ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠬᠦᠳᠦᠨ ᠪᠠᠢ᠌ᠭᠤᠯᠬᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2021-12-06

a.jpg 
      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ   ᠶᠦᠨ ᠭᠦᠸᠧ ᠱᠧᠩ
        

ᠲᠤᠪᠴᠢ ᠠᠭᠤᠯᠭ᠎ᠠ᠄ 
      ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠳᠠᠷᠠᠭ᠎ᠠ᠂ ᠮᠠᠨ᠎ᠤ ᠣᠷᠣᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠵᠤ᠂ ᠪᠥᠬᠥ ᠣᠷᠣᠨ᠎ᠤ ᠡᠯ᠎ᠡ ᠱᠠᠲᠤᠨ᠎ᠤ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠪᠥᠬᠥ ᠲᠠᠯ᠎ᠠ᠎ᠪᠠᠷ ᠬᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ ᠵᠢ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠴᠢᠬᠤᠯᠠ ᠭᠠᠷᠳᠠᠴᠠ ᠪᠣᠯᠭ᠋ᠠᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ᠃

 

ᠦᠰᠦᠭ ᠪᠢᠴᠢᠭ᠎ᠤᠨ ᠪᠣᠳᠠᠲᠤ ᠲᠡᠮᠳᠡᠭᠯᠡᠯ 
      ᠬᠥᠲᠥᠯᠥᠭᠴᠢ᠄ ᠰᠦᠯᠵᠢᠶᠡᠨ᠎ᠤ ᠠᠨᠳᠠ ᠨᠠᠷ  ᠡ᠂ ᠰᠠᠢ᠌ᠨ ᠪᠠᠢ᠌ᠵᠠᠭ᠋ᠠᠨ᠎ᠠ ᠤᠤ! ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠲᠣᠰ ᠬᠤᠭᠤᠴᠠᠭ᠋ᠠᠨ᠎ᠤ ᠰᠦᠯᠵᠢᠶᠡᠨ ᠲᠡᠬᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠨᠥᠬᠥᠷ᠎ᠢ ᠤᠷᠢᠵᠤ ᠤᠷᠤᠯᠴᠠᠭᠤᠯᠤᠭᠰᠠᠨ᠎ᠳᠤ᠎ᠪᠠᠨ ᠪᠠᠶᠠᠷᠳᠡᠢ ᠪᠠᠢ᠌ᠨ᠎ᠠ᠂ ᠶᠦᠨ ᠡᠷᠬᠢᠯᠡᠭᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠬᠤ᠎ᠪᠠᠷ ᠭᠣᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ ᠡᠨᠡ ᠬᠦ᠌ ᠭᠣᠤᠯ ᠰᠡᠳᠦᠪ᠎ᠤᠨ ᠲᠤᠬᠠᠶ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ  ᠪᠤᠯᠤᠨ᠎ᠠ᠃ ᠶᠦᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠤ ᠪᠠᠢ᠌ᠨ᠎ᠠ!      ᠶᠦᠨ ᠭᠦᠸᠧ ᠱᠧᠩ᠄ ᠬᠥᠲᠥᠯᠥᠭᠴᠢ ᠰᠠᠢ᠌ᠨ ᠪᠠᠢ᠌ᠨ᠎ᠠ ᠤᠤ᠂ ᠰᠦᠯᠵᠢᠶᠡᠨ᠎ᠤ ᠨᠠᠢ᠌ᠵᠠ ᠨᠠᠷ ᠰᠠᠢ᠌ᠨ ᠪᠠᠢ᠌ᠵᠠᠭ᠋ᠠᠨ᠎ᠠ ᠤᠤ? ᠡᠨᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠶ ᠪᠠᠢ᠌ᠨ᠎ᠠ᠃ ᠣᠯᠠᠨ ᠵᠶ᠋ᠡᠷ ᠵᠶ᠋ᠡᠨ ᠦᠨᠳᠦᠰᠦᠲᠡᠨ᠎ᠤ ᠬᠡᠷᠡᠭ ᠶᠠᠪᠤᠳᠠᠯ᠎ᠤᠨ ᠠᠵᠢᠯ᠎ᠢ ᠬᠠᠯᠠᠮᠵᠢᠯᠠᠨ ᠲᠡᠮᠵᠢᠵᠤ ᠪᠠᠢ᠌ᠭ᠎ᠠ᠎ᠳᠤ ᠪᠠᠶᠠᠷᠯᠠᠵᠤ ᠪᠠᠢ᠌ᠨ᠎ᠠ᠃

      ᠬᠥᠲᠥᠯᠥᠭᠴᠢ᠄ ᠶᠦᠨ ᠡᠷᠬᠢᠯᠡᠭᠴᠢ ᠡ᠂ ᠮᠠᠨ᠎ᠤ ᠣᠷᠣᠨ᠎ᠤ ᠣᠳᠣᠬᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠥᠷᠨᠢᠭᠦᠯᠦᠭᠰᠡᠨ ᠪᠠᠢ᠌ᠳᠠᠯ᠎ᠤᠨ ᠲᠤᠬᠠᠶ ᠣᠯᠠᠨ ᠪᠦᠬᠦᠳᠡ᠎ᠳᠤ ᠲᠥᠬᠥᠮ ᠲᠠᠨᠢᠯᠴᠠᠭᠤᠯᠵᠤ ᠦᠭᠬᠦ ᠪᠤᠯᠪᠠᠤ᠃

      ᠶᠦᠨ ᠭᠦᠸᠧ ᠱᠧᠩ᠄ ᠣᠷᠳᠣ ᠬᠤᠭᠤᠴᠠᠭ᠋ᠠᠨ᠎ᠤ ᠲᠤᠷᠰᠢ᠂ ᠢᠯᠠᠩᠭᠤᠶ᠎ᠠ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠵᠶ᠋ᠠᠨ ᠪᠣᠯᠭ᠋ᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠭᠳᠠᠬᠤᠨ᠎ᠢ ᠭᠦᠨᠵᠡᠭᠡᠶ ᠦᠢᠯᠡᠳᠦᠯᠭᠡᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠶᠡᠬᠡ᠎ᠪᠠᠷ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠢᠳᠡᠪᠬᠢᠲᠡᠶ ᠦᠷ᠎ᠡ ᠪᠦᠲᠦᠮᠵᠢ ᠤᠯᠬᠤ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠬᠠᠮᠠᠭ᠋ᠠᠯᠠᠬᠤ ᠬᠡᠷᠡᠭᠲᠡᠢ᠃ ᠨᠢᠭᠡ᠎ᠳᠤ᠂ ᠨᠠᠮ᠎ᠤᠨ ᠤᠳᠤᠷᠢᠳᠤᠯᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ  ᠪᠡᠬᠢᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠲᠤᠬᠠᠶ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ᠎ᠲᠠᠢ ᠪᠠᠷᠢᠮᠵᠢᠶᠠᠯᠠᠨ ᠬᠠᠷᠭᠤᠭᠤᠯᠵᠤ᠂ ᠲᠥᠪ᠎ᠤᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠳᠤ᠎ᠬᠢ ᠦᠨᠳᠦᠰᠦᠲᠡᠨ᠎ᠲᠠᠢ ᠬᠣᠯᠪᠣᠭᠳᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠯᠲᠠ ᠵᠢ ᠰᠠᠢ᠌ᠲᠤᠷ ᠠᠳᠬᠤᠬᠤ᠎ᠪᠠᠷ ᠴᠢᠬᠤᠯᠠ ᠭᠠᠷᠳᠠᠴᠠ ᠪᠤᠯᠭ᠋ᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠬᠠᠯᠠᠨ ᠰᠠᠢ᠌ᠵᠢᠷᠠᠭᠤᠯᠵᠤ᠂ ᠬᠡᠯᠪᠡᠢ᠌ᠭᠰᠡᠨ᠎ᠢ᠎ᠨᠢ ᠵᠠᠯᠠᠷᠠᠭᠤᠯᠤᠨ ᠵᠥᠪ ᠴᠢᠭᠯᠡᠯ᠎ᠲᠠᠢ ᠪᠤᠯᠭ᠋ᠠᠬᠤ᠎ᠪᠠᠷ ᠴᠢᠷᠮᠠᠢ᠌ᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠦᠨᠳᠦᠰᠦᠲᠡᠨ᠎ᠤ ᠠᠵᠢᠯ᠎ᠤᠨ ᠴᠢᠬᠤᠯᠠᠴᠢᠯᠠᠨ ᠦᠵᠡᠬᠦ᠎ᠨᠢ ᠢᠯᠡᠳᠲᠡ ᠲᠡᠬᠡᠭᠰᠢᠯᠡᠵᠦ᠂ ᠨᠡᠢ᠌ᠭᠡᠮ ᠳᠠᠶᠠᠭ᠋ᠠᠷ ᠵᠶ᠋ᠡᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠬᠠᠯᠠᠮᠵᠢᠯᠠᠨ ᠲᠡᠮᠵᠢᠬᠦ ᠪᠠᠢ᠌ᠳᠠᠯ ᠪᠦᠬᠦ ᠲᠠᠯ᠎ᠠ᠎ᠪᠠᠷ ᠪᠦᠷᠢᠯᠳᠦᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠰᠠᠭᠤᠷᠢ ᠨᠡᠩ ᠪᠡᠬᠢᠵᠢᠵᠦ᠂ 《ᠲᠠᠯ᠎ᠠ ᠨᠤᠲᠤᠭ᠎ᠤᠨ ᠬᠥᠪᠡᠭᠦᠳ ᠥᠬᠢᠳ ᠨᠠᠮ ᠵᠶ᠋ᠠᠨ ᠲᠠᠭ᠋ᠠᠵᠦ᠂ ᠦᠨᠳᠦᠰᠦᠲᠡᠨ ᠪᠦᠯᠬᠦᠮᠳᠡᠨ ᠨᠢᠭᠡ ᠭᠡᠷ᠎ᠤᠨ ᠬᠥᠮᠦᠨ ᠮᠡᠲᠦ》 ᠪᠤᠯᠬᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ ᠪᠠᠢ᠌ᠨ᠎ᠠ᠃ ᠮᠠᠨ᠎ᠤ ᠣᠷᠣᠨ᠎ᠨᠢ ᠲᠥᠪ᠎ᠤᠨ 《ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠬᠤ ᠠᠵᠢᠯ᠎ᠢ ᠪᠦᠬᠦ ᠲᠠᠯ᠎ᠠ᠎ᠪᠠᠷ ᠬᠦᠨ ᠭᠦᠨᠵᠡᠭᠡᠢ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ᠎ᠢ ᠲᠣᠭᠲᠠᠭ᠋ᠠᠨ ᠨᠡᠢ᠌ᠲᠡᠯᠡᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠰᠠᠢ᠌ᠲᠤᠷ ᠬᠢᠬᠦ ᠲᠤᠬᠠᠶ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠢ ᠲᠣᠭᠲᠠᠭ᠋ᠠᠨ ᠨᠡᠢ᠌ᠲᠡᠯᠡᠵᠦ᠂ ᠡᠭᠦᠳᠦᠨ ᠪᠠᠢ᠌ᠭᠤᠯᠬᠤ ᠠᠵᠢᠯ᠎ᠢ ᠰᠠᠢ᠌ᠲᠤᠷ ᠬᠢᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃ ᠮᠠᠨ᠎ᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠ ᠡᠭᠦᠳᠦᠨ ᠪᠠᠢ᠌ᠭᠤᠯᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ᠎ᠳᠤ ᠣᠷᠣᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠎ᠬᠢ ᠡᠭᠦᠳᠦᠨ ᠪᠠᠢ᠌ᠭᠤᠯᠬᠤ ᠠᠵᠢᠯ᠎ᠢ ᠰᠠᠢ᠌ᠲᠤᠷ ᠬᠢᠬᠦ᠎ᠳᠤ ᠪᠠᠲᠤ ᠲᠤᠯᠭ᠋ᠠᠭᠤᠷᠢᠯᠠᠯ ᠬᠠᠩᠭ᠋ᠠᠪᠠ᠃ ᠪᠦᠬᠦ ᠣᠷᠣᠨ᠎ᠤ ᠡᠯ᠎ᠡ ᠠᠢ᠌ᠮᠠᠭ ᠬᠣᠲᠠ᠂ ᠬᠣᠰᠢᠭᠤ ᠰᠢᠶᠠᠨ ᠬᠣᠲᠠ ᠲᠣᠭᠣᠷᠢᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠤᠳᠤᠷᠢᠳᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠵᠢᠨ ᠴᠢᠬᠤᠯᠠ ᠠᠷᠭ᠎ᠠ ᠵᠠᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠢ᠌ᠮᠠᠭ ᠬᠣᠲᠠ᠂ ᠵᠢᠱ᠌ᠢᠶ᠎ᠡ ᠦᠵᠡᠭᠦᠯᠬᠦ ᠭᠠᠵᠠᠷ ᠣᠷᠣᠨ᠂ ᠵᠢᠱ᠌ᠢᠶ᠎ᠡ ᠦᠵᠡᠭᠦᠯᠬᠦ ᠨᠢᠬᠡᠴᠢ ᠵᠢ ᠴᠢᠷᠮᠠᠢ᠌ᠨ ᠡᠬᠦᠳᠬᠦ ᠬᠠᠯᠠᠭᠤᠨ ᠰᠡᠳᠬᠢᠯᠭᠡ ᠤᠷᠬᠢᠯᠤᠮ᠎ᠠ ᠪᠣᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠬᠦ ᠵᠢ ᠤᠯᠠᠮ ᠨᠢᠭᠡ ᠠᠯᠬᠤᠮ ᠠᠬᠢᠭᠤᠯᠪᠠ᠃ ᠬᠣᠶᠠᠷ᠎ᠲᠤ᠂ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠬᠦ ᠵᠢ ᠪᠠᠷᠢᠮᠲᠠᠯᠠᠵᠤ᠂ ᠦᠵᠡᠯ ᠰᠠᠨᠠᠭ᠋ᠠᠨ᠎ᠤ ᠰᠠᠭᠤᠷᠢ ᠵᠢ ᠪᠠᠲᠤᠳᠬᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠬᠠᠭᠤᠯᠭ᠎ᠠ ᠬᠥᠮᠦᠵᠢᠯ᠎ᠢ ᠨᠠᠮ᠎ᠤᠨ ᠭᠡᠰᠢᠭᠦᠨ᠎ᠤ ᠬᠥᠮᠦᠵᠢᠯ᠂ ᠺᠠᠳ᠋ᠷ᠎ᠤᠨ ᠬᠥᠮᠦᠵᠢᠯ᠂ ᠤᠯᠤᠰ ᠠᠷᠠᠳ᠎ᠤᠨ ᠰᠤᠷᠭ᠋ᠠᠨ ᠬᠥᠮᠦᠵᠢᠯ᠎ᠳᠤ ᠣᠷᠣᠭᠤᠯᠬᠤ ᠵᠢ ᠠᠬᠢᠭᠤᠯᠵᠤ᠂ ᠨᠡᠢ᠌ᠭᠡᠮ᠎ᠤᠨ  ᠰᠤᠷᠭ᠋ᠠᠨ ᠬᠥᠮᠦᠵᠢᠯ᠎ᠢ ᠰᠠᠢ᠌ᠲᠤᠷ ᠠᠳᠬᠤᠪᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ ᠪᠦᠬᠦ ᠣᠷᠣᠨ᠎ᠤ ᠨᠠᠮ᠎ᠤᠨ ᠭᠡᠰᠢᠭᠦᠨ ᠺᠠᠳ᠋ᠷᠴᠤᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠰᠬᠠᠢ ᠰᠡᠳᠦᠪᠲᠦ ᠬᠥᠮᠦᠵᠢᠯ᠎ᠢ ᠨᠢᠭᠡ ᠵᠢᠯ᠎ᠤᠨ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ᠂ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠵᠡᠷᠭᠡ᠎ᠨᠢ ᠡᠯ᠎ᠡ ᠲᠦᠷᠦᠯ᠎ᠤᠨ ᠭᠣᠣᠯ ᠴᠣᠭᠴᠠ ᠵᠢᠨ ᠠᠩᠭᠢ᠎ᠳᠤ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠬᠢᠴᠢᠶᠡᠯ᠎ᠤᠨ ᠴᠠᠭ᠎ᠤᠨ ᠬᠠᠷᠢᠴᠠᠯ᠎ᠢ ᠳᠡᠭᠡᠭᠰᠢᠯᠡᠭᠦᠯᠦᠭᠡᠳ 10 %᠎ᠠᠴᠠ ᠳᠡᠭᠡᠭᠰᠢ ᠪᠣᠯᠭ᠋ᠠᠪᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠤᠬᠠᠭᠤᠯᠤᠨ ᠲᠠᠢ᠌ᠯᠪᠤᠷᠢᠯᠠᠬᠤ ᠬᠥᠲᠥᠯᠦᠮᠵᠢ》 ᠵᠢ ᠨᠠᠢ᠌ᠷᠠᠭᠤᠯᠤᠨ᠂ ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠪᠦᠯᠦᠭ᠂ ᠮᠠᠯᠴᠢᠨ ᠲᠠᠷᠢᠶᠠᠴᠢᠨ᠎ᠤ ᠪᠦᠯᠦᠭ ᠵᠡᠷᠭᠡ ᠠᠭᠤᠯᠭ᠎ᠠ ᠲᠣᠬᠢᠷᠠᠭᠤᠯᠤᠨ᠂ ᠭᠣᠣᠯᠳᠠᠯᠭ᠎ᠠ᠎ᠲᠠᠢ ᠬᠥᠮᠦᠰ᠎ᠤᠨ ᠬᠥᠮᠦᠵᠢᠯ᠎ᠢ ᠰᠠᠢ᠌ᠲᠤᠷ ᠠᠳᠬᠤᠵᠤ᠂ ᠠᠳᠠᠯᠢ ᠪᠤᠰᠤ ᠬᠦᠮᠦᠰ᠎ᠲᠤ ᠵᠤᠷᠢᠭᠤᠯᠤᠭᠰᠠᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ᠃ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠲᠤᠷᠰᠢᠯᠲᠠ ᠵᠢᠨ ᠴᠡᠭ ᠪᠠᠢ᠌ᠭᠤᠯᠬᠤ ᠠᠵᠢᠯ᠎ᠢ ᠥᠷᠨᠢᠭᠦᠯᠵᠦ᠂ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠳᠤ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠰᠢᠷᠢᠰ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠤᠨ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠵᠢ ᠵᠤᠵᠠᠭ᠋ᠠᠳᠬᠠᠪᠠ᠃ ᠪᠦᠬᠦ ᠨᠡᠢ᠌ᠭᠡᠮ᠎ᠳᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠳᠡᠯᠭᠡᠷᠡᠩᠭᠦᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠶ ᠮᠡᠳᠡᠷᠡᠬᠦᠢ ᠵᠢ᠎ᠨᠢ ᠲᠠᠰᠤᠷᠠᠯᠲᠠ ᠤᠢ᠍ᠭᠡᠢ ᠨᠡᠮᠡᠭᠳᠡᠬᠦᠯᠪᠡ᠃ ᠭᠤᠷᠪᠠ᠎ᠳᠤ᠂ ᠠᠵᠢᠯ᠎ᠤᠨ ᠰᠢᠨ᠎ᠡ ᠵᠢ ᠡᠭᠦᠳᠬᠦ ᠵᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠦᠨᠳᠦᠰᠦᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠵᠤ ᠬᠥᠭᠵᠢᠭᠦᠯᠬᠦ ᠲᠥᠯᠥᠪᠵᠢᠭᠦᠯᠭᠡ (2021—2025 ᠣᠨ)》 ᠵᠢ ᠨᠠᠢ᠌ᠷᠠᠭᠤᠯᠵᠤ ᠳᠠᠷᠤᠮᠠᠯᠯᠠᠨ ᠲᠠᠷᠬᠠᠭ᠋ᠠᠭᠰᠠᠨ ᠪᠥᠭᠡᠳ ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠭᠠᠵᠠᠷ ᠣᠷᠣᠨ᠎ᠤ ᠡᠭᠦᠳᠦᠨ ᠪᠠᠢ᠌ᠭᠤᠯᠬᠤ ᠠᠵᠢᠯ᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠪᠢᠴᠢᠬᠦ ᠵᠢ ᠢᠳᠡᠪᠬᠢᠳᠡᠢ᠎ᠪᠠᠷ ᠲᠤᠬᠢᠷᠠᠭᠤᠯᠤᠨ ᠪᠠᠢ᠌ᠷᠢᠯᠠᠭᠤᠯᠵᠤ᠂ ᠡᠭᠦᠳᠦᠨ ᠪᠠᠢ᠌ᠭᠤᠯᠬᠤ ᠠᠵᠢᠯ᠎ᠢ ᠬᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠦᠷᠨᠢᠬᠦᠯᠬᠦ ᠵᠢ ᠦᠨᠡᠨ ᠬᠦ᠌ ᠳᠥᠯᠭᠢᠨ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠢ᠌ᠳᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠬᠢᠨᠠᠨ ᠦᠨᠡᠯᠡᠬᠦ ᠵᠢᠭ᠋ᠠᠯᠳᠠ》 ᠵᠢ ᠲᠣᠭᠲᠠᠭ᠋ᠠᠨ ᠳᠠᠷᠤᠮᠠᠯᠯᠠᠨ  ᠲᠠᠷᠬᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠵᠢᠷᠤᠮᠵᠢᠯᠳᠡ ᠲᠦᠷᠢᠮᠵᠢᠯᠳᠡ ᠵᠢ ᠠᠬᠢᠭᠤᠯᠵᠠᠢ᠃ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠭᠦᠨᠵᠡᠭᠡᠶ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠨᠡᠢ᠌ᠭᠡᠮ ᠲᠣᠭᠣᠷᠢᠭ᠎ᠤᠨ ᠠᠵᠢᠯ ᠵᠶ᠋ᠠᠷ ᠲᠦᠰᠢᠭ ᠲᠤᠯᠭ᠋ᠠᠭᠤᠷᠢ ᠪᠣᠯᠭ᠋ᠠᠵᠤ᠂ ᠰᠢᠭᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠬᠦᠴᠦᠯᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠯᠡᠨ ᠠᠬᠢᠭᠤᠯᠪᠠ᠃ ᠴᠢᠩᠭ᠎ᠠ ᠰᠢᠯᠢᠨ ᠰᠣᠩᠭᠣᠬᠤ᠎ᠪᠠᠷ ᠳᠠᠮᠵᠢᠵᠤ᠂ ᠤᠯᠤᠰ᠎ᠤᠨ ᠦᠨᠳᠦᠰᠦᠲᠡᠨ᠎ᠤ ᠵᠥᠪᠯᠡᠯ᠎ᠳᠤ ᠡᠭᠦᠳᠦᠨ ᠪᠠᠢ᠌ᠭᠤᠯᠬᠤ ᠭᠣᠤᠯ ᠱᠤᠭᠤᠮ᠎ᠨᠢ ᠲᠣᠪᠣᠢ᠌ᠮ᠎ᠠ᠂ ᠠᠵᠢᠯ᠎ᠤᠨ ᠦᠷ᠎ᠡ ᠪᠦᠲᠦᠮᠵᠢ᠎ᠨᠢ ᠢᠯᠡᠷᠬᠡᠶ᠂ ᠣᠨᠴᠠᠯᠢᠭ᠎ᠨᠢ ᠢᠯᠡ ᠲᠣᠳᠣ ᠪᠠᠢ᠌ᠬᠤ 15 ᠭᠠᠵᠠᠷ ᠣᠷᠣᠨ ᠪᠠ ᠨᠢᠭᠡᠴᠢ ᠵᠢ ᠶᠢᠰᠦᠳᠦᠭᠡᠷ ᠪᠦᠯᠦᠭ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠭᠡᠴᠢ ᠵᠢᠨ ᠰᠢᠯᠭ᠋ᠠᠷᠠᠭᠤᠯᠤᠯᠳᠠ᠎ᠳᠤ ᠣᠷᠣᠯᠴᠠᠭᠤᠯᠵᠠᠶ᠃ ᠣᠳᠣᠬᠠᠨ᠎ᠳᠤ᠂ ᠳᠣᠯᠣᠳᠤᠭ᠋ᠠᠷ ᠪᠦᠯᠦᠭ᠎ᠤᠨ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠦᠨᠡᠯᠡᠨ ᠰᠢᠯᠭ᠋ᠠᠷᠠᠭᠤᠯᠵᠤ ᠨᠡᠷᠡᠢ᠌ᠳᠬᠦ ᠬᠠᠮᠢᠶ᠎ᠠ ᠪᠥᠬᠥᠶ ᠠᠵᠢᠯ᠎ᠢ ᠶᠠᠭ ᠥᠷᠨᠢᠭᠦᠯᠵᠦ ᠪᠣᠶ᠃

      ᠬᠥᠲᠥᠯᠥᠭᠴᠢ᠄ ᠰᠠᠶᠢ ᠲᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠢ᠌ᠳᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠬᠢᠨᠠᠨ ᠦᠨᠡᠯᠡᠬᠦ ᠵᠢᠭ᠋ᠠᠯᠳᠠ》 ᠵᠢ ᠳᠠᠷᠤᠮᠠᠯᠯᠠᠨ ᠲᠠᠷᠬᠠᠭ᠋ᠠᠪᠠ ᠬᠡᠵᠤ  ᠳᠤᠷᠠᠳᠪᠠ᠂ ᠲᠠ ᠣᠳᠣ ᠣᠯᠠᠨ᠎ᠳᠤ᠎ᠪᠠᠨ ᠡᠨᠡ ᠬᠣᠶᠠᠷ ᠪᠢᠴᠢᠭ ᠮᠠᠲᠸᠷᠢᠶᠠᠯ᠎ᠤᠨ ᠠᠭᠤᠯᠭ᠎ᠠ ᠵᠢᠴᠢ ᠠᠴᠢ ᠬᠣᠯᠪᠣᠭᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ᠃
      ᠶᠦᠨ ᠭᠦᠸᠧ ᠱᠧᠩ᠄ ᠡᠨᠡ ᠵᠢᠯ᠎ᠤᠨ 4 ᠳ᠋ᠦ᠍ᠬᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠳᠠᠷᠤᠮᠠᠯᠯᠠᠨ ᠲᠠᠷᠬᠠᠭ᠋ᠠᠭᠰᠠᠨ ᠡᠨᠡ ᠬᠦ᠌ 《ᠠᠷᠭ᠎ᠠ》 ᠪᠠ 《ᠬᠢᠨᠠᠨ ᠦᠨᠡᠯᠡᠬᠦ ᠵᠢᠭ᠋ᠠᠯᠳᠠ》 ᠪᠤᠯ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ᠂ ᠲᠥᠪ ᠬᠣᠷᠢᠶ᠎ᠠ ᠪᠠ ᠦᠪᠡᠷᠳᠡᠬᠡᠨ ᠵᠠᠰᠠᠬᠤ ᠤᠷᠤᠨ᠎ᠤ ᠦᠨᠳᠦᠰᠦᠲᠡᠨ᠎ᠤ ᠠᠵᠢᠯ᠎ᠤᠨ ᠲᠤᠬᠠᠢ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠵᠢᠨ ᠪᠣᠳᠠᠲᠠᠶ ᠠᠷᠭ᠎ᠠ ᠬᠡᠮᠵᠢᠶ᠎ᠡ ᠮᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠦᠨᠳᠦᠰᠦᠨ ᠴᠢᠭᠯᠡᠯ ᠪᠤᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠰᠢᠨ᠎ᠡ ᠪᠠᠢ᠌ᠳᠠᠯ ᠳᠣᠤᠷᠠᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠠᠴᠢᠶᠠᠯᠠᠪᠤᠷᠢ ᠵᠢᠨ ᠠᠷᠭ᠎ᠠ ᠬᠡᠯᠪᠡᠷᠢ᠎ᠨᠢ ᠵᠣᠬᠢᠴᠠᠬᠤ ᠥᠬᠡᠶ ᠪᠠᠢ᠌ᠬᠤ ᠵᠡᠷᠭᠡ ᠪᠠᠭᠤᠷᠠᠶ ᠭᠣᠭᠴᠣᠭ᠎ᠠ ᠵᠢ ᠬᠦᠴᠦᠯᠡᠨ ᠰᠢᠢ᠍ᠳᠪᠦᠷᠢᠯᠡᠵᠦ᠂ ᠰᠢᠨ᠎ᠡ ᠴᠠᠭ ᠦᠶ᠎ᠡ ᠵᠢᠨ ᠲᠡᠦᠬᠡ ᠵᠢᠨ ᠣᠷᠣᠨ ᠪᠠᠢ᠌ᠷᠢ᠎ᠲᠠᠢ ᠢᠳᠡᠪᠬᠢᠲᠡᠶ ᠵᠤᠬᠢᠴᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠪᠥᠬᠥ ᠲᠠᠯ᠎ᠠ᠎ᠪᠠᠷ  ᠬᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ ᠵᠢ ᠠᠬᠢᠭᠤᠯᠪᠠ᠃ 《ᠠᠷᠭ᠎ᠠ》᠎ᠳᠤ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ᠂ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠢ᠌ᠳᠬᠦ ᠲᠣᠭᠲᠠᠴᠠ᠂ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ᠂ ᠭᠠᠷᠬᠤ ᠲᠣᠭᠲᠠᠴᠠ ᠪᠠ ᠥᠪᠡᠰᠦᠪᠡᠨ ᠪᠠᠢ᠌ᠴᠠᠭ᠋ᠠᠬᠤ ᠲᠣᠭᠲᠠᠴᠠ ᠵᠢ ᠬᠡᠷᠡᠭᠵᠢᠭᠦᠯᠵᠦ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠢ᠌ᠳᠬᠦ ᠠᠵᠢᠯ᠎ᠢ ᠵᠢᠯ ᠪᠦᠷᠢ 1 ᠤᠳᠠᠭ᠎ᠠ ᠥᠷᠨᠢᠭᠦᠯᠵᠦ᠂ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠬᠡᠴᠢ ᠵᠢᠨ ᠨᠡᠷᠡᠢ᠌ᠳᠦᠯ᠎ᠤᠨ ᠬᠦᠴᠦᠨ᠎ᠲᠠᠢ ᠬᠤᠭᠤᠴᠠᠭ᠎ᠠ ᠵᠢ 5 ᠵᠢᠯ ᠵᠶ᠋ᠡᠷ ᠲᠣᠭᠲᠠᠭ᠋ᠠᠵᠤ᠂ ᠨᠡᠷᠡᠢ᠌ᠳᠦᠯ᠎ᠤᠨ  《ᠨᠠᠰᠤᠨ ᠲᠤᠷᠰᠢᠳᠠ ᠵᠢᠨ ᠲᠦᠷᠢᠮ》᠎ᠢ ᠡᠪᠳᠡᠪᠡ᠃ ᠡᠭᠦᠨ᠎ᠤ ᠬᠠᠮᠲᠤ᠂ 《ᠠᠷᠭ᠎ᠠ》᠎ᠳᠤ ᠪᠥᠬᠥ ᠤᠯᠤᠰ ᠪᠠ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ᠎ᠨᠦᠭᠦᠳ ᠵᠢᠯ ᠪᠦᠷᠢ ᠦᠪᠡᠰᠦᠪᠡᠨ ᠥᠪᠡᠷ᠎ᠢ᠎ᠪᠠᠨ ᠪᠠᠢ᠌ᠴᠠᠭ᠋ᠠᠵᠤ᠂ ᠪᠠᠢ᠌ᠴᠠᠭ᠋ᠠᠨ ᠢᠯᠡᠷᠡᠭᠦᠯᠦᠭᠰᠡᠨ ᠠᠰᠠᠭᠤᠳᠠᠯ ᠵᠶ᠋ᠠᠨ ᠴᠠᠭ ᠲᠤᠬᠠᠶ᠎ᠳᠤ᠎ᠨᠢ ᠴᠡᠭᠴᠡᠯᠡᠨ ᠰᠠᠢ᠌ᠵᠢᠷᠠᠭᠤᠯᠵᠤ᠂ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢᠨ ᠥᠪᠡᠷ᠎ᠢ᠎ᠪᠠᠨ ᠲᠡᠭᠦᠯᠳᠡᠷᠵᠢᠭᠦᠯᠬᠦ ᠪᠠ ᠥᠪᠡᠷ᠎ᠢ᠎ᠪᠠᠨ ᠳᠡᠭᠡᠭᠰᠢᠯᠡᠭᠦᠯᠬᠦ ᠵᠢ ᠪᠦᠲᠦᠮᠵᠢᠲᠡᠶ ᠱᠠᠭ᠋ᠠᠷᠳᠠᠵᠤ᠂ ᠡᠭᠦᠳᠦᠨ ᠪᠠᠢ᠌ᠭᠤᠯᠬᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠲᠣᠭᠲᠠᠭ᠋ᠠᠪᠠ᠃ 《ᠬᠢᠨᠡᠨ ᠦᠨᠡᠯᠡᠬᠦ ᠵᠢᠭ᠋ᠠᠯᠳᠠ》᠎ᠳᠤ ᠵᠢᠱ᠌ᠢᠶ᠎ᠡ ᠦᠵᠡᠭᠦᠯᠬᠦ ᠬᠣᠰᠢᠭᠤ ᠰᠢᠶᠠᠨ (ᠬᠣᠲᠠ᠂ ᠲᠣᠭᠣᠷᠢᠭ)᠂ ᠵᠢᠱ᠌ᠢᠶ᠎ᠡ ᠦᠵᠡᠭᠦᠯᠬᠦ ᠠᠯᠪᠠᠨ ᠪᠠᠢ᠌ᠭᠤᠯᠭ᠎ᠠ᠂ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠂ ᠵᠢᠱ᠌ᠢᠶ᠎ᠡ ᠦᠵᠡᠭᠦᠯᠬᠦ ᠰᠢᠶᠠᠩ ᠪᠠᠯᠭ᠋ᠠᠰᠤ (ᠰᠤᠮᠤ)᠂ ᠵᠢᠱ᠌ᠢᠶ᠎ᠡ ᠦᠵᠡᠭᠦᠯᠬᠦ ᠨᠡᠢ᠌ᠭᠡᠮ ᠲᠣᠭᠣᠷᠢᠭ᠂ ᠵᠢᠱ᠌ᠢᠶ᠎ᠡ ᠦᠵᠡᠭᠦᠯᠬᠦ ᠰᠤᠷᠭ᠋ᠠᠭᠤᠯᠢ᠂ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ᠂ ᠵᠢᠱ᠌ᠢᠶ᠎ᠡ ᠦᠵᠡᠭᠦᠯᠬᠦ ᠴᠡᠷᠢᠭ ᠠᠩᠭᠢ᠂ ᠵᠢᠱ᠌ᠢᠶ᠎ᠡ ᠦᠵᠡᠭᠦᠯᠬᠦ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ ᠭᠠᠵᠠᠷ ᠵᠡᠷᠭᠡ 9 ᠲᠥᠷᠥᠯ᠎ᠤᠨ ᠭᠦᠢ᠍ᠴᠡᠳᠬᠡᠬᠦ ᠪᠠᠷᠢᠮᠵᠢᠶ᠎ᠠ ᠵᠢ ᠪᠠᠭᠳᠠᠭ᠋ᠠᠵᠤ᠂ ᠨᠡᠢ᠌ᠲᠡᠴᠢ ᠴᠢᠨᠠᠷᠲᠠᠶ ᠲᠣᠭᠲᠠᠭ᠋ᠠᠯ᠎ᠲᠠᠢ ᠮᠥᠷᠲᠡᠭᠡᠨ ᠪᠠᠰᠠ ᠲᠣᠰ ᠪᠡᠶ᠎ᠡ ᠵᠢᠨ ᠪᠣᠳᠠᠲᠤ ᠪᠠᠢ᠌ᠳᠠᠯ᠎ᠳᠤ᠎ᠨᠢ ᠨᠡᠢ᠌ᠴᠡᠭᠰᠡᠨ ᠥᠪᠡᠷᠮᠢᠴᠡ ᠴᠢᠨᠠᠷ᠎ᠤᠨ ᠱᠠᠭ᠋ᠠᠷᠳᠠᠯᠭ᠎ᠠ᠎ᠲᠠᠢ ᠪᠤᠯᠵᠠᠢ᠃ 《ᠬᠢᠨᠠᠨ ᠦᠨᠡᠯᠡᠬᠦ ᠵᠢᠭ᠋ᠠᠯᠳᠠ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠲᠠᠯ᠎ᠠ᠎ᠳᠤ ᠣᠷᠣᠭᠤᠯᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠪᠣᠯᠤᠨ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠲᠦᠭᠡᠮᠡᠯᠵᠢᠭᠦᠯᠬᠦ ᠵᠢ ᠴᠢᠬᠤᠯᠠ ᠠᠭᠤᠯᠭ᠎ᠠ ᠪᠣᠯᠭ᠋ᠠᠨ ᠣᠷᠣᠭᠤᠯᠵᠤ᠂ ᠡᠭᠦᠳᠦᠨ ᠪᠠᠢ᠌ᠭᠤᠯᠬᠤ ᠠᠵᠢᠯ᠎ᠤᠨ ᠳᠦᠷᠢᠮᠵᠢᠯᠲᠡ᠂ ᠪᠠᠷᠢᠮᠵᠢᠶᠠᠵᠢᠯᠲᠠ ᠵᠢ ᠤᠯᠠᠮ ᠴᠠᠭ᠋ᠠᠰᠢᠳᠠ ᠠᠬᠢᠭᠤᠯᠪᠠ᠃

      ᠬᠥᠲᠥᠯᠥᠭᠴᠢ᠄ ᠲᠠ ᠪᠠᠰᠠ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠬᠤ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ ᠲᠤᠬᠠᠶ ᠳᠤᠷᠠᠳᠴᠠᠢ᠂ ᠲᠠ ᠲᠤᠰ ᠲᠥᠰᠦᠯ᠎ᠤᠨ ᠦᠨᠳᠦᠰᠦᠨ ᠠᠭᠤᠯᠭ᠎ᠠ ᠪᠠ ᠴᠢᠬᠤᠯᠠ ᠠᠴᠢ ᠬᠣᠯᠪᠣᠭᠳᠠᠯ᠎ᠢ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠤᠤ᠃

      ᠶᠦᠨ ᠭᠦᠸᠧ ᠱᠧᠩ᠄ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠠᠮᠲᠤᠷᠠᠨ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠬᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠭᠦᠨᠵᠡᠭᠡᠶ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠲᠥᠰᠦᠯ᠎ᠳᠤ ᠲᠤᠯᠤᠭ᠋ᠠᠨ ᠵᠦᠢᠯ᠎ᠤᠨ ᠭᠣᠤᠯᠳᠠᠯᠭ᠎ᠠ᠎ᠲᠠᠢ ᠠᠵᠢᠯ᠎ᠢ ᠵᠣᠬᠢᠶᠠᠨ ᠪᠠᠢ᠌ᠭᠤᠯᠵᠤ ᠲᠣᠬᠢᠷᠠᠭᠤᠯᠪᠠ᠄ ᠨᠢᠭᠡ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠦᠨ᠎ᠡ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠬᠠᠤᠯᠢ ᠲᠣᠭᠲᠠᠭ᠋ᠠᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠥᠷᠭᠡᠨ ᠵᠶ᠋ᠡᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ 《ᠲᠠᠪᠤᠨ ᠮᠡᠳᠡᠷᠡᠬᠦᠢ》 ᠵᠢ᠎ᠨᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ᠃ ᠬᠣᠶᠠᠷ᠎ᠲᠤ᠂ ᠰᠢᠭᠢᠳᠬᠡᠯᠲᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠪᠠᠢ᠌ᠭᠤᠯᠤᠨ᠎ᠠ᠃ ᠨᠡᠢ᠌ᠭᠡᠮ ᠲᠣᠭᠣᠷᠢᠭ᠂ ᠰᠠᠭᠤᠭ᠋ᠠᠯᠢ ᠠᠷᠠᠳ᠎ᠤᠨ ᠲᠣᠭᠣᠷᠢᠭ᠂ ᠠᠰᠠᠷ᠎ᠤᠨ ᠣᠷᠣᠴᠠ ᠪᠦᠷᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ᠎ᠳᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ 《ᠵᠢᠵᠢᠭ ᠰᠠᠵᠢᠭ ᠠᠵᠢᠯᠯᠠᠭ᠎ᠠ》 ᠵᠢ ᠶᠡᠬᠡ᠎ᠪᠠᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠯᠵᠤ ᠪᠣᠯᠤᠰᠢ ᠥᠬᠡᠶ ᠬᠠᠮᠲᠤ ᠵᠢᠨ ᠨᠢᠭᠲᠠ ᠬᠠᠷᠢᠴᠠᠭ᠎ᠠ ᠵᠢ ᠪᠦᠷᠢᠯᠳᠦᠭᠦᠯᠬᠦ ᠵᠢ ᠠᠬᠢᠭᠤᠯᠤᠨ᠎ᠠ᠃ ᠭᠤᠷᠪᠠ᠎ᠳᠤ᠂ ᠬᠤᠳᠠ ᠵᠢᠨ ᠨᠡᠭᠦᠳᠡᠯ ᠬᠥᠮᠦᠨ ᠠᠮᠠ ᠵᠢᠨ ᠦᠢ᠍ᠯᠡᠴᠢᠯᠡᠭᠡ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠲᠡᠭᠰᠢ ᠰᠠᠴᠠᠭᠤ᠂ ᠨᠠᠷᠢᠯᠢᠭ ᠣᠨᠣᠪᠴᠢᠲᠠᠶ ᠣᠯᠠᠨ ᠨᠡᠢ᠌ᠲᠡ ᠵᠢᠨ ᠦᠢᠯᠡᠴᠢᠯᠡᠭᠡ ᠵᠢ ᠬᠠᠤᠯᠢ ᠶᠣᠰᠣᠭ᠋ᠠᠷ ᠬᠠᠩᠭ᠋ᠠᠵᠤ᠂ ᠠᠵᠢᠯ ᠣᠯᠭᠣᠯᠲᠠ ᠵᠢᠨ ᠬᠠᠪᠰᠤᠷᠤᠯᠭ᠎ᠠ ᠲᠡᠮᠵᠢᠯᠬᠡ᠂ ᠣᠷᠣᠨ ᠰᠠᠭᠤᠴᠠ ᠨᠠᠰᠤᠵᠢᠯ᠎ᠤᠨ ᠠᠰᠠᠷᠠᠮᠵᠢ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠂ ᠬᠠᠤᠯᠢ ᠴᠠᠭ᠋ᠠᠵᠠ᠎ᠪᠠᠷ ᠡᠷᠬᠡ ᠠᠰᠢᠭ ᠵᠶ᠋ᠠᠨ ᠬᠠᠮᠠᠭ᠋ᠠᠯᠠᠬᠤ ᠵᠡᠷᠭᠡ ᠠᠵᠢᠯ᠎ᠢ ᠢᠳᠡᠪᠬᠢᠲᠡᠶ᠎ᠪᠠᠷ ᠬᠠᠪᠰᠤᠷᠤᠨ ᠰᠠᠢ᠌ᠲᠤᠷ ᠬᠢᠨ᠎ᠠ᠃ ᠳᠥᠷᠪᠡ᠎ᠳᠤ᠂ ᠦᠨᠳᠦᠰᠦᠲᠡᠨ᠎ᠨᠦᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠪᠠᠳᠤᠯᠠᠨ᠎ᠠ᠃ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ᠎ᠨᠦᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠲᠠᠪᠤ᠎ᠳᠤ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠤᠷᠤᠭᠤᠯᠬᠤ + ᠨᠠᠮ᠎ᠤᠨ ᠪᠠᠢ᠌ᠭᠤᠯᠤᠯᠲᠠ》 ᠵᠢᠨ ᠠᠵᠢᠯᠯᠠᠭ᠎ᠠ ᠵᠢ ᠥᠷᠨᠢᠭᠦᠯᠦᠨ᠎ᠡ᠃ 《ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠬᠤ》᠂ 《ᠨᠠᠮ᠎ᠤᠨ ᠰᠦᠯᠳᠡ ᠵᠢᠨ ᠲᠤᠶᠠᠭ᠋ᠠᠨ᠎ᠳᠤ ᠠᠨᠠᠷ ᠤᠯᠠᠢ᠌ᠨ᠎ᠠ》 ᠵᠡᠷᠭᠡ ᠨᠠᠮ᠎ᠤᠨ ᠪᠠᠢ᠌ᠭᠤᠯᠤᠯᠲᠠ ᠵᠢᠨ ᠬᠣᠯᠪᠣᠭ᠋ᠠᠲᠤ ᠴᠣᠭᠴᠠ ᠵᠢᠨ ᠲᠥᠷᠥᠯ ᠲᠡᠮᠳᠡᠭ᠎ᠢ ᠡᠭᠦᠳᠴᠦ᠂ ᠨᠠᠮ᠎ᠤᠨ ᠪᠠᠢ᠌ᠭᠤᠯᠤᠯᠲᠠ ᠬᠢᠭᠡᠳ ᠡᠭᠦᠳᠦᠨ ᠪᠠᠢ᠌ᠭᠤᠯᠬᠤ ᠠᠵᠢᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠵᠢᠷᠭᠤᠭ᠎ᠠ᠎ᠳᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠡᠢ᠌ᠭᠡᠮ ᠲᠣᠭᠣᠷᠢᠭ᠎ᠢ ᠢᠳᠡᠪᠬᠢᠲᠡᠶ ᠴᠢᠷᠮᠠᠢ᠌ᠨ ᠡᠭᠦᠳᠦᠨ ᠪᠠᠢ᠌ᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠲᠠᠯ᠎ᠠ᠎ᠪᠠᠷ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠲᠠᠢ ᠨᠢᠭᠡ ᠪᠦᠯᠦᠭ ᠨᠡᠢ᠌ᠲᠡᠯᠢᠭ ᠨᠡᠢ᠌ᠭᠡᠮ ᠲᠣᠭᠣᠷᠢᠭ᠎ᠢ ᠨᠠᠷᠢᠨ ᠨᠢᠮᠪᠠᠶ ᠰᠣᠩᠭᠣᠨ ᠬᠦᠮᠦᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠤᠷᠤᠭᠤᠯᠬᠤ ᠠᠵᠢᠯ᠎ᠤᠨ ᠰᠢᠨ᠎ᠡ ᠵᠢ ᠡᠭᠦᠳᠦᠨ ᠥᠷᠨᠢᠭᠦᠯᠬᠦ ᠵᠢ ᠠᠬᠢᠭᠤᠯᠤᠨ᠎ᠠ᠃ ᠳᠣᠯᠣᠭ᠎ᠠ᠎ᠳᠤ᠂ ᠨᠡᠢ᠌ᠭᠡᠮ ᠲᠣᠭᠣᠷᠢᠭ᠎ᠤᠨ ᠺᠠᠳ᠋ᠷ᠂ ᠨᠡᠢ᠌ᠭᠡᠮ ᠲᠣᠭᠣᠷᠢᠭ᠎ᠤᠨ ᠰᠠᠢ᠌ᠨ ᠳᠤᠷᠠᠴᠤᠳ ᠪᠣᠯᠤᠨ ᠨᠡᠢ᠌ᠭᠡᠮ᠎ᠤᠨ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠨᠡᠢ᠌ᠭᠡᠮ ᠲᠣᠭᠣᠷᠢᠭ᠎ᠤᠨ ᠡᠯ᠎ᠡ ᠵᠦᠢ᠍ᠯ᠎ᠤᠨ ᠠᠵᠢᠯ᠎ᠲᠠᠢ ᠨᠢᠭᠲᠠ ᠤᠶᠠᠯᠳᠤᠭᠤᠯᠵᠤ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠰᠠᠢ᠌ᠲᠤᠷ ᠬᠢᠬᠦ ᠬᠠᠮᠲᠤᠷᠠᠯ᠎ᠤᠨ ᠬᠦᠴᠦᠨ᠎ᠢ ᠪᠣᠶ ᠪᠤᠯᠭ᠋ᠠᠨ᠎ᠠ᠃

      ᠬᠥᠲᠥᠯᠥᠭᠴᠢ᠄ ᠶᠦᠨ ᠡᠷᠬᠢᠯᠡᠭᠴᠢ ᠡ᠂ ᠢᠷᠡᠬᠦ ᠵᠢᠯ᠎ᠤᠨ ᠮᠠᠨ᠎ᠤ ᠣᠷᠣᠨ᠎ᠤ ᠡᠭᠦᠳᠦᠨ ᠪᠠᠢ᠌ᠭᠤᠯᠬᠤ ᠠᠵᠢᠯ᠎ᠳᠤ ᠶᠠᠮᠠᠷ ᠶᠠᠮᠠᠷ ᠭᠣᠤᠯᠳᠠᠯᠭ᠎ᠠ᠎ᠲᠠᠢ ᠠᠷᠭ᠎ᠠ ᠬᠡᠮᠵᠢᠶ᠎ᠡ ᠠᠪᠬᠤ ᠲᠤᠬᠠᠢ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠤᠤ?
      ᠶᠦᠨ ᠭᠦᠸᠧ ᠱᠧᠩ᠄ ᠲᠠᠷᠠᠭ᠋ᠠᠴᠢ ᠵᠢᠨ ᠠᠯᠬᠤᠮ᠎ᠳᠤ᠂ ᠪᠢᠳᠡ ᠤᠯᠤᠰ ᠲᠥᠷᠥ ᠵᠢᠨ ᠵᠣᠭᠰᠣᠴᠠ᠎ᠪᠠᠨ ᠤᠯᠠᠮ ᠴᠠᠭ᠋ᠠᠰᠢᠳᠠ ᠳᠡᠭᠡᠭᠰᠢᠯᠡᠭᠦᠯᠵᠦ᠂ 《ᠤᠯᠤᠰ᠎ᠤᠨ ᠲᠤᠮᠤ ᠶᠠᠪᠤᠳᠠᠯ》᠎ᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠪᠥᠬᠥ ᠲᠠᠯ᠎ᠠ᠎ᠳᠤ ᠰᠠᠭᠤᠷᠢᠯᠠᠵᠤ᠂ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠠ 《ᠬᠥᠲᠥᠯᠪᠦᠷᠢ》 ᠪᠣᠯᠭ᠋ᠠᠵᠤ᠂ ᠠᠭᠤᠯᠤᠭᠳᠠᠬᠤᠨ᠎ᠢ ᠬᠦᠴᠦᠯᠡᠨ ᠭᠦᠨᠵᠡᠭᠡᠢ᠌ᠷᠡᠭᠦᠯᠵᠦ᠂ ᠬᠡᠯᠪᠡᠷᠢ ᠵᠢ ᠪᠠᠶᠠᠯᠢᠭᠵᠢᠭᠤᠯᠵᠤ᠂ ᠠᠷᠭ᠎ᠠ ᠵᠢᠨ ᠰᠢᠨ᠎ᠡ ᠵᠢ ᠡᠭᠦᠳᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠬᠦᠴᠦᠯᠡᠨ ᠪᠠᠢ᠌ᠭᠤᠯᠤᠨ᠎ᠠ᠃ ᠨᠢᠭᠡ᠎ᠳᠤ᠂ ᠪᠥᠬᠥ ᠣᠷᠣᠨ᠎ᠤ ᠡᠯ᠎ᠡ ᠠᠢ᠌ᠮᠠᠭ ᠬᠣᠲᠠ ᠵᠢᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠱᠠᠯᠠᠪᠳᠠᠭᠤᠯᠤᠨ ᠪᠠᠢ᠌ᠴᠠᠭ᠋ᠠᠬᠤ ᠵᠢ ᠴᠢᠩᠭ᠋ᠠᠳᠬᠠᠵᠤ᠂ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠭᠦᠨᠵᠡᠭᠡᠶ ᠪᠠᠢ᠌ᠴᠠᠭ᠋ᠠᠨ ᠡᠷᠢᠵᠦ᠂ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠤᠨ ᠠᠬᠢᠭᠤᠯᠵᠤ᠂ ᠡᠭᠦᠳᠦᠨ ᠪᠠᠢ᠌ᠭᠤᠯᠬᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃ ᠬᠣᠶᠠᠷ᠎ᠲᠤ᠂ ᠨᠡᠢ᠌ᠲᠡᠯᠢᠭ ᠵᠢᠱ᠌ᠢᠶ᠎ᠡ ᠵᠢ ᠬᠦᠮᠦᠵᠢᠭᠦᠯᠬᠦ ᠠᠵᠢᠯ᠎ᠢ ᠴᠢᠩᠭ᠋ᠠᠳᠬᠠᠨ᠎ᠠ᠃ ᠨᠠᠢᠮᠠᠳᠤᠭ᠋ᠠᠷ ᠪᠦᠯᠦᠭ᠎ᠤᠨ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ  ᠣᠷᠣᠨ ᠲᠣᠭᠣᠷᠢᠭ᠂ ᠵᠢᠱ᠌ᠢᠶ᠎ᠡ ᠦᠵᠡᠭᠦᠯᠬᠦ ᠨᠢᠬᠡᠴᠢ ᠵᠢ ᠰᠢᠯᠭ᠋ᠠᠷᠠᠭᠤᠯᠤᠨ ᠨᠡᠷᠡᠢ᠌ᠳᠬᠦ ᠠᠵᠢᠯ᠎ᠢ ᠥᠷᠨᠢᠭᠦᠯᠦᠨ᠎ᠡ; ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠲᠤᠭᠤᠷᠢᠭ᠂ ᠵᠢᠱ᠌ᠢᠶ᠎ᠡ ᠦᠵᠡᠭᠦᠯᠬᠦ ᠨᠢᠭᠡᠴᠢ ᠵᠢ ᠰᠤᠩᠭᠤᠨ ᠳᠡᠪᠰᠢᠭᠦᠯᠬᠦ ᠠᠵᠢᠯ᠎ᠢ ᠬᠢᠨᠠᠮᠠᠭ᠋ᠠᠶ ᠰᠠᠢ᠌ᠲᠤᠷ ᠬᠢᠨ᠎ᠠ᠃ ᠭᠤᠷᠪᠠ᠎ᠳᠤ᠂ ᠰᠤᠷᠤᠯᠴᠠᠬᠤ ᠲᠠᠪᠴᠠᠩ᠎ᠢ ᠢᠳᠡᠪᠬᠢᠲᠡᠶ ᠪᠠᠢ᠌ᠭᠤᠯᠤᠨ᠎ᠠ᠃ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠵᠣᠬᠢᠶᠠᠨ ᠪᠠᠢ᠌ᠭᠤᠯᠤᠨ ᠰᠠᠢ᠌ᠲᠤᠷ ᠡᠷᠬᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠢᠮᠠᠭᠲᠠ ᠲᠤᠭᠤᠰᠢᠯᠠᠭᠤᠯᠤᠨ᠎ᠠ᠃ ᠳᠥᠷᠪᠡ᠎ᠳᠤ᠂ ᠤᠬᠠᠭᠤᠯᠭ᠎ᠠ ᠬᠥᠮᠦᠵᠢᠯ᠎ᠤᠨ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ 《ᠲᠠᠪᠤᠨ ᠮᠡᠳᠡᠷᠡᠬᠦᠢ》 ᠵᠢᠨ ᠦᠵᠡᠯ ᠰᠠᠨᠠᠭ᠎ᠠ ᠵᠢ ᠲᠠᠰᠤᠷᠠᠯᠲᠠ ᠤᠢ᠍ᠭᠡᠢ ᠨᠡᠮᠡᠭᠳᠡᠭᠦᠯᠦᠨ᠎ᠡ᠃

      ᠬᠥᠲᠥᠯᠥᠭᠴᠢ᠄ ᠶᠦᠨ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠢ᠌ᠯᠤᠮᠵᠢ ᠬᠢᠭᠰᠡᠨ᠎ᠳᠤ ᠲᠠᠯᠠᠷᠬᠠᠵᠤ ᠪᠠᠢ᠌ᠨ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠶᠠᠷᠢᠶᠠᠨ᠎ᠤ ᠰᠡᠳᠦᠪ ᠪᠠᠰᠠ ᠮᠠᠰᠢ ᠣᠯᠠᠨ ᠪᠠᠢ᠌ᠨ᠎ᠠ᠂ ᠭᠡᠪᠡᠴᠦ ᠴᠠᠭ᠎ᠤᠨ ᠬᠠᠷᠠᠭ᠎ᠠ᠎ᠠᠴᠠ ᠪᠣᠯᠵᠣ᠂ ᠥᠨᠥᠳᠦᠷ᠎ᠤᠨ ᠰᠤᠷᠪᠤᠯᠵᠢᠯᠠᠭ᠎ᠠ᠎ᠪᠠᠨ ᠡᠨᠳᠡ ᠬᠦᠷᠬᠡᠶ᠎ᠡ᠃ ᠳᠠᠷᠠᠭ᠎ᠠ ᠤᠳᠠᠭ᠎ᠠ ᠵᠠᠪᠰᠢᠶᠠᠨ᠎ᠲᠠᠢ ᠪᠣᠯ ᠰᠦᠯᠵᠢᠶᠡᠨ᠎ᠤ ᠨᠠᠢ᠌ᠵᠠ ᠨᠠᠷ᠎ᠲᠠᠢ᠎ᠪᠠᠨ ᠬᠠᠮᠲᠤ ᠶᠠᠷᠢᠯᠴᠠᠬᠤ ᠵᠢ ᠬᠦᠰᠡᠵᠦ ᠪᠠᠢ᠌ᠨ᠎ᠠ᠂ ᠥᠷᠭᠡᠨ ᠣᠯᠠᠨ ᠰᠦᠯᠵᠢᠶᠡᠨ᠎ᠤ  ᠠᠨᠳᠠ ᠨᠠᠷ᠎ᠤᠨ ᠲᠣᠰ ᠤᠳᠠᠭ᠋ᠠᠨ᠎ᠤ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ! ᠪᠠᠶᠠᠷᠲᠠᠶ!

      ᠶᠦᠨ ᠭᠦᠸᠧ ᠱᠧᠩ᠄ ᠬᠥᠲᠥᠯᠥᠭᠴᠢ᠎ᠳᠤ ᠪᠠᠶᠠᠷᠯᠠᠯ᠎ᠠ᠂ ᠲᠠ ᠣᠯᠠᠨ᠎ᠳᠤ ᠪᠠᠶᠠᠷᠯᠠᠯ᠎ᠠ᠂ ᠪᠠᠶᠠᠷᠲᠠᠶ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ