤᠯᠳᠠᠯᠭ᠎ᠠ᠎ᠲᠠᠢ ᠡᠷᠲᠡᠨ᠎ᠤ ᠰᠤᠳᠤᠷ ᠪᠢᠴᠢᠭ᠎ᠤᠨ ᠬᠠᠮᠠᠭ᠋ᠠᠯᠠᠯᠲᠠ ᠵᠢᠨ ᠨᠢᠭᠡᠴᠢ》᠎ᠪᠠᠷ ᠰᠣᠩᠭᠣᠭᠳᠠᠪᠠ᠂ ᠡᠷᠲᠡᠨ᠎ᠤ ᠰᠤᠳᠤᠷ ᠪᠢᠴᠢᠭ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠮᠠᠲ᠋ᠧᠷᠢᠶᠠᠯ᠎ᠤᠨ ᠰᠢᠰᠲ᠋ᠧᠮ᠎ᠤᠨ ᠪᠠᠢ᠌ᠭᠤᠯᠤᠯᠲᠠ ᠲᠤᠮᠳᠠᠬᠢ ᠪᠠᠢ᠌ᠷᠢ ᠰᠠᠭᠤᠷᠢ ᠨᠡᠩ ᠤᠨᠴᠠᠭ᠋ᠠᠢ᠂ ᠦᠢᠯᠡᠳᠦᠯ᠎ᠨᠢ ᠨᠠᠩ ᠲᠤᠪᠤᠢ᠌ᠮ᠎ᠠ ᠪᠣᠯᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ