ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠳᠤᠮᠳᠠᠳᠤ ᠤᠯᠤᠰ᠎ᠤᠨ ᠬᠦᠪᠴᠢ ᠵᠢᠨ ᠴᠤᠤᠷᠢᠶ᠎ᠠ ᠵᠠᠩᠭ᠋ᠠᠷ ᠤᠷᠠᠯᠢᠭ᠎ᠤᠨ ᠴᠣᠭᠯᠠᠭ᠋ᠠᠨ ᠵᠢᠴᠢ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢ ᠬᠠᠮᠠᠭ᠋ᠠᠯᠠᠵᠤ ᠤᠯᠠᠮᠵᠢᠯᠠᠬᠤ ᠦᠵᠡᠬᠦᠯᠭᠡ ᠵᠢᠨ ᠲᠣᠭᠯᠠᠯᠲᠠ ᠵᠢᠨ ᠰᠢᠷᠢᠰ ᠠᠵᠢᠯᠯᠠᠭ᠎ᠠ ᠣᠷᠳᠣᠰ ᠬᠣᠲᠠ ᠵᠢᠨ ᠬᠠᠩᠭᠢᠨ ᠬᠣᠰᠢᠭᠤᠨ᠎ᠳᠤ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2024-09-30

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢᠴᠢ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢᠨ ᠲᠤᠬᠠᠢ ᠴᠢᠬᠤᠯᠠ ᠥᠭᠦᠯᠡᠯᠲᠡ᠂ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢᠨ ᠰᠣᠶᠣᠯ᠎ᠤᠨ ᠣᠬᠢ ᠰᠣᠳᠣ ᠵᠢ ᠤᠯᠠᠮᠵᠢᠯᠠᠨ ᠵᠠᠯᠭ᠋ᠠᠮᠵᠢᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠬᠥᠭᠵᠢᠭᠦᠯᠦᠨ ᠮᠠᠨᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠲᠣᠮᠤ ᠲᠤᠤᠯᠢ》 ᠵᠢᠨ ᠰᠢᠨ᠎ᠡ ᠴᠠᠭ ᠦᠶ᠎ᠡ᠎ᠳᠠᠬᠢ ᠤᠯᠠᠮᠵᠢᠯᠠᠯᠲᠠ ᠪᠠ ᠭᠦᠭᠵᠢᠯᠳᠡ ᠵᠢ ᠠᠬᠢᠭᠤᠯᠬᠤ ᠵᠢᠨ ᠲᠦᠯᠦᠭᠡ᠂ 2024 ᠣᠨ᠎ᠤ 9 ᠳ᠋ᠦ᠍ᠭᠡᠷ ᠰᠠᠷ᠎ᠠ ᠵᠢᠨ 18᠎ᠠᠴᠠ 22 ᠎ᠤᠨ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠭᠣᠣᠯᠯᠠᠨ ᠡᠷᠬᠢᠯᠡᠭᠰᠡᠨ ᠳᠤᠮᠳᠠᠳᠤ ᠤᠯᠤᠰ᠎ᠤᠨ ᠬᠦᠪᠴᠢ ᠵᠢᠨ ᠴᠤᠤᠷᠢᠶ᠎ᠠ ᠵᠠᠩᠭ᠋ᠠᠷ ᠤᠷᠠᠯᠢᠭ᠎ᠤᠨ ᠴᠤᠭᠯᠠᠭ᠋ᠠᠨ ᠵᠢᠴᠢ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢ ᠬᠠᠮᠠᠭ᠋ᠠᠯᠠᠵᠤ ᠤᠯᠠᠮᠵᠢᠯᠠᠬᠤ ᠦᠵᠡᠬᠦᠯᠭᠡ ᠵᠢᠨ ᠲᠣᠭᠯᠠᠯᠲᠠ ᠵᠢᠨ ᠰᠢᠷᠢᠰ ᠠᠵᠢᠯᠯᠠᠭ᠎ᠠ᠎ᠨᠢ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠤᠳᠤᠯᠭ᠋ᠠᠨ᠎ᠤ ᠭᠠᠵᠠᠷ᠎ᠤᠨ ᠵᠠᠩᠭ᠋ᠠᠷ᠎ᠤᠨ ᠲᠤᠤᠯᠢ ᠵᠢ ᠪᠦᠲᠦᠭᠡᠯᠴᠢ ᠴᠢᠨᠠᠷᠲᠠᠢ᠎ᠪᠠᠷ ᠤᠯᠠᠷᠢᠭᠤᠯᠬᠤ ᠪᠠ ᠰᠢᠨ᠎ᠡ ᠵᠢ ᠡᠭᠦᠳᠬᠦ ᠴᠢᠨᠠᠷᠲᠠᠢ ᠭᠦᠭᠵᠢᠯᠳᠡ ᠵᠢᠨ ᠬᠠᠩᠭᠢᠨ ᠬᠣᠰᠢᠭᠤᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠲᠤ ᠠᠮᠵᠢᠯᠲᠠ᠎ᠲᠠᠢ ᠶᠠᠪᠤᠭᠳᠠᠪᠠ᠃ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠲᠠᠰᠤᠭ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠤᠳᠤᠯᠭ᠋ᠠᠨ᠎ᠤ ᠭᠠᠵᠠᠷ ᠵᠢᠴᠢ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠪᠠᠷᠠᠭᠤᠨ ᠬᠣᠢ᠌ᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠵᠢᠨ ᠶᠡᠬᠡ ᠳᠡᠭᠡᠳᠦ ᠰᠤᠷᠭ᠋ᠠᠭᠤᠯᠢ᠂ ᠰᠤᠳᠤᠯᠭ᠋ᠠᠨ᠎ᠤ ᠪᠠᠢ᠌ᠭᠤᠯᠤᠮᠵᠢ ᠵᠡᠷᠭᠡ ᠵᠢᠨ ᠲᠤᠰᠬᠠᠢ ᠮᠡᠷᠭᠡᠵᠢᠯᠲᠡᠨ ᠡᠷᠳᠡᠮᠲᠡᠨ᠂ ᠲᠥᠪᠡᠳ᠂ ᠰᠢᠨᠵᠢᠶᠠᠩ᠂ ᠬᠥᠬᠡᠨᠠᠭᠤᠷ᠂ ᠶᠦᠨᠨᠠᠨ᠂ ᠭᠦᠢ᠍ᠵᠧᠦ ᠵᠡᠷᠭᠡ ᠭᠠᠵᠠᠷ᠎ᠤᠨ ᠦᠨᠳᠦᠰᠦᠲᠡᠨ᠎ᠨᠦᠭᠦᠳ᠎ᠤᠨ ᠲᠤᠤᠯᠢᠴᠢᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠢ᠌ᠮᠠᠭ ᠬᠤᠳᠠ ᠵᠢᠨ ᠦᠨᠳᠦᠰᠦᠳᠡᠨ᠎ᠤ ᠵᠥᠪᠯᠡᠯ᠎ᠤᠨ ᠬᠤᠯᠪᠤᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠢᠴᠢ ᠦᠵᠡᠬᠦᠯᠭᠡ᠎ᠳᠤ ᠣᠷᠣᠯᠴᠠᠭᠰᠠᠨ ᠲᠣᠭᠯᠠᠭᠴᠢ ᠵᠡᠷᠭᠡ 400 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠪᠠ᠃

2(1).jpg

      ᠳᠤᠮᠳᠠᠳᠤ ᠤᠯᠤᠰ᠎ᠤᠨ ᠬᠦᠪᠴᠢ ᠵᠢᠨ ᠴᠤᠤᠷᠢᠶ᠎ᠠ 《ᠵᠠᠩᠭ᠋ᠠᠷ》 ᠤᠷᠠᠯᠢᠭ᠎ᠤᠨ ᠴᠤᠭᠯᠠᠭ᠋ᠠᠨ ᠵᠢᠴᠢ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢᠨ ᠦᠵᠡᠬᠦᠯᠭᠡ ᠵᠢᠨ ᠲᠣᠭᠯᠠᠯᠲᠠ ᠵᠢᠨ ᠡᠬᠢᠯᠡᠯᠲᠡ ᠵᠢᠨ ᠶᠣᠰᠣᠯᠠᠯ 

3(1).jpg

       ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠰᠣᠳᠤᠯᠭ᠋ᠠᠨ᠎ᠤ ᠭᠠᠵᠠᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠡ ᠵᠢᠨ ᠱᠦᠵᠢ᠂ ᠳᠡᠳ᠋ ᠳᠠᠷᠤᠭ᠎ᠠ ᠯᠢ ᠴᠤ᠌ ᠢᠦᠢ ᠪᠠᠶᠠᠷ᠎ᠤᠨ ᠦᠭᠡ ᠬᠡᠯᠡᠪᠡ

4.jpg

       ᠣᠷᠳᠣᠰ ᠬᠣᠲᠠ ᠵᠢᠨ ᠦᠨᠳᠦᠰᠦᠳᠡᠨ᠎ᠤ ᠵᠥᠪᠯᠡᠯ᠎ᠤᠨ ᠳᠡᠳ᠋ ᠡᠷᠬᠢᠯᠡᠭᠴᠢ ᠪᠠᠶᠠᠨᠴᠢᠮᠡᠭ ᠡᠬᠢᠯᠡᠯᠲᠡ ᠵᠢᠨ ᠶᠣᠰᠣᠯᠠᠯ᠎ᠢ ᠡᠷᠭᠢᠯᠡᠪᠡ

5.jpg

       ᠬᠠᠩᠭᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠠᠩ ᠵᠧᠨ ᠭᠦᠸᠧ ᠪᠠᠶᠠᠷ᠎ᠤᠨ ᠦᠭᠡ ᠬᠡᠯᠡᠪᠡ
      《ᠭᠡᠰᠡᠷ》᠂ 《ᠮᠠᠨᠠᠰ》᠂ 《ᠵᠠᠩᠭ᠋ᠠᠷ》᠎ᠤᠨ ᠲᠤᠤᠯᠢ ᠪᠣᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠨᠡᠲᠦ ᠡᠷᠳᠡᠨᠢ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢ ᠬᠠᠮᠠᠭ᠋ᠠᠯᠠᠬᠤ᠂ ᠤᠯᠠᠮᠵᠢᠯᠠᠬᠤ ᠪᠠ ᠰᠤᠳᠤᠯᠬᠤ ᠲᠠᠯ᠎ᠠ᠎ᠪᠠᠷ ᠤᠯᠠᠨ ᠤᠳᠠᠭ᠎ᠠ ᠴᠢᠬᠤᠯᠠ ᠵᠢᠭ᠋ᠠᠪᠤᠷᠢ ᠪᠠ ᠥᠭᠦᠯᠡᠯᠲᠡ ᠳᠤᠷᠠᠳᠤᠭᠰᠠᠨ ᠪᠠᠢ᠌ᠨ᠎ᠠ᠃ ᠨᠠᠮ ᠪᠠ ᠤᠯᠤᠰ᠎ᠤᠨ ᠨᠢᠮᠪᠠᠢ ᠬᠠᠯᠠᠮᠵᠢᠯᠠᠯ ᠳᠣᠣᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠦᠴᠦᠲᠡᠢ ᠠᠬᠢᠭᠤᠯᠤᠯ ᠪᠠ ᠨᠡᠢ᠌ᠭᠡᠮ᠎ᠤᠨ ᠡᠯ᠎ᠡ ᠡᠲᠡᠭᠡᠳ᠎ᠤᠨ ᠢᠳᠡᠪᠬᠢᠲᠡᠢ ᠳᠡᠮᠵᠢᠯᠭᠡ ᠳᠣᠣᠷ᠎ᠠ᠂ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》᠂ ᠢᠯᠠᠩᠭᠤᠶ᠎ᠠ 《ᠵᠠᠩᠭ᠋ᠠᠷ》᠎ᠤᠨ ᠲᠤᠤᠯᠢ ᠵᠢᠨ ᠤᠯᠠᠮᠵᠢᠯᠠᠯ ᠥᠪᠥᠷ ᠮᠣᠩᠭᠣᠯ᠎ᠤᠨ ᠡᠯ᠎ᠡ ᠭᠠᠵᠠᠷ᠎ᠲᠤ ᠰᠡᠷᠭᠦᠨ ᠬᠥᠭᠵᠢᠪᠡ᠃ 2021 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠢᠩᠭ᠋ᠠᠷ》᠎ᠨᠢ ᠲᠠᠪᠤᠳᠤᠭ᠋ᠠᠷ ᠪᠦᠯᠦᠭ᠎ᠤᠨ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠭᠴᠢ ᠪᠦᠲᠦᠭᠡᠯ᠎ᠤᠨ ᠨᠡᠷᠡᠰ᠎ᠲᠤ ᠵᠢᠭᠰᠠᠭ᠋ᠠᠭᠳᠠᠭᠰᠠᠨ᠎ᠨᠢ ᠥᠪᠥᠷ ᠮᠣᠩᠭᠣᠯ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ ᠵᠢ ᠤᠯᠠᠮᠵᠢᠯᠠᠬᠤ ᠪᠠ ᠬᠠᠮᠠᠭ᠋ᠠᠯᠠᠬᠤ ᠠᠵᠢᠯ ᠰᠢᠨ᠎ᠡ ᠱᠠᠲᠤᠨ᠎ᠳᠤ ᠣᠷᠣᠭᠰᠠᠨ ᠪᠡᠯᠭᠡ ᠲᠡᠮᠳᠡᠭ᠎ᠤᠨ ᠴᠢᠨᠠᠷᠲᠠᠢ ᠠᠮᠵᠢᠯᠲᠠ ᠵᠢᠨ ᠨᠢᠭᠡ ᠪᠤᠯᠵᠠᠢ᠃ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠪᠣᠯ ᠠᠷᠠᠳ ᠲᠦᠮᠡᠨ᠎ᠤ ᠲᠤᠤᠯᠢ ᠮᠥᠨ᠂ ᠲᠡᠭᠦᠨ᠎ᠤ ᠭᠣᠣᠯ ᠰᠡᠳᠦᠪ ᠪᠠ ᠲᠣᠭᠯᠠᠯᠲᠠ ᠵᠢᠨ ᠬᠡᠪ ᠨᠠᠮᠪᠠ᠎ᠨᠢ ᠬᠥᠮᠥᠰ᠎ᠤᠨ ᠰᠡᠳᠬᠢᠯ ᠵᠢᠷᠦᠬᠡ ᠵᠢ ᠳᠣᠭᠳᠤᠯᠤᠭᠤᠯᠤᠨ ᠪᠠᠬᠠᠷᠬᠠᠭᠳᠠᠳᠠᠭ ᠭᠤᠷᠪᠠᠨ ᠲᠣᠮᠤ ᠲᠤᠤᠯᠢ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠰᠣᠶᠣᠯ᠎ᠤᠨ ᠥᠪ ᠪᠤᠯᠤᠨ᠎ᠠ᠃ 

6.jpg 

7.jpg

      ᠡᠬᠢᠯᠡᠯᠳᠡ ᠵᠢᠨ ᠶᠣᠰᠣᠯᠠᠯ᠎ᠤᠨ ᠠᠬᠤᠢ ᠲᠠᠯᠠᠪᠠᠢ ᠵᠢᠨ ᠲᠣᠭᠯᠠᠯᠲᠠ

8.jpg

 

9.jpg

 

10.jpg

 11.jpg

12.jpg

13.jpg

14.jpg

     ᠲᠤᠤᠯᠢᠴᠢᠳ᠎ᠤᠨ ᠲᠣᠭᠯᠠᠯᠲᠠ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠬ᠎ᠨᠢ 《ᠵᠠᠩᠭ᠋ᠠᠷ》᠎ᠤᠨ ᠲᠤᠤᠯᠢ ᠵᠢ ᠬᠠᠮᠠᠭ᠋ᠠᠯᠠᠬᠤ ᠪᠠ ᠰᠤᠳᠤᠯᠬᠤ ᠵᠢ ᠡᠭᠦᠷᠭᠡ ᠬᠠᠷᠢᠭᠤᠴᠠᠯᠭ᠎ᠠ᠎ᠳᠤ᠎ᠪᠠᠨ ᠣᠷᠣᠭᠤᠯᠤᠭᠰᠠᠨ᠎ᠠᠴᠠ ᠨᠠᠭ᠋ᠠᠰᠢ᠂  《ᠵᠠᠩᠭ᠋ᠠᠷ》 ᠎ᠢ ᠤᠯᠠᠮᠵᠢᠯᠠᠬᠤ ᠪᠠ ᠬᠥᠭᠵᠢᠭᠦᠯᠬᠦ ᠲᠠᠯ᠎ᠠ᠎ᠪᠠᠷ ᠴᠥᠬᠥᠷᠡᠰᠢ ᠦᠭᠡᠢ ᠴᠢᠷᠮᠠᠢ᠌ᠵᠤ᠂ ᠬᠥᠮᠥᠰ᠎ᠤᠨ ᠠᠩᠬᠠᠷᠤᠯ᠎ᠢ ᠲᠠᠲᠠᠭᠰᠠᠨ ᠠᠮᠵᠢᠯᠲᠠ ᠣᠯᠣᠭᠰᠠᠨ ᠪᠠᠢ᠌ᠨ᠎ᠠ᠃ ᠲᠤᠰ ᠤᠳᠠᠭ᠎ᠠ ᠵᠢᠨ ᠰᠢᠷᠢᠰ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠭᠰᠡᠡ᠎ᠨᠢ ᠥᠪᠥᠷ ᠮᠣᠩᠭᠣᠯ ᠣᠷᠣᠨ᠎ᠤ 《ᠵᠠᠩᠭ᠋ᠠᠷ》 ᠎ᠤᠨ ᠲᠤᠤᠯᠢ ᠵᠢᠨ ᠤᠯᠠᠮᠵᠢᠯᠠᠯ ᠪᠠ ᠬᠥᠭᠵᠢᠯᠲᠡ ᠵᠢ ᠬᠦᠴᠦᠲᠡᠢ ᠠᠬᠢᠭᠤᠯᠵᠤ᠂ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》᠎ᠳᠤ ᠠᠭᠤᠯᠤᠭᠳᠠᠵᠤ ᠪᠠᠢ᠌ᠭ᠎ᠠ ᠡᠯᠪᠡᠭ ᠪᠠᠶᠠᠯᠢᠭ ᠤᠶᠤᠨ ᠰᠠᠨᠠᠭ᠋ᠠᠨ᠎ᠤ ᠠᠭᠤᠯᠤᠭᠳᠠᠬᠤᠨ᠎ᠢ ᠤᠯᠠᠮ ᠴᠠᠭ᠋ᠠᠰᠢᠲᠠ ᠤᠬᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠳᠠᠭ᠋ᠠᠭᠤᠯᠵᠤ ᠡᠭᠦᠨ᠎ᠤ ᠳᠤᠮᠳᠠ᠎ᠠᠴᠠ ᠪᠦᠯᠬᠦᠮᠳᠡᠨ ᠲᠡᠮᠡᠴᠡᠬᠦ ᠬᠦᠴᠦᠨ᠎ᠢ ᠰᠢᠩᠭᠡᠬᠡᠨ ᠠᠪᠴᠤ ᠪᠣᠢ᠃ ᠡᠭᠦᠨ᠎ᠤ ᠬᠠᠮᠲᠤ᠂ ᠥᠷᠭᠡᠨ ᠤᠯᠠᠨ ᠺᠠᠳ᠋ᠷ ᠤᠯᠠᠨ ᠲᠦᠮᠡᠨ᠂ ᠢᠯᠠᠩᠭᠤᠶ᠎ᠠ ᠠᠷᠠᠳ᠎ᠤᠨ ᠳᠤᠷ᠎ᠠ ᠪᠠᠬᠠᠲᠠᠳ᠎ᠤᠨ 《ᠵᠠᠩᠭ᠋ᠠᠷ》᠎ᠤᠨ  ᠲᠤᠤᠯᠢ ᠵᠢ ᠬᠠᠮᠠᠭ᠋ᠠᠯᠠᠨ ᠵᠠᠯᠭ᠋ᠠᠮᠵᠢᠯᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠵᠤ᠂ ᠨᠥᠯᠥᠭᠡᠯᠡᠬᠦ ᠬᠦᠴᠦᠨ᠎ᠢ᠎ᠨᠢ ᠲᠠᠰᠤᠷᠠᠯᠳᠡ ᠦᠭᠡᠢ ᠥᠷᠭᠡᠳᠬᠡᠵᠦ᠂ 《ᠵᠠᠩᠭ᠋ᠠᠷ》᠎ᠤᠨ ᠬᠤᠤᠰ ᠡᠬᠦᠳᠦᠯᠳᠡ ᠵᠢᠨ ᠰᠤᠳᠤᠯᠭ᠋ᠠᠨ᠎ᠤ ᠭᠦᠨᠵᠡᠭᠡᠢ ᠰᠦᠪᠡᠭᠴᠢᠯᠡᠯᠲᠡ ᠵᠢ ᠲᠤᠢ᠌ᠯ᠎ᠤᠨ ᠶᠡᠬᠡ᠎ᠪᠠᠷ ᠠᠬᠢᠭᠤᠯᠪᠠ᠂ ᠡᠨᠡ᠎ᠨᠢ 《ᠭᠤᠷᠪᠠᠨ ᠲᠣᠮᠤ ᠲᠤᠤᠯᠢ》 ᠵᠢᠨ ᠦᠷᠭᠦᠯᠵᠢᠯᠡᠬᠦᠢ᠌ᠴᠡ ᠬᠥᠭᠵᠢᠯᠲᠡ᠎ᠳᠤ ᠴᠢᠬᠤᠯᠠ ᠪᠣᠳᠠᠲᠤ ᠠᠴᠢ ᠬᠣᠯᠪᠣᠭᠳᠠᠯ ᠪᠠ ᠠᠯᠤᠰ ᠬᠡᠳᠤ ᠵᠢᠨ ᠨᠥᠯᠥᠭᠡ᠎ᠲᠠᠢ ᠶᠤᠮ᠃

15.jpg

     《ᠵᠠᠩᠭ᠋ᠠᠷ》᠎ᠤᠨ ᠲᠤᠤᠯᠢ ᠵᠢᠨ ᠰᠤᠯᠢᠯᠴᠠᠵᠦ ᠶᠠᠷᠢᠯᠴᠠᠬᠤ ᠬᠤᠷᠠᠯ

16.jpg

       ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠬᠦᠯᠭᠡ ᠵᠢ ᠲᠤᠭᠤᠷᠢᠨ ᠦᠵᠡᠪᠡ
       ᠲᠤᠰ ᠤᠳᠠᠭ᠋ᠠᠨ᠎ᠤ ᠰᠢᠷᠢᠰ ᠠᠵᠢᠯᠯᠠᠭ᠎ᠠ᠎ᠨᠢ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢᠨ ᠬᠠᠮᠠᠭ᠋ᠠᠯᠠᠬᠤ ᠵᠠᠯᠭ᠋ᠠᠮᠵᠢᠯᠠᠬᠤ ᠦᠵᠡᠬᠦᠯᠭᠡ ᠵᠢᠨ ᠲᠣᠭᠯᠠᠯᠲᠠ᠂ 《ᠵᠠᠩᠭ᠋ᠠᠷ》 ᠎ᠤᠨ ᠲᠤᠤᠯᠢ ᠵᠢᠨ ᠰᠤᠯᠢᠯᠴᠠᠵᠦ ᠶᠠᠷᠢᠯᠴᠠᠬᠤ ᠬᠤᠷᠠᠯ᠂ 2024 ᠣᠨ᠎ᠤ 《ᠠᠯᠳᠠᠨ ᠴᠡᠭᠡᠵᠢ》 ᠬᠤᠨᠳᠠᠭ᠋ᠠᠲᠤ ᠪᠦᠬᠦ ᠤᠯᠤᠰ᠎ᠤᠨ 《ᠵᠠᠩᠭ᠋ᠠᠷ》᠎ᠤᠨ ᠲᠤᠤᠯᠢ ᠵᠢᠨ ᠤᠷᠤᠯᠳᠤᠭ᠋ᠠᠨ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠤᠬᠠᠭᠤᠯᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢ᠌ᠯᠠᠭ᠋ᠠᠬᠤ ᠵᠡᠷᠭᠡ ᠪᠠᠶᠠᠯᠢᠭ ᠰᠠᠢ᠌ᠬᠠᠨ ᠬᠡᠯᠪᠡᠷᠢ᠎ᠪᠠᠷ ᠨᠡᠩ ᠤᠯᠠᠨ ᠬᠦᠮᠦᠰ᠎ᠲᠤ 《ᠳᠤᠮᠳᠠᠳᠤ ᠤᠯᠤᠰ᠎ᠤᠨ ᠭᠤᠷᠪᠠᠨ ᠲᠣᠮᠤ ᠲᠤᠤᠯᠢ》 ᠵᠢᠨ ᠥᠷᠭᠡᠨ ᠳᠡᠯᠭᠡᠷ ᠭᠦᠨ ᠭᠦᠨᠵᠡᠭᠡᠢ ᠰᠣᠶᠣᠯ᠎ᠤᠨ ᠠᠭᠤᠯᠤᠭᠳᠠᠬᠤᠨ᠂ ᠥᠪᠡᠷᠮᠢᠴᠡ ᠷᠢᠳᠢ ᠰᠢᠳᠢ ᠪᠠ ᠠᠯᠤᠰ ᠬᠡᠳᠤ ᠵᠢᠨ ᠦᠨ᠎ᠡ ᠦᠷᠳᠡᠭ᠎ᠢ ᠤᠢ᠌ᠯᠠᠭ᠋ᠠᠭᠤᠯᠪᠠ᠃ 

17.jpg 


18.jpg


19.jpg

     2024 ᠣᠨ᠎ᠤ 《ᠠᠯᠳᠠᠨ ᠴᠡᠭᠡᠵᠢ》 ᠬᠤᠨᠳᠠᠭ᠋ᠠᠲᠤ ᠪᠥᠬᠥ ᠤᠯᠤᠰ᠎ᠤᠨ 《ᠵᠠᠩᠭ᠋ᠠᠷ》᠎ᠤᠨ ᠲᠤᠤᠯᠢ ᠵᠢᠨ ᠤᠷᠤᠯᠳᠤᠭ᠋ᠠᠨ

 

 

 

         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠵᠢᠷᠤᠭᠲᠤ ᠰᠡᠳᠬᠦᠯ