ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠥᠪᠥᠷ ᠮᠣᠩᠭᠣᠯ᠎ᠤᠨ ᠥᠪᠠᠷᠳᠡᠭᠡᠨ ᠵᠠᠰᠠᠬᠤ ᠣᠷᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ 《ᠭᠡᠰᠡᠷ》 《ᠵᠠᠩᠭ᠋ᠠᠷ》᠎ᠤᠨ ᠲᠤᠤᠯᠢ ᠵᠢ ᠰᠢᠨ᠎ᠡ ᠡᠭᠦᠳᠦᠯᠲᠡ ᠵᠢᠨ ᠴᠢᠨᠠᠷᠲᠠᠢ ᠤᠯᠠᠷᠢᠭᠤᠯᠬᠤ ᠪᠠ ᠬᠥᠭᠵᠢᠭᠦᠯᠬᠦ ᠵᠢ ᠬᠦᠴᠦᠲᠡᠢ ᠠᠬᠢᠭᠤᠯᠪᠠ
ᠨᠡᠶ᠋ᠢᠲᠡᠯᠡᠭᠰᠡᠨ ᠴᠠᠭ᠄ 2025-01-21

      ᠣᠢ᠌ᠷ᠎ᠠ ᠵᠢᠨ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠠᠷᠳᠡᠭᠡᠨ ᠵᠠᠰᠠᠬᠤ ᠣᠷᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ᠎ᠨᠢ ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》 ᠵᠢᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠢᠮᠠᠭᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠤᠯᠠᠮᠵᠢᠯᠠᠨ ᠬᠦᠮᠦᠵᠢᠭᠦᠯᠬᠦ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠨᠣᠮ ᠪᠢᠴᠢᠭ ᠬᠡᠪᠯᠡᠭᠦᠯᠬᠦ᠂ ᠡᠬᠢ ᠪᠠᠶᠠᠯᠢᠭ᠎ᠤᠨ ᠪᠠᠢ᠌ᠭᠤᠯᠤᠯᠲᠠ ᠵᠡᠷᠭᠡ ᠣᠯᠠᠨ ᠵᠦᠢ᠍ᠯ᠎ᠤᠨ ᠠᠷᠭ᠎ᠠ᠎ᠪᠠᠷ ᠳᠠᠮᠵᠢᠨ 《ᠭᠡᠰᠡᠷ》 《ᠵᠠᠩᠭ᠋ᠠᠷ》᠎ᠤᠨ ᠲᠤᠤᠯᠢ ᠵᠢᠨ ᠮᠠᠨ᠎ᠤ ᠣᠷᠣᠨ᠎ᠳᠠᠬᠢ ᠤᠯᠠᠮᠵᠢᠯᠠᠯ ᠬᠥᠭᠵᠢᠯᠲᠡ ᠵᠢ ᠬᠦᠴᠦᠲᠡᠢ ᠠᠬᠢᠭᠤᠯᠪᠠ᠃
       ᠴᠢᠳᠠᠪᠤᠷᠢᠲᠠᠨ ᠬᠦᠮᠦᠵᠢᠭᠦᠯᠬᠦ᠎ᠪᠠᠨ ᠴᠢᠩᠭ᠋ᠠᠳᠬᠠᠨ᠂ ᠤᠯᠠᠮᠵᠢᠯᠠᠯ᠎ᠤᠨ ᠡᠩᠨᠡᠭᠡᠨ᠎ᠤ ᠰᠠᠭᠤᠷᠢ ᠵᠢ ᠪᠡᠬᠢᠵᠢᠭᠦᠯᠪᠡ᠃ 2019  ᠣᠨ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠠᠭ᠋ᠠᠨᠬᠠᠳᠠ ᠬᠣᠲᠠ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠤ ᠪᠠᠭ᠋ᠠᠷᠢᠨ ᠪᠠᠷᠠᠭᠤᠨ ᠬᠣᠰᠢᠭᠤᠨ᠎ᠤ 《ᠭᠡᠰᠡᠷ》 ᠬᠠᠢ᠌ᠯᠠᠬᠤ ᠲᠣᠭᠯᠠᠯᠲᠠ ᠵᠢ ᠦᠵᠡᠭᠡᠳ 《ᠭᠡᠰᠡᠷ》 ᠵᠡᠷᠭᠡ ᠪᠣᠳᠠᠰ᠎ᠤᠨ ᠪᠣᠰᠤ ᠰᠣᠶᠣᠯ᠎ᠤᠨ ᠥᠪ᠎ᠢ ᠳᠡᠮᠵᠢᠬᠦ ᠪᠠ ᠬᠠᠪᠰᠤᠷᠤᠨ ᠳᠡᠳᠬᠦᠵᠦ᠂ ᠤᠯᠠᠮᠵᠢᠯᠠᠭᠴᠢ ᠵᠢ ᠬᠥᠮᠥᠵᠢᠭᠦᠯᠦᠨ᠂ ᠦᠶ᠎ᠡ ᠵᠢᠨ ᠦᠶ᠎ᠡ᠎ᠳᠤ ᠵᠠᠯᠭ᠋ᠠᠮᠵᠢᠯᠠᠵᠤ᠂ ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠮᠠᠨ᠎ᠤ ᠣᠷᠣᠨ᠎ᠤ ᠪᠠᠭ᠋ᠠᠲᠤᠷᠯᠢᠭ ᠲᠤᠤᠯᠢ ᠵᠢᠨ ᠤᠯᠠᠮᠵᠢᠯᠠᠯ ᠬᠠᠮᠠᠭ᠋ᠠᠯᠠᠯᠲᠠ ᠵᠢ ᠴᠢᠩᠭ᠋ᠠᠳᠬᠠᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠠᠷᠳᠡᠭᠡᠨ ᠵᠠᠰᠠᠬᠤ ᠣᠷᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ᠎ᠨᠢ ᠤᠷᠢᠳ ᠬᠣᠵᠢᠳ ᠬᠥᠯᠥᠨ ᠪᠣᠢ᠌ᠷ ᠬᠣᠲᠠ᠂ ᠣᠷᠳᠣᠰ ᠬᠣᠲᠠ᠎ᠳᠤ ᠪᠦᠬᠦ ᠣᠷᠣᠨ᠎ᠤ 《ᠵᠠᠩᠭ᠋ᠠᠷ》᠎ᠤᠨ ᠪᠠᠭᠰᠢ ᠵᠢᠨ ᠡᠩᠨᠡᠭᠡ ᠵᠢᠨ ᠪᠤᠯᠪᠠᠰᠤᠷᠠᠯ᠎ᠤᠨ ᠠᠩᠭᠢ ᠡᠷᠬᠢᠯᠡᠵᠦ᠂ ᠣᠷᠳᠣᠰ ᠬᠣᠲᠠ ᠵᠢᠨ 《ᠵᠠᠩᠭ᠋ᠠᠷ》᠎ᠤᠨ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠯ᠎ᠤᠨ ᠠᠩᠭᠢ ᠵᠢ ᠵᠣᠬᠢᠶᠠᠨ ᠪᠠᠢ᠌ᠭᠤᠯᠤᠨ ᠵᠢᠯᠣᠭᠣᠳᠴᠤ᠂ ᠰᠢᠯᠢ ᠵᠢᠨ ᠭᠣᠣᠯ ᠠᠢ᠌ᠮᠠᠭ᠎ᠤᠨ 《ᠵᠠᠩᠭ᠋ᠠᠷ》 ᠬᠠᠢ᠌ᠯᠠᠬᠤ ᠵᠢᠴᠢ ᠲᠣᠪᠰᠢᠭᠤᠷ ᠬᠥᠭᠵᠢᠮᠳᠡᠬᠦ ᠪᠤᠯᠪᠠᠰᠤᠷᠠᠯ᠎ᠤᠨ ᠠᠩᠭᠢ ᠵᠡᠷᠭᠡ ᠵᠢ 15 ᠠᠩᠭᠢ ᠤᠳᠠᠭ᠎ᠠ ᠡᠷᠬᠢᠯᠡᠵᠦ᠂ ᠲᠤᠤᠯᠢ ᠬᠠᠢ᠌ᠯᠠᠬᠤ ᠤᠷᠠᠯᠢᠭᠴᠢᠳ᠎ᠢ ᠨᠡᠢ᠌ᠲᠡ 400 ᠭᠠᠷᠤᠢ ᠬᠦᠮᠦᠨ ᠬᠥᠮᠥᠵᠢᠭᠦᠯᠦᠭᠰᠡᠨ ᠪᠠᠢ᠌ᠨ᠎ᠠ᠃
      ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠵᠢ ᠥᠷᠨᠢᠭᠦᠯᠵᠦ᠂ ᠰᠢᠨ᠎ᠡ ᠵᠢ ᠡᠭᠦᠳᠦᠨ ᠬᠥᠭᠵᠢᠭᠦᠯᠬᠦ ᠵᠠᠭᠪᠤᠷ᠎ᠢ ᠬᠠᠢ᠌ᠨ ᠰᠥᠪᠡᠭᠴᠢᠯᠡᠪᠡ᠃ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢᠨ 《ᠳᠤᠮᠳᠠᠳᠤ ᠤᠯᠤᠰ᠎ᠤᠨ ᠭᠣᠷᠪᠠᠨ ᠶᠡᠬᠡ ᠲᠤᠤᠯᠢ》 ᠵᠢ ᠬᠠᠮᠠᠭ᠋ᠠᠯᠠᠵᠤ ᠤᠯᠠᠮᠵᠢᠯᠠᠬᠤ᠎ᠳᠤ ᠦᠵᠡᠭᠦᠯᠬᠦ ᠤᠳᠤᠷᠢᠳᠤᠮᠵᠢ ᠵᠢᠨ ᠦᠢ᠍ᠯᠡᠳᠦᠯ ᠪᠠ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠠᠷᠳᠡᠭᠡᠨ ᠵᠠᠰᠠᠬᠤ ᠣᠷᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ᠎ᠨᠢ ᠤᠷᠢᠳ ᠬᠣᠵᠢᠳ ᠡᠯ᠎ᠡ ᠶᠡᠬᠡ ᠳᠡᠭᠡᠳᠦ ᠰᠤᠷᠭ᠋ᠠᠭᠤᠯᠢ᠂ ᠰᠤᠳᠤᠯᠭ᠋ᠠᠨ᠎ᠤ ᠪᠠᠢ᠌ᠭᠤᠯᠤᠮᠵᠢ ᠵᠢᠨ ᠳᠤᠰᠬᠠᠢ ᠮᠡᠷᠭᠡᠵᠢᠯᠲᠡᠨ ᠡᠷᠳᠡᠮᠲᠡᠳ᠎ᠢ ᠵᠣᠬᠢᠶᠠᠨ ᠪᠠᠢ᠌ᠭᠤᠯᠵᠤ᠂ ᠳᠤᠮᠳᠠᠳᠤ ᠤᠯᠤᠰ᠎ᠤᠨ 《ᠵᠠᠩᠭ᠋ᠠᠷ》᠎ᠤᠨ ᠰᠤᠳᠤᠯᠭ᠋ᠠᠨ᠎ᠤ ᠨᠡᠢ᠌ᠭᠡᠮᠯᠢᠭ᠎ᠤᠨ ᠡᠷᠳᠡᠮ ᠰᠢᠨᠵᠢᠯᠡᠭᠡᠨ᠎ᠤ ᠣᠨ᠎ᠤ ᠬᠤᠷᠠᠯ᠂ ᠳᠤᠮᠳᠠᠳᠤ ᠤᠯᠤᠰ᠎ᠤᠨ ᠮᠣᠩᠭᠣᠯ ᠤᠳᠬ᠎ᠠ ᠵᠣᠬᠢᠶᠠᠯ᠎ᠤᠨ ᠨᠡᠢ᠌ᠭᠡᠮᠯᠢᠭ᠎ᠤᠨ ᠡᠷᠳᠡᠮ ᠰᠢᠨᠵᠢᠯᠡᠭᠡᠨ᠎ᠤ ᠣᠨ᠎ᠤ ᠬᠤᠷᠠᠯ᠂ ᠳᠤᠮᠳᠠᠳᠤ ᠤᠯᠤᠰ᠎ᠤᠨ ᠮᠣᠩᠭᠣᠯ ᠰᠤᠳᠤᠯᠤᠯ᠎ᠤᠨ ᠨᠡᠢ᠌ᠭᠡᠮᠯᠢᠭ᠎ᠤᠨ ᠡᠷᠳᠡᠮ ᠰᠢᠨᠵᠢᠯᠡᠭᠡᠨ᠎ᠤ ᠣᠨ᠎ᠤ ᠬᠤᠷᠠᠯ ᠵᠡᠷᠭᠡ ᠡᠷᠳᠡᠮ ᠰᠢᠨᠵᠢᠯᠡᠭᠡᠨ᠎ᠤ ᠰᠤᠯᠢᠯᠴᠠᠭ᠋ᠠᠨ᠎ᠤ ᠬᠤᠷᠠᠯ᠎ᠢ 4 ᠲᠠᠯᠠᠪᠠᠢ ᠤᠳᠠᠭ᠎ᠠ ᠡᠷᠬᠢᠯᠡᠵᠦ᠂ 《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》 ᠵᠢ ᠬᠠᠮᠠᠭ᠋ᠠᠯᠠᠨ ᠤᠯᠠᠮᠵᠢᠯᠠᠬᠤ ᠶᠠᠪᠤᠴᠠ᠎ᠳᠠᠬᠢ ᠬᠠᠮᠤᠭ᠎ᠤᠨ ᠰᠢᠨ᠎ᠡ ᠪᠠᠢ᠌ᠳᠠᠯ ᠪᠠ ᠡᠷᠳᠡᠮ ᠰᠢᠨᠵᠢᠯᠡᠭᠡᠨ᠎ᠤ ᠦᠷ᠎ᠡ ᠪᠥᠲᠦᠭᠡᠯ᠎ᠢ ᠴᠠᠭ ᠲᠤᠬᠠᠢ᠎ᠳᠤᠨᠢ ᠣᠯᠠᠨ᠎ᠲᠠᠢ ᠬᠤᠪᠢᠶᠠᠯᠴᠠᠵᠤ᠂ 《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》 ᠵᠢ ᠬᠠᠮᠠᠭ᠋ᠠᠯᠠᠨ ᠤᠯᠠᠮᠵᠢᠯᠠᠬᠤ᠎ᠳᠤ ᠲᠤᠯᠭ᠋ᠠᠷᠠᠵᠤ ᠪᠠᠢ᠌ᠭ᠎ᠠ ᠰᠢᠨ᠎ᠡ ᠠᠰᠠᠭᠤᠳᠠᠯ᠂ ᠰᠢᠨ᠎ᠡ ᠥᠷᠢᠰᠦᠯᠳᠦᠭᠡᠨ᠂ ᠰᠢᠨ᠎ᠡ ᠳᠣᠬᠢᠶᠠᠯᠳᠤᠯ᠎ᠢ ᠭᠦᠨᠵᠡᠭᠡᠢ ᠶᠠᠷᠢᠯᠴᠠᠵᠤ᠂ ᠲᠠᠷᠠᠭ᠋ᠠᠴᠢ ᠵᠢᠨ ᠠᠵᠢᠯ᠎ᠤᠨ ᠴᠢᠭᠯᠡᠯ ᠪᠠ ᠬᠠᠷᠠᠯᠲᠠ ᠵᠢ  ᠲᠣᠳᠣᠷᠬᠠᠢ᠌ᠯᠠᠭᠰᠠᠨ ᠪᠠᠢ᠌ᠨ᠎ᠠ᠃
      ᠰᠢᠷᠢᠰ ᠴᠤᠪᠤᠷᠠᠯ ᠨᠣᠮ᠎ᠢ ᠬᠡᠪᠯᠡᠭᠦᠯᠵᠦ᠂ ᠪᠦᠲᠦᠮᠵᠢᠲᠡᠢ ᠪᠣᠳᠠᠰ᠎ᠤᠨ ᠠᠴᠢᠶᠠᠯᠠᠪᠤᠷᠢ ᠵᠢ ᠬᠠᠩᠭ᠋ᠠᠪᠠ᠃ ᠲᠣᠮᠣ ᠬᠡᠯᠪᠡᠷᠢ ᠵᠢᠨ 《ᠭᠡᠰᠡᠷ》᠎ᠤᠨ ᠴᠤᠪᠤᠷᠠᠯ ᠨᠣᠮ᠎ᠢ ᠳᠤᠭᠤᠷᠪᠢᠵᠤ ᠠᠮᠠ᠎ᠪᠠᠷ ᠤᠯᠠᠮᠵᠢᠯᠠᠭᠰᠠᠨ ᠰᠢᠷᠢᠰ 11 ᠵᠦᠢ᠍ᠯ᠂ ᠲᠤᠯᠭᠤᠷ ᠪᠢᠴᠢᠭ᠎ᠤᠨ ᠰᠢᠷᠢᠰ 9 ᠵᠦᠢ᠍ᠯ 11 ᠳᠡᠪᠲᠡᠷ (ᠤᠤᠯ ᠬᠡᠪ᠎ᠢ ᠰᠢᠷᠪᠢᠭᠰᠡᠨ ᠪᠤᠲᠤᠭᠲᠤ ᠳᠠᠷᠤᠮᠠᠯᠯᠠᠯ)᠂ ᠳᠠᠬᠢᠨ ᠬᠡᠪᠯᠡᠭᠦᠯᠦᠭᠰᠡᠨ ᠰᠢᠷᠢᠰ 8 ᠵᠦᠢ᠍ᠯ᠂ ᠣᠷᠴᠢᠭᠤᠯᠵᠤ ᠲᠠᠢ᠌ᠯᠪᠤᠷᠢ ᠬᠠᠳᠠᠭᠰᠠᠨ ᠰᠢᠷᠢᠰ 5 ᠵᠦᠢ᠍ᠯ᠂ ᠳᠤᠰᠬᠠᠢ ᠪᠦᠲᠦᠭᠡᠯ᠎ᠤᠨ ᠰᠢᠷᠢᠰ 8 ᠵᠦᠢ᠍ᠯ᠂ ᠪᠠᠭ᠋ᠠᠵᠢ ᠨᠣᠮ᠎ᠤᠨ ᠰᠢᠷᠢᠰ 4 ᠵᠦᠢ᠍ᠯ᠂ ᠪᠤᠰᠤᠳ 2 ᠵᠦᠢ᠍ᠯ ᠵᠡᠷᠭᠡ ᠵᠢ ᠪᠠᠭᠲᠠᠭ᠋ᠠᠭᠰᠠᠨ 46 ᠵᠦᠢ᠍ᠯ᠎ᠤᠨ 53 ᠳᠡᠪᠲᠡᠷ᠎ᠢ ᠨᠢᠭᠡᠨᠲᠡ ᠬᠡᠪᠯᠡᠭᠦᠯᠵᠡᠢ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《ᠵᠠᠩᠭ᠋ᠠᠷ》᠎ᠤᠨ ᠰᠤᠳᠤᠯᠭ᠋ᠠᠨ᠎ᠤ ᠲᠥᠪ᠂ ᠥᠪᠥᠷ ᠮᠣᠩᠭᠣᠯ᠎ᠤᠨ ᠰᠣᠶᠣᠯ᠎ᠤᠨ ᠬᠡᠪᠯᠡᠯ᠎ᠤᠨ ᠬᠣᠷᠢᠶ᠎ᠠ ᠵᠢᠨ ᠬᠠᠮᠲᠤᠷᠠᠨ ᠮᠡᠳᠡᠭᠦᠯᠦᠭᠡᠳ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠤᠯᠤᠰ᠎ᠤᠨ ᠭᠣᠣᠯᠳᠠᠯᠭ᠋ᠠᠲᠤ ᠨᠣᠮ ᠪᠢᠴᠢᠭ᠎ᠤᠨ ᠬᠡᠪᠯᠡᠭᠦᠯᠬᠦ ᠲᠥᠯᠥᠪᠵᠢᠭᠦᠯᠭᠡ ᠵᠢᠨ ᠲᠦᠷᠦᠯ ᠵᠦᠢ᠍ᠯ ᠵᠶ᠋ᠡᠷ ᠵᠥᠪᠰᠢᠶᠡᠷᠡᠭᠳᠡᠭᠰᠡᠨ 《ᠵᠠᠩᠭ᠋ᠠᠷ᠎ᠤᠨ ᠰᠤᠳᠤᠯᠭ᠋ᠠᠨ᠎ᠤ ᠬᠤᠰᠢᠭᠤᠷᠠᠯ ᠴᠤᠪᠤᠷᠠᠯ ᠨᠣᠮ》᠎ᠨᠢ ᠣᠳᠣᠬᠠᠨ᠎ᠳᠤ ᠨᠢᠭᠡᠨᠲᠡ 8 ᠵᠦᠢ᠍ᠯ᠎ᠤᠨ 10 ᠳᠡᠪᠲᠡᠷ ᠬᠡᠪᠯᠡᠭᠳᠡᠪᠡ᠃ ᠬᠣᠶᠠᠷ ᠪᠣᠳᠢ ᠴᠤᠪᠤᠷᠠᠯ ᠨᠣᠮ᠎ᠤᠨ ᠬᠡᠪᠯᠡᠭᠳᠡᠭᠰᠡᠨ᠎ᠨᠢ 《ᠭᠡᠰᠡᠷ》 《ᠵᠠᠩᠭ᠋ᠠᠷ》᠎ᠤᠨ ᠲᠤᠤᠯᠢ ᠵᠢ ᠠᠪᠤᠷᠠᠨ ᠬᠠᠮᠠᠭ᠋ᠠᠯᠠᠬᠤ᠂ ᠤᠯᠠᠮᠵᠢᠯᠠᠨ ᠪᠠᠳᠠᠷᠠᠭᠤᠯᠬᠤ ᠴᠢᠬᠤᠯᠠ ᠠᠷᠭ᠎ᠠ ᠠᠪᠴᠠᠯ ᠪᠠᠢ᠌ᠵᠤ᠂ ᠮᠦᠨ ᠴᠤ᠌ ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》 ᠵᠢᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠤᠳᠠᠲᠠᠢ ᠢᠯᠡᠷᠡᠯ ᠪᠣᠯᠬᠤ ᠶᠤᠮ᠃ ᠡᠭᠦᠨ᠎ᠠᠴᠠ ᠭᠠᠳᠠᠨ᠎ᠠ᠂ ᠪᠠᠰᠠ ᠥᠪᠥᠷ ᠮᠣᠩᠭᠣᠯ᠎ᠤᠨ ᠷᠠᠳᠢᠤ᠋ ᠲᠸᠯᠸᠢᠰ ᠬᠣᠷᠢᠶ᠎ᠠ ᠵᠢᠨ ᠣᠷᠴᠢᠭᠤᠯᠤᠨ ᠦᠢ᠍ᠯᠡᠳᠬᠦ ᠲᠥᠪ᠎ᠲᠠᠢ ᠬᠠᠮᠲᠤᠷᠠᠨ ᠤᠬᠠᠭ᠋ᠠᠯᠠᠨ ᠰᠡᠳᠦᠵᠦ᠂ ᠥᠪᠥᠷ ᠮᠣᠩᠭᠣᠯ᠎ᠤᠨ ᠥᠪᠠᠷᠳᠡᠭᠡᠨ ᠵᠠᠰᠠᠬᠤ ᠣᠷᠣᠨ᠎ᠤ 《ᠵᠠᠩᠭ᠋ᠠᠷ》᠎ᠢ ᠤᠯᠠᠮᠵᠢᠯᠠᠨ ᠪᠠᠳᠠᠷᠠᠭᠤᠯᠵᠤ ᠳᠡᠯᠭᠡᠷᠡᠭᠦᠯᠬᠦ ᠪᠠᠷᠢᠮᠲᠠᠲᠤ ᠹᠢᠯᠢᠮ 《ᠥᠨᠢ ᠡᠭᠦᠷᠢᠳᠡ ᠵᠢᠨ ᠢᠷᠠᠭᠤ ᠲᠤᠤᠯᠢᠰ — 〈ᠵᠠᠩᠭ᠋ᠠᠷ〉》᠎ᠢ ᠰᠡᠭᠦᠳᠡᠷᠯᠡᠨ ᠦᠢ᠍ᠯᠡᠳᠴᠦ᠂ ᠡᠨᠡ ᠬᠦ᠌ ᠤᠬᠠᠭᠤᠯᠭ᠎ᠠ ᠵᠢᠨ ᠹᠢᠯᠢᠮ᠎ᠨᠢ ᠳᠡᠭᠦᠯᠢᠯᠲᠡ ᠬᠠᠮ ᠵᠠᠭᠤᠴᠢᠯᠠᠭᠤᠷ ᠵᠶ᠋ᠠᠷ ᠡᠳᠦᠷ ᠳᠣᠲᠣᠮ ᠳᠠᠮᠵᠢᠭᠳᠠᠭᠰᠠᠨ ᠬᠡᠮᠵᠢᠶ᠎ᠡ᠎ᠨᠢ 4.5 ᠲᠦᠮᠡᠨ ᠤᠳᠠᠭ᠎ᠠ᠎ᠳᠤ ᠬᠦᠷᠴᠡᠢ᠃
      ᠡᠬᠢ ᠪᠠᠶᠠᠯᠢᠭ᠎ᠤᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠠᠭ ᠦᠶ᠎ᠡ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠤᠯᠪᠠ᠃ ᠥᠪᠠᠷᠳᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠭ᠋ᠠᠨ ᠬᠡᠷᠡᠭᠯᠡᠭᠡᠨ᠎ᠤ ᠲᠥᠪ᠎ᠲᠠᠢ ᠬᠠᠮᠲᠤᠷᠠᠨ 2023 ᠣᠨ᠎ᠤ ᠪᠠᠭ᠋ᠠᠲᠤᠷᠯᠢᠭ ᠲᠤᠤᠯᠢ 《ᠵᠠᠩᠭ᠋ᠠᠷ》᠎ᠤᠨ ᠡᠬᠢ ᠪᠠᠶᠠᠯᠢᠭ᠎ᠤᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠥᠷᠨᠢᠭᠦᠯᠪᠡ᠃ ᠲᠤᠰ ᠲᠥᠷᠥᠯ ᠵᠦᠢ᠍ᠯ᠎ᠨᠢ 《ᠵᠠᠩᠭ᠋ᠠᠷ》᠎ᠤᠨ ᠵᠢᠷᠤᠭᠲᠤ ᠳᠡᠪᠲᠡᠷ᠎ᠢ ᠬᠡᠪᠯᠡᠭᠦᠯᠬᠦ᠂ ᠵᠣᠬᠢᠶᠠᠯ᠎ᠤᠨ ᠪᠠᠭ᠋ᠠᠲᠤᠷ᠎ᠤᠳ᠎ᠤᠨ ᠲᠤᠬᠠᠢ ᠭᠠᠷ ᠪᠡᠯᠡᠭ᠎ᠤᠨ ᠵᠦᠢ᠍ᠯᠡᠰ᠂ ᠤᠬᠠᠭᠤᠯᠭ᠎ᠠ ᠵᠢᠨ ᠺᠠᠷᠲ᠋ᠤᠨ ᠵᠢᠷᠤᠭ᠂ AI ᠮᠠᠰᠢᠨ ᠬᠦᠮᠦᠨ ᠵᠡᠷᠭᠡ ᠲᠠᠯ᠎ᠠ᠎ᠪᠠᠷ ᠳ᠋ᠢᠭᠢᠲᠴᠢᠯᠠᠭᠤᠯᠤᠨ  ᠤᠯᠠᠷᠢᠭᠤᠯᠬᠤ ᠰᠤᠳᠤᠯᠤᠨ ᠨᠡᠬᠡᠬᠡᠵᠦ ᠤᠬᠠᠭᠤᠯᠬᠤ ᠠᠵᠢᠯ ᠬᠢᠵᠦ᠂ 《ᠵᠠᠩᠭ᠋ᠠᠷ》᠎ᠤᠨ ᠲᠤᠤᠯᠢ ᠵᠢ ᠨᠡᠩ ᠠᠮᠢᠳᠤᠯᠢᠭ᠂ ᠨᠡᠩ ᠰᠣᠨᠢᠷᠬᠠᠯᠲᠠᠢ ᠬᠡᠯᠪᠡᠷᠢ᠎ᠪᠠᠷ ᠢᠯᠡᠷᠡᠭᠦᠯᠦᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ 《ᠵᠠᠩᠭ᠋ᠠᠷ》᠎ᠤᠨ ᠲᠤᠤᠯᠢ ᠵᠢᠴᠢ ᠲᠡᠭᠦᠨ᠎ᠳᠤ ᠠᠭᠤᠯᠤᠭᠳᠠᠵᠤ ᠪᠦᠬᠦᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠣᠣᠯᠯᠠᠬᠤ ᠦᠵᠡᠯ ᠰᠠᠨᠠᠭ᠎ᠠ ᠣᠢ᠌ᠯᠠᠭ᠋ᠠᠭᠳᠠᠬᠤᠨ᠂ ᠳᠤᠮᠳᠠᠳᠤ ᠵᠢᠨ ᠰᠣᠶᠣᠯ ᠢᠷᠭᠡᠨᠰᠢᠯ᠎ᠤᠨ ᠵᠣᠷᠢᠭ ᠰᠠᠨᠠᠭ᠎ᠠ ᠵᠢᠨ ᠲᠤᠬᠠᠢ ᠲᠠᠨᠢᠨ ᠮᠡᠳᠡᠷᠡᠬᠦᠢ ᠵᠡᠷᠭᠡ ᠵᠢ ᠣᠢ᠌ᠯᠠᠭ᠋ᠠᠬᠤ ᠪᠠ ᠰᠤᠷᠤᠯᠴᠠᠬᠤ ᠵᠢ ᠬᠥᠲᠥᠯᠦᠨ ᠵᠢᠯᠣᠭᠣᠳᠴᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠬᠤᠨ᠎ᠢ ᠳᠠᠰᠤᠷᠠᠯᠲᠠ ᠦᠭᠡᠢ ᠠᠭᠤᠳᠠᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠡᠳᠬᠢᠯᠭᠡ ᠵᠢᠨ ᠰᠠᠭᠤᠷᠢ᠂ ᠰᠣᠶᠣᠯ᠎ᠤᠨ ᠰᠠᠭᠤᠷᠢ ᠵᠢ ᠪᠡᠬᠢᠵᠢᠭᠦᠯᠪᠡ᠃    
      《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》 ᠪᠣᠯ ᠠᠷᠠᠳ ᠲᠦᠮᠡᠨ᠎ᠤ ᠲᠤᠤᠯᠢ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠨᠡᠲᠦ ᠡᠷᠳᠡᠨᠢᠰ ᠪᠣᠯᠬᠤ ᠶᠤᠮ᠃ ᠳᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠠᠷᠳᠡᠭᠡᠨ ᠵᠠᠰᠠᠬᠤ ᠣᠷᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠳᠠᠰᠤᠭ᠎ᠨᠢ 《ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》᠎ᠳᠤ ᠬᠠᠳᠠᠭ᠋ᠠᠯᠠᠭᠳᠠᠵᠤ ᠪᠠᠢ᠌ᠭ᠎ᠠ ᠪᠠᠶᠠᠯᠢᠭ ᠣᠶᠣᠨ ᠰᠠᠨᠠᠭ᠋ᠠᠨ᠎ᠤ ᠳᠣᠲᠣᠭ᠋ᠠᠳᠤ ᠠᠭᠤᠯᠬᠤᠨ᠎ᠢ ᠭᠦᠨᠵᠡᠭᠡᠢ ᠠᠭᠤᠳᠠᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠳᠠᠭ᠋ᠠᠭᠤᠯᠵᠤ ᠲᠡᠭᠦᠨ᠎ᠠᠴᠠ ᠪᠦᠯᠬᠦᠮᠳᠡᠨ ᠤᠷᠤᠭᠰᠢᠯᠠᠬᠤ ᠬᠦᠴᠦᠨ ᠴᠢᠳᠠᠯ ᠣᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠣᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠤᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠪᠣᠯᠣᠨ᠎ᠠ᠃

1.png

ᠪᠣᠳᠠᠰ᠎ᠤᠨ ᠪᠤᠰᠤ ᠰᠣᠶᠣᠯ᠎ᠤᠨ ᠤᠯᠠᠮᠵᠢᠯᠠᠭᠴᠢ ᠪᠠᠭ᠋ᠠᠲᠤᠷᠯᠢᠭ ᠲᠤᠤᠯᠢ 《ᠬᠡᠰᠡᠷ》᠎ᠢ ᠬᠠᠢ᠌ᠯᠠᠵᠤ ᠪᠠᠢ᠌ᠭ᠎ᠠ᠎ᠨᠢ

2.png        
ᠪᠦᠬᠦ ᠣᠷᠣᠨ᠎ᠤ 《ᠵᠠᠩᠭ᠋ᠠᠷ》᠎ᠤᠨ ᠲᠤᠤᠯᠢ ᠵᠢᠨ ᠪᠠᠭᠰᠢ ᠵᠢᠨ ᠡᠩᠨᠡᠭᠡ ᠵᠢᠨ ᠪᠤᠯᠪᠠᠰᠤᠷᠠᠯ᠎ᠤᠨ ᠠᠩᠭᠢ ᠵᠢᠨ ᠠᠬᠤᠢ ᠲᠠᠯᠠᠪᠠᠢ

3.png        
ᠤᠯᠠᠭ᠋ᠠᠨᠬᠠᠳᠠ ᠬᠣᠲᠠ ᠵᠢᠨ ᠪᠠᠭ᠋ᠠᠷᠢᠨ ᠪᠠᠷᠠᠭᠤᠨ ᠬᠣᠰᠢᠭᠤᠨ᠎ᠳᠤ ᠶᠠᠪᠤᠭᠳᠠᠭᠰᠠᠨ 《ᠭᠡᠰᠡᠷ ᠬᠢᠭᠡᠳ ᠠᠮᠠ᠎ᠪᠠᠷ ᠤᠯᠠᠮᠵᠢᠯᠭᠳᠠᠭᠰᠠᠨ ᠲᠤᠤᠯᠢ》 ᠵᠢᠨ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠤᠨ ᠠᠬᠤᠢ ᠲᠠᠯᠠᠪᠠᠢ

4.jpg

《ᠭᠡᠰᠡᠷ》᠎ᠤᠨ ᠴᠤᠪᠤᠷᠠᠯ ᠨᠣᠮ

5.png      
《ᠵᠠᠩᠭ᠋ᠠᠷ᠎ᠤᠨ ᠰᠤᠳᠤᠯᠭ᠋ᠠᠨ᠎ᠤ ᠬᠤᠰᠢᠭᠤᠷᠠᠯ ᠴᠤᠪᠤᠷᠠᠯ ᠨᠣᠮ》

6.png


7.png


ᠪᠠᠭ᠋ᠠᠲᠤᠷᠯᠢᠭ ᠲᠤᠤᠯᠢ 《ᠵᠠᠩᠭ᠋ᠠᠷ》᠎ᠤᠨ ᠡᠬᠢ ᠪᠠᠶᠠᠯᠢᠭ᠎ᠤᠨ ᠪᠠᠢ᠌ᠭᠤᠯᠤᠯᠲᠠ ᠵᠢᠨ ᠲᠥᠷᠥᠯ ᠵᠦᠢ᠍ᠯ




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ