ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠲᠣᠭᠣᠷᠢᠨ ᠦᠵᠡᠬᠦᠯᠭᠡ (ᠪᠠᠭ᠋ᠠᠷᠢᠨ ᠪᠠᠷᠠᠭᠤᠨ ᠬᠤᠰᠢᠭᠤᠨ᠎ᠤ ᠥᠷᠲᠡᠭᠡ) ᠵᠢᠩᠬᠢᠨᠢ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2024-09-14

      2024 ᠣᠨ᠎ᠤ 8 ᠳ᠋ᠤᠭ᠋ᠠᠷ ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠲᠣᠭᠣᠷᠢᠨ ᠦᠵᠡᠬᠦᠯᠭᠡ (ᠪᠠᠭ᠋ᠠᠷᠢᠨ ᠪᠠᠷᠠᠭᠤᠨ ᠬᠣᠰᠢᠭᠤᠨ᠎ᠤ ᠥᠷᠲᠡᠭᠡ) (ᠳᠣᠷᠣᠭᠰᠢ 《ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠥᠢ᠍ᠯᠡᠰ ᠡᠷᠲᠡᠨ᠎ᠤ ᠰᠤᠳᠤᠷ ᠪᠢᠴᠢᠭ᠎ᠤᠨ ᠲᠣᠭᠣᠷᠢᠨ ᠦᠵᠡᠬᠦᠯᠭᠡ》 ᠭᠡᠵᠦ ᠲᠣᠪᠴᠢᠯᠠᠨ᠎ᠠ)᠎ᠨᠢ ᠤᠯᠠᠭ᠋ᠠᠨᠬᠠᠳᠠ ᠬᠣᠲᠠ ᠵᠢᠨ ᠪᠠᠭ᠋ᠠᠷᠢᠨ ᠪᠠᠷᠠᠭᠤᠨ ᠬᠣᠰᠢᠭᠤᠨ᠎ᠤ ᠮᠦᠽᠧᠢ᠎ᠳᠤ ᠵᠢᠩᠬᠢᠨᠢ᠎ᠪᠠᠷ ᠡᠬᠢᠯᠡᠪᠡ᠃ ᠲᠣᠰ ᠤᠳᠠᠭ᠋ᠠᠨ᠎ᠤ ᠦᠵᠡᠬᠦᠯᠭᠡ ᠵᠢ ᠦᠨᠳᠦᠰᠦᠲᠡᠨ᠎ᠤ ᠰᠣᠶᠣᠯ᠎ᠤᠨ ᠣᠷᠳᠣᠨ᠎ᠠᠴᠠ ᠵᠢᠭ᠋ᠠᠨ ᠵᠢᠯᠤᠭᠤᠳᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠭᠣᠣᠯᠯᠠᠨ ᠡᠷᠭᠢᠯᠡᠵᠦ᠂ ᠤᠯᠠᠭ᠋ᠠᠨᠬᠠᠳᠠ ᠬᠣᠲᠠ ᠵᠢᠨ ᠦᠨᠳᠦᠰᠦᠲᠡᠨ᠎ᠤ ᠵᠥᠪᠯᠡᠯ᠂ ᠪᠠᠭ᠋ᠠᠷᠢᠨ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠲᠠᠭ᠋ᠠᠭ᠋ᠠᠴᠢᠯᠠᠨ ᠡᠷᠭᠢᠯᠡᠵᠦ᠂ ᠬᠠᠮᠢᠶ᠎ᠠ ᠪᠦᠬᠦᠢ ᠨᠢᠭᠡᠴᠢ ᠬᠠᠮᠵᠢᠯᠴᠠᠨ ᠬᠦᠢ᠍ᠴᠡᠳᠭᠡᠵᠦ᠂ ᠤᠯᠠᠭ᠋ᠠᠨᠬᠠᠳᠠ ᠬᠣᠲᠠ ᠵᠢᠨ 41 ᠳ᠋ᠦ᠍ᠭᠡᠷ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠡᠬᠢᠯᠡᠯᠲᠡ ᠵᠢᠨ ᠶᠣᠰᠣᠯᠠᠯ᠎ᠲᠠᠢ ᠵᠡᠷᠭᠡ᠎ᠪᠠᠷ ᠶᠠᠪᠤᠭᠳᠠᠭᠤᠯᠪᠠ᠃

11.jpg

      ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠲᠣᠭᠣᠷᠢᠨ ᠦᠵᠡᠬᠦᠯᠭᠡ ᠵᠢᠨ ᠬᠥᠰᠢᠭᠡ ᠰᠡᠬᠦᠬᠦ ᠶᠣᠰᠣᠯᠠᠯ
      ᠲᠤᠰ ᠤᠳᠠᠭ᠎ᠠ ᠵᠢᠨ ᠦᠵᠡᠭᠦᠯᠭᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠲᠣᠭᠣᠷᠢᠨ᠎ᠳᠤ ᠦᠨᠳᠦᠰᠦᠲᠡᠨ᠎ᠤ ᠰᠣᠶᠣᠯ᠎ᠤᠨ ᠣᠷᠳᠣᠨ᠎ᠤ ᠪᠣᠯᠣᠨ ᠥᠪᠥᠷ ᠮᠣᠩᠭᠣᠯ᠎ᠳᠤ ᠬᠠᠳᠠᠭ᠋ᠠᠯᠠᠭᠳᠠᠵᠤ ᠪᠠᠢ᠌ᠭ᠎ᠠ ᠡᠷᠲᠡᠨ᠎ᠤ ᠰᠤᠳᠤᠷ ᠪᠢᠴᠢᠭ᠎ᠤᠨ ᠡᠬᠢ ᠪᠠᠶᠠᠯᠢᠭ᠎ᠲᠤ ᠰᠠᠭᠤᠷᠢᠯᠠᠵᠤ᠂ ᠣᠷᠣᠨ ᠨᠤᠲᠤᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠢ ᠭᠦᠢ᠍ᠴᠡᠳ ᠠᠭᠤᠳᠠᠯᠵᠤ᠂ 《ᠠᠭᠤᠰᠤᠯᠴᠠᠭᠰᠠᠨ ᠴᠢᠨᠠᠷ》 《ᠨᠡᠢ᠌ᠲᠡᠯᠢᠭ ᠴᠢᠨᠠᠷ》᠎ᠢ ᠢᠯᠡᠷᠡᠭᠦᠯᠦᠭᠰᠡᠨ 60 ᠭᠠᠷᠤᠢ ᠵᠦᠢ᠍ᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠢ ᠰᠢᠯᠢᠨ ᠰᠤᠩᠭᠤᠪᠠ᠂ ᠡᠭᠦᠨ᠎ᠳᠤ 40 ᠭᠠᠷᠤᠢ ᠵᠦᠢ᠍ᠯ᠎ᠤᠨ ᠡᠷᠲᠡᠨ᠎ᠤ ᠰᠤᠳᠤᠷ ᠪᠢᠴᠢᠭ᠂ 20 ᠭᠠᠷᠤᠢ ᠵᠦᠢ᠍ᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ ᠪᠤᠢ ᠪᠥᠭᠡᠳ ᠡᠷᠲᠡᠨ᠎ᠤ ᠰᠤᠳᠤᠷ ᠪᠢᠴᠢᠭ᠎ᠢ ᠡᠮᠬᠢᠳᠬᠡᠨ ᠬᠡᠪᠯᠡᠭᠦᠯᠦᠭᠰᠡᠨ 60 ᠭᠠᠷᠤᠢ ᠵᠦᠢ᠍ᠯ᠎ᠤᠨ ᠭᠣᠣᠯᠳᠠᠯᠭ᠎ᠠ᠎ᠲᠠᠢ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠪᠦᠬᠦ ᠣᠷᠣᠨ᠎ᠤ 41 ᠳ᠋ᠦ᠍ᠭᠡᠷ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠬᠦᠷᠴᠦ ᠢᠷᠡᠬᠦ ᠲᠠᠰᠢᠷᠠᠮ᠎ᠳᠤ᠂ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ ᠵᠶ᠋ᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠶᠠᠷᠢᠵᠤ᠂ ᠦᠨᠳᠦᠰᠦᠲᠡᠨ᠎ᠨᠦᠭᠦᠳ᠎ᠤᠨ ᠥᠷᠭᠡᠨ ᠲᠡᠯᠭᠡᠷ ᠶᠠᠪᠤᠯᠴᠠᠭ᠎ᠠ᠂ ᠪᠦᠬᠦ ᠲᠠᠯ᠎ᠠ ᠵᠢᠨ ᠰᠤᠯᠢᠯᠴᠠᠭ᠎ᠠ᠂ ᠭᠦᠨᠵᠡᠭᠡᠢ ᠠᠭᠤᠰᠤᠯᠴᠠᠭ᠎ᠠ ᠵᠢᠨ ᠲᠡᠤᠭᠡᠨ ᠪᠤᠳᠠᠳᠤ ᠶᠠᠪᠤᠳᠠᠯ᠎ᠢ ᠢᠯᠡᠷᠡᠭᠦᠯᠵᠦ᠂ ᠭᠡᠷᠡᠯ ᠰᠠᠴᠤᠷᠠᠩᠭᠤᠢ ᠰᠣᠶᠣᠯ᠎ᠢ ᠡᠯ᠎ᠡ ᠦᠨᠳᠦᠰᠦᠲᠡᠨ ᠬᠠᠮᠲᠤ᠎ᠪᠠᠷ ᠡᠭᠦᠳᠦᠨ ᠪᠦᠲᠦᠭᠡᠭᠰᠡᠨ ᠠᠮᠢᠳᠤᠯᠢᠭ ᠵᠢᠷᠤᠭ᠎ᠢ ᠳᠡᠯᠭᠡᠨ ᠦᠵᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠭᠰᠡᠨ ᠬᠥᠭᠵᠢᠯᠲᠡ ᠵᠢᠨ ᠲᠡᠦᠬᠡ ᠵᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠭᠦᠨᠵᠡᠭᠡᠢ ᠣᠢ᠌ᠯᠠᠭ᠋ᠠᠬᠤ᠎ᠳᠤ ᠬᠦᠴᠦᠲᠡᠢ ᠴᠤᠩᠬᠤᠪᠴᠢ ᠬᠠᠩᠭ᠋ᠠᠵᠤ᠂ ᠪᠦᠯᠬᠦᠮᠳᠡᠨ ᠳᠠᠪᠰᠢᠭᠰᠠᠨ ᠰᠠᠢ᠌ᠨ ᠰᠠᠢ᠌ᠬᠠᠨ ᠠᠬᠤᠢ ᠨᠥᠭᠦᠴᠡᠯ᠎ᠢ ᠢᠳᠡᠪᠬᠢᠲᠡᠢ ᠪᠤᠢ ᠪᠤᠯᠭ᠋ᠠᠪᠠ᠃ 

12.jpg

      ᠦᠵᠡᠬᠦᠯᠭᠡ ᠵᠢᠨ ᠠᠬᠤᠢ ᠲᠠᠯᠠᠪᠠᠢ
      ᠲᠣᠰ ᠤᠳᠠᠭ᠋ᠠᠨ᠎ᠤ ᠦᠵᠡᠭᠦᠯᠭᠡ ᠵᠢ 《ᠲᠦᠮᠡᠨ ᠣᠯᠠᠨ ᠵᠶ᠋ᠠᠷ ᠵᠶ᠋ᠠᠨ ᠶᠡᠬᠡ ᠨᠢᠭᠡᠳᠦᠯ᠎ᠳᠤ ᠰᠡᠳᠬᠢᠯ ᠵᠢᠷᠦᠬᠡ᠎ᠪᠠᠨ ᠨᠢᠭᠡᠳᠬᠡᠭᠰᠡᠨ》 《ᠥᠨᠢ ᠤᠳᠠᠭ᠋ᠠᠨ ᠦᠷᠭᠦᠯᠵᠢᠯᠡᠭᠰᠡᠨ ᠶᠡᠬᠡ ᠠᠭᠤᠰᠤᠯᠴᠠᠯ》 《ᠭᠠᠷ ᠵᠶ᠋ᠡᠨ ᠬᠣᠯᠪᠣᠨ ᠶᠡᠬᠡ ᠪᠦᠯᠬᠦᠮᠳᠡᠯ᠎ᠢ ᠬᠠᠮᠲᠤ᠎ᠪᠠᠷ ᠪᠠᠢ᠌ᠭᠤᠯᠤᠭᠰᠠᠨ》 ᠭᠡᠬᠦ ᠭᠤᠷᠪᠠᠨ ᠬᠡᠰᠡᠭ ᠬᠤᠪᠢᠶᠠᠵᠠᠢ᠃ 《ᠲᠦᠮᠡᠨ ᠣᠯᠠᠨ ᠵᠶ᠋ᠠᠷ ᠶᠡᠬᠡ ᠨᠢᠭᠡᠳᠦᠯ᠎ᠳᠤ ᠰᠡᠳᠬᠢᠯ ᠵᠢᠷᠦᠬᠡ᠎ᠪᠠᠨ ᠨᠢᠭᠡᠳᠬᠡᠭᠰᠡᠨ》 ᠭᠡᠰᠡᠭ᠎ᠲᠤ ᠶᠡᠬᠡ ᠨᠢᠭᠡᠳᠦᠯ᠎ᠤᠨ ᠣᠢ᠌ᠯᠠᠭ᠋ᠠᠭᠳᠠᠬᠤᠨ᠎ᠤ ᠪᠣᠶ᠋ᠢᠵᠢᠯᠲᠠ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠯ᠂ ᠨᠢᠭᠡᠳᠦᠭᠰᠡᠨ ᠤᠯᠤᠰ᠎ᠤᠨ ᠪᠠᠢ᠌ᠭᠤᠯᠤᠯ᠎ᠤᠨ ᠦᠢ᠍ᠯᠡᠳᠦᠯᠭᠡ ᠪᠠ ᠳᠤᠮᠳᠠᠳᠤ ᠵᠢᠨ ᠦᠨᠳᠦᠰᠦᠲᠡᠨ᠎ᠤ ᠦᠷᠳᠡᠭ᠎ᠤᠨ ᠬᠥᠭᠡᠭᠡᠴᠡᠯᠳᠦᠯ ᠭᠡᠬᠦ ᠭᠤᠷᠪᠠᠨ ᠲᠠᠯ᠎ᠠ᠎ᠠᠴᠠ ᠳᠤᠮᠳᠠᠳᠤ ᠵᠢᠨ ᠦᠨᠳᠦᠰᠦᠲᠡᠨ ᠪᠠ ᠳᠤᠮᠳᠠᠳᠤ ᠵᠢᠨ ᠪᠣᠯᠪᠠᠰᠤᠨ᠎ᠤ ᠲᠠᠰᠤᠷᠠᠯᠳᠠ ᠦᠭᠡᠢ ᠦᠷᠭᠦᠯᠵᠢᠯᠡᠭᠰᠡᠨ ᠲᠡᠦᠬᠡ ᠵᠢ ᠢᠯᠡᠷᠡᠭᠦᠯᠪᠡ᠃ 《ᠥᠨᠢ ᠤᠳᠠᠭ᠋ᠠᠨ ᠦᠷᠭᠦᠯᠵᠢᠯᠡᠭᠰᠡᠨ ᠶᠡᠬᠡ ᠠᠭᠤᠰᠤᠯᠴᠠᠯ》᠎ᠤᠨ ᠬᠡᠰᠡᠭ᠎ᠲᠤ ᠤᠶᠤᠨ ᠰᠠᠨᠠᠭ᠋ᠠᠨ᠎ᠤ ᠲᠠᠯ᠎ᠠ᠎ᠪᠠᠷ᠎ᠬᠢ ᠠᠭᠤᠰᠤᠯᠴᠠᠨ ᠨᠢᠭᠲᠠᠷᠠᠭᠰᠠᠨ᠂ ᠰᠣᠶᠣᠯ᠎ᠤᠨ ᠲᠠᠯ᠎ᠠ᠎ᠪᠠᠷ᠎ᠬᠢ ᠬᠠᠮᠤᠷᠤᠭᠳᠠᠨ ᠬᠠᠮᠲᠤᠷᠤᠭᠰᠠᠨ᠂ ᠠᠮᠢᠳᠤᠷᠠᠯ ᠲᠤᠮᠳᠠᠬᠢ ᠬᠠᠷᠢᠯᠴᠠᠨ ᠲᠦᠰᠢᠯᠴᠡᠨ ᠣᠷᠤᠰᠢᠭᠰᠠᠨ ᠭᠤᠷᠪᠠᠨ ᠲᠠᠯ᠎ᠠ᠎ᠠᠴᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠳᠤᠮᠳᠠ ᠬᠠᠮᠳᠤ᠎ᠪᠠᠷ ᠬᠥᠭᠵᠢᠭᠰᠡᠨ ᠲᠡᠦᠬᠡ ᠵᠢ ᠳᠡᠯᠭᠡᠨ ᠦᠵᠡᠭᠦᠯᠪᠡ᠃ 《ᠭᠠᠷ ᠵᠶ᠋ᠡᠨ ᠬᠣᠯᠪᠣᠨ ᠶᠡᠬᠡ ᠪᠦᠯᠬᠦᠮᠳᠡᠯ᠎ᠢ ᠬᠠᠮᠲᠤ᠎ᠪᠠᠷ ᠪᠠᠢ᠌ᠭᠤᠯᠤᠭᠰᠠᠨ》 ᠭᠡᠰᠡᠭ᠎ᠲᠤ ᠭᠣᠣᠯ ᠰᠢᠵᠢᠮ᠎ᠤᠨ ᠤᠬᠠᠮᠰᠠᠷ᠎ᠢ ᠢᠮᠠᠭᠲᠠ  ᠲᠤᠭᠤᠰᠢᠯᠠᠭᠤᠯᠤᠨ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠪᠦᠯᠬᠦᠮᠳᠡᠯ᠎ᠢ ᠠᠬᠢᠭᠤᠯᠬᠤ᠂ ᠤᠯᠠᠮᠵᠢᠯᠠᠨ ᠬᠦᠭᠵᠢᠬᠦᠯᠵᠦ ᠬᠠᠮᠳᠦ᠎ᠪᠠᠷ ᠠᠬᠢᠭᠤᠯᠬᠤ ᠵᠡᠷᠭᠡ ᠲᠠᠯ᠎ᠠ᠎ᠪᠠᠷ ᠪᠠᠭ᠋ᠠᠷᠢᠨ ᠪᠠᠷᠠᠭᠤᠨ ᠬᠣᠰᠢᠭᠤᠨ᠎ᠤ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠤᠨ ᠪᠠᠶᠠᠯᠢᠭ ᠦᠢ᠍ᠯᠡᠳᠦᠯᠭᠡ ᠵᠢ ᠢᠯᠡᠷᠡᠭᠦᠯᠪᠡ᠃ ᠲᠡᠦᠬᠡ ᠵᠢᠨ ᠳᠤᠷᠠᠰᠬᠠᠯᠲᠤ ᠵᠦᠢ᠍ᠯᠡᠰ ᠡᠷᠳᠡᠨ᠎ᠤ ᠰᠤᠳᠤᠷ ᠪᠢᠴᠢᠭ᠎ᠤᠨ ᠴᠠᠭ ᠦᠶ᠎ᠡ ᠵᠢᠨ ᠦᠨ᠎ᠡ ᠥᠷᠲᠡᠭ᠎ᠢ ᠠᠭᠤᠳᠠᠯᠬᠤ ᠵᠢᠨ ᠲᠥᠯᠥᠭᠡ᠂ ᠦᠵᠡᠬᠦᠯᠭᠡ ᠵᠢᠨ ᠲᠢᠩᠬᠢᠮ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠢᠭᠡ ᠪᠦᠯᠦᠭ ᠡᠯᠧᠮᠧᠨ᠋ᠲ᠎ᠢ ᠤᠷᠤᠭᠤᠯᠵᠦ᠂ VR ᠦᠵᠡᠬᠦᠯᠭᠡ ᠪᠠ ᠣᠯᠠᠨ ᠵᠠᠭᠤᠴᠢᠲᠤ ᠳᠠᠭᠤ ᠸᠢᠳᠢᠤ᠋ ᠵᠢᠨ ᠬᠠᠷᠢᠯᠴᠠᠨ ᠦᠢ᠍ᠯᠡᠳᠦᠯᠴᠡᠬᠦ ᠵᠢᠴᠢ ᠬᠠᠯᠠᠮᠵᠢ ᠪᠦᠬᠦᠢ ᠦᠵᠡᠬᠦᠯᠭᠡ ᠵᠢᠨ ᠲᠤᠰᠬᠠᠢ ᠭᠠᠵᠠᠷ᠎ᠢ ᠭᠠᠷᠭ᠋ᠠᠵᠤ᠂ ᠦᠵᠡᠭᠴᠢᠳ᠎ᠲᠤ 《ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠵᠤ ᠥᠩᠭᠡᠷᠡᠭᠰᠡᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ》᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠦᠵᠡᠬᠦᠯᠭᠡ》᠂ 《ᠭᠤᠷᠪᠠᠨ ᠶᠡᠬᠡ ᠲᠤᠤᠯᠢᠰ》᠎ᠤᠨ ᠲᠣᠭᠯᠠᠯᠲᠠ᠂ 《ᠦᠨᠳᠦᠰᠦᠲᠡᠨ᠎ᠤ ᠰᠤᠳᠤᠷ ᠪᠢᠴᠢᠭ᠎ᠤᠨ ᠶᠠᠷᠢᠯᠴᠠᠭ᠎ᠠ》 ᠵᠢᠨ ᠲᠤᠰᠬᠠᠢ ᠰᠡᠳᠦᠪᠲᠦ ᠤᠬᠠᠭᠤᠯᠭ᠎ᠠ ᠵᠢᠨ ᠹᠢᠯᠢᠮ ᠵᠡᠷᠭᠡ ᠸᠢᠳᠢᠤ᠋ ᠵᠢ ᠳᠡᠯᠭᠡᠨ ᠦᠵᠡᠭᠦᠯᠵᠦ᠂  ᠦᠵᠡᠬᠦᠯᠭᠡ ᠵᠢ ᠨᠠᠩ ᠢᠯᠡᠭᠦᠦ ᠪᠡᠶᠡᠴᠢᠯᠡᠨ ᠤᠢ᠌ᠯᠠᠭ᠋ᠠᠬᠤ ᠲᠦᠷᠦᠭᠳᠡᠯ᠂ ᠬᠠᠷᠢᠯᠴᠠᠨ ᠦᠢ᠍ᠯᠡᠳᠦᠯᠴᠡᠬᠦ ᠲᠥᠷᠥᠭᠳᠡᠯ᠎ᠲᠠᠢ ᠪᠣᠯᠭ᠋ᠠᠭᠰᠠᠨ ᠵᠶ᠋ᠠᠷ ᠦᠵᠡᠭᠴᠢᠳ᠎ᠤᠨ ᠬᠠᠯᠠᠮᠵᠢ ᠪᠦᠬᠦᠢ ᠦᠵᠡᠭᠦᠯᠭᠡ ᠵᠢᠨ ᠭᠠᠵᠠᠷ ᠪᠣᠯᠵᠤ᠂ ᠵᠠᠯᠠᠭᠤᠴᠤᠳ ᠪᠠᠭ᠋ᠠᠴᠤᠳ᠎ᠤᠨ ᠪᠠᠬᠠᠷᠬᠠᠯ᠎ᠢ ᠶᠡᠬᠡᠳᠡ ᠲᠠᠲᠠᠵᠠᠢ᠃
 13.jpg

      ᠦᠵᠡᠬᠦᠯᠭᠡ ᠵᠢᠨ ᠠᠬᠤᠢ ᠲᠠᠯᠠᠪᠠᠢ 
       ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ ᠪᠣᠯ ᠬᠣᠪᠣᠷ ᠨᠠᠨᠳᠢᠨ ᠰᠣᠶᠣᠯ᠎ᠤᠨ ᠥᠪ ᠮᠥᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠠᠴᠢᠶᠠᠯᠠᠭᠴᠢ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠡᠬᠢ ᠪᠠᠶᠠᠯᠢᠭ ᠮᠥᠨ᠂ ᠲᠡᠷᠡ᠎ᠨᠢ ᠰᠣᠶᠣᠯ᠎ᠤᠨ ᠢᠲᠡᠭᠡᠯ᠎ᠢ ᠨᠡᠮᠡᠭᠳᠡᠭᠦᠯᠬᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠲᠣᠭᠣᠷᠢᠨ ᠦᠵᠡᠬᠦᠯᠭᠡ ᠵᠢ ᠡᠷᠬᠢᠯᠡᠭᠰᠡᠨ ᠶᠠᠪᠤᠳᠠᠯ ᠪᠤᠯ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠡᠷᠲᠡᠨ᠎ᠤ ᠰᠤᠳᠤᠷ ᠪᠢᠴᠢᠭ᠎ᠤᠨ ᠠᠵᠢᠯ᠎ᠢ ᠠᠬᠢᠭᠤᠯᠬᠤ ᠲᠤᠬᠠᠢ ᠰᠠᠨᠠᠯ》᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠤᠯᠤᠨ᠎ᠠ᠃ ᠦᠵᠡᠬᠦᠯᠭᠡ ᠵᠢᠨ ᠵᠣᠷᠢᠯᠭ᠎ᠠ᠎ᠨᠢ ᠦᠵᠡᠭᠴᠢᠳ᠎ᠲᠤ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠠᠴᠢᠶᠠᠯᠠᠭᠰᠠᠨ ᠭᠦᠨ ᠵᠤᠵᠠᠭ᠋ᠠᠨ ᠲᠡᠦᠬᠡ ᠵᠢᠨ ᠠᠭᠤᠯᠤᠭᠳᠠᠬᠤᠨ᠎ᠢ ᠨᠡᠩ ᠪᠤᠲᠠᠲᠠᠢ᠂ ᠠᠮᠢᠳᠤᠯᠢᠭ ᠵᠶ᠋ᠠᠷ ᠮᠡᠳᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠭᠣᠣᠯ ᠴᠢᠬᠤᠯᠠ ᠠᠭᠤᠯᠭ᠎ᠠ ᠪᠣᠯᠣᠨ ᠥᠷᠲᠡᠭ᠎ᠤᠨ ᠤᠬᠢ ᠰᠤᠳᠤ ᠵᠢ ᠪᠦᠬᠦ ᠲᠠᠯ᠎ᠠ᠎ᠪᠠᠷ ᠨᠡᠩ ᠭᠦᠨᠵᠡᠭᠡᠢ ᠤᠢ᠌ᠯᠠᠭ᠋ᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠬᠤ ᠵᠡᠷᠭᠡ ᠲᠠᠯ᠎ᠠ᠎ᠪᠠᠷ᠎ᠬᠢ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠰᠤᠳᠤᠷ ᠪᠢᠴᠢᠭ᠎ᠤᠨ ᠴᠢᠬᠤᠯᠠ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠡᠷ ᠦᠭᠡ ᠭᠡᠯᠡᠬᠦᠯᠵᠦ᠂ ᠡᠷᠲᠡᠨ᠎ᠤ ᠰᠤᠳᠤᠷ ᠪᠢᠴᠢᠭ᠎ᠲᠠᠬᠢ ᠦᠰᠦᠭ ᠪᠢᠴᠢᠭ᠎ᠢ ᠠᠮᠢᠯᠠᠭᠤᠯᠬᠤ᠎ᠪᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠦᠯᠢᠭᠡᠷ᠎ᠢ ᠶᠠᠷᠢᠭᠤᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠳᠤᠮᠳᠠᠳᠤ ᠵᠢᠨ ᠦᠨᠳᠦᠰᠦᠲᠡᠨ᠎ᠤ ᠵᠥᠪ ᠲᠡᠦᠬᠡ ᠵᠢᠨ ᠦᠵᠡᠯᠲᠡ᠎ᠲᠠᠢ ᠪᠣᠯᠭ᠋ᠠᠬᠤ᠎ᠪᠠᠷ ᠬᠦᠲᠦᠯᠦᠨ ᠵᠢᠯᠤᠭᠤᠳᠪᠠ᠃






        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ