12 ᠳ᠋ᠤᠭ᠋ᠠᠷ ᠰᠠᠷ᠎ᠠ ᠵᠢᠨ 27 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ᠎ᠬᠢᠨ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠡᠪᠯᠡᠯ᠎ᠤᠨ ᠬᠣᠷᠢᠶ᠎ᠠ᠎ᠲᠠᠢ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ 《ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠴᠤᠪᠤᠷᠠᠯ ᠨᠣᠮ》 ᠤᠨ ᠦᠷ᠎ᠡ ᠪᠦᠲᠦᠭᠡᠯ᠎ᠢ ᠡᠮᠬᠢᠳᠬᠡᠨ ᠬᠡᠪᠯᠡᠭᠦᠯᠬᠦ᠂ 《ᠤᠮᠠᠷᠠᠲᠤ ᠬᠢᠯᠢ ᠵᠢᠨ ᠰᠣᠶᠣᠯ᠎ᠤᠨ ᠬᠥᠮᠥᠷᠭᠡ》 — 《ᠰᠤᠳᠤᠷ ᠪᠢᠴᠢᠭ ᠰᠤᠷᠪᠤᠯᠵᠢ ᠪᠢᠴᠢᠭ》᠎ᠢ ᠡᠮᠬᠢᠳᠬᠡᠨ ᠬᠡᠪᠯᠡᠭᠦᠯᠬᠦ᠂ 《ᠥᠪᠥᠷ ᠮᠣᠩᠭᠣᠯ᠎ᠤᠨ ᠣᠷᠣᠨ ᠨᠤᠲᠤᠭ᠎ᠤᠨ ᠰᠤᠳᠤᠷ ᠪᠢᠴᠢᠭ᠎ᠤᠨ ᠳ᠋ᠢᠬᠢᠲ ᠬᠥᠮᠥᠷᠭᠡ ᠵᠢᠨ ᠲᠠᠪᠴᠠᠩ》᠎ᠤᠨ ᠡᠬᠢ ᠪᠠᠶᠠᠯᠢᠭ᠎ᠢ ᠴᠤᠭᠯᠠᠭᠤᠯᠵᠤ ᠨᠡᠶ᠋ᠢᠲᠡᠯᠡᠬᠦ᠂ ᠤᠯᠤᠰ᠎ᠤᠨ ᠲᠠᠰ᠎ᠤᠨ ᠰᠤᠳᠤᠷ ᠪᠢᠴᠢᠭ᠎ᠢ ᠡᠮᠬᠢᠳᠬᠡᠬᠦ ᠲᠥᠷᠥᠯ ᠵᠦᠢ᠍ᠯ ᠰᠡᠳᠦᠪ ᠲᠣᠭᠲᠠᠭ᠋ᠠᠬᠤ ᠬᠡᠪᠯᠡᠭᠦᠯᠬᠦ ᠵᠡᠷᠭᠡ ᠲᠠᠯ᠎ᠠ᠎ᠪᠠᠷ ᠬᠠᠮᠲᠤᠷᠠᠯᠴᠠᠭ᠋ᠠᠨ᠎ᠤ ᠪᠣᠯᠤᠮᠵᠢ᠎ᠲᠠᠢ ᠪᠤᠯᠤᠬᠰᠠᠨ ᠪᠥᠭᠡᠳ ᠬᠣᠶᠠᠷ ᠲᠠᠯ᠎ᠠ᠎ᠪᠠᠷ ᠵᠶ᠋ᠠᠨ ᠬᠠᠮᠲᠤ᠎ᠪᠠᠷ ᠬᠠᠷᠢᠭᠤᠴᠠᠬᠤ ᠠᠵᠢᠯ᠎ᠤᠨ ᠵᠣᠬᠢᠴᠠᠭᠤᠯᠬᠤ ᠳᠤᠭᠤᠶ᠋ᠢᠯᠠᠩ᠎ᠢ ᠪᠠᠶ᠋ᠢᠭᠤᠯᠵᠤ᠂ ᠪᠣᠳᠠᠲᠠᠶ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠣᠷᠳᠣ ᠬᠤᠭᠤᠴᠠᠭ᠎ᠠ᠎ᠪᠠᠷ ᠬᠠᠮᠲᠤᠷᠠᠯᠴᠠᠭᠰᠠᠨ᠂ ᠬᠠᠷᠢᠯᠴᠠᠨ ᠠᠰᠢᠭᠲᠠᠢ ᠬᠠᠮᠲᠤ᠎ᠪᠠᠷ ᠠᠮᠵᠢᠯᠲᠠ ᠣᠯᠤᠭᠰᠠᠨ᠂ ᠣᠯᠠᠨ ᠲᠠᠰ ᠳᠠᠪᠬᠤᠷᠭ᠎ᠠ᠎ᠲᠠᠢ᠂ ᠪᠠᠶ᠋ᠢᠩᠭᠤᠵᠢᠭᠰᠠᠨ ᠠᠵᠢᠯ᠎ᠤᠨ ᠲᠣᠭᠲᠠᠴᠠ ᠪᠠ ᠬᠠᠮᠵᠢᠯᠴᠠᠬᠤ ᠪᠠᠶ᠋ᠢᠷᠢᠰᠢᠯ᠎ᠢ ᠪᠦᠷᠢᠯᠳᠦᠭᠦᠯᠪᠡ᠃
ᠲᠣᠰ ᠵᠥᠪᠯᠡᠯᠴᠡᠭᠡᠷ᠎ᠢ ᠲᠣᠭᠲᠠᠭ᠋ᠠᠭᠰᠠᠨ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠰᠤᠳᠤᠷ ᠪᠢᠴᠢᠭ᠎ᠤᠨ ᠠᠵᠢᠯ᠎ᠢ ᠠᠬᠢᠭᠤᠯᠬᠤ ᠲᠤᠬᠠᠶ ᠰᠠᠨᠠᠯ》᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠢ ᠪᠠᠲᠤ ᠡᠵᠡᠮᠳᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠠᠮᠠᠭ᠋ᠠᠯᠠᠬᠤ ᠪᠠ ᠪᠦᠲᠦᠭᠡᠯᠴᠢ ᠴᠢᠨᠠᠷᠲᠠᠶ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠶ᠎ᠪᠠᠷ ᠬᠥᠭᠵᠢᠭᠦᠯᠬᠦ ᠵᠢ ᠪᠡᠶᠡᠯᠡᠭᠦᠯᠬᠦ ᠨᠢᠭᠡ ᠤᠳᠠᠭ᠋ᠠᠨ᠎ᠤ ᠪᠣᠳᠠᠲᠠᠶ ᠦᠢ᠍ᠯᠡᠳᠦᠯᠭᠡ ᠪᠠᠶ᠋ᠢᠵᠤ᠂ ᠮᠠᠨ᠎ᠤ ᠣᠷᠣᠨ᠎ᠤ ᠦᠨᠳᠦᠰᠦᠲᠡᠨ᠎ᠤ ᠰᠤᠳᠤᠷ ᠪᠢᠴᠢᠭ᠎ᠤᠨ ᠦᠢ᠍ᠯᠡᠰ᠎ᠤᠨ ᠨᠠᠩ ᠰᠢᠨᠵᠢᠯᠡᠬᠦ ᠤᠬᠠᠭ᠋ᠠᠨᠴᠢ᠂ ᠨᠠᠩ ᠥᠨᠳᠥᠷ ᠪᠦᠲᠦᠮᠵᠢᠲᠡᠶ᠂ ᠨᠠᠩ ᠦᠷᠭᠦᠯᠵᠢᠯᠡᠬᠦᠢ᠌ᠴᠡ ᠬᠥᠭᠵᠢᠬᠦ ᠵᠢ ᠤᠯᠠᠮ ᠨᠢᠭᠡ ᠠᠯᠬᠤᠮ ᠠᠬᠢᠭᠤᠯᠬᠤ᠎ᠳᠤ ᠠᠰᠢᠭᠲᠠᠶ ᠪᠣᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠰᠤᠳᠤᠷ ᠪᠢᠴᠢᠭ᠎ᠢ ᠠᠪᠤᠷᠠᠨ ᠬᠠᠮᠠᠭ᠋ᠠᠯᠠᠬᠤ᠂ ᠴᠤᠭᠯᠠᠭᠤᠯᠤᠨ ᠡᠮᠬᠢᠳᠬᠡᠬᠦ᠂ ᠣᠷᠴᠢᠭᠤᠯᠤᠨ ᠰᠤᠳᠤᠯᠬᠤ᠂ ᠬᠡᠪᠯᠡᠭᠦᠯᠦᠨ ᠠᠰᠢᠭᠯᠠᠬᠤ᠂ ᠤᠬᠠᠭᠤᠯᠤᠨ ᠳᠡᠯᠭᠡᠷᠡᠭᠦᠯᠬᠦ ᠪᠠ ᠰᠣᠯᠢᠯᠴᠠᠨ ᠬᠠᠮᠳᠤᠷᠠᠯᠴᠠᠬᠤ ᠵᠡᠷᠭᠡ ᠠᠵᠢᠯ᠎ᠳᠤ ᠵᠢᠳᠬᠦᠭᠰᠡᠭᠡᠷ ᠢᠷᠡᠵᠡᠢ᠃ ᠬᠤᠢ᠌ᠰᠢᠲᠠ᠎ᠪᠠᠨ ᠲᠣᠰ ᠤᠳᠠᠭ᠋ᠠᠨ᠎ᠤ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠮᠠᠨ᠎ᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠡᠬᠢ ᠪᠠᠶᠠᠯᠢᠭ᠎ᠢ ᠠᠭᠤᠳᠠᠯᠤᠨ ᠡᠮᠬᠢᠳᠬᠡᠬᠦ ᠵᠢ ᠲᠦᠷᠭᠡᠳᠬᠡᠨ ᠠᠬᠢᠭᠤᠯᠵᠤ᠂ 《ᠤᠮᠠᠷᠠᠲᠤ ᠬᠢᠯᠢ ᠵᠢᠨ ᠰᠣᠶᠣᠯ᠎ᠤᠨ ᠬᠥᠮᠥᠷᠭᠡ》 ᠵᠢᠨ ᠨᠠᠷᠠᠲᠤ ᠲᠡᠮᠳᠡᠭᠲᠦ ᠵᠢ ᠪᠣᠶ᠋ᠢᠵᠢᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠦᠨᠳᠦᠰᠦᠲᠡᠨ᠎ᠤ ᠰᠤᠳᠤᠷ ᠪᠢᠴᠢᠭ᠎ᠲᠤ᠎ᠬᠢ 《ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ》 ᠵᠢᠨ ᠥᠯᠢᠭᠡᠷ᠎ᠢ ᠰᠠᠶ᠋ᠢᠲᠤᠷ ᠶᠠᠷᠢᠨ᠎ᠠ; 《ᠥᠪᠥᠷ ᠮᠣᠩᠭᠣᠯ᠎ᠤᠨ ᠣᠷᠣᠨ ᠨᠤᠲᠤᠭ᠎ᠤᠨ ᠰᠤᠳᠤᠷ ᠪᠢᠴᠢᠭ᠎ᠤᠨ ᠳ᠋ᠢᠬᠢᠲ ᠬᠥᠮᠥᠷᠭᠡ ᠵᠢᠨ ᠲᠠᠪᠴᠠᠩ》᠎ᠢ ᠰᠠᠶ᠋ᠢᠲᠤᠷ ᠪᠠᠶ᠋ᠢᠭᠤᠯᠤᠨ ᠰᠠᠶ᠋ᠢᠲᠤᠷ ᠬᠡᠷᠡᠭᠯᠡᠵᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠨ᠎ᠠ; 《ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠴᠣᠪᠤᠷᠠᠯ ᠨᠣᠮ》᠎ᠤᠨ ᠤᠯᠠᠷᠢᠭᠤᠯᠤᠯᠳᠠ ᠵᠢ ᠰᠤᠳᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠦᠨᠡᠨ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠡᠬᠢ ᠪᠠᠶᠠᠯᠢᠭ ᠪᠣᠯᠭ᠋ᠠᠵᠤ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠬᠦᠴᠦᠯᠡᠨ ᠪᠠᠢ᠌ᠭᠤᠯᠬᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤᠳᠬᠠᠬᠤ ᠵᠢ ᠠᠬᠢᠭᠤᠯᠬᠤ᠎ᠳᠤ ᠰᠤᠳᠤᠷ ᠪᠢᠴᠢᠭ᠎ᠤᠨ ᠰᠣᠶᠣᠯ᠎ᠤᠨ ᠳᠡᠮᠵᠢᠯᠭᠡ ᠬᠠᠩᠭ᠋ᠠᠨ᠎ᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ