2024 ᠣᠨ᠎ᠤ 8 ᠳ᠋ᠤᠭ᠋ᠠᠷ ᠰᠠᠷ᠎ᠠ ᠵᠢᠨ 20᠎ᠤ ᠡᠳᠦᠷ᠂ ᠰᠣᠯᠢᠯᠴᠠᠭ᠎ᠠ᠎ᠪᠠᠨ ᠭᠦᠨᠵᠡᠭᠡᠢ᠌ᠷᠡᠭᠦᠯᠵᠦ᠂ ᠬᠠᠮᠲᠤᠷᠠᠯᠴᠠᠭ᠎ᠠ᠎ᠪᠠᠨ ᠠᠬᠢᠭᠤᠯᠬᠤ ᠵᠢᠨ ᠲᠤᠰᠠᠳᠠ᠂ ᠥᠪᠥᠷ ᠮᠣᠩᠭᠣᠯ᠎ᠤᠨ ᠰᠣᠶᠣᠯ᠎ᠤᠨ ᠬᠡᠪᠯᠡᠯ᠎ᠤᠨ ᠬᠣᠷᠢᠶ᠎ᠠ ᠵᠢᠨ ᠭᠣᠤᠯ ᠬᠠᠷᠢᠭᠤᠴᠠᠯᠭ᠋ᠠᠲᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠲᠤ ᠢᠷᠡᠵᠦ ᠬᠠᠮᠢᠶ᠎ᠠ ᠪᠦᠬᠦᠢ ᠠᠵᠢᠯ᠎ᠤᠨ ᠲᠤᠬᠠᠢ ᠶᠠᠷᠢᠯᠴᠠᠨ ᠰᠣᠯᠢᠯᠴᠠᠪᠠ᠃
ᠬᠣᠶᠠᠷ ᠲᠠᠯ᠎ᠠ᠎ᠪᠠᠷ ᠵᠶ᠋ᠠᠨ ᠨᠢᠭᠡᠨᠲᠡ ᠬᠠᠮᠲᠤᠷᠠᠯᠴᠠᠭᠰᠠᠨ ᠲᠥᠷᠥᠯ ᠵᠦᠢᠯ᠎ᠢ ᠬᠡᠷᠬᠢᠨ ᠦᠷᠭᠦᠯᠵᠢᠯᠡᠨ ᠠᠬᠢᠭᠤᠯᠬᠤ᠂ ᠬᠣᠢ᠌ᠰᠢᠲᠠ ᠬᠣᠶᠠᠷ ᠲᠠᠯ᠎ᠠ᠎ᠪᠠᠷ ᠵᠶ᠋ᠠᠨ ᠲᠥᠷᠥᠯ ᠵᠦᠢᠯ᠎ᠤᠨ ᠬᠠᠮᠲᠤᠷᠠᠯᠴᠠᠭ᠎ᠠ ᠵᠢ ᠬᠡᠷᠬᠢᠨ ᠥᠷᠨᠢᠭᠦᠯᠬᠦ ᠵᠡᠷᠭᠡ ᠠᠰᠠᠭᠤᠳᠠᠯ᠎ᠤᠨ ᠲᠣᠭᠣᠷᠢᠨ᠎ᠳᠤ ᠰᠠᠨᠠᠯ ᠰᠠᠨᠠᠭᠤᠯᠭ᠎ᠠ᠎ᠪᠠᠨ ᠭᠦᠢᠴᠡᠳ ᠰᠣᠯᠢᠯᠴᠠᠪᠠ᠃ ᠬᠣᠶᠠᠷ ᠪᠠᠢ᠌ᠭᠤᠯᠭ᠎ᠠ ᠮᠠᠰᠢ ᠰᠠᠢ᠍ᠢ᠍ᠨ ᠬᠠᠮᠲᠤᠷᠠᠯᠴᠠᠭ᠋ᠠᠨ᠎ᠤ ᠰᠠᠭᠤᠷᠢ᠎ᠲᠠᠢ ᠪᠥᠭᠡᠳ ᠬᠠᠷᠠᠯᠲᠠ ᠨᠢᠭᠡᠲᠡᠢ᠂ ᠢᠷᠡᠭᠡᠳᠦᠢ᠎ᠳᠤ ᠦᠷᠬᠦᠯᠵᠢᠯᠡᠨ ᠴᠢᠷᠮᠠᠢ᠌ᠵᠤ ᠪᠠᠢ᠌ᠭ᠋ᠠᠳ ᠪᠦᠷᠢᠨ ᠲᠡᠭᠦᠯᠳᠡᠷ ᠬᠠᠮᠲᠤᠷᠠᠯᠴᠠᠭ᠋ᠠᠨ᠎ᠤ ᠲᠣᠭᠲᠠᠴᠠ ᠵᠢ ᠪᠦᠷᠢᠯᠳᠦᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠰᠢᠵᠦ᠂ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠰᠤᠳᠤᠯᠬᠤ᠂ ᠬᠡᠪᠯᠡᠭᠦᠯᠵᠦ ᠠᠰᠢᠭᠯᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠰᠤᠳᠤᠷ ᠪᠢᠴᠢᠭ᠎ᠲᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠵᠡᠯ ᠰᠠᠨᠠᠭ᠎ᠠ ᠵᠢ ᠠᠭᠤᠳᠠᠯᠵᠤ᠂ ᠲᠡᠦᠬᠡ ᠰᠣᠶᠣᠯ᠎ᠢ ᠤᠯᠠᠮᠵᠢᠯᠠᠬᠤ ᠳᠤᠮᠳᠠ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠤᠶ᠎ᠠ ᠭᠡᠵᠦ ᠬᠣᠶᠠᠷ ᠲᠠᠯ᠎ᠠ᠎ᠪᠠᠷ ᠵᠶ᠋ᠠᠨ ᠢᠯᠡᠳᠬᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ ᠰᠤᠳᠤᠷ ᠪᠢᠴᠢᠭ ᠰᠤᠳᠤᠯᠬᠤ ᠲᠠᠰᠤᠭ ᠪᠠ ᠥᠪᠥᠷ ᠮᠣᠩᠭᠣᠯ᠎ᠤᠨ ᠰᠣᠶᠣᠯ᠎ᠤᠨ ᠬᠡᠪᠯᠡᠯ᠎ᠤᠨ ᠬᠣᠷᠢᠶ᠎ᠠ ᠣᠯᠠᠨ ᠵᠢᠯ᠎ᠤᠨ ᠰᠠᠢ᠌ᠨ ᠰᠠᠢ᠌ᠬᠠᠨ ᠬᠠᠮᠲᠤᠷᠠᠯᠴᠠᠭ᠋ᠠᠨ᠎ᠤ ᠰᠠᠭᠤᠷᠢ᠎ᠲᠠᠢ ᠪᠠᠢ᠌ᠵᠤ᠂ ᠨᠡᠢ᠌ᠭᠡᠮ᠎ᠤᠨ ᠨᠥᠯᠥᠭᠡᠯᠡᠬᠦ ᠬᠦᠴᠦᠨ ᠪᠦᠬᠦᠢ ᠣᠯᠠᠨ ᠪᠦᠲᠦᠭᠡᠯ᠎ᠢ ᠬᠠᠮᠲᠤᠷᠠᠨ ᠬᠡᠪᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠯᠤᠰ᠎ᠤᠨ ᠭᠣᠤᠯᠳᠠᠯᠭ᠎ᠠ᠎ᠲᠠᠢ ᠨᠣᠮ ᠪᠢᠴᠢᠭ᠎ᠤᠨ ᠬᠡᠪᠯᠡᠯ᠎ᠤᠨ ᠲᠥᠯᠥᠪᠵᠢᠭᠦᠯᠭᠡ ᠵᠢᠨ ᠲᠥᠷᠥᠯ ᠵᠦᠢᠯ᠎ᠳᠤ ᠤᠷᠤᠭᠰᠠᠨ ᠬᠠᠮᠲᠤᠷᠠᠨ ᠬᠡᠪᠯᠡᠭᠦᠯᠦᠭᠰᠡᠨ ᠣᠯᠠᠨ ᠪᠦᠲᠦᠭᠡᠯ᠎ᠳᠤ ᠡᠯᠪᠡᠭ ᠪᠠᠶᠠᠯᠢᠭ ᠲᠡᠦᠬᠡ᠂ ᠰᠣᠶᠣᠯ ᠪᠠ ᠡᠷᠳᠡᠮ ᠰᠢᠨᠵᠢᠯᠡᠭᠡᠨ᠎ᠤ ᠦᠨ᠎ᠡ ᠥᠷᠲᠡᠭ ᠠᠭᠤᠯᠤᠭᠳᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ ᠥᠷᠭᠡᠨ ᠳᠡᠯᠭᠡᠷ ᠠᠩᠬᠠᠷᠤᠯ ᠪᠠ ᠰᠠᠢ᠌ᠨ ᠦᠨᠡᠯᠡᠯᠲᠡ ᠵᠢ ᠬᠦᠷᠲᠡᠵᠦ᠂ ᠨᠡᠢ᠌ᠭᠡᠮ᠎ᠤᠨ ᠦᠷ᠎ᠡ ᠠᠰᠢᠭ ᠢᠯᠡᠳᠲᠡ ᠪᠣᠯᠪᠠ ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ