ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ᠎ᠳᠤ ᠣᠷᠣᠯᠴᠠᠭᠰᠠᠨ ᠠᠵᠢᠯ᠎ᠢ ᠵᠣᠬᠢᠶᠠᠨ ᠪᠠᠢ᠌ᠭᠤᠯᠤᠬᠰᠠᠨ ᠪᠠᠶ᠋ᠢᠳᠠᠯ᠎ᠤᠨ ᠲᠤᠬᠠᠢ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ
ᠨᠡᠶ᠋ᠢᠲᠡᠯᠡᠭᠰᠡᠨ ᠴᠠᠭ᠄ 2021-11-05

ᠰᠤᠷᠪᠤᠯᠵᠢᠯᠠᠭ᠎ᠠ ᠬᠦᠯᠢᠶᠡᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ   ᠶᠠᠨ ᠡᠾᠦᠢ᠍ᠢ ᠯᠦᠩ
 
   

ᠲᠣᠪᠴᠢᠯᠠᠯ᠄
      ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠤ ᠡᠬᠢᠯᠡᠯᠲᠡ ᠵᠢᠨ ᠶᠣᠰᠣᠯᠠᠯ᠎ᠤᠨ ᠤᠷᠠᠨ ᠰᠠᠶ᠋ᠢᠬᠠᠨ᠎ᠤ ᠦᠳᠡᠰᠢᠯᠡᠭᠡ 8 ᠳ᠋ᠤᠭ᠋ᠠᠷ ᠰᠠᠷ᠎ᠠ ᠵᠢᠨ 31᠎ᠤ ᠤᠷᠤᠢ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠪᠦᠬᠦ ᠤᠯᠤᠰ᠎ᠤᠨ ᠡᠯ᠎ᠡ ᠭᠠᠵᠠᠷ᠎ᠠᠴᠠ ᠰᠢᠯᠢᠨ ᠰᠤᠩᠭᠤᠭᠳᠠᠭᠰᠠᠨ 42 ᠵᠦᠴᠦᠭᠡ ᠵᠢ ᠲᠥᠪ ᠲᠧᠯᠸᠢᠰ᠎ᠤᠨ ᠰᠦᠯᠵᠢᠶ᠎ᠡ ᠪᠣᠯᠤᠨ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠰᠦᠯᠵᠢᠶᠡᠨ ᠳᠡᠭᠡᠷ᠎ᠡ ᠨᠡᠪᠳᠡᠷᠡᠭᠦᠯᠪᠡ᠃ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠨᠠᠶ᠋ᠢᠷᠠᠭᠤᠯᠤᠨ ᠵᠤᠬᠢᠶᠠᠬᠰᠠᠨ ᠪᠥᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》 ᠪᠣᠯᠤᠨ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠶ᠋ᠢᠷᠠᠭᠤᠯᠤᠨ ᠵᠤᠬᠢᠶᠠᠬᠰᠠᠨ ᠪᠥᠵᠢᠭᠲᠦ ᠵᠦᠴᠦᠭᠡ 《ᠮᠣᠷᠢᠲᠤ ᠴᠡᠷᠢᠭ》᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠨ ᠲᠣᠭᠯᠠᠯᠲᠠ᠎ᠳᠤ ᠤᠷᠤᠯᠴᠠᠬᠰᠠᠨ ᠶᠤᠮ᠃

   

      ᠬᠥᠲᠥᠯᠥᠭᠴᠢ᠄ ᠰᠦᠯᠵᠢᠶᠡᠨ᠎ᠤ ᠨᠠᠢ᠌ᠵᠠ ᠨᠠᠷ ᠰᠠᠶ᠋ᠢᠨ ᠪᠠᠶ᠋ᠢᠵᠠᠭ᠋ᠠᠨ᠎ᠠ ᠦᠦ! ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠲᠣᠰ ᠬᠤᠭᠤᠴᠠᠭ᠋ᠠᠨ᠎ᠤ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠠᠨ ᠡᠾᠦᠢ᠍ᠢ ᠯᠦᠩ᠎ᠢ ᠤᠷᠢᠵᠤ᠂ 《ᠮᠠᠨ᠎ᠤ ᠣᠷᠣᠨ ᠵᠢᠷᠭᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ ᠣᠷᠣᠯᠴᠠᠭᠰᠠᠨ ᠠᠵᠢᠯ᠎ᠢ ᠢᠳᠡᠪᠬᠢᠲᠡᠢ ᠵᠣᠬᠢᠶᠠᠨ   ᠪᠠᠢ᠌ᠭᠤᠯᠤᠬᠰᠠᠨ》 ᠭᠡᠰᠡᠨ ᠭᠤᠤᠯ ᠰᠡᠳᠦᠪ ᠵᠢᠨᠷ ᠳᠠᠶᠠᠭ᠋ᠠᠷ ᠣᠯᠠᠨ᠎ᠲᠠᠢ ᠰᠦᠯᠵᠢᠶᠡᠨ ᠳᠡᠭᠡᠷ᠎ᠡ ᠪᠤᠳᠤᠯ ᠰᠠᠨᠠᠯ ᠵᠶ᠋ᠠᠨ ᠰᠣᠯᠢᠯᠴᠠᠬᠤ ᠪᠤᠯᠤᠬᠰᠠᠨ᠎ᠳᠤ ᠰᠡᠳᠬᠢᠯ ᠮᠠᠰᠢ ᠦᠨᠳᠦᠷ ᠪᠠᠢ᠌ᠨ᠎ᠠ᠃ ᠶᠠᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠶᠠᠨ ᠡᠾᠦᠢ᠍ᠢ ᠯᠦᠩ᠄ ᠬᠥᠲᠥᠯᠥᠭᠴᠢ ᠪᠠ ᠰᠦᠯᠵᠢᠶᠡᠨ᠎ᠤ ᠨᠠᠢ᠌ᠵᠠ ᠨᠠᠷ ᠰᠠᠶ᠋ᠢᠨ ᠪᠠᠶ᠋ᠢᠵᠠᠭ᠋ᠠᠨ᠎ᠠ ᠦᠦ?
      ᠬᠥᠲᠥᠯᠥᠭᠴᠢ᠄ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠤ ᠡᠬᠢᠯᠡᠯᠲᠡ ᠵᠢᠨ ᠶᠣᠰᠣᠯᠠᠯ᠎ᠤᠨ ᠤᠷᠠᠨ ᠰᠠᠶ᠋ᠢᠬᠠᠨ᠎ᠤ ᠦᠳᠡᠰᠢᠯᠡᠭᠡ 8 ᠳ᠋ᠤᠭ᠋ᠠᠷ ᠰᠠᠷ᠎ᠠ ᠵᠢᠨ 31᠎ᠤ ᠤᠷᠤᠢ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠂ ᠲᠠ ᠡᠨᠡ ᠤᠳᠠᠭ᠋ᠠᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠤ ᠦᠪᠡᠳᠡᠭᠰᠢ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠶᠠᠨ ᠡᠾᠦᠢ᠍ᠢ ᠯᠦᠩ᠄ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ ᠪᠣᠯ᠂ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠠᠡᠭᠬᠠᠷᠤᠯ ᠵᠢᠨᠨ ᠬᠠᠨᠳᠤᠭᠤᠯᠤᠨ ᠬᠦᠰᠡᠨ ᠬᠦᠯᠢᠶᠡᠵᠦ ᠪᠠᠢ᠌ᠬᠰᠠᠨ ᠨᠢᠭᠡᠨ ᠦᠪᠡᠳᠡᠭᠰᠢ ᠶᠡᠬᠡ ᠠᠵᠢᠯᠯᠠᠭ᠎ᠠ ᠮᠥᠨ᠃ ᠲᠤᠰ ᠬᠤᠭᠤᠴᠠᠭ᠋ᠠᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠨᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠭᠤᠤᠯ ᠰᠡᠳᠦᠪ᠎ᠲᠠᠢ ᠨᠢᠭᠲᠠ ᠤᠶᠠᠯᠳᠤᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠤᠯᠭ᠋ᠠᠨ᠂ ᠪᠠᠶᠠᠯᠢᠭ ᠠᠭᠤᠯᠭ᠎ᠠ᠂ ᠢᠷᠡᠭᠤ ᠰᠠᠶ᠋ᠢᠬᠠᠨ ᠤᠷᠠᠯᠢᠭ᠎ᠤᠨ ᠢᠯᠡᠳᠬᠡᠬᠦ ᠬᠡᠯᠪᠡᠷᠢ᠎ᠪᠠᠷ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠠᠮᠢᠳᠤᠯᠢᠭ ᠵᠶ᠋ᠠᠷ ᠲᠠᠢ᠌ᠯᠪᠤᠷᠢᠯᠠᠵᠤ᠂   ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ 《ᠨᠠᠮ᠎ᠤᠨ ᠦᠭᠡ ᠵᠢ ᠰᠤᠨᠤᠰᠬᠤ᠂ ᠨᠠᠮ᠎ᠳᠤ᠎ᠪᠠᠨ ᠲᠠᠯᠠᠷᠬᠠᠬᠤ᠂ ᠨᠠᠮ ᠵᠶ᠋ᠠᠨ ᠳᠠᠭ᠋ᠠᠬᠤ》 ᠵᠣᠷᠢᠭ ᠰᠠᠨᠠᠭ᠋ᠠᠨ᠎ᠤ ᠳᠦᠷᠰᠦ ᠪᠠᠶ᠋ᠢᠳᠠᠯ᠂ ᠦᠨᠳᠦᠰᠦᠲᠡᠨ᠎ᠨᠦᠭᠦᠳ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠬᠠᠮᠠᠭ᠋ᠠᠯᠠᠬᠤ᠂ ᠰᠢᠨ᠎ᠡ ᠵᠢ ᠡᠭᠦᠳᠬᠦ ᠬᠥᠭᠵᠢᠯᠲᠡ ᠵᠢᠨ ᠡᠯᠪᠡᠭ ᠪᠠᠶᠠᠯᠢᠭ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠳᠡᠯᠭᠡᠨ ᠦᠵᠡᠬᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠲᠡᠶ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ 8 ᠳ᠋ᠤᠭ᠋ᠠᠷ ᠰᠠᠷ᠎ᠠ ᠵᠢᠨ 31᠎ᠤ ᠡᠳᠦᠷ᠂ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠤ ᠡᠬᠢᠯᠡᠯᠲᠡ ᠵᠢᠨ ᠶᠣᠰᠣᠯᠠᠯ᠎ᠤᠨ ᠤᠷᠠᠨ ᠰᠠᠶ᠋ᠢᠬᠠᠨ᠎ᠤ ᠦᠳᠡᠰᠢᠯᠡᠭᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬᠤ᠌ ᠨᠢᠩ ᠵᠡᠷᠭᠡ ᠨᠠᠮ ᠪᠣᠯᠤᠨ ᠲᠦᠷᠦ ᠵᠢᠨ ᠤᠳᠤᠷᠢᠳᠬᠤ ᠬᠦᠮᠦᠰ 3000 ᠰᠢᠬᠠᠮ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠲᠠᠢ ᠬᠠᠮᠲᠤ᠎ᠪᠠᠷ ᠦᠳᠡᠰᠢᠯᠡᠭᠡ ᠵᠢ ᠰᠤᠨᠢᠷᠬᠠᠵᠠᠢ᠃ ᠲᠣᠭᠯᠠᠯᠲᠠ ᠡᠬᠢᠯᠡᠬᠦ᠎ᠠᠴᠠ ᠡᠮᠦᠨ᠎ᠡ᠂ ᠰᠢ ᠵᠢᠨ ᠫᠢᠩ ᠵᠡᠷᠭᠡ ᠨᠠᠮ ᠪᠣᠯᠤᠨ ᠲᠥᠷᠥ ᠵᠢᠨ ᠤᠳᠤᠷᠢᠳᠬᠤ ᠬᠥᠮᠦᠰ ᠤᠷᠠᠨ ᠰᠠᠶ᠋ᠢᠬᠠᠨ᠎ᠤ ᠴᠤᠬᠯᠠᠭ᠋ᠠᠨ᠎ᠤ ᠲᠣᠭᠯᠠᠭᠴᠢᠳ᠎ᠤᠨ ᠲᠥᠯᠥᠭᠡᠯᠡᠭᠴᠢ᠂ ᠵᠣᠬᠢᠶᠠᠨ ᠪᠠᠶ᠋ᠢᠭᠤᠯᠬᠤ ᠺᠣᠮᠢᠰ᠎ᠤᠨ ᠪᠦᠷᠢᠯᠳᠦᠬᠦᠨ᠂ 56 ᠦᠨᠳᠦᠰᠦᠲᠡᠨ᠎ᠤ ᠦᠨᠳᠦᠰᠦᠨ ᠱᠠᠲᠤᠨ᠎ᠤ ᠰᠢᠯᠢᠳᠡᠭ ᠨᠠᠮ᠎ᠤᠨ ᠭᠡᠰᠢᠭᠦᠨ᠎ᠤ ᠲᠥᠯᠥᠭᠡᠯᠡᠭᠴᠢ ᠨᠡᠷ᠎ᠲᠠᠢ ᠳᠣᠲᠣᠨᠣ᠎ᠪᠠᠷ ᠠᠭᠤᠯᠵᠠᠪᠠ᠂ ᠮᠠᠨ᠎ᠤ ᠣᠷᠣᠨ᠎ᠤ ᠨᠢᠭᠡ ᠳᠡᠳ᠋ ᠲᠡᠷᠢᠭᠦᠯᠡᠭᠴᠢ ᠪᠦᠯᠬᠦᠮ ᠵᠶ᠋ᠡᠨ ᠳᠠᠭ᠋ᠠᠭᠤᠯᠤᠨ ᠬᠣᠯᠪᠣᠭᠳᠠᠯ ᠪᠥᠬᠥᠶ ᠠᠵᠢᠯᠯᠠᠭ᠎ᠠ᠎ᠳᠤ ᠣᠷᠣᠯᠴᠠᠪᠠ᠃ ᠪᠦᠬᠦ ᠤᠯᠤᠰ᠎ᠤᠨ ᠡᠯ᠎ᠡ ᠭᠠᠵᠠᠷ᠎ᠠᠴᠠ ᠰᠢᠯᠢᠨ ᠰᠣᠩᠭᠣᠭᠰᠠᠨ 42 ᠵᠦᠴᠦᠭᠡ ᠵᠢ ᠤᠷᠢᠳ ᠬᠣᠵᠢᠳ ᠲᠥᠪ ᠲᠧᠯᠸᠢᠰ᠎ᠤᠨ ᠰᠦᠯᠵᠢᠶ᠎ᠡ ᠪᠣᠯᠤᠨ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠰᠦᠯᠵᠢᠶᠡᠨ ᠳᠡᠭᠡᠷ᠎ᠡ ᠨᠡᠪᠲᠡᠷᠡᠭᠦᠯᠵᠡᠶ᠃ ᠲᠤᠰ ᠬᠤᠭᠤᠴᠠᠭ᠋ᠠᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠱᠠᠩᠨᠠᠯ》᠎ᠢ ᠪᠤᠢ ᠪᠣᠯᠭ᠋ᠠᠭᠰᠠᠨ᠎ᠨᠢ 56 ᠦᠨᠳᠦᠰᠦᠲᠡᠨ ᠰᠢ ᠵᠢᠨ ᠫᠢᠩ ᠨᠥᠬᠥᠷ ᠵᠶ᠋ᠠᠷ ᠭᠤᠤᠯᠯᠠᠬ᠍ᠴᠢ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ ᠵᠡᠭᠦᠳᠦ ᠵᠢ ᠬᠠᠮᠳᠤ᠎ᠪᠠᠷ ᠲᠡᠷᠭᠡᠯᠰᠢᠭᠦᠯᠬᠦ ᠵᠢ ᠪᠡᠯᠭᠡᠳᠡᠵᠡᠢ᠃ ᠮᠠᠨ᠎ᠤ ᠣᠷᠣᠨ᠎ᠠᠴᠠ ᠨᠡᠶ᠋ᠢᠲᠡ ᠬᠣᠶᠠᠷ ᠵᠦᠴᠦᠭᠡ ᠵᠢ ᠰᠣᠩᠭᠣᠨ ᠣᠷᠣᠯᠴᠠᠭᠤᠯᠪᠠ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠨᠠᠢ᠌ᠷᠠᠭᠤᠯᠤᠨ ᠵᠤᠬᠢᠶᠠᠬᠰᠠᠨ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》᠎ᠨᠢ ᠬᠠᠮᠤᠭ ᠰᠢᠯᠢᠳᠡᠭ ᠵᠦᠴᠦᠭᠡ ᠵᠢᠨ ᠱᠠᠩᠨᠠᠯ ᠪᠠ ᠬᠠᠮᠤᠭ ᠰᠢᠯᠢᠳᠡᠭ ᠤᠳᠤᠷᠢᠳᠤᠭ᠋ᠠᠴᠢ ᠵᠢᠨ ᠱᠠᠩᠨᠠᠯ᠎ᠢ ᠭᠥᠷᠳᠡᠵᠦ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠶ᠋ᠢᠷᠠᠭᠤᠯᠤᠨ ᠵᠤᠬᠢᠶᠠᠬᠰᠠᠨ ᠪᠥᠵᠢᠭᠲᠦ ᠵᠦᠴᠦᠭᠡ 《ᠮᠣᠷᠢᠲᠤ ᠴᠡᠷᠢᠭ》᠎ᠨᠢ ᠤᠷᠠᠯᠢᠭ᠎ᠤᠨ ᠲᠣᠭᠯᠠᠯᠲᠠ ᠵᠢᠨ ᠱᠠᠩᠨᠠᠯ᠎ᠢ ᠬᠦᠷᠳᠡᠪᠡ᠂   ᠡᠭᠦᠨ᠎ᠢ ᠮᠠᠰᠢ ᠰᠠᠶ᠋ᠢᠨ ᠦᠨᠡᠯᠡᠯᠲᠡ ᠣᠯᠵᠤ᠂ ᠮᠠᠰᠢ ᠶᠡᠬᠡ ᠣᠯᠤᠯᠲᠠ᠎ᠲᠠᠢ ᠪᠣᠯᠵᠠᠶ ᠭᠡᠵᠦ ᠬᠡᠯᠡᠵᠦ ᠪᠣᠯᠤᠨ᠎ᠠ᠃
      ᠬᠥᠲᠥᠯᠥᠭᠴᠢ᠄ ᠲᠠ ᠪᠢᠳᠡᠨ᠎ᠳᠤ ᠲᠤᠰ ᠬᠤᠭᠤᠴᠠᠭ᠋ᠠᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ ᠤᠷᠤᠯᠴᠠᠬᠰᠠᠨ ᠮᠠᠨ᠎ᠤ ᠣᠷᠣᠨ᠎ᠤ ᠲᠣᠭᠯᠠᠯᠲᠠ ᠵᠢ ᠲᠠᠨᠢᠯᠴᠠᠭᠤᠯᠤᠭ᠋ᠠᠳ ᠦᠭᠭᠦᠨ᠎ᠡ ᠤᠤ?
      ᠶᠠᠨ ᠡᠾᠦᠢ᠍ᠢ ᠯᠦᠩ᠄ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》᠎ᠨᠢ ᠠᠬᠤᠶ᠋ᠢᠴᠢ ᠦᠵᠡᠯ ᠪᠠ ᠷᠣᠮᠠᠨᠲ᠋ᠢᠭ ᠦᠵᠡᠯ᠎ᠢ ᠤᠶᠠᠯᠳᠤᠭᠤᠯᠤᠭᠰᠠᠨ ᠤᠷᠠᠯᠢᠭ᠎ᠤᠨ ᠬᠡᠯᠪᠡᠷᠢ᠎ᠪᠠᠷ᠂ ᠯᠥᠩ ᠮᠧᠶ᠂ ᠢᠦᠶ ᠷᠦᠩ᠎ᠤᠨ 《ᠰᠠᠯᠬᠢ ᠰᠢᠭᠤᠷᠭ᠋ᠠᠨ᠎ᠲᠠᠢ ᠲᠡᠮᠡᠴᠡᠵᠦ᠂ ᠬᠤᠨᠢᠨ ᠰᠦᠷᠦᠭ ᠵᠢᠨᠨ ᠬᠠᠮᠠᠭ᠋ᠠᠯᠠᠭᠰᠠᠨ》 ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠠᠮᠢᠳᠤᠯᠢᠭ ᠵᠶ᠋ᠠᠷ   ᠲᠡᠯᠭᠡᠨ ᠦᠵᠡᠬᠦᠯᠵᠦ᠂ ᠣᠳᠣ ᠦᠶ᠎ᠡ ᠵᠢᠨ ᠪᠠᠭ᠎ᠠ ᠰᠤᠷᠭ᠋ᠠᠭᠤᠯᠢ ᠵᠢᠨ ᠰᠤᠷᠤᠭᠴᠢ ᠬᠢᠭᠡᠳ ᠵᠢᠷᠠᠭ᠋ᠠᠳ ᠣᠨ᠎ᠤ ᠪᠢᠴᠢᠬᠠᠨ ᠡᠭᠡᠴᠢ ᠥᠬᠢᠨ ᠳᠡᠭᠦᠦ ᠵᠢᠨ ᠬᠣᠭᠣᠷᠣᠨᠳᠣᠬᠢ ᠣᠶᠤᠨ ᠰᠠᠨᠠᠭ᠋ᠠᠨ᠎ᠤ ᠮᠥᠷᠭᠥᠯᠳᠦᠯ ᠪᠠ ᠠᠭᠤᠰᠤᠯᠴᠠᠯ᠎ᠢ ᠪᠦᠲᠦᠭᠡᠯᠴᠢ᠎ᠪᠠᠷ ᠳᠡᠯᠭᠡᠷᠡᠭᠦᠯᠦᠨ ᠲᠤᠬᠯᠠᠬᠤ ᠵᠢᠨ ᠤᠯᠠᠮ ᠵᠶ᠋ᠠᠷ ᠨᠠᠮ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ᠂ ᠨᠡᠶ᠋ᠢᠭᠡᠮ ᠵᠢᠷᠤᠮ᠎ᠢ ᠬᠠᠶ᠋ᠢᠷᠠᠯᠠᠬᠤ ᠴᠠᠭ ᠦᠶ᠎ᠡ ᠵᠢᠨ ᠵᠣᠷᠢᠭ ᠰᠠᠨᠠᠭ᠎ᠠ ᠵᠢ ᠬᠥᠭᠵᠢᠭᠡᠭᠡᠳ᠂ ᠨᠡᠶ᠋ᠢᠭᠡᠮ ᠵᠢᠷᠤᠮ᠎ᠤᠨ ᠭᠤᠤᠯᠯᠠᠬᠤ ᠥᠷᠲᠡᠭ᠎ᠤᠨ ᠦᠵᠡᠯᠲᠡ ᠵᠢ ᠪᠠᠳᠠᠷᠠᠭᠤᠯᠤᠭᠰᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠢᠯᠡᠷᠡᠭᠦᠯᠦᠭᠰᠡᠨ᠂ ᠬᠤᠪᠢ ᠬᠥᠮᠦᠨ᠎ᠤ ᠦᠰᠦᠨ ᠪᠣᠶ᠋ᠢᠵᠢᠯᠲᠠ ᠪᠣᠯᠤᠨ ᠡᠬᠡ ᠤᠯᠤᠰ᠎ᠤᠨ ᠬᠤᠪᠢ ᠵᠠᠶᠠᠭ᠋ᠠᠨ᠎ᠤ ᠨᠢᠭᠲᠠ ᠬᠠᠷᠢᠴᠠᠭ᠎ᠠ ᠵᠢ ᠲᠤᠰᠬᠠᠭᠰᠠᠨ ᠪᠥᠭᠡᠳ ᠣᠶᠤᠨ ᠤᠬᠠᠭ᠋ᠠᠨ ᠵᠶ᠋ᠠᠨ ᠳᠠᠪᠲᠠᠨ ᠪᠣᠯᠪᠠᠰᠤᠷᠠᠭᠤᠯᠬᠤ᠂ ᠰᠦᠭ ᠰᠦᠨᠡᠰᠦ ᠵᠢ ᠱᠤᠭᠤᠬᠤ᠂ ᠬᠥᠮᠦᠨ᠎ᠢ ᠬᠥᠮᠦᠵᠢᠭᠦᠯᠬᠦ ᠰᠢᠯᠢᠳᠡᠭ ᠤᠯᠠᠮᠵᠢᠯᠠᠯ᠎ᠢ ᠢᠯᠡᠷᠡᠭᠦᠯᠪᠡ᠃ 《ᠮᠣᠷᠢᠲᠤ ᠴᠡᠷᠢᠭ》᠎ᠨᠢ ᠶᠠᠫᠣᠨ᠎ᠢ ᠡᠰᠡᠷᠭᠦᠴᠡᠬᠦ ᠳᠠᠢ᠍ᠢ᠍ᠨ ᠢᠯᠠᠯᠲᠠ ᠤᠯᠬᠤ᠎ᠠᠴᠠ ᠡᠮᠦᠨᠡᠬᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢᠰᠬᠠᠯᠲᠤ ᠦᠵᠡᠯ ᠰᠠᠨᠠᠭ᠋ᠠᠨ᠎ᠤ ᠨᠦᠯᠦᠭᠡ ᠵᠢ ᠬᠦᠷᠳᠡᠭᠰᠡᠨ ᠮᠣᠩᠭᠣᠯ ᠵᠠᠯᠠᠭᠤ ᠰᠤᠷᠤᠬ᠍ᠴᠢ ᠴᠢᠯᠠᠭᠤ ᠵᠢᠨ ᠦᠪᠦᠷ ᠮᠣᠩᠭᠣᠯ᠎ᠤᠨ ᠠᠷᠠᠳ᠎ᠤᠨ ᠮᠣᠷᠢᠲᠤ ᠴᠡᠷᠢᠭ᠎ᠲᠤ ᠣᠷᠣᠵᠤ᠂ ᠪᠦᠬᠦ ᠳᠤᠮᠳᠠᠳᠤ ᠤᠯᠤᠰ᠎ᠢ ᠴᠢᠯᠥᠭᠡᠯᠡᠬᠦ ᠵᠢᠨ ᠲᠥᠯᠥᠭᠡ ᠲᠡᠮᠡᠴᠡᠭᠰᠡᠨ ᠦᠯᠢᠭᠡᠷ᠎ᠢ ᠶᠠᠷᠢᠵᠠᠢ᠃ ᠪᠥᠵᠢᠭᠲᠦ ᠵᠦᠴᠦᠭᠡ᠎ᠨᠢ ᠦᠨᠡᠨ ᠪᠣᠳᠠᠲᠤ ᠬᠦᠦᠷᠨᠢᠯ᠎ᠤᠨ ᠬᠡᠯᠪᠡᠷᠢ᠎ᠪᠠᠷ ᠴᠢᠯᠠᠭᠤ᠎ᠪᠠᠷ ᠲᠥᠯᠥᠭᠡᠯᠡᠭᠦᠯᠦᠭᠰᠡᠨ ᠨᠢᠭᠡ ᠪᠦᠯᠦᠭ ᠤᠯᠤᠰ ᠵᠶ᠋ᠠᠨ ᠬᠠᠶ᠋ᠢᠷᠠᠯᠠᠬᠤ ᠵᠠᠯᠠᠭᠤᠴᠤᠳ᠎ᠤᠨ ᠴᠢᠬᠤᠯᠠ ᠲᠡᠦᠬᠡ ᠵᠢᠨ ᠵᠠᠩᠭᠢᠯᠠᠭ᠎ᠠ ᠵᠢᠨ ᠦᠶ᠎ᠡ᠎ᠳᠤ᠂ ᠬᠤᠪᠢ ᠬᠥᠮᠦᠨ᠎ᠤ ᠢᠲᠡᠭᠡᠯ ᠪᠢᠰᠢᠷᠡᠯ ᠪᠣᠯᠤᠨ ᠦᠨᠳᠦᠰᠦᠲᠡᠨ᠎ᠤ ᠡᠷᠬᠢᠮ ᠳᠡᠭᠡᠳᠦ ᠬᠦᠰᠡᠯᠡᠩ᠎ᠢ ᠳᠡᠭᠡᠳᠦ ᠬᠡᠮᠵᠢᠶ᠎ᠡ᠎ᠪᠠᠷ ᠨᠢᠭᠡᠳᠬᠡᠵᠦ᠂ ᠡᠴᠦᠰ᠎ᠲᠤ᠎ᠪᠠᠨ ᠡᠷᠡᠯᠬᠡᠭ ᠪᠠᠭ᠋ᠠᠲᠤᠷᠯᠢᠭ ᠮᠣᠷᠢᠲᠤ ᠴᠡᠷᠢᠭ᠎ᠤᠨ ᠪᠠᠭ᠋ᠠᠲᠤᠷ ᠪᠣᠯᠤᠨ ᠦᠰᠦᠨ ᠪᠣᠶ᠋ᠢᠵᠢᠵᠤ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠬᠤ᠎ᠳᠤ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠥᠩᠭᠡᠷᠡᠯᠲᠡ ᠵᠢ ᠢᠯᠡᠷᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠬᠡ ᠣᠷᠣᠨᠴᠢ ᠬᠠᠶ᠋ᠢᠷ᠎ᠠ ᠰᠡᠳᠬᠢᠯᠭᠡ ᠵᠢ ᠲᠤᠰᠬᠠᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠮᠠᠭᠲᠠᠨ ᠳᠠᠭᠤᠯᠠᠵᠤ᠂ ᠥᠪᠥᠷ ᠮᠣᠩᠭᠣᠯ᠎ᠤᠨ ᠠᠷᠠᠳ᠎ᠤᠨ ᠮᠣᠷᠢᠲᠤ ᠴᠡᠷᠢᠭ᠎ᠤᠨ ᠨᠠᠮ᠎ᠳᠤ᠎ᠪᠠᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ᠂ ᠤᠯᠤᠰ᠎ᠤᠨ ᠵᠶ᠋ᠠᠨ ᠲᠥᠯᠥᠭᠡ ᠡᠷᠡᠯᠭᠡᠭ ᠵᠢᠨᠷ ᠪᠡᠶ᠎ᠡ᠎ᠪᠠᠨ ᠦᠷᠡᠭᠳᠡᠭᠦᠯᠳᠡᠭ ᠡᠬᠡ ᠣᠷᠣᠨᠴᠢ ᠰᠡᠳᠬᠢᠯᠭᠡ ᠪᠣᠯᠤᠨ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠬᠠᠷᠠᠭᠤᠯᠵᠠᠢ᠃ ᠡᠨᠡ ᠬᠣᠶᠠᠷ ᠵᠦᠴᠦᠭᠡ᠎ᠨᠢ ᠮᠠᠰᠢ ᠭᠣᠶ᠋ᠢᠳᠠ ᠰᠠᠶ᠋ᠢᠬᠠᠨ ᠪᠣᠯᠣᠭᠰᠠᠨ ᠲᠤᠯᠠ᠂ ᠥᠷᠭᠡᠨ ᠣᠯᠠᠨ ᠰᠦᠯᠵᠢᠶᠡᠨ᠎ᠤ ᠨᠠᠢ᠌ᠵᠠ ᠨᠠᠷ᠎ᠤᠨ ᠰᠤᠨᠢᠷᠬᠠᠨ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃
      ᠬᠥᠲᠥᠯᠥᠭᠴᠢ᠄ ᠪᠢᠳᠡᠨ᠎ᠤ ᠮᠡᠳᠡᠭᠡᠵᠢ᠎ᠪᠠᠷ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ᠎ᠨᠢ 5 ᠵᠢᠯ᠎ᠳᠤ ᠨᠢᠭᠡ ᠤᠳᠠᠭ᠎ᠠ ᠶᠠᠪᠤᠬᠳᠠᠳᠠᠭ ᠦᠨᠳᠦᠰᠦᠲᠡᠨ  ᠎ᠨᠦᠭᠦᠳ᠎ᠤᠨ ᠰᠣᠶᠣᠯ᠎ᠤᠨ ᠠᠮᠢᠳᠤᠷᠠᠯ᠎ᠤᠨ ᠨᠢᠭᠡᠨ ᠶᠡᠬᠡ ᠶᠠᠪᠤᠳᠠᠯ ᠪᠤᠯᠤᠨ᠎ᠠ᠃ ᠲᠡᠭᠡᠪᠡᠯ ᠲᠠ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠤ ᠵᠠᠷᠢᠮ ᠦᠨᠳᠦᠰᠦᠨ ᠪᠠᠢ᠌ᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ?
      ᠶᠠᠨ ᠡᠾᠦᠢ᠍ᠢ ᠯᠦᠩ᠄ 1980 ᠣᠨ᠎ᠠᠴᠠ ᠤᠳᠤ ᠪᠣᠯᠲᠠᠯ᠎ᠠ ᠨᠢᠭᠡᠨᠲᠡ 5 ᠬᠤᠭᠤᠴᠠᠭ᠎ᠠ ᠠᠮᠵᠢᠯᠲᠠ᠎ᠲᠠᠢ ᠡᠷᠬᠢᠯᠡᠪᠡ᠃ ᠤᠳᠠᠭ᠎ᠠ ᠪᠦᠷᠢ ᠵᠢᠨ ᠤᠷᠠᠨ ᠰᠠᠶ᠋ᠢᠬᠠᠨ᠎ᠤ ᠴᠤᠭᠯᠠᠭ᠋ᠠᠨ᠎ᠨᠢ᠂ ᠴᠥᠮ ᠨᠢᠭᠡ ᠤᠳᠠᠭ᠋ᠠᠨ᠎ᠤ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠤᠭᠯᠠᠭ᠋ᠠᠨ᠂ ᠳᠤᠮᠳᠠᠳᠤ ᠵᠢᠨ ᠦᠨᠳᠦᠰᠦᠲᠡᠨ᠎ᠤ ᠤᠶᠤᠨ᠎ᠤ ᠰᠣᠶᠣᠯ᠎ᠤᠨ ᠥᠪᠡᠳᠡᠭᠰᠢ ᠨᠠᠢ᠌ᠷ ᠪᠣᠯᠣᠭᠰᠠᠨ ᠶᠤᠮ᠃ ᠥᠩᠭᠡᠷᠡᠭᠰᠡᠨ᠎ᠳᠤ᠂ ᠤᠳᠠᠭ᠎ᠠ ᠪᠦᠷᠢ ᠵᠢᠨ ᠤᠷᠠᠨ ᠰᠠᠶ᠋ᠢᠬᠠᠨ᠎ᠤ ᠴᠤᠭᠯᠠᠭ᠋ᠠᠨ ᠪᠤᠯᠬᠤ᠎ᠳᠤ᠂ ᠪᠦᠬᠦ ᠤᠯᠤᠰ᠎ᠤᠨ   ᠦᠨᠳᠦᠰᠦᠲᠡᠨ᠎ᠨᠦᠭᠦᠳ᠎ᠤᠨ ᠲᠣᠭᠯᠠᠭᠴᠢᠳ ᠨᠡᠶ᠋ᠢᠰᠯᠡᠯ ᠪᠡᠭᠡᠵᠢᠩ᠎ᠳᠤ ᠪᠠᠶᠠᠷᠲᠠᠢ ᠴᠤᠬᠯᠠᠷᠠᠨ᠂ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ᠎ᠲᠠᠢ ᠲᠤᠳᠤᠨᠤᠰᠤᠭ ᠵᠢᠨᠷ ᠠᠭᠤᠯᠵᠠᠳᠠᠭ ᠪᠠᠢ᠌ᠨ᠎ᠠ᠃ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ᠎ᠢ ᠡᠷᠬᠢᠯᠡᠭᠰᠡᠨ᠎ᠨᠢ᠂ ᠨᠠᠮ᠎ᠤᠨ ᠲᠥᠪ ᠬᠣᠷᠢᠶ᠎ᠠ᠎ᠠᠴᠠ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠬᠠᠮᠠᠭ᠋ᠠᠯᠠᠬᠤ᠂ ᠪᠠᠳᠠᠷᠠᠭᠤᠯᠬᠤ ᠪᠠ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ ᠪᠤᠢ; ᠮᠠᠨ᠎ᠤ ᠤᠯᠤᠰ᠎ᠤᠨ ᠡᠷᠬᠡ ᠲᠡᠭᠰᠢ᠂ ᠪᠦᠯᠬᠦᠮᠳᠡᠯ᠎ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠡᠭᠭᠤᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠋ᠠᠨ᠎ᠤ ᠪᠡᠬᠢᠵᠢᠯ ᠬᠥᠭᠵᠢᠯ᠎ᠢ ᠬᠠᠷᠠᠭᠤᠯᠵᠤ ᠪᠤᠢ᠃ 2021 ᠤᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠮᠥᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠦᠭᠰᠡᠨ ᠵᠢᠯ ᠮᠥᠨ᠂ ᠪᠠᠰᠠ ᠴᠤ᠌ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠮᠥᠨ᠂ ᠵᠢᠷᠭᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ᠎ᠢ ᠰᠠᠶ᠋ᠢᠲᠤᠷ ᠵᠣᠬᠢᠶᠠᠨ ᠪᠠᠶ᠋ᠢᠭᠤᠯᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠪᠥᠭᠡᠳ ᠥᠩᠭᠡ ᠬᠡᠷᠡᠯᠳᠡᠢ ᠶᠤᠮ᠃ 2017 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ᠎ᠲᠤ ᠬᠠᠷᠢᠭᠤ ᠵᠠᠬᠢᠳᠠᠯ ᠢᠯᠡᠭᠡᠵᠦ᠂ ᠤᠯᠠᠭ᠋ᠠᠨᠮᠥ᠋ᠴᠢᠷ᠎ᠤᠨ᠎ᠬᠢᠨ᠎ᠢ ᠰᠢᠨ᠎ᠡ ᠴᠠᠭ ᠦᠶ᠎ᠡ᠎ᠳᠤ ᠠᠮᠢᠳᠤᠷᠠᠯ᠎ᠤᠨ ᠰᠢᠮᠡᠯᠢᠭ ᠬᠥᠷᠥᠰᠥᠨ᠎ᠳᠤ ᠦᠨᠳᠦᠰᠦᠯᠡᠵᠦ᠂ ᠮᠠᠯᠴᠢᠨ ᠲᠦᠮᠡᠨ᠎ᠳᠤ ᠦᠢ᠍ᠯᠡᠴᠢᠯᠡᠵᠦ᠂ ᠤᠳᠬ᠎ᠠ ᠤᠷᠠᠯᠢᠭ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠮᠠᠨ᠎ᠤ ᠣᠷᠣᠨ᠎ᠤ ᠬᠣᠶᠠᠷ ᠵᠦᠴᠦᠭᠡ ᠲᠤᠰ ᠬᠤᠭᠤᠴᠠᠭ᠋ᠠᠨ᠎ᠤ ᠴᠤᠬᠯᠠᠭ᠋ᠠᠨ᠎ᠳᠤ ᠤᠷᠤᠯᠴᠠᠬᠰᠠᠨ ᠶᠠᠪᠤᠳᠠᠯ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠰᠣᠶᠣᠯ᠎ᠤᠨ ᠦᠷ᠎ᠡ ᠪᠦᠲᠦᠭᠡᠯ᠎ᠢ ᠭᠦᠢ᠍ᠴᠡᠳ ᠢᠯᠡᠷᠡᠭᠦᠯᠬᠦ ᠨᠢᠭᠡ ᠤᠳᠠᠭ᠋ᠠᠨ᠎ᠤ ᠣᠯᠳᠠᠰᠢ ᠦᠭᠡᠢ ᠠᠵᠠ ᠲᠣᠬᠢᠶᠠᠯ ᠪᠣᠯᠬᠤ ᠪᠥᠭᠡᠳ ᠮᠠᠨ᠎ᠤ ᠣᠷᠣᠨ᠎ᠤ ᠦᠨᠳᠦᠰᠦᠲᠡᠨ᠎ᠤ ᠤᠳᠬ᠎ᠠ ᠤᠷᠠᠯᠢᠭ᠎ᠤᠨ ᠠᠵᠢᠯ᠎ᠤᠨ ᠨᠢᠭᠡ ᠤᠳᠠᠭ᠋ᠠᠨ᠎ᠤ ᠰᠢᠯᠭ᠋ᠠᠯᠲᠠ ᠪᠣᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠨᠢ ᠲᠠᠭᠤᠤ ᠵᠢᠨ ᠲᠠᠯᠠᠢ᠂ ᠪᠥᠵᠢᠭ᠎ᠤᠨ ᠦᠯᠦᠬᠡᠢ ᠬᠡᠮᠡᠨ ᠠᠯᠳᠠᠷᠰᠢᠵᠤ᠂ ᠦᠨᠳᠦᠰᠦᠲᠡᠨ᠎ᠤ ᠰᠣᠶᠣᠯ᠎ᠤᠨ ᠥᠨᠢ ᠤᠳᠠᠭ᠋ᠠᠨ ᠤᠯᠠᠮᠵᠢᠯᠠᠯ᠎ᠲᠠᠢ ᠪᠦᠭᠡᠳ ᠢᠯᠡᠳᠭᠡᠬᠦ ᠠᠷᠭ᠎ᠠ ᠬᠡᠯᠪᠡᠷᠢ᠎ᠨᠢ ᠤᠯᠠᠨ ᠵᠦᠢ᠍ᠯ᠎ᠤᠨ ᠪᠠᠢ᠌ᠵᠤ᠂ ᠮᠠᠨ᠎ᠤ ᠤᠯᠤᠰ᠎ᠤᠨ ᠦᠨᠳᠦᠰᠦᠲᠡᠨ᠎ᠤ ᠰᠣᠶᠣᠯ᠎ᠳᠤ ᠴᠢᠬᠤᠯᠠ ᠪᠠᠶ᠋ᠢᠷᠢ ᠰᠠᠭᠤᠷᠢ ᠪᠠ ᠨᠥᠯᠥᠭᠡ᠎ᠲᠠᠢ ᠶᠤᠮ᠃ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ᠎ᠳᠤ ᠣᠷᠣᠯᠴᠠᠬᠤ ᠵᠦᠴᠦᠭᠡ ᠵᠢ ᠰᠢᠯᠢᠨ ᠰᠤᠡᠭᠭᠤᠬᠤ ᠠᠵᠢᠯ᠎ᠢ ᠰᠠᠶ᠋ᠢᠲᠤᠷ ᠬᠢᠬᠦ᠎ᠨᠢ᠂ ᠮᠠᠨ᠎ᠤ ᠣᠷᠣᠨ᠎ᠤ ᠦᠨᠳᠦᠰᠦᠲᠡᠨ᠎ᠤ ᠰᠣᠶᠣᠯ᠎ᠤᠨ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ᠂ ᠦᠨᠳᠦᠰᠦᠲᠡᠨ᠎ᠤ ᠰᠣᠶᠣᠯ᠎ᠤᠨ ᠬᠦᠴᠦᠷᠬᠡᠭ ᠣᠷᠣᠨ᠎ᠢ ᠡᠭᠦᠳᠦᠨ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠪᠦᠬᠦ ᠤᠯᠤᠰ᠎ᠤᠨ ᠤᠷᠠᠨ ᠰᠠᠶ᠋ᠢᠬᠠᠨ᠎ᠤ ᠴᠤᠭᠯᠠᠭ᠋ᠠᠨ᠎ᠳᠤ ᠣᠷᠣᠯᠴᠠᠬᠤ᠎ᠪᠠᠷ ᠳᠠᠮᠵᠢᠨ᠂ ᠮᠠᠨ᠎ᠤ ᠣᠷᠣᠨ᠎ᠤ ᠦᠨᠳᠦᠰᠦᠲᠡᠨ᠎ᠤ ᠰᠣᠶᠣᠯ᠎ᠤᠨ ᠦᠢ᠍ᠯᠡᠰ᠎ᠤᠨ ᠴᠡᠴᠡᠭᠯᠡᠯ ᠬᠥᠭᠵᠢᠯ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠬᠦ ᠵᠢ ᠪᠢᠳᠡ ᠢᠲᠡᠭᠡᠵᠦ ᠪᠠᠶ᠋ᠢᠨ᠎ᠠ᠃
      ᠬᠥᠲᠥᠯᠥᠭᠴᠢ᠄ ᠮᠠᠨ᠎ᠤ ᠣᠷᠣᠨ ᠥᠩᠭᠡᠷᠡᠭᠰᠡᠨ᠎ᠳᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ ᠣᠷᠣᠯᠴᠠᠭ᠋ᠠᠳ ᠶᠠᠮᠠᠷ ᠶᠠᠮᠠᠷ ᠲᠣᠪᠣᠶ᠋ᠢᠮ᠎ᠠ ᠠᠮᠵᠢᠯᠲᠠ ᠣᠯᠤᠭᠰᠠᠨ᠎ᠢ ᠲᠠ ᠲᠣᠪᠴᠢ ᠲᠠᠨᠢᠯᠴᠠᠭᠤᠯᠤᠭ᠋ᠠᠳ ᠦᠭᠭᠦᠨ᠎ᠡ ᠤᠤ?
      ᠶᠠᠨ ᠡᠾᠦᠢ᠍ᠢ ᠯᠦᠩ᠄ ᠦᠡᠭᠭᠡᠷᠡᠭᠰᠡᠨ 5 ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠭᠯᠠᠭ᠋ᠠᠨ᠎ᠳᠤ ᠮᠠᠨ᠎ᠤ ᠣᠷᠣᠨ ᠴᠥᠮ ᠣᠷᠣᠯᠴᠠᠭᠰᠠᠨ ᠪᠥᠭᠡᠳ ᠰᠢᠯᠢᠳᠡᠭ ᠠᠮᠵᠢᠯᠲᠠ ᠣᠯᠤᠭᠰᠠᠨ ᠶᠤᠮ᠃ 1980 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ᠂ ᠮᠠᠨ᠎ᠤ ᠣᠷᠣᠨ᠎ᠤ 《ᠦᠨᠳᠦᠰᠦᠲᠡᠨ᠎ᠤ ᠳᠠᠭᠤᠤ ᠪᠥᠵᠢᠭ᠎ᠤᠨ ᠶᠡᠷᠦᠩᠬᠡᠶ᠋ᠢᠯᠡᠭᠰᠡᠨ ᠦᠳᠡᠰᠢᠯᠡᠭᠡ》 ᠪᠠ 《ᠤᠯᠠᠭ᠋ᠠᠨᠮᠥ᠋ᠴᠢᠷ᠎ᠤᠨ ᠲᠤᠰᠬᠠᠢ ᠦᠳᠡᠰᠢᠯᠡᠭᠡ》 ᠭᠡᠬᠦ ᠬᠣᠶᠠᠷ ᠲᠠᠯᠠᠪᠠᠢ ᠲᠣᠭᠯᠠᠯᠲᠠ᠎ᠨᠢ ᠠᠷᠪᠠ ᠭᠠᠷᠤᠢ ᠱᠠᠩᠨᠠᠯ ᠬᠦᠷᠳᠡᠵᠡᠢ; 2001 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ᠂ ᠮᠠᠨ᠎ᠤ ᠣᠷᠣᠨ᠎ᠤ 《ᠮᠣᠷᠢᠨ ᠨᠢᠷᠤᠭᠤᠨ ᠳᠡᠭᠡᠷᠡᠬᠢ ᠬᠠᠶ᠋ᠢᠷ᠎ᠠ ᠰᠡᠳᠬᠢᠯᠭᠡ》 ᠭᠡᠳᠡᠭ ᠵᠦᠴᠦᠭᠡ᠎ᠨᠢ ᠨᠢᠭᠡᠳᠦᠭᠡᠷ ᠳᠡᠰ᠎ᠤᠨ ᠱᠠᠩᠨᠠᠯ ᠬᠦᠷᠳᠡᠵᠡᠢ; ᠦᠨᠳᠦᠰᠦᠲᠡᠨ᠎ᠤ ᠳᠠᠭᠤᠤ ᠪᠥᠵᠢᠭ   ᠪᠣᠯᠬᠤ 《ᠦᠵᠡᠰᠬᠦᠯᠡᠩᠲᠦ ᠰᠠᠶ᠋ᠢᠬᠠᠨ ᠮᠢᠩᠭ᠋ᠠᠨ ᠭᠠᠵᠠᠷ᠎ᠤᠨ ᠲᠠᠯ᠎ᠠ ᠨᠤᠲᠤᠭ》᠎ᠨᠢ ᠠᠯᠲᠠᠨ ᠱᠠᠩᠨᠠᠯ ᠣᠯᠪᠠ; 2006 ᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ᠂ ᠮᠠᠨ᠎ᠤ ᠣᠷᠣᠨ᠎ᠤ ᠦᠨᠳᠦᠰᠦᠲᠡᠨ᠎ᠤ ᠳᠠᠭᠤᠤ ᠪᠥᠵᠢᠭ ᠵᠦᠴᠦᠭᠡ ᠵᠢᠨ ᠬᠦᠷᠢᠶᠡᠯᠡᠩ᠎ᠤᠨ ᠨᠠᠶ᠋ᠢᠷᠠᠭᠤᠯᠤᠨ ᠵᠣᠬᠢᠶᠠᠭᠰᠠᠨ ᠲᠠᠭᠤᠯᠠᠯᠳᠤ ᠪᠥᠵᠢᠭᠲᠦ ᠵᠦᠴᠦᠭᠡ 《ᠵᠢᠷᠭ᠋ᠠᠯᠠᠩᠲᠤ ᠲᠠᠯ᠎ᠠ ᠨᠤᠲᠤᠭ》᠎ᠨᠢ ᠶᠡᠬᠡ ᠱᠠᠩᠨᠠᠯ ᠬᠦᠷᠲᠡᠪᠡ᠃ 2012 ᠣᠨ᠎ᠤ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ᠂ ᠮᠠᠨ᠎ᠤ ᠣᠷᠣᠨ᠎ᠤ ᠬᠥᠯᠥᠨ ᠪᠤᠢ᠍ᠢ᠍ᠷ ᠬᠤᠳᠠ ᠵᠢᠨ ᠨᠠᠶ᠋ᠢᠷᠠᠭᠤᠯᠤᠨ ᠵᠣᠬᠢᠶᠠᠭᠰᠠᠨ ᠳᠠᠭᠤᠤ ᠪᠦᠵᠢᠭᠲᠦ ᠰᠢᠯᠦᠭᠯᠡᠯᠳᠦ ᠵᠦᠴᠦᠭᠡ 《ᠬᠥᠯᠥᠨ ᠪᠤᠢ᠍ᠢ᠍ᠷ᠎ᠤᠨ ᠴᠠᠰᠤᠲᠤ ᠲᠠᠯ᠎ᠠ》᠎ᠨᠢ ᠵᠦᠴᠦᠭᠡ ᠵᠢᠨ ᠠᠯᠳᠠᠨ ᠱᠠᠩᠨᠠᠯ᠎ᠢ ᠬᠦᠷᠳᠡᠵᠦ᠂ ᠰᠢᠯᠢ ᠵᠢᠨ ᠭᠣᠣᠯ ᠠᠶ᠋ᠢᠮᠠᠭ᠎ᠤᠨ ᠨᠠᠶ᠋ᠢᠷᠠᠭᠤᠯᠤᠨ ᠵᠣᠬᠢᠶᠠᠭᠰᠠᠨ ᠵᠦᠴᠦᠭᠡ 《ᠲᠠᠯ᠎ᠠ ᠨᠤᠲᠤᠭ᠎ᠤᠨ ᠳᠤᠷᠠᠰᠤᠮᠵᠢ》᠎ᠨᠢ ᠵᠣᠬᠢᠶᠠᠨ ᠪᠦᠲᠦᠭᠡᠭᠰᠡᠨ ᠠᠯᠳᠠᠨ ᠱᠠᠩᠨᠠᠯ᠎ᠢ ᠬᠦᠷᠳᠡᠵᠡᠢ᠃ 2016 ᠣᠨ᠎ᠤ ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠶ᠋ᠢᠬᠠᠨ᠎ᠤ ᠴᠤᠬᠯᠠᠭ᠋ᠠᠨ᠎ᠳᠤ᠂ ᠮᠠᠨ᠎ᠤ ᠣᠷᠣᠨ᠎ᠤ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠶ᠋ᠢᠷᠠᠭᠤᠯᠤᠨ ᠵᠣᠬᠢᠶᠠᠭᠰᠠᠨ ᠦᠨᠳᠦᠰᠦᠲᠡᠨ᠎ᠤ ᠳᠠᠭᠤᠤ ᠪᠥᠵᠢᠭ᠎ᠤᠨ ᠦᠵᠡᠭᠳᠡᠯᠲᠦ ᠵᠦᠴᠦᠭᠡ 《ᠲᠠᠯ᠎ᠠ ᠨᠤᠲᠤᠭ᠎ᠤᠨ ᠤᠯᠠᠭ᠋ᠠᠨᠮᠥ᠋ᠴᠢᠷ》᠎ᠨᠢ ᠠᠯᠲᠠᠨ ᠮᠧᠳᠠᠯ ᠬᠦᠷᠳᠡᠵᠦ᠂ ᠬᠥᠬᠡᠬᠣᠲᠠ ᠵᠢᠨ ᠦᠨᠳᠦᠰᠦᠲᠡᠨ᠎ᠤ ᠲᠣᠭᠯᠠᠯᠲᠠ ᠤᠷᠠᠯᠢᠭ᠎ᠤᠨ ᠪᠦᠯᠦᠭᠯᠡᠯ᠎ᠤᠨ ᠨᠠᠶ᠋ᠢᠷᠠᠭᠤᠯᠤᠨ ᠵᠣᠬᠢᠶᠠᠭᠰᠠᠨ ᠲᠤᠮᠤ ᠬᠡᠯᠪᠡᠷᠢ ᠵᠢᠨ ᠦᠨᠳᠦᠰᠦᠲᠡᠨ᠎ᠤ ᠲᠠᠶ᠋ᠢᠰᠠᠨ᠎ᠤ ᠵᠦᠴᠦᠭᠡ 《ᠮᠠᠷᠺᠤ ᠫᠣᠯᠣ ᠵᠢᠨ ᠲᠤᠮᠤᠭ》᠎ᠨᠢ ᠮᠥᠩᠭᠥᠨ ᠮᠧᠳᠠᠯ ᠬᠦᠷᠳᠡᠵᠡᠢ᠃ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠳᠤᠮᠳᠠᠳᠤ ᠵᠢᠨ ᠰᠣᠶᠣᠯ᠎ᠤᠨ ᠮᠡᠳᠡᠷᠡᠭᠦᠢ ᠵᠢ ᠴᠢᠡᠭᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ᠂ ᠪᠢᠳᠡᠨ᠎ᠤ ᠬᠠᠮᠲᠤ ᠵᠢᠨ ᠡᠭᠦᠷᠭᠡ ᠬᠠᠷᠢᠭᠤᠴᠠᠯᠭ᠎ᠠ ᠮᠥᠨ᠃ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠢᠯᠡ ᠲᠣᠳᠣ ᠴᠠᠭ ᠦᠶ᠎ᠡ ᠵᠢᠨ ᠣᠨᠴᠠᠯᠢᠭ᠎ᠲᠠᠢ᠂ ᠦᠨᠳᠦᠰᠦᠲᠡᠨ᠎ᠤ ᠣᠨᠴᠠᠯᠢᠭ᠎ᠲᠠᠢ ᠰᠣᠶᠣᠯ᠎ᠤᠨ ᠲᠥᠷᠥᠯ ᠲᠡᠮᠳᠡᠭ᠎ᠢ ᠨᠠᠩ ᠣᠯᠠᠨ ᠡᠭᠦᠳᠴᠦ᠂ ᠰᠣᠶᠣᠯ᠎ᠤᠨ ᠬᠡᠪ ᠰᠤᠷᠲᠠᠯ᠎ᠢ ᠬᠥᠲᠥᠯᠥᠨ ᠳᠠᠭ᠋ᠠᠭᠤᠯᠬᠤ᠂ ᠠᠷᠠᠳ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ᠎ᠳᠤ ᠦᠢ᠍ᠯᠡᠴᠢᠯᠡᠬᠦ᠂ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃
      ᠬᠥᠲᠥᠯᠥᠭᠴᠢ᠄ ᠵᠠ᠂ ᠶᠠᠨ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠬᠤ ᠪᠥᠭᠡᠳ ᠥᠷᠭᠡᠨ ᠣᠯᠠᠨ ᠰᠦᠯᠵᠢᠶᠡᠨ᠎ᠤ ᠨᠠᠢ᠌ᠵᠠ ᠨᠠᠷ᠎ᠤᠨ ᠲᠣᠰ ᠤᠳᠠᠭ᠋ᠠᠨ᠎ᠤ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ! ᠴᠠᠭ᠎ᠤᠨ ᠬᠠᠷᠠᠭ᠎ᠠ᠎ᠪᠠᠷ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠵᠢ ᠡᠨᠳᠡ ᠬᠦᠷᠭᠡᠭᠡᠳ ᠵᠠᠪᠰᠠᠷᠯᠠᠶ᠎ᠠ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!
      ᠶᠠᠨ ᠡᠾᠦᠢ᠍ᠢ ᠯᠦᠩ᠄ ᠪᠠᠶᠠᠷᠲᠠᠶ!

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ