ᠲᠡᠷᠢᠭᠦᠨ ᠬᠠᠭᠤᠳᠠᠰᠤ   -   ᠦᠨᠳᠦᠰᠦᠳᠠᠨ᠎ᠤ ᠰᠣᠳᠥᠷ ᠪᠢᠴᠢᠭ
ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠣᠯᠬᠤ ᠲᠠᠰᠤᠭ᠎ᠤᠨ ᠨᠠᠮ᠎ᠤᠨ ᠡᠭᠦᠷ᠎ᠨᠢ ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-03-17

      ᠣᠢ᠌ᠷ᠎ᠠ᠎ᠳᠤ ᠯᠧᠢ ᠹᠧᠩ᠎ᠤᠨ ᠵᠣᠷᠢᠭ ᠰᠠᠨᠠᠭ᠎ᠠ ᠵᠢ ᠢᠳᠡᠪᠬᠢᠲᠡᠶ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠰᠤᠷᠳᠠᠯ᠎ᠢ ᠵᠠᠯᠭ᠋ᠠᠮᠵᠢᠯᠠᠵᠤ᠂ ᠰᠠᠢ᠌ᠨ ᠳᠤᠷ᠎ᠠ ᠵᠢᠨ ᠦᠢᠯᠡᠴᠢᠯᠡᠭᠡ᠎ᠪᠠᠷ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠡᠶ᠎ᠡ ᠵᠣᠬᠢᠴᠠᠯ᠎ᠢ ᠠᠬᠢᠭᠤᠯᠬᠤ ᠵᠢᠨ ᠲᠥᠯᠥᠭᠡ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠨᠢ 《ᠭᠣᠤᠯ ᠰᠡᠳᠦᠪᠲᠦ ᠨᠠᠮ᠎ᠤᠨ ᠡᠳᠦᠷ》᠎ᠤᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠨᠡᠢ᠌ᠭᠡᠮ ᠲᠣᠭᠣᠷᠢᠭ᠎ᠲᠤ ᠬᠦᠨᠵᠡᠬᠡᠢ᠌ᠷᠡᠵᠦ᠂ ᠣᠨᠴᠠᠭ᠋ᠠᠶ ᠬᠡᠦᠬᠡᠳ᠎ᠢ ᠬᠠᠯᠠᠮᠵᠢᠯᠠᠨ  ᠬᠠᠪᠰᠤᠷᠬᠤ᠂ ᠣᠷᠴᠢᠨ ᠲᠣᠭᠣᠷᠢᠨ᠎ᠢ ᠴᠡᠪᠡᠷᠯᠡᠬᠦ ᠵᠡᠷᠭᠡ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ᠃
      ᠲᠣᠰ ᠤᠳᠠᠭ᠋ᠠᠨ᠎ᠤ ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ᠎ᠤᠨ ᠪᠥᠬᠥ ᠨᠠᠮ᠎ᠤᠨ ᠭᠡᠰᠢᠭᠦᠨ ᠢᠳᠡᠪᠬᠢᠲᠡᠶ ᠣᠷᠣᠯᠴᠠᠵᠤ᠂ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ ᠵᠢᠨ ᠰᠠᠨ ᠱᠦᠨ ᠳ᠋ᠢᠶᠠᠨ ᠨᠡᠢ᠌ᠭᠡᠮ ᠲᠣᠭᠣᠷᠢᠭ᠎ᠲᠤ ᠦᠨᠳᠦᠰᠦᠲᠡᠨ᠎ᠤ ᠰᠤᠳᠤᠷ ᠪᠢᠴᠢᠭ᠎ᠤᠨ ᠬᠡᠪᠯᠡᠯ᠎ᠤᠨ ᠦᠷ᠎ᠡ ᠪᠦᠲᠦᠭᠡᠯ ᠪᠤᠯᠬᠤ 16 ᠳᠡᠪᠲᠡᠷ ᠨᠣᠮ᠎ᠢ ᠬᠦᠷᠭᠡᠵᠦ᠂ ᠣᠨᠴᠠᠭ᠋ᠠᠶ ᠬᠡᠦᠬᠡᠳ᠎ᠲᠤ ᠪᠣᠭᠴᠣ᠂ ᠵᠢᠷᠤᠭ᠎ᠤᠨ ᠪᠢᠷ ᠵᠡᠷᠭᠡ ᠰᠤᠷᠤᠯᠭ᠎ᠠ ᠵᠢᠨ ᠬᠡᠷᠡᠭᠰᠡᠯ 200 ᠢᠵᠢ ᠬᠦᠷᠭᠡᠵᠡᠶ᠃ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠬᠣᠢ᠌ᠲᠤ ᠵᠡᠭᠡᠯᠢ ᠵᠢᠨ ᠨᠡᠢ᠌ᠭᠡᠮ ᠲᠣᠭᠣᠷᠢᠭ᠎ᠲᠤ ᠣᠷᠴᠢᠨ ᠲᠣᠭᠣᠷᠢᠨ᠎ᠢ ᠴᠡᠪᠡᠷᠯᠡᠬᠦ ᠰᠠᠢ᠍ᠢ᠍ᠨ ᠳᠤᠷ᠎ᠠ ᠵᠢᠨ ᠠᠵᠢᠯᠯᠠᠭ᠎ᠠ ᠥᠷᠨᠢᠭᠦᠯᠵᠦ᠂ ᠰᠠᠭᠤᠭ᠋ᠠᠯᠢ ᠠᠷᠠᠳ᠎ᠲᠤ ᠲᠠᠭ᠋ᠠᠯᠠᠮᠵᠢᠲᠠᠢ᠂ ᠴᠡᠪᠡᠷ ᠲᠣᠬᠢᠯᠢᠭ ᠠᠮᠢᠳᠤᠷᠠᠯ᠎ᠤᠨ ᠣᠷᠴᠢᠨ ᠲᠣᠭᠣᠷᠢᠨ᠎ᠢ ᠪᠦᠷᠢᠯᠳᠦᠭᠦᠯᠵᠦ ᠥᠭᠴᠡᠢ᠃
      ᠯᠸᠢ ᠹᠸᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ᠎ᠪᠠᠷ ᠳᠠᠮᠵᠢᠭᠤᠯᠵᠤ᠂ ᠨᠠᠮ᠎ᠤᠨ ᠡᠭᠦᠷ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠭᠡᠰᠢᠭᠦᠨ ᠰᠠᠢ᠌ᠨ ᠲᠤᠷᠠᠴᠤᠤᠯ᠎ᠤᠨ ᠪᠣᠳᠠᠲᠤ ᠠᠵᠢᠯᠯᠠᠭ᠎ᠠ᠎ᠪᠠᠷ ᠯᠸᠢ ᠹᠸᠩ᠎ᠤᠨ ᠵᠣᠷᠢᠭ ᠰᠠᠨᠠᠭ᠎ᠠ ᠵᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ ᠵᠢᠷᠦᠬᠡᠨ᠎ᠳᠤ ᠭᠦᠨ ᠬᠠᠳᠠᠩᠰᠢᠭᠤᠯᠵᠠᠶ᠃ ᠬᠤᠢ᠌ᠰᠢᠳᠡ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠨᠠᠮ᠎ᠤᠨ ᠡᠭᠦᠷ ᠤᠯᠠᠨ ᠲᠦᠷᠦᠯ᠎ᠤᠨ ᠬᠡᠯᠪᠡᠷᠢ ᠮᠠᠶᠢᠭ᠎ᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠵᠣᠬᠢᠶᠠᠨ ᠪᠠᠢ᠌ᠭᠤᠯᠤᠨ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠵᠠᠩ ᠰᠤᠷᠲᠠᠯ᠎ᠢ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠬᠦᠬᠦ ᠪᠤᠯᠤᠨ᠎ᠠ᠃

图片1.png


图片2.png

 

 


      ᠤᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
      ᠳᠡᠳ᠋  ᠶᠡᠷᠦᠩᠭᠡᠢ ᠨᠠᠢ᠌ᠷᠠᠭᠤᠯᠤᠠᠠᠴᠢ᠄ ᠬᠤᠤᠰᠪᠠᠶᠠᠷ
      ᠶᠡᠷᠤᠩᠭᠡᠢ ᠨᠠᠢ᠌ᠷᠠᠭᠤᠯᠤᠠᠠᠴᠢ᠄  ᠸᠠᠩ ᠰᠢᠤᠸᠠᠢ ᠳ᠋ᠥᠩ




ᠢᠷᠡᠯᠲᠡ᠄ ᠥᠪᠥᠷ ᠮᠣᠩᠭᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ