9 ᠳ᠋ᠦ᠍ᠭᠡᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠨᠢ ᠦᠨᠳᠦᠰᠦᠲᠡᠨ᠎ᠤ ᠠᠵᠢᠯ᠎ᠤᠨ ᠬᠤᠷᠠᠯ᠎ᠢ ᠬᠤᠷᠠᠯᠳᠤᠭᠤᠯᠪᠠ᠂ ᠬᠤᠷᠠᠯ᠎ᠠᠴᠠ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠰᠢᠨ᠎ᠡ ᠪᠠᠶ᠋ᠢᠳᠠᠯ ᠳᠤᠤᠷᠠᠬᠢ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠲᠤᠬᠠᠶ ᠮᠠᠨ᠎ᠤ ᠣᠷᠣᠨ᠎ᠳᠤ ᠶᠠᠮᠠᠷ ᠶᠠᠮᠠᠷ ᠰᠢᠨ᠎ᠡ ᠰᠡᠳᠬᠢᠮᠵᠢ᠂ ᠰᠢᠨ᠎ᠡ ᠠᠷᠭ᠎ᠠ ᠬᠡᠮᠵᠢᠶ᠎ᠡ ᠪᠠᠶ᠋ᠢᠬᠤ ᠪᠣᠶ? ᠣᠶ᠋ᠢᠷ᠎ᠠ᠎ᠳᠤ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠶ᠋ᠢᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠸᠠᠩ ᠵᠢᠶᠦ᠋ᠨ᠎ᠢ ᠲᠤᠰᠬᠠᠶ᠋ᠢᠯᠠᠨ ᠰᠤᠷᠪᠤᠯᠵᠢᠯᠠᠪᠠ᠃
ᠰᠤᠷᠪᠤᠯᠵᠢᠯᠠᠭᠴᠢ᠄ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠪᠦᠬᠦ ᠣᠷᠣᠨ᠎ᠤ ᠨᠡᠶ᠋ᠢᠭᠡᠮ᠎ᠤᠨ ᠡᠯ᠎ᠡ ᠡᠲᠡᠭᠡᠳ᠎ᠤᠨ ᠳᠤᠮᠳᠠ ᠬᠠᠯᠠᠭᠤᠨ ᠲᠤᠰᠬᠠᠯ᠎ᠲᠠᠢ ᠪᠣᠯᠪᠠ᠂ ᠲᠠ ᠤᠢ᠌ᠯᠠᠭ᠋ᠠᠯᠳᠠ ᠲᠦᠷᠦᠭᠳᠡᠯ ᠵᠶ᠋ᠠᠨ ᠶᠠᠷᠢᠭ᠋ᠠᠷᠠᠢ᠃
ᠸᠠᠩ ᠵᠢᠶᠦ᠋ᠨ᠄ 8 ᠳ᠋ᠤᠭ᠋ᠠᠷ ᠰᠠᠷ᠎ᠠ ᠵᠢᠨ 27᠎ᠠᠴᠠ 28᠎ᠤ ᠡᠳᠦᠷ ᠪᠣᠯᠲᠠᠯ᠎ᠠ᠂ ᠪᠢ ᠬᠤᠪᠢᠶᠠᠷᠢ ᠬᠤᠷᠠᠯ᠎ᠤᠨ ᠲᠠᠯᠠᠪᠠᠶ᠎ᠳᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠳᠤ ᠣᠷᠣᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠰᠣᠨᠣᠰᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠳᠤᠮᠳᠠᠳᠤ ᠵᠢᠨ ᠬᠥᠪᠡᠭᠦᠳ ᠥᠬᠢᠳ᠎ᠤᠨ ᠶᠡᠬᠡ ᠪᠦᠯᠬᠦᠮᠳᠡᠯ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠳᠤ ᠵᠤᠬᠰᠤᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ᠂ ᠴᠢᠬᠤᠯᠠ ᠡᠭᠦᠷᠭᠡ᠂ ᠠᠵᠢᠯ᠎ᠤᠨ ᠭᠣᠣᠯ ᠰᠢᠵᠢᠮ᠂ ᠲᠦᠷᠢᠮ᠎ᠤᠨ ᠪᠠᠲᠤᠯᠠᠭ᠎ᠠ᠂ ᠪᠡᠶᠡᠯᠡᠭᠦᠯᠬᠦ ᠠᠷᠭ᠎ᠠ ᠬᠡᠯᠪᠡᠷᠢ ᠵᠢᠴᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠪᠠ ᠦᠨᠳᠦᠰᠦᠲᠡᠨ᠎ᠤ ᠠᠵᠢᠯ᠎ᠤᠨ ᠠᠷᠭ᠎ᠠ ᠵᠢᠨ ᠣᠨᠣᠯ᠎ᠢ ᠭᠦᠨᠵᠡᠭᠡᠶ ᠲᠣᠳᠣᠷᠬᠠᠶ᠋ᠢᠯᠠᠨ ᠦᠭᠦᠯᠡᠵᠦ᠂ ᠦᠨᠳᠦᠰᠦᠲᠡᠨ᠎ᠤ ᠠᠵᠢᠯ᠎ᠤᠨ ᠲᠤᠬᠠᠢ ᠮᠠᠨ᠎ᠤ ᠨᠠᠮ᠎ᠤᠨ ᠲᠠᠨᠢᠯᠲᠠ ᠪᠠ ᠦᠢ᠍ᠯᠡᠳᠦᠯᠭᠡ ᠵᠢ ᠰᠢᠨ᠎ᠡ ᠨᠢᠭᠡᠨ ᠦᠡᠳᠦᠷᠴᠡᠳᠤ ᠬᠦᠷᠲᠡᠯ᠎ᠡ ᠲᠡᠭᠡᠭᠰᠢᠯᠡᠭᠦᠯᠵᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠰᠢᠨ᠎ᠡ ᠠᠬᠤᠶ ᠪᠠᠶ᠋ᠢᠳᠠᠯ᠎ᠢ ᠨᠡᠭᠡᠭᠡᠵᠦ᠂ ᠦᠨᠳᠦᠰᠦᠲᠡᠨ᠎ᠤ ᠤᠨᠤᠯ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠲᠤᠬᠠᠢ ᠵᠠᠭᠤᠨ ᠵᠢᠯ᠎ᠤᠨ ᠲᠣᠮᠣ ᠨᠠᠮ᠎ᠤᠨ ᠪᠣᠯᠪᠠᠰᠤᠷᠠᠩᠭᠤᠶ ᠪᠣᠯᠣᠭᠰᠠᠨ ᠪᠠ ᠪᠠᠲᠤ ᠢᠲᠡᠭᠡᠯ᠎ᠢ ᠢᠯᠡᠷᠡᠭᠦᠯᠵᠦ᠂ ᠪᠢᠳᠡᠨ᠎ᠳᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠦᠨᠳᠦᠰᠦᠨ ᠵᠢᠷᠤᠮᠯᠠᠯ᠎ᠢ ᠬᠠᠩᠭ᠋ᠠᠪᠠ᠃
ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠭᠦᠨ᠎ᠳᠤ ᠲᠦᠪᠯᠡᠷᠡᠭᠦᠯᠭᠦ ᠬᠡᠷᠡᠭᠲᠡᠢ ᠭᠡᠵᠦ ᠴᠢᠬᠤᠯᠠᠴᠢᠯᠠᠬᠰᠠᠨ ᠪᠦᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠡᠷᠲᠡᠨ ᠡᠳᠦᠭᠡ ᠵᠢᠨ ᠬᠤᠪᠢᠷᠠᠯᠲᠠ ᠵᠢ ᠪᠣᠳᠣᠯᠬᠢᠯᠠᠵᠤ᠂ ᠴᠠᠭ ᠦᠶ᠎ᠡ ᠵᠢᠨ ᠬᠠᠨᠳᠤᠰᠢ ᠵᠢ ᠠᠵᠢᠵᠤ ᠪᠠᠶ᠋ᠢᠭ᠋ᠠᠳ ᠭᠠᠷᠭ᠋ᠠᠭᠰᠠᠨ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠴᠢᠨᠠᠷᠲᠠᠢ ᠨᠤᠲᠠᠯᠠᠯᠲᠠ ᠮᠥᠨ᠂ ᠨᠠᠮ᠎ᠤᠨ ᠲᠥᠪ ᠬᠣᠷᠢᠶ᠎ᠠ᠎ᠠᠴᠠ ᠴᠠᠭ ᠦᠶ᠎ᠡ ᠵᠢᠨ ᠬᠥᠭᠵᠢᠯᠲᠡ ᠵᠢ ᠲᠠᠭ᠋ᠠᠵᠤ ᠦᠨᠳᠦᠰᠦᠲᠡᠨ᠎ᠤ ᠠᠵᠢᠯ᠎ᠳᠤ ᠬᠢᠭᠰᠡᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠲᠤᠬᠢᠷᠠᠭᠤᠯᠤᠯᠳᠠ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭ᠋ᠠᠨ᠎ᠤ ᠬᠦᠴᠦᠨ᠎ᠤ ᠰᠦᠭ ᠰᠦᠨᠡᠰᠦ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠨᠠᠢ᠌ᠷᠲᠠᠢ ᠨᠡᠶ᠋ᠢᠭᠡᠮ ᠵᠢᠷᠤᠮᠲᠤ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠦᠨ ᠨᠡᠭᠡᠭᠡᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃
ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠤᠬᠠᠭᠤᠯᠬᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠮᠥᠨ᠂ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠨᠢ ᠦᠨᠳᠦᠰᠦᠲᠡᠨ᠎ᠤ ᠠᠵᠢᠯ᠎ᠤᠨ ᠭᠣᠣᠯ ᠬᠠᠷᠢᠭᠤᠴᠠᠯᠭ᠋ᠠᠲᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠡᠵᠡᠮᠰᠢᠭᠦ᠎ᠨᠢ ᠨᠡᠩ ᠴᠢᠬᠤᠯᠠ ᠶᠤᠮ᠃ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ᠎ᠬᠢᠨ 《ᠬᠣᠶᠠᠷ ᠶᠡᠬᠡ ᠲᠠᠯ᠎ᠠ》 ᠵᠢ ᠰᠡᠳᠬᠢᠯ᠎ᠳᠤ᠎ᠪᠠᠨ ᠡᠪᠦᠷᠯᠡᠵᠦ᠂ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠪᠠ ᠴᠢᠬᠤᠯᠠ ᠡᠭᠦᠷᠭᠡ ᠵᠢ ᠪᠠᠶ᠋ᠢᠯᠳᠤᠬᠤ ᠪᠣᠳᠣᠯᠭ᠎ᠠ ᠪᠠ ᠪᠦᠬᠦ ᠲᠠᠯ᠎ᠠ ᠵᠢᠨ ᠦᠨᠳᠦᠷᠴᠡ᠎ᠠᠴᠠ ᠭᠦᠨᠵᠡᠭᠡᠢ ᠡᠵᠡᠮᠰᠢᠵᠦ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠴᠠᠭ᠋ᠠᠰᠢᠳᠠ 《ᠳᠥᠷᠪᠡᠨ ᠤᠬᠠᠮᠰᠠᠷ》 ᠵᠶ᠋ᠠᠨ ᠴᠢᠡᠭᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠤᠰᠤᠭ᠋ᠠᠷ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠢ᠌ᠯᠠᠭ᠋ᠠᠵᠤ᠂ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ ᠰᠠᠶ᠋ᠢᠲᠤᠷ ᠬᠡᠷᠡᠭᠯᠡᠬᠦ ᠵᠢ ᠤᠬᠠᠮᠰᠠᠷ᠎ᠠᠴᠠ᠎ᠪᠠᠨ ᠦᠨᠳᠦᠰᠦᠨ ᠱᠠᠭ᠋ᠠᠷᠳᠠᠯᠭ᠎ᠠ ᠪᠠ 《ᠭᠠᠷᠮᠠᠭ᠋ᠠᠢ ᠴᠢᠳᠠᠪᠤᠷᠢ》 ᠪᠤᠯᠭ᠋ᠠᠵᠤ᠂ ᠦᠵᠡᠯ ᠰᠠᠨᠠᠭ᠎ᠠ ᠦᠵᠡᠯᠲᠡ ᠨᠢᠭᠡ ᠪᠦᠷᠢ ᠵᠢ᠂ ᠤᠯᠤᠰ ᠲᠤᠢ᠍ᠷᠦ ᠵᠢᠨ ᠨᠤᠲᠠᠯᠠᠯᠲᠠ ᠨᠢᠭᠡ ᠪᠦᠷᠢ ᠵᠢ᠂ ᠦᠢ᠍ᠯᠡᠳᠦᠯᠭᠡ ᠵᠢᠨ ᠱᠠᠭ᠋ᠠᠷᠳᠠᠯᠭ᠎ᠠ ᠨᠢᠭᠡ ᠪᠦᠷᠢ ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠢ᠌ᠯᠠᠭ᠋ᠠᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠤᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠤᠶᠤᠨ ᠲᠠᠷᠢᠬᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠢ᠃
ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠳᠡᠭᠡᠳᠦ ᠬᠡᠮᠵᠢᠶ᠎ᠡ᠎ᠪᠠᠷ ᠨᠢᠭᠡᠳᠬᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠲᠠᠢ ᠪᠦᠬᠦ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠦᠨᠳᠦᠰᠦᠲᠡᠨ᠎ᠤ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ ᠪᠠ ᠵᠥᠷᠢᠶ᠎ᠡ ᠵᠢ ᠭᠦᠨᠵᠡᠭᠡᠶ ᠪᠠᠶ᠋ᠢᠴᠠᠭ᠋ᠠᠨ ᠦᠵᠡᠬᠦ ᠪᠠ ᠲᠤᠩᠭ᠋ᠠᠨ ᠪᠣᠳᠣᠯᠬᠢᠯᠠᠵᠤ᠂ ᠲᠥᠪ᠎ᠤᠨ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠤ ᠨᠠᠢ᠍ᠢ᠍ᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠵᠦᠷᠢᠶ᠎ᠡ ᠵᠢ ᠵᠠᠯᠠᠷᠠᠭᠤᠯᠬᠤ ᠠᠵᠢᠯ᠎ᠢ ᠰᠠᠶ᠋ᠢᠲᠤᠷ ᠬᠢᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠦᠨᠡᠨ ᠬᠦ᠌ ᠴᠢᠩᠭ᠋ᠠᠳᠬᠠᠨ ᠰᠠᠶ᠋ᠢᠵᠢᠷᠠᠭᠤᠯᠬᠤ ᠬᠡᠷᠡᠭᠲᠡᠶ᠃
ᠰᠤᠷᠪᠤᠯᠵᠢᠯᠠᠭᠴᠢ᠄ 9 ᠳ᠋ᠦ᠍ᠭᠡᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠪᠥᠬᠥ ᠲᠠᠯ᠎ᠠ ᠵᠢᠨ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠬᠢᠪᠠ᠂ ᠥᠪᠡᠷᠲᠡᠭᠡᠨ ᠵᠠᠰᠠᠬᠤ ᠣᠷᠣᠨ᠎ᠳᠤ ᠶᠠᠮᠠᠷ ᠶᠠᠮᠠᠷ ᠰᠢᠨ᠎ᠡ ᠰᠡᠳᠬᠢᠮᠵᠢ᠂ ᠰᠢᠨ᠎ᠡ ᠠᠷᠭ᠎ᠠ ᠬᠡᠮᠵᠢᠶ᠎ᠡ ᠪᠠᠶ᠋ᠢᠬᠤ ᠵᠢ ᠲᠠ ᠶᠠᠷᠢᠭ᠋ᠠᠳ ᠥᠭᠭᠦᠨ᠎ᠡ ᠦᠦ?
ᠸᠠᠩ ᠵᠢᠶᠦ᠋ᠨ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠰᠢᠨ᠎ᠡ ᠪᠠᠶ᠋ᠢᠳᠠᠯ ᠳᠤᠤᠷᠠᠬᠢ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠠᠴᠠ᠂ ᠤᠯᠤᠰ ᠲᠦᠷᠦ ᠵᠢᠨ ᠦᠨᠳᠦᠷᠴᠡ᠂ ᠲᠡᠦᠬᠡ ᠵᠢᠨ ᠭᠦᠨᠴᠡ᠂ ᠪᠣᠳᠠᠲᠤ ᠠᠬᠤᠢ ᠵᠢᠨ ᠬᠠᠷᠠᠭ᠋ᠠᠰᠤ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠲᠠᠨᠢᠵᠤ ᠡᠵᠡᠮᠳᠡᠬᠦ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠡᠦᠬᠡ ᠵᠢᠨ ᠵᠠᠶ᠋ᠢᠯᠠᠰᠢ ᠦᠭᠡᠢ ᠴᠢᠨᠠᠷ᠂ ᠣᠨᠴᠠ ᠴᠢᠬᠤᠯᠠ ᠴᠢᠨᠠᠷ᠂ ᠠᠬᠤᠶ᠋ᠢᠴᠢ ᠬᠠᠨᠳᠤᠯᠭ᠋ᠠᠲᠤ ᠴᠢᠨᠠᠷ ᠪᠣᠯᠤᠨ ᠣᠨᠴᠠᠭ᠋ᠠᠢ ᠲᠤᠯᠭ᠋ᠠᠮ ᠴᠢᠨᠠᠷ᠎ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠣᠯ ᠰᠢᠵᠢᠮ᠎ᠢ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠵᠤ᠂ ᠪᠤᠢ ᠪᠦᠬᠦᠢ ᠠᠵᠢᠯ᠎ᠢ ᠴᠥᠮ ᠡᠭᠦᠨ᠎ᠳᠤ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠬᠤ ᠬᠡᠷᠡᠭᠲᠡᠢ ᠭᠡᠵᠦ ᠱᠠᠭ᠋ᠠᠷᠳᠠᠪᠠ᠃
ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠦᠨᠳᠦᠰᠦᠲᠡᠨ᠎ᠨᠦᠭᠦᠳ᠎ᠤᠨ ᠤᠬᠠᠮᠰᠠᠷ᠂ ᠳᠤᠮᠳᠠᠳᠤ ᠵᠢᠨ ᠰᠣᠶᠣᠯ ᠪᠠ ᠦᠨᠳᠦᠰᠦᠲᠡᠨ᠎ᠨᠦᠭᠦᠳ᠎ᠤᠨ ᠰᠣᠶᠣᠯ᠂ ᠪᠣᠳᠠᠰ᠎ᠤᠨ ᠪᠠ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠳᠡᠵᠦ᠂ ᠶᠡᠬᠡ ᠬᠠᠨᠳᠤᠰᠢ ᠵᠢ ᠲᠣᠳᠣᠷᠬᠠᠢ ᠲᠠᠨᠢᠵᠤ᠂ ᠴᠢᠭᠯᠡᠯ ᠵᠶ᠋ᠠᠨ ᠣᠨᠣᠪᠴᠢᠲᠠᠢ ᠣᠯᠵᠤ᠂ ᠵᠥᠪ ᠪᠤᠷᠤᠭᠤ ᠵᠢ ᠲᠣᠳᠣᠷᠬᠠᠢ ᠢᠯᠭ᠋ᠠᠵᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ᠎ᠳᠤ ᠪᠤᠷᠤᠭᠤ ᠭᠠᠷᠭ᠋ᠠᠬᠤ ᠦᠭᠡᠢ᠂ ᠦᠨᠳᠦᠰᠦᠲᠡᠨ᠎ᠤ ᠬᠠᠷᠢᠴᠠᠭ᠎ᠠ ᠵᠢ ᠵᠣᠬᠢᠴᠠᠭᠤᠯᠬᠤ᠎ᠳᠤ ᠶᠠᠩᠵᠤ ᠵᠢ᠎ᠨᠢ ᠥᠭᠡᠷᠡᠲᠦᠭᠦᠯᠬᠦ ᠦᠭᠡᠢ᠂ ᠦᠨᠳᠦᠰᠦᠲᠡᠨ᠎ᠤ ᠠᠵᠢᠯ᠎ᠢ ᠠᠬᠢᠭᠤᠯᠬᠤ᠎ᠳᠤ ᠵᠠᠮ᠎ᠠᠴᠠ᠎ᠪᠠᠨ ᠬᠡᠯᠪᠡᠢ᠌ᠭᠦ ᠦᠭᠡᠢ ᠪᠠᠢ᠌ᠬᠤ ᠵᠢ ᠦᠨᠡᠨ ᠬᠦ᠌ ᠪᠠᠳᠤᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠮᠡᠳᠡᠷᠡᠭᠦᠢ ᠵᠢ ᠲᠠᠰᠤᠷᠠᠯᠲᠠ ᠦᠭᠡᠢ ᠴᠢᠡᠭᠭ᠋ᠠᠳᠬᠠᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠠᠵᠢᠯ᠎ᠤᠨ ᠲᠠᠯ᠎ᠠ ᠪᠦᠬᠦᠨ᠎ᠳᠤ ᠠᠭᠤᠰᠬᠠᠨ ᠣᠷᠣᠭᠤᠯᠵᠤ᠂ ᠵᠢᠵᠢᠭ ᠰᠠᠵᠢᠭ ᠵᠦᠢ᠍ᠯ ᠳᠡᠭᠡᠷ᠎ᠡ ᠢᠯᠡᠷᠡᠭᠦᠯᠦᠨ᠎ᠡ᠃ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠶᠠᠪᠤᠳᠠᠯ᠎ᠢ ᠭᠦᠨᠵᠡᠭᠡᠶ ᠠᠭᠤᠳᠠᠯᠤᠨ ᠡᠮᠬᠢᠳᠬᠡᠵᠦ ᠤᠬᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢ ᠰᠠᠶ᠋ᠢᠲᠤᠷ ᠶᠠᠷᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠲᠡᠦᠬᠡ ᠵᠢ ᠰᠠᠶ᠋ᠢᠲᠤᠷ ᠶᠠᠷᠢᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ᠎ᠨᠢ ᠦᠨᠡᠨ ᠬᠦ᠌ ᠲᠥᠪ ᠪᠣᠯᠭ᠋ᠠᠵᠤ᠂ ᠵᠢᠷᠭ᠋ᠠᠯ ᠵᠤᠪᠠᠯ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠣᠶ ᠪᠤᠯᠭ᠋ᠠᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠮᠦᠵᠢᠭᠦᠯᠵᠦ ᠬᠦᠳᠤᠯᠤᠨ ᠵᠢᠯᠣᠭᠣᠳᠴᠤ ᠪᠠᠶ᠋ᠢᠭ᠋ᠠᠳ 《ᠲᠦᠷᠪᠡᠨ ᠬᠠᠮᠲᠤ》 ᠵᠢᠨ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠠᠲᠤ ᠪᠤᠢ ᠪᠤᠯᠭ᠋ᠠᠨ᠎ᠠ᠃ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠲᠡᠶ᠋ᠢᠰᠢ ᠬᠠᠮᠲᠤ᠎ᠪᠠᠷ ᠤᠷᠤᠭᠰᠢᠯᠠᠬᠤ ᠵᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠳᠬ᠎ᠠ ᠠᠭᠤᠯᠭ᠎ᠠ ᠵᠢ ᠢᠯᠡᠷᠡᠭᠦᠯᠵᠦ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠬᠤ ᠵᠢ ᠡᠰᠡᠷᠭᠦᠴᠡᠬᠦ ᠤᠳᠬ᠎ᠠ ᠠᠭᠤᠯᠭ᠎ᠠ ᠵᠢ ᠢᠯᠡᠷᠡᠭᠦᠯᠵᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠤᠳᠬ᠎ᠠ ᠠᠭᠤᠯᠭ᠎ᠠ ᠵᠢ ᠢᠯᠡᠷᠡᠭᠦᠯᠦᠨ᠎ᠡ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠶ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠣᠷᠣᠰᠢᠵᠤ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠡᠶ᠋ᠢᠭᠡᠮ᠎ᠤᠨ ᠨᠥᠬᠥᠴᠡᠯ᠎ᠢ ᠴᠢᠷᠮᠠᠶ᠋ᠢᠨ ᠡᠭᠦᠳᠴᠦ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠶ᠎ᠡ ᠨᠠᠢ᠍ᠢ᠍ᠷᠲᠠᠶᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ᠂ ᠡᠶ᠎ᠡ ᠵᠤᠬᠢᠴᠠᠯ᠎ᠲᠠᠢ᠎ᠪᠠᠷ ᠬᠥᠭᠵᠢᠬᠦ ᠵᠢ ᠠᠬᠢᠭᠤᠯᠤᠨ᠎ᠠ᠃ ᠬᠠᠤᠯᠢ᠎ᠪᠠᠷ ᠵᠠᠰᠠᠬᠤ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠬᠦᠴᠦᠯᠡᠨ ᠲᠡᠭᠡᠭᠰᠢᠯᠡᠭᠦᠯᠦᠨ᠎ᠡ᠃ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠭᠡᠮ ᠰᠣᠭᠣᠭ᠎ᠢ ᠪᠦᠲᠦᠮᠵᠢᠲᠡᠢ ᠰᠡᠷᠭᠡᠶ᠋ᠢᠯᠡᠵᠦ᠂ ᠡᠯ᠎ᠡ ᠲᠦᠷᠦᠯ᠎ᠤᠨ ᠴᠤᠬᠤᠶ᠋ᠢᠯᠲᠠ ᠵᠢᠨ ᠴᠢᠨᠠᠷᠲᠠᠢ ᠬᠡᠯᠪᠡᠷᠢᠯ᠎ᠤᠨ ᠴᠢᠨᠠᠷᠲᠠᠢ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠦᠨ ᠡᠷᠡᠰ ᠰᠢᠭᠤᠷᠬᠠᠢ ᠰᠢᠢ᠍ᠳᠪᠦᠷᠢᠯᠡᠵᠦ᠂ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠨᠡᠨ ᠬᠦ᠌ ᠠᠬᠢᠭᠤᠯᠤᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠭᠤᠤᠯ ᠬᠠᠷᠠᠯᠲᠠ ᠪᠠ ᠦᠨᠡᠯᠡᠬᠦ ᠪᠠᠷᠢᠮᠵᠢᠶ᠎ᠠ ᠪᠣᠯᠭ᠋ᠠᠵᠤ᠂ ᠠᠭᠤᠯᠤᠭᠳᠠᠬᠤᠨ᠎ᠢ᠎ᠨᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠬᠡᠯᠪᠡᠷᠢ ᠵᠢ᠎ᠨᠢ ᠪᠠᠶᠠᠯᠢᠭᠵᠢᠭᠤᠯᠵᠤ᠂ ᠠᠷᠭ᠎ᠠ ᠪᠠᠷᠢᠯ᠎ᠢ᠎ᠨᠢ ᠰᠢᠨᠡᠴᠢᠯᠡᠵᠦ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ᠂ ᠭᠤᠤᠯᠳᠠᠯᠭ᠎ᠠ᠎ᠲᠠᠢ ᠠᠵᠢᠯ ᠲᠥᠷᠥᠯ᠂ ᠴᠤᠩᠬᠤᠪᠴᠢ ᠨᠢᠭᠡᠴᠢ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠰᠢᠨ᠎ᠡ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠳᠤ᠎ᠬᠢ ᠡᠭᠦᠳᠦᠨ ᠪᠠᠶ᠋ᠢᠭᠤᠯᠬᠤ ᠡᠷᠴᠢᠮ ᠵᠶ᠋ᠠᠨ ᠨᠡᠮᠡᠭᠳᠡᠭᠦᠯᠵᠦ᠂ ᠡᠭᠦᠳᠦᠨ ᠪᠠᠶ᠋ᠢᠭᠤᠯᠬᠤ ᠲᠦᠪᠰᠢᠨ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠡᠭᠦᠳᠦᠨ ᠪᠠᠶ᠋ᠢᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠠᠷᠭ᠎ᠠ ᠵᠢᠴᠢ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠦᠨᠡᠯᠡᠨ ᠵᠢᠱ᠌ᠢᠵᠤ ᠮᠠᠭ᠋ᠠᠳᠯᠠᠨ ᠲᠣᠭᠲᠠᠭ᠋ᠠᠬᠤ ᠪᠠ ᠬᠥᠳᠡᠯᠦᠩᠭᠦᠢ ᠬᠠᠮᠢᠶᠠᠷᠤᠯᠲᠠ ᠬᠢᠭᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠭᠦᠳᠦᠨ ᠪᠠᠶ᠋ᠢᠭᠤᠯᠬᠤ ᠠᠵᠢᠯ᠎ᠢ ᠪᠠᠶ᠋ᠢᠩᠭᠤᠵᠢᠭᠤᠯᠤᠨ᠂ ᠣᠷᠳᠣ ᠬᠤᠭᠤᠴᠠᠭ᠎ᠠ᠎ᠪᠠᠷ ᠪᠦᠲᠦᠮᠵᠢᠲᠡᠢ ᠥᠷᠨᠢᠭᠦᠯᠦᠨ᠎ᠡ᠃ ᠠᠶ᠋ᠢᠮᠠᠭ ᠬᠣᠲᠠ ᠬᠣᠰᠢᠭᠤ ᠰᠢᠶᠠᠨ᠎ᠤ ᠪᠥᠬᠥ ᠤᠯᠤᠰ᠎ᠤᠨ ᠪᠠ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠭᠡᠴᠢ ᠵᠢ ᠴᠢᠷᠮᠠᠢ᠌ᠨ ᠡᠭᠦᠳᠭᠦ ᠤᠯᠤᠰ ᠲᠥᠷᠥ ᠵᠢᠨ ᠬᠢᠨᠠᠯᠲᠠ ᠵᠢᠨ ᠪᠣᠭᠣᠮᠲᠠ ᠵᠢ ᠬᠢᠨᠠᠮᠠᠭ᠋ᠠᠶ ᠰᠠᠶ᠋ᠢᠲᠤᠷ ᠠᠳᠬᠤᠵᠤ᠂ ᠤᠬᠤᠷᠢᠨ ᠭᠠᠷᠬᠤ ᠲᠣᠭᠲᠠᠴᠠ ᠵᠢ ᠪᠠᠢ᠌ᠭᠤᠯᠵᠤ᠂ ᠣᠲᠣ ᠵᠢᠨ ᠪᠠᠶ᠋ᠢᠭ᠎ᠠ ᠡᠯ᠎ᠡ ᠱᠠᠲᠤᠨ᠎ᠤ ᠡᠯ᠎ᠡ ᠲᠥᠷᠥᠯ᠎ᠤᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠭᠡᠴᠢ ᠵᠢᠨ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠬᠡᠪᠴᠢᠶ᠎ᠡ᠎ᠪᠠᠨ ᠥᠷᠭᠡᠳᠬᠡᠬᠦ᠂ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ᠎ᠨᠢ ᠦᠨᠡᠨ ᠬᠦ᠌ ᠪᠠᠳᠠᠷᠠᠭᠤᠯᠤᠨ᠎ᠠ᠃
ᠦᠨᠳᠦᠰᠦᠲᠡᠨ᠎ᠤ ᠵᠥᠪᠯᠡᠯ᠎ᠤᠨ ᠭᠡᠰᠢᠭᠦᠳ᠎ᠤᠨ ᠠᠵᠢᠯ᠎ᠤᠨ ᠲᠣᠭᠲᠠᠴᠠ᠂ ᠦᠨᠳᠦᠰᠦᠲᠡᠨ᠎ᠤ ᠠᠵᠢᠯ᠎ᠢ ᠰᠢᠯᠭ᠋ᠠᠨ ᠬᠢᠨᠠᠵᠤ ᠦᠨᠡᠯᠡᠬᠦ ᠲᠣᠭᠲᠠᠴᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ ᠲᠣᠭᠲᠠᠴᠠ᠂ ᠦᠨᠳᠦᠰᠦᠲᠡᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠤᠭᠰᠠᠨ ᠪᠠᠶ᠋ᠢᠳᠠᠯ᠎ᠢ ᠬᠢᠨᠠᠨ ᠪᠠᠶ᠋ᠢᠴᠠᠭ᠋ᠠᠬᠤ ᠲᠣᠭᠲᠠᠴᠠ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠬᠡᠮ ᠰᠣᠭᠣᠭ᠎ᠢ ᠰᠡᠷᠭᠡᠶ᠋ᠢᠯᠡᠨ ᠰᠢᠢ᠍ᠳᠪᠦᠷᠢᠯᠡᠬᠦ ᠲᠣᠭᠲᠠᠴᠠ ᠵᠡᠷᠭᠡ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠶ ᠨᠠᠷᠢᠯᠢᠭ ᠨᠠᠢ᠍ᠢ᠍ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠦᠨᠳᠦᠰᠦᠲᠡᠨ᠎ᠤ ᠠᠵᠢᠯ᠎ᠤᠨ ᠪᠦᠬᠦᠯᠢ ᠴᠣᠭᠴᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠨᠠᠨᠳᠢᠩᠨᠠᠨ ᠬᠠᠮᠠᠭ᠋ᠠᠯᠠᠨ᠎ᠠ᠃
ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠰᠢᠨ᠎ᠡ ᠠᠶᠠᠨ᠎ᠳᠤ᠂ ᠪᠢᠳᠠ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠲᠤᠮᠤ ᠭᠡᠷ ᠪᠦᠯᠢ᠎ᠳᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠪᠦᠳᠦᠭᠡᠨ ᠪᠠᠶ᠋ᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ᠎ᠳᠤ ᠠᠤᠭ᠎ᠠ ᠶᠡᠬᠡ ᠬᠦᠴᠦᠨ ᠴᠢᠳᠠᠯ᠎ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠪᠣᠯᠣᠨ᠎ᠠ!