ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠡᠬᠢ ᠪᠠᠶᠠᠯᠢᠭ ᠪᠣᠯᠭ᠋ᠠᠪᠠᠯ ᠵᠣᠬᠢᠨ᠎ᠠ — ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠲᠠᠰᠤᠭ᠎ᠤᠨ ᠡᠷᠬᠢᠯᠡᠭᠴᠢ ᠵᠠᠩ ᠮᠸᠦ ᠵᠢ ᠰᠤᠷᠪᠤᠯᠵᠢᠯᠠᠭᠰᠠᠨ᠎ᠨᠢ
ᠨᠡᠶ᠋ᠢᠲᠡᠯᠡᠭᠰᠡᠨ ᠴᠠᠭ᠄ 2021-07-18

      ᠨᠠᠢ᠌ᠷᠠᠭᠤᠯᠤᠭᠴᠢ ᠵᠢᠨ ᠦᠭᠡ᠄ 2019 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ᠎ᠳᠤ᠄ 《ᠮᠣᠩᠭᠣᠯ ᠬᠡᠯᠡᠨ᠎ᠤ ᠰᠤᠳᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠲᠡᠭᠦᠨ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠵᠣᠷᠢᠭᠵᠢᠭᠤᠯᠬᠤ ᠬᠡᠷᠡᠭᠲᠡᠶ》 ᠬᠡᠵᠤ ᠵᠢᠭ᠋ᠠᠨ ᠭᠠᠷᠭ᠋ᠠᠵᠡᠢ᠃ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ᠎ᠳᠤ ᠰᠢᠨ᠎ᠡ ᠴᠠᠭ ᠦᠶ᠎ᠡ ᠵᠢᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠰᠠᠢ᠌ᠲᠤᠷ ᠬᠢᠬᠦ ᠲᠣᠳᠣᠷᠬᠠᠢ ᠱᠠᠭ᠋ᠠᠷᠳᠠᠯᠭ᠎ᠠ ᠵᠢ ᠳᠤᠷᠠᠳᠴᠤ᠂ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ᠎ᠪᠠᠨ ᠲᠠᠯᠪᠢᠵᠠᠢ᠃ ᠨᠢᠭᠡ ᠵᠢᠯ᠎ᠤᠨ ᠲᠤᠷᠰᠢ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠣᠯᠪᠣᠭᠳᠠᠯ ᠪᠥᠬᠥᠶ ᠲᠠᠯ᠎ᠠ ᠵᠢᠨ ᠬᠦᠴᠦᠲᠡᠶ ᠳᠡᠮᠵᠢᠯᠭᠡ᠎ᠪᠠᠷ᠂ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠰᠢᠰᠲᠸᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ᠎ᠤᠨ ᠠᠵᠢᠯ ᠴᠣ᠋ ᠰᠢᠨ᠎ᠡ ᠠᠬᠢᠴᠠ᠎ᠲᠠᠢ ᠪᠣᠯᠪᠠ᠃ ᠣᠢ᠌ᠷ᠎ᠠ᠎ᠳᠤ᠂ ᠲᠤᠰ ᠰᠣᠨᠢᠨ᠎ᠤ ᠰᠤᠷᠪᠤᠯᠵᠢᠯᠠᠭᠴᠢ ᠰᠢᠨ᠎ᠡ ᠴᠠᠭ ᠦᠶ᠎ᠡ ᠵᠢᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠬᠦ ᠠᠵᠢᠯ᠎ᠢ ᠬᠡᠷᠬᠢᠨ ᠰᠠᠢ᠌ᠲᠤᠷ ᠬᠢᠬᠦ ᠲᠤᠬᠠᠶ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠲᠠᠰᠤᠭ᠎ᠤᠨ ᠡᠷᠬᠢᠯᠡᠭᠴᠢ ᠵᠠᠩ ᠮᠸᠤ ᠵᠢ ᠲᠤᠰᠬᠠᠢ᠌ᠯᠠᠨ ᠰᠤᠷᠪᠤᠯᠵᠢᠯᠠᠪᠠ᠃
      ᠰᠤᠷᠪᠤᠯᠵᠢᠯᠠᠭᠴᠢ᠄ 2019 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠬᠢᠪᠠ᠃ ᠨᠢᠬᠡ ᠵᠢᠯ᠎ᠤᠨ ᠳᠠᠷᠠᠭ᠎ᠠ᠂ ᠶᠡᠷᠦᠩᠬᠡᠶ ᠱᠦᠵᠢ ᠵᠢᠨ ᠴᠢᠬᠤᠯᠠ ᠥᠭᠦᠯᠡᠯᠲᠡ ᠵᠢ ᠳᠠᠬᠢᠨ ᠡᠷᠭᠢᠴᠡᠭᠦᠯᠪᠡᠯ᠂ ᠲᠠᠨ᠎ᠳᠤ ᠶᠠᠮᠠᠷ ᠶᠠᠮᠠᠷ ᠰᠢᠨ᠎ᠡ ᠣᠢ᠌ᠯᠠᠭ᠋ᠠᠯᠲᠠ ᠪᠠ ᠲᠠᠨᠢᠯᠲᠠ᠎ᠲᠠᠢ ᠪᠣᠯᠣᠭᠰᠠᠨ ᠪᠣᠶ?
      ᠵᠠᠩ ᠮᠸᠤ᠄ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ᠎ᠨᠢ ᠨᠠᠮ᠎ᠤᠨ ᠲᠥᠪ ᠬᠣᠷᠢᠢ᠎ᠠ᠎ᠠᠴᠠ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠢ ᠳᠡᠭᠡᠳᠦ ᠬᠡᠮᠵᠢᠢ᠎ᠡ᠎ᠪᠠᠷ   ᠴᠢᠬᠤᠯᠠᠴᠢᠯᠠᠨ ᠦᠵᠡᠵᠤ ᠪᠠᠢ᠌ᠬᠤ ᠵᠢ ᠭᠦᠢ᠍ᠴᠡᠳ ᠬᠠᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯᠲᠠᠳ᠎ᠲᠤ ᠯᠤᠲᠤ ᠶᠡᠬᠡ ᠵᠣᠷᠢᠭᠵᠢᠭᠤᠯᠤᠯ ᠪᠠ ᠬᠦᠴᠦᠲᠡᠢ ᠱᠠᠭ᠋ᠠᠷᠳᠠᠯᠭ᠎ᠠ ᠪᠣᠯᠤᠭᠰᠠᠨ ᠪᠠᠢ᠌ᠨ᠎ᠠ᠃ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ᠎ᠨᠢ ᠲᠣᠪᠴᠢ ᠠᠪᠰᠠᠷᠬᠠᠨ ᠤᠳᠬ᠎ᠠ ᠲᠡᠭᠦᠯᠳᠡᠷ᠂ ᠯᠣᠬᠢᠭᠴᠢ ᠴᠢᠨᠠᠷ ᠵᠶ᠋ᠠᠷ ᠨᠢᠭᠲᠠ ᠴᠢᠩᠭ᠎ᠠ᠂ ᠠᠭᠤᠯᠤᠭᠳᠠᠬᠤᠨ ᠲᠠᠯᠠᠢ ᠪᠠᠶᠠᠯᠢᠭ ᠪᠠᠢ᠌ᠵᠤ᠂ ᠰᠢᠨ᠎ᠡ ᠴᠠᠭ ᠦᠶ᠎ᠡ ᠵᠢᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠳᠤ ᠤᠷᠤᠭᠰᠢᠯᠠᠯᠳᠠ ᠵᠢᠨ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠨᠢᠭᠡ᠎ᠳᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠦᠨᠳᠦᠰᠦᠨ ᠡᠭᠦᠷᠭᠡ ᠴᠢᠳᠠᠪᠤᠷᠢ ᠵᠢ ᠭᠦᠨᠵᠡᠭᠡᠢ ᠲᠣᠳᠣᠷᠬᠠᠢ᠌ᠯᠠᠨ ᠥᠭᠦᠯᠡᠪᠡ᠂ ᠡᠨᠡ᠎ᠨᠢ ᠰᠤᠳᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠭᠦᠨ ᠵᠤᠵᠠᠭ᠋ᠠᠨ ᠰᠣᠶᠣᠯ᠎ᠤᠨ ᠳᠤᠷᠠᠰᠤᠮᠵᠢ ᠵᠢ ᠠᠴᠢᠶᠠᠯᠠᠵᠤ᠂ ᠳᠠᠬᠢᠨ ᠡᠭᠦᠰᠴᠦ ᠪᠣᠯᠤᠰᠢ ᠦᠭᠡᠢ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯ᠎ᠢ ᠥᠨᠢ ᠤᠳᠠᠭ᠋ᠠᠨ ᠬᠠᠳᠠᠭ᠋ᠠᠯᠠᠬᠤ ᠶᠠᠪᠤᠳᠠᠯ ᠪᠣᠯᠤᠨ᠎ᠠ᠃ ᠬᠣᠶᠠᠷ᠎ᠲᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠵᠠᠩᠭᠢᠯᠠᠭ᠎ᠠ ᠵᠢᠨ ᠲᠠᠯ᠎ᠠ᠎ᠪᠠᠷ ᠭᠦᠨᠵᠡᠭᠡᠢ ᠲᠣᠳᠣᠷᠬᠠᠢ᠌ᠯᠠᠨ ᠥᠭᠦᠯᠡᠪᠡ᠂ ᠡᠨᠡ᠎ᠨᠢ ᠲᠡᠭᠦᠨ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠭᠦᠨᠵᠡᠭᠡᠢ ᠠᠭᠤᠳᠠᠯᠤᠨ ᠪᠠᠳᠠᠷᠠᠭᠤᠯᠵᠤ᠂ 《ᠬᠠᠭᠤᠴᠢᠨ᠎ᠢ ᠤᠭᠤᠷᠴᠤ ᠰᠢᠨ᠎ᠡ ᠵᠢ ᠡᠭᠦᠳᠬᠦ》 ᠳᠤᠮᠳᠠ 《ᠡᠷᠲᠡᠨ᠎ᠤ᠎ᠬᠢ ᠵᠢ ᠡᠳᠦᠭᠡ᠎ᠳᠤ ᠦᠢ᠍ᠯᠡᠴᠢᠯᠡᠭᠦᠯᠬᠦ》 ᠵᠢ ᠪᠡᠶᠡᠯᠡᠭᠦᠯᠵᠦ᠂ ᠦᠨᠳᠦᠰᠦᠲᠡᠨ᠎ᠤ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠬᠦᠯᠬᠦ ᠶᠠᠪᠤᠳᠠᠯ ᠪᠤᠯᠤᠨ᠎ᠠ᠃ ᠭᠤᠷᠪᠠ᠎ᠳᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠦᠷᠳᠡᠭ᠎ᠤᠨ ᠤᠳᠤᠷᠢᠳᠤᠮᠵᠢ ᠵᠢ ᠭᠦᠨᠵᠡᠭᠡᠢ ᠲᠣᠳᠣᠷᠬᠠᠢ᠌ᠯᠠᠨ ᠥᠭᠦᠯᠡᠪᠡ᠂ ᠡᠨᠡ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠵᠣᠷᠢᠭᠵᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠢ ᠮᠡᠳᠡᠷᠡᠬᠦᠢ ᠪᠠ ᠢᠲᠡᠭᠡᠯ᠎ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠪᠡᠶᠡᠯᠡᠬᠦᠯᠬᠦ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠵᠢᠨ ᠴᠢᠬᠤᠯᠠ ᠥᠭᠦᠯᠡᠯᠲᠡ ᠪᠣᠯ ᠮᠠᠨ᠎ᠤ ᠠᠵᠢᠯ ᠵᠶ᠋ᠠᠨ ᠰᠠᠢ᠌ᠲᠤᠷ ᠬᠢᠬᠦ ᠵᠢᠨ ᠠᠵᠢᠯᠯᠠᠭ᠋ᠠᠨ᠎ᠤ ᠵᠦᠭᠯᠡᠭᠦᠷ ᠮᠥᠨ᠂ ᠪᠢᠳᠡ ᠳᠠᠬᠢᠨ ᠳᠠᠪᠲᠠᠨ ᠰᠤᠷᠤᠯᠴᠠᠵᠤ᠂ ᠭᠦᠨᠵᠡᠭᠡᠶ ᠣᠢ᠌ᠯᠠᠭ᠋ᠠᠵᠤ᠂ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠶ᠃
      ᠰᠤᠷᠪᠤᠯᠵᠢᠯᠠᠭᠴᠢ᠄ ᠨᠢᠭᠡ ᠵᠢᠯ᠎ᠤᠨ ᠲᠤᠷᠰᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢᠨ ᠵᠢᠯᠣᠭᠣᠳᠣᠯᠭ᠎ᠠ ᠳᠣᠤᠷ᠎ᠠ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠳᠤ ᠶᠠᠮᠠᠷ ᠶᠠᠮᠠᠷ ᠰᠢᠨ᠎ᠡ ᠠᠬᠢᠯᠲᠠ᠎ᠲᠠᠢ ᠪᠣᠯᠤᠭᠰᠠᠨ ᠪᠣᠶ?
      ᠵᠠᠩ ᠮᠸᠤ᠄ ᠶᠡᠷᠦᠩᠬᠡᠢ ᠱᠦᠵᠢ ᠰᠢ ᠵᠢᠨ ᠫᠢᠩ ᠴᠢᠬᠤᠯᠠ ᠵᠢᠭ᠋ᠠᠪᠤᠷᠢ ᠭᠠᠷᠭ᠋ᠠᠭᠰᠠᠨ᠎ᠤ ᠳᠠᠷᠠᠭ᠎ᠠ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠠᠷᠤᠢ᠌ᠬᠠᠨ ᠵᠣᠬᠢᠶᠠᠨ ᠪᠠᠢ᠌ᠭᠤᠯᠤᠨ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠲᠤᠬᠢᠷᠠᠭᠤᠯᠤᠨ ᠪᠠᠢ᠌ᠷᠢᠯᠠᠭᠤᠯᠪᠠ᠃ ᠨᠢᠭᠡ ᠵᠢᠯ᠎ᠤᠨ ᠲᠤᠷᠰᠢ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯᠲᠠᠳ᠎ᠤᠨ ᠣᠮᠣᠭ ᠵᠤᠷᠢᠭ ᠪᠠᠳᠠᠷᠠᠨ ᠲᠡᠯᠬᠡᠷᠡᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠯᠢ ᠣᠯᠠᠨ ᠰᠢᠨ᠎ᠡ ᠠᠮᠵᠢᠯᠲᠠ ᠣᠯᠵᠠᠢ᠃ ᠵᠢᠱ᠌ᠢᠶᠡᠯᠡᠪᠡᠯ᠂ 《ᠴᠥᠭᠡᠨ ᠲᠣᠭ᠋ᠠᠲᠤ ᠦᠨᠳᠦᠰᠦᠲᠡᠨ᠎ᠤ ᠳᠥᠷᠪᠡᠨ ᠬᠥᠮᠥᠷᠭᠡ ᠵᠢᠨ ᠪᠦᠷᠢᠨ ᠪᠢᠴᠢᠭ》 ᠬᠡᠮᠡᠭᠳᠡᠭᠰᠡᠨ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠡᠷᠲᠡᠨ᠎ᠤ ᠨᠣᠮ ᠪᠢᠴᠢᠭ᠎ᠤᠨ ᠶᠡᠷᠦᠩᠬᠡᠶ ᠭᠠᠷᠴᠠᠭ᠎ᠤᠨ ᠲᠣᠪᠴᠢ》 ᠵᠢ ᠨᠠᠢ᠌ᠷᠠᠭᠤᠯᠤᠨ ᠪᠢᠴᠢᠵᠤ ᠬᠡᠪᠯᠡᠭᠦᠯᠬᠦ ᠠᠵᠢᠯ᠎ᠤᠨ ᠠᠬᠢᠴᠠ᠎ᠨᠢ ᠴᠢᠬᠤᠯᠠ ᠶᠡᠬᠡ ᠰᠢᠪᠲᠤᠯᠤᠯᠲᠠ᠎ᠲᠠᠢ ᠪᠣᠯᠪᠠ᠃ ᠲᠤᠰ ᠴᠤᠪᠤᠷᠠᠯ ᠪᠢᠴᠢᠭ᠎ᠢ 1997 ᠣᠨ᠎ᠳᠤ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠠᠴᠠ ᠰᠡᠳᠦᠪ ᠲᠣᠭᠲᠠᠭ᠋ᠠᠵᠤ᠂ 60 ᠭᠠᠷᠤᠢ ᠪᠣᠲᠢ᠂ ᠪᠠᠷᠤᠭ 110 ᠳᠡᠪᠲᠡᠷ ᠬᠡᠪᠯᠡᠭᠦᠯᠵᠦ᠂ ᠮᠠᠨ᠎ᠤ ᠤᠯᠤᠰ᠎ᠤᠨ 55 ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠭᠠᠷᠴᠠᠭ᠎ᠢ ᠣᠷᠣᠭᠤᠯᠬᠤ᠎ᠪᠠᠷ ᠲᠥᠯᠥᠪᠯᠡᠵᠡᠢ᠃ ᠨᠢᠭᠡ ᠵᠢᠯ᠎ᠤᠨ ᠲᠤᠷᠰᠢ ᠨᠡᠢ᠌ᠲᠡ 13 ᠦᠨᠳᠦᠰᠦᠲᠡᠨ᠎ᠤ ᠪᠣᠳᠢ ᠵᠢ ᠬᠡᠪᠯᠡᠭᠦᠯᠵᠦ᠂ ᠲᠡᠦᠬᠡᠨ ᠳᠡᠭᠡᠷ᠎ᠡ ᠬᠠᠮᠤᠭ᠎ᠤᠨ ᠢᠯᠡᠭᠦᠦ ᠬᠡᠪᠯᠡᠭᠦᠯᠦᠭᠰᠡᠨ ᠵᠢᠯ ᠪᠣᠯᠵᠠᠢ᠃ ᠣᠳᠣᠬᠠᠨ ᠪᠣᠯᠲᠠᠯ᠎ᠠ᠂ ᠨᠢᠭᠡᠨᠲᠡ 51 ᠦᠨᠳᠦᠰᠦᠲᠡᠨ᠎ᠤ ᠪᠤᠳᠢ ᠵᠢ ᠬᠡᠪᠯᠡᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ 10 ᠭᠠᠷᠤᠢ ᠲᠦᠮᠡᠨ ᠭᠠᠷᠴᠠᠭ᠎ᠢ ᠣᠷᠣᠭᠤᠯᠵᠠᠢ; ᠣᠳᠣ ᠪᠠᠰᠠ 3 ᠦᠨᠳᠦᠰᠦᠲᠡᠨ᠎ᠤ ᠪᠤᠳᠢ ᠵᠢ ᠨᠠᠢ᠌ᠷᠠᠭᠤᠯᠤᠨ ᠪᠢᠴᠢᠵᠦ ᠪᠠᠷᠠᠭ᠋ᠠᠳ᠂ ᠬᠡᠪᠯᠡᠯ᠎ᠤᠨ ᠬᠣᠷᠢᠶᠠᠨ᠎ᠳᠤ ᠲᠤᠰᠢᠶᠠᠵᠤ ᠬᠢᠨᠠᠭᠤᠯᠵᠤ ᠪᠠᠢ᠌ᠨ᠎ᠠ; ᠪᠤᠰᠤᠳ ᠦᠨᠳᠦᠰᠦᠲᠡᠨ᠎ᠤ ᠪᠤᠳᠢ ᠵᠢ ᠴᠤ᠌ ᠡᠮᠬᠢ ᠵᠢᠷᠤᠮ᠎ᠲᠠᠢ᠎ᠪᠠᠷ ᠨᠠᠢ᠌ᠷᠠᠭᠤᠯᠤᠨ ᠪᠢᠴᠢᠵᠤ ᠪᠠᠢ᠌ᠨ᠎ᠠ᠃ ᠵᠢᠱ᠌ᠢᠶᠡᠯᠡᠪᠡᠯ᠂ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠥᠰᠥᠭ ᠪᠢᠴᠢᠭ᠎ᠤᠨ ᠰᠤᠳᠤᠷ ᠪᠢᠴᠢᠭ᠎ᠤᠨ ᠲᠠᠰ ᠲᠣᠭᠲᠠᠭ᠋ᠠᠯᠲᠠ》 ᠵᠢᠨ ᠤᠯᠤᠰ᠎ᠤᠨ ᠪᠠᠷᠢᠮᠵᠢᠶ᠎ᠠ ᠵᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠳᠤᠳᠡᠢ ᠠᠬᠢᠭᠤᠯᠵᠠᠢ᠃ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠦᠰᠦᠭ ᠪᠢᠴᠢᠭ᠎ᠤᠨ ᠰᠤᠳᠤᠷ ᠪᠢᠴᠢᠭ᠎ᠤᠨ ᠳᠡᠰ ᠲᠣᠭᠲᠠᠭ᠋ᠠᠯᠲᠠ》 (GB / T 36748—2018) ᠪᠣᠯ ᠮᠠᠨ᠎ᠤ ᠠᠯᠪᠠᠨ ᠭᠡᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ ᠠᠷᠪᠠᠨ ᠵᠢᠯ᠎ᠤᠨ ᠰᠢᠷᠭ᠋ᠠᠭᠤ ᠠᠵᠢᠯᠯᠠᠭᠰᠠᠨ᠎ᠤ ᠦᠷ᠎ᠡ ᠪᠦᠲᠦᠭᠡᠯ ᠮᠥᠨ ᠪᠥᠭᠡᠳ ᠡᠨᠡ ᠬᠦ᠌ ᠬᠦᠷᠢᠶᠡᠨ᠎ᠳᠠᠬᠢ ᠬᠣᠭᠣᠰᠣᠨ᠎ᠢ ᠨᠥᠬᠥᠪᠥᠷᠢᠯᠡᠵᠦ᠂ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳᠡᠰ ᠬᠤᠪᠢᠶᠠᠨ ᠬᠠᠮᠠᠭ᠋ᠠᠯᠠᠬᠤ ᠪᠠ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ᠎ᠳᠤ ᠴᠢᠬᠤᠯᠠ ᠦᠨᠳᠦᠰᠦᠯᠡᠯ ᠬᠠᠩᠭ᠋ᠠᠭᠰᠠᠨ ᠪᠠᠢ᠌ᠨ᠎ᠠ᠃ ᠪᠠᠷᠢᠮᠵᠢᠶ᠎ᠠ ᠵᠢ ᠨᠢᠳᠤᠨᠤᠨ᠎ᠠᠴᠠ ᠡᠬᠢᠯᠡᠨ ᠬᠡᠷᠡᠭᠵᠢᠬᠦᠯᠦᠭᠰᠡᠨ᠎ᠤ ᠳᠠᠷᠠᠭ᠎ᠠ᠂ ᠪᠢᠳᠡ ᠴᠠᠭ ᠲᠤᠬᠠᠶ᠎ᠳᠤ᠎ᠨᠢ ᠤᠬᠠᠭᠤᠯᠤᠨ ᠳᠡᠯᠭᠡᠷᠡᠭᠦᠯᠪᠡ᠃ ᠡᠯ᠎ᠡ ᠭᠠᠵᠠᠷ᠎ᠤᠨ᠎ᠬᠢᠨ ᠲᠣᠰ ᠪᠠᠷᠢᠮᠵᠢᠶ᠎ᠠ ᠵᠢᠨ ᠵᠢᠯᠣᠭᠣᠳᠣᠯᠭ᠎ᠠ ᠳᠣᠤᠷ᠎ᠠ᠂ ᠴᠥᠭᠡᠨ ᠲᠣᠭ᠋ᠠᠲᠤ ᠦᠨᠳᠦᠰᠦᠲᠡᠨ᠎ᠤ ᠥᠰᠥᠭ ᠪᠢᠴᠢᠭ᠎ᠤᠨ ᠰᠤᠳᠤᠷ ᠪᠢᠴᠢᠭ᠎ᠢ ᠨᠡᠢ᠌ᠳᠡᠮ ᠪᠠᠢ᠌ᠴᠠᠭ᠋ᠠᠬᠤ᠂ ᠴᠤᠭᠯᠠᠭᠤᠯᠬᠤ᠂ ᠡᠮᠬᠢᠯᠡᠬᠦ ᠵᠡᠷᠭᠡ ᠠᠵᠢᠯ᠎ᠢ ᠡᠮᠬᠢ ᠵᠢᠷᠤᠮ᠎ᠲᠠᠢ ᠥᠷᠨᠢᠭᠦᠯᠪᠡ᠃ ᠰᠣᠶᠣᠯ ᠵᠢᠭᠤᠯᠴᠢᠯᠠᠯ᠎ᠤᠨ ᠶᠠᠮᠤᠨ᠎ᠤ ᠡᠨᠡ ᠵᠢᠯ᠎ᠤᠨ 6 ᠳ᠋ᠤᠭ᠋ᠠᠷ ᠰᠠᠷ᠎ᠠ᠎ᠳᠤ ᠵᠢᠩᠬᠢᠨᠢ᠎ᠪᠠᠷ ᠨᠡᠢ᠌ᠲᠡᠯᠡᠭᠰᠡᠨ ᠵᠢᠷᠭᠤᠳᠤᠭ᠋ᠠᠷ ᠪᠦᠯᠦᠭ᠎ᠤᠨ 《ᠤᠯᠤᠰ᠎ᠤᠨ ᠬᠣᠪᠣᠷ ᠨᠠᠨᠳᠢᠨ ᠰᠤᠳᠤᠷ ᠪᠢᠴᠢᠭ᠎ᠤᠨ ᠨᠡᠷᠡᠰ᠎ᠤᠨ ᠵᠢᠭᠰᠠᠭ᠋ᠠᠯᠲᠠ》 ᠵᠢᠨ ᠲᠠᠨᠢᠯᠴᠠᠭᠤᠯᠭ᠎ᠠ ᠵᠢᠨ ᠨᠡᠷᠡᠰ᠎ᠤᠨ ᠵᠠᠷᠯᠠᠯ᠎ᠳᠤ᠂   ᠴᠥᠭᠡᠨ ᠲᠣᠭ᠋ᠠᠲᠤ ᠦᠨᠳᠦᠰᠦᠲᠡᠨ᠎ᠤ ᠥᠰᠥᠭ ᠪᠢᠴᠢᠭ᠎ᠤᠨ ᠰᠤᠳᠤᠷ ᠨᠡᠢ᠌ᠲᠡ 94 ᠰᠣᠩᠭᠣᠭᠳᠠᠵᠠᠶ᠃
      ᠡᠭᠦᠨ᠎ᠠᠴᠠ ᠭᠠᠳᠠᠨ᠎ᠠ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠬᠠᠮᠠᠭ᠋ᠠᠯᠠᠯᠲᠠ ᠪᠠ ᠮᠠᠲ᠋ᠧᠷᠢᠶᠠᠯ᠎ᠤᠨ ᠮᠡᠳᠡᠭᠡ ᠵᠠᠩᠭᠢ ᠵᠢᠨ ᠲᠥᠪ᠎ᠤᠨ ᠭᠣᠣᠯᠳᠠᠯᠭ᠎ᠠ᠎ᠲᠠᠢ ᠲᠦᠷᠦᠯ ᠵᠦᠢ᠍ᠯ ᠵᠶ᠋ᠠᠷ ᠬᠡᠪᠯᠡᠭᠦᠯᠦᠭᠰᠡᠨ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠦᠰᠦᠭ ᠪᠢᠴᠢᠭ᠎ᠤᠨ ᠬᠣᠪᠣᠷ ᠴᠤᠬᠠᠭ ᠰᠤᠳᠤᠷ ᠪᠢᠴᠢᠭ᠎ᠤᠨ ᠡᠮᠬᠢᠳᠬᠡᠯ》᠎ᠨᠢ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠰᠢᠯᠢᠳᠡᠭ ᠬᠡᠪᠯᠡᠭᠳᠡᠬᠦᠨ (ᠨᠣᠮ ᠪᠢᠴᠢᠭ)᠎ᠤ ᠱᠠᠩᠨᠠᠯ᠎ᠢ ᠬᠦᠷᠲᠡᠪᠡ; 《〈ᠭᠡᠰᠡᠷ ᠸᠠᠩ᠎ᠤᠨ ᠨᠠᠮᠲᠠᠷ〉᠎ᠤᠨ ᠪᠦᠷᠢᠨ ᠪᠢᠴᠢᠭ》᠂ 《ᠶᠦᠨᠨᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠬᠤᠪᠤᠷ ᠲᠡᠪᠳᠡᠷ᠎ᠤᠨ ᠡᠮᠬᠢᠳᠬᠡᠯ》 (71—80 ᠪᠤᠳᠢ) ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠬᠡᠪᠯᠡᠯ᠎ᠤᠨ ᠰᠣᠳᠣᠨ ᠪᠦᠲᠦᠭᠡᠯ ᠴᠤ᠌ ᠨᠢᠳᠤᠨᠤᠨ ᠵᠠᠯᠭ᠋ᠠᠭ᠎ᠠ᠎ᠪᠠᠷ ᠤᠩᠰᠢᠭᠴᠢᠳ᠎ᠲᠠᠢ ᠵᠣᠯᠭ᠋ᠠᠪᠠ᠃
      ᠰᠤᠷᠪᠤᠯᠵᠢᠯᠠᠭᠴᠢ᠄ ᠶᠡᠷᠦᠩᠬᠡᠶ ᠱᠦᠵᠢ ᠰᠢ ᠵᠢᠨ ᠫᠢᠩ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠠᠭᠤᠳᠠᠯᠤᠨ ᠪᠠᠳᠠᠷᠠᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠲᠠᠨ᠎ᠤ ᠦᠵᠡᠬᠦ᠎ᠪᠠᠷ ᠡᠨᠡ ᠬᠦ᠌ ᠦᠵᠡᠯ ᠰᠠᠨᠠᠭ᠋ᠠᠨ᠎ᠤ ᠠᠭᠤᠯᠤᠭᠳᠠᠬᠤᠨ᠎ᠨᠢ ᠠᠯᠢ ᠠᠯᠢ ᠲᠠᠯ᠎ᠠ᠎ᠪᠠᠷ ᠢᠯᠡᠷᠡᠵᠤ ᠪᠠᠢ᠌ᠬᠤ ᠪᠤᠢ?
      ᠵᠠᠩ ᠮᠸᠤ᠄ ᠬᠡᠳᠦᠨ ᠮᠢᠩᠭ᠋ᠠᠨ ᠵᠢᠯ᠎ᠤᠨ ᠲᠤᠷᠰᠢ᠂ ᠳᠤᠮᠳᠠᠳᠤ ᠵᠢᠨ ᠦᠨᠳᠦᠰᠦᠲᠡᠨ ᠢᠮᠠᠭᠲᠠ ᠪᠦᠯᠬᠦᠮᠳᠡᠯ ᠨᠢᠭᠡᠳᠦᠯ᠎ᠢ ᠬᠥᠭᠡᠭᠡᠴᠡᠯᠳᠦᠭᠰᠡᠭᠡᠷ ᠢᠷᠡᠪᠡ᠃ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ   ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠯᠪᠡᠭ ᠪᠠᠶᠠᠯᠢᠭ ᠦᠵᠡᠯ ᠰᠠᠨᠠᠭ᠎ᠠ ᠠᠭᠤᠯᠤᠭᠳᠠᠵᠤ ᠪᠠᠢ᠌ᠬᠤ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠴᠢᠬᠤᠯᠠ ᠡᠬᠢ ᠪᠠᠶᠠᠯᠢᠭ ᠪᠣᠯᠤᠨ᠎ᠠ᠃ ᠮᠢᠨᠦ ᠦᠵᠡᠬᠦ᠎ᠪᠠᠷ ᠡᠢ᠌ᠮᠦ ᠭᠤᠷᠪᠠᠨ ᠲᠤᠪᠤᠢ᠌ᠮ᠎ᠠ ᠢᠯᠡᠷᠡᠯ ᠪᠠᠢ᠌ᠨ᠎ᠠ᠃
      ᠨᠢᠭᠡ᠎ᠳᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠭᠤᠤ ᠶᠡᠬᠡ ᠡᠬᠡ ᠤᠯᠤᠰ ᠵᠶ᠋ᠠᠨ ᠬᠠᠮᠲᠤ᠎ᠪᠠᠷ ᠴᠣᠭᠴᠠᠯᠠᠨ ᠪᠠᠢ᠌ᠭᠤᠯᠤᠭᠰᠠᠨ ᠲᠡᠦᠬᠡᠨ ᠠᠬᠢᠴᠠ ᠵᠢ ᠲᠡᠮᠳᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠬᠦᠴᠦᠲᠡᠢ ᠭᠡᠷᠡᠴᠢ ᠬᠠᠩᠭ᠋ᠠᠪᠠ᠃ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠲᠡᠦᠬᠡ ᠪᠣᠯ ᠦᠨᠳᠦᠰᠦᠲᠡᠨ᠎ᠨᠦᠭᠦᠳ ᠠᠭᠤᠰᠤᠯᠴᠠᠨ ᠨᠢᠭᠳᠠᠷᠠᠭᠰᠠᠨ ᠤᠯᠠᠨ ᠡᠰᠢᠲᠦ ᠨᠢᠭᠡ ᠴᠤᠬ᠍ᠴᠠᠵᠢᠬᠰᠠᠨ ᠳᠤᠮᠳᠠᠳᠤ ᠵᠢᠨ ᠦᠨᠳᠦᠰᠦᠲᠡᠨ᠎ᠤ ᠲᠡᠦᠬᠡ ᠮᠥᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠣᠭᠴᠠᠯᠠᠨ ᠪᠠᠢ᠌ᠭᠤᠯᠵᠤ᠂ ᠬᠥᠭᠵᠢᠭᠦᠯᠵᠦ᠂ ᠪᠡᠬᠢᠵᠢᠬᠦᠯᠦᠨ ᠨᠢᠭᠡᠳᠦᠭᠦᠯᠦᠭᠰᠡᠨ ᠠᠭᠤᠤ ᠶᠡᠬᠡ ᠡᠬᠡ ᠤᠯᠤᠰ᠎ᠤᠨ ᠲᠡᠦᠬᠡ ᠮᠥᠨ ᠭᠡᠵᠦ ᠵᠢᠭ᠋ᠠᠵᠤ ᠭᠠᠷᠭ᠋ᠠᠪᠠ᠃ ᠳᠤᠮᠳᠠᠳᠤ ᠤᠯᠤᠰ᠎ᠤᠨ ᠡᠨᠡ ᠬᠦ᠌ ᠲᠡᠦᠬᠡ᠎ᠨᠢ 《ᠬᠣᠷᠢᠨ ᠳᠦᠷᠪᠡᠨ ᠲᠡᠦᠬᠡ》 ᠵᠡᠷᠭᠡ ᠬᠢᠲᠠᠳ ᠬᠡᠯᠡᠨ᠎ᠤ ᠰᠤᠳᠤᠷ ᠪᠢᠴᠢᠭ᠎ᠲᠤ ᠲᠡᠮᠳᠡᠭᠯᠡᠭᠳᠡᠵᠦ ᠪᠠᠢ᠌ᠬᠤ᠎ᠪᠠᠷ ᠪᠠᠷᠠᠬᠤ ᠦᠭᠡᠢ᠂ 《ᠪᠠᠷᠠᠭᠤᠨ ᠡᠮᠦᠨᠡᠲᠦ ᠵᠢᠨ ᠢ ᠦᠨᠳᠦᠰᠦᠳᠡᠨ᠎ᠤ ᠤᠢ᠌ᠯᠠᠯᠭ᠎ᠠ》᠂ ᠮᠠᠨᠵᠤ ᠬᠡᠯᠡᠨ᠎ᠤ ᠬᠠᠭᠤᠴᠢᠨ ᠳᠠᠩᠰᠠ ᠡᠪᠬᠡᠮᠡᠯ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠳ᠎ᠲᠤ ᠲᠡᠮᠳᠡᠭᠯᠡᠭᠳᠡᠵᠦ ᠪᠠᠢ᠌ᠳᠠᠭ᠃ ᠡᠷᠲᠡᠨ᠎ᠠᠴᠠ ᠠᠪᠤᠭ᠋ᠠᠳ᠂ ᠦᠨᠳᠦᠰᠦᠲᠡᠨ᠎ᠨᠦᠭᠦᠳ᠎ᠤᠨ ᠳᠡᠭᠡᠳᠦᠰ ᠬᠠᠷᠰᠢ ᠰᠠᠭ᠋ᠠᠳ᠎ᠢ ᠢᠯᠠᠨ ᠳᠠᠪᠠᠵᠤ᠂ ᠡᠬᠡ ᠤᠯᠤᠰ᠎ᠤᠨ ᠦᠵᠡᠰᠬᠦᠯᠡᠩᠲᠦ ᠰᠠᠢ᠌ᠬᠠᠨ ᠠᠭᠤᠯᠠ ᠤᠰᠤ ᠵᠢ ᠬᠠᠮᠲᠤ᠎ᠪᠠᠷ ᠨᠡᠭᠡᠭᠡᠨ ᠬᠥᠭᠵᠢᠭᠦᠯᠪᠡ᠃ ᠡᠨᠡ᠎ᠨᠢ ᠳ᠋ᠦᠩᠪᠠ   ᠬᠡᠯᠡᠨ᠎ᠤ 《ᠭᠠᠯᠪᠠ ᠵᠢ ᠨᠡᠭᠡᠭᠡᠭᠰᠡᠨ᠎ᠨᠢ》᠂ ᠪᠦᠶᠢ ᠬᠡᠯᠡᠨ᠎ᠤ 《ᠰᠠᠷᠬᠤᠳ ᠲᠡᠪᠰᠢᠬᠦᠯᠬᠦ》 ᠵᠡᠷᠭᠡ ᠥᠰᠥᠭ ᠪᠢᠴᠢᠭ᠎ᠤᠨ ᠰᠤᠳᠤᠷ ᠪᠢᠴᠢᠭ᠂ 《ᠮᠢᠶᠣᠣ ᠦᠨᠳᠦᠰᠦᠲᠡᠨ᠎ᠤ ᠡᠷᠲᠡᠨ᠎ᠤ ᠳᠠᠭᠤᠤ》᠂ 《ᠴᠢᠶᠠᠩ ᠦᠨᠳᠦᠰᠦᠲᠡᠨ᠎ᠤ ᠰᠡᠷᠡᠩ》᠂ 《ᠶᠣᠣ ᠦᠨᠳᠦᠰᠦᠲᠡᠨ᠎ᠤ ᠰᠢᠳᠢᠳᠦ ᠦᠯᠢᠬᠡᠷ》᠂ 《ᠳ᠋ᠦᠩ ᠦᠨᠳᠦᠰᠦᠲᠡᠨ᠎ᠤ ᠬᠠᠮᠳᠤ ᠵᠢᠨ ᠳᠠᠭᠤᠤ》 ᠵᠡᠷᠭᠡ ᠠᠮᠠᠨ ᠤᠯᠠᠮᠵᠢᠯᠠᠯ᠎ᠳᠤ ᠴᠦᠮ ᠨᠡᠢ᠌ᠳᠡᠮ ᠲᠡᠮᠲᠡᠭᠯᠡᠭᠳᠡᠵᠦ ᠪᠠᠢ᠌ᠳᠠᠭ᠃ ᠢᠯᠠᠩᠭᠤᠶ᠎ᠠ ᠴᠢᠨ ᠬᠠᠨ ᠤᠯᠤᠰ᠎ᠠᠴᠠ ᠨᠠᠭ᠋ᠠᠰᠢ᠂ ᠦᠨᠳᠦᠰᠦᠲᠡᠨ᠎ᠨᠦᠭᠦᠳ ᠬᠠᠷᠢᠯᠴᠠᠨ ᠶᠠᠪᠤᠯᠴᠠᠵᠤ᠂ ᠭᠠᠷ ᠬᠣᠯᠪᠣᠨ ᠮᠥᠷᠥ ᠵᠡᠷᠭᠡᠴᠡᠵᠦ᠂ ᠬᠠᠮᠲᠤ᠎ᠪᠠᠷ ᠬᠢᠯᠢ ᠬᠢᠵᠠᠭ᠋ᠠᠷ᠎ᠢ ᠨᠡᠭᠡᠭᠡᠵᠦ ᠨᠤᠲᠤᠭ ᠳᠡᠪᠢᠰᠬᠡᠷ ᠵᠶ᠋ᠡᠨ ᠥᠷᠭᠡᠳᠬᠡᠪᠡ᠃ ᠶᠤᠸᠠᠨ᠂ ᠮᠢᠩ᠂ ᠴᠢᠩ ᠤᠯᠤᠰ ᠵᠢᠴᠢ ᠢᠷᠭᠡᠨ ᠤᠯᠤᠰ᠎ᠤᠨ ᠲᠥᠪ ᠵᠠᠰᠠᠭ᠎ᠤᠨ ᠣᠷᠳᠣᠨ᠎ᠠᠴᠠ ᠲᠥᠪᠡᠳ᠎ᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠳᠤ ᠡᠷᠭᠦᠮᠵᠢᠯᠡᠭᠰᠡᠨ ᠫᠠᠭᠪᠠ ᠦᠰᠦᠭ᠂ ᠮᠠᠨᠵᠤ ᠦᠰᠦᠭ᠂ ᠲᠥᠪᠡᠳ ᠦᠰᠦᠭ᠂ ᠮᠣᠩᠭᠣᠯ ᠦᠰᠦᠭ᠂ ᠬᠢᠲᠠᠳ ᠦᠰᠦᠭ ᠵᠡᠷᠭᠡ᠎ᠪᠠᠷ ᠪᠢᠴᠢᠭᠳᠡᠭᠰᠡᠨ ᠲᠠᠮᠠᠭ᠋ᠠᠲᠤ ᠪᠢᠴᠢᠭ ᠬᠠᠷ᠎ᠠ᠎ᠳᠤ ᠲᠥᠪᠡᠳ ᠪᠣᠯ ᠡᠷᠲᠡᠨ᠎ᠠᠴᠠ ᠮᠠᠨ᠎ᠤ ᠤᠯᠤᠰ᠎ᠤᠨ ᠨᠤᠲᠤᠭ ᠳᠡᠪᠢᠰᠬᠡᠷ᠎ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ ᠭᠡᠳᠡᠭ᠎ᠢ ᠬᠦᠴᠦᠲᠡᠶ ᠭᠡᠷᠡᠴᠢᠯᠡᠪᠡ᠃ ᠮᠠᠨᠵᠤ᠂ ᠮᠣᠩᠭᠣᠯ᠂ ᠬᠢᠲᠠᠳ ᠭᠤᠷᠪᠠᠨ ᠬᠡᠯᠡᠨ᠎ᠤ 《ᠵᠠᠷᠯᠢᠭ ᠵᠶ᠋ᠠᠷ ᠲᠣᠭᠲᠠᠭ᠋ᠠᠭᠰᠠᠨ ᠭᠠᠳᠠᠭ᠋ᠠᠳᠤ ᠮᠣᠩᠭᠣᠯ᠎ᠤᠨ ᠲᠥᠷᠥ ᠵᠢ ᠵᠠᠰᠠᠬᠤ ᠶᠠᠪᠤᠳᠠᠯ᠎ᠤᠨ ᠶᠠᠮᠤᠨ᠎ᠤ ᠬᠠᠤᠯᠢ ᠵᠦᠢ᠍ᠯ᠎ᠤᠨ ᠪᠢᠴᠢᠭ》 ᠪᠣᠯ ᠴᠢᠩ ᠤᠯᠤᠰ᠎ᠤᠨ ᠵᠠᠰᠠᠭ᠎ᠤᠨ ᠭᠠᠵᠠᠷ᠎ᠠᠴᠠ ᠲᠤᠬᠠᠶ ᠵᠢᠨ ᠦᠶ᠎ᠡ ᠵᠢᠨ ᠮᠣᠩᠭᠣᠯ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ᠎ᠢ ᠵᠠᠰᠠᠬᠤ ᠬᠠᠤᠯᠢ ᠴᠠᠭ᠋ᠠᠵᠠ ᠲᠦᠷᠢᠮ ᠲᠣᠭᠲᠠᠭ᠋ᠠᠯ ᠪᠣᠯᠤᠨ᠎ᠠ᠃ ᠡᠷᠲᠡᠨ᠎ᠤ ᠵᠤᠸᠠᠩ   ᠬᠡᠯᠡᠨ᠎ᠤ ᠠᠷᠠᠳ᠎ᠤᠨ ᠳᠠᠭᠤᠤ ᠵᠢᠨ ᠬᠠᠭᠤᠯᠤᠮᠠᠯ ᠳᠡᠪᠲᠡᠷ 《ᠸᠠ ᠣᠪᠣᠭᠲᠤ ᠬᠠᠲᠤᠨ》᠂ ᠵᠤᠸᠠᠩ`᠎ᠤᠨ ᠰᠢ ᠵᠦᠴᠦᠭᠡ ᠵᠢᠨ ᠳᠡᠪᠲᠡᠷ 《ᠲᠠᠷᠢᠶᠠᠴᠢᠨ ᠦᠳᠡᠬᠦᠰ》᠎ᠨᠢ ᠵᠤᠸᠠᠩ ᠦᠨᠳᠦᠰᠦᠲᠡᠨ᠎ᠤ ᠠᠷᠠᠳ᠎ᠤᠨ ᠲᠤᠮᠳᠠᠬᠢ ᠲᠡᠤᠬᠡᠳᠦ ᠬᠥᠮᠦᠰ᠎ᠤᠨ ᠲᠥᠪ ᠵᠠᠰᠠᠭ ᠵᠶ᠋ᠠᠨ ᠲᠠᠭ᠋ᠠᠵᠤ᠂ ᠭᠠᠳᠠᠭ᠋ᠠᠳᠤ ᠵᠢᠨ ᠳᠣᠷᠣᠮᠵᠢᠯᠠᠯ᠎ᠢ ᠬᠠᠮᠲᠤ᠎ᠪᠠᠷ ᠡᠰᠡᠷᠭᠦᠴᠡᠭᠰᠡᠨ ᠲᠡᠤᠬᠡᠳᠦ ᠳᠠᠭᠤᠷᠢᠰᠬᠠᠯ᠎ᠲᠠᠢ ᠶᠠᠷᠢᠶ᠎ᠠ ᠵᠢ ᠲᠡᠮᠳᠡᠭᠯᠡᠭᠰᠡᠨ ᠪᠠᠢ᠌ᠨ᠎ᠠ᠃ ᠰᠠᠶᠢᠬᠠᠨ ᠵᠠᠰᠠᠵᠤ ᠰᠡᠷᠭᠦᠭᠡᠭᠰᠡᠨ ᠤᠯᠤᠰ᠎ᠤᠨ ᠨᠣᠮ᠎ᠤᠨ ᠰᠠᠩ᠎ᠤᠨ ᠪᠠᠷᠠᠭᠤᠨ ᠰᠢᠶᠠ ᠤᠯᠤᠰ᠎ᠤᠨ ᠡᠷᠲᠡᠨ᠎ᠤ ᠨᠤᠮ ᠪᠢᠴᠢᠭ᠎ᠲᠤ᠂ ᠯᠢᠶᠠᠩᠵᠸᠤ ᠵᠢᠨ ᠴᠢᠭᠤᠯᠭ᠋ᠠᠨ ᠭᠡᠬᠦ ᠡᠨᠡ ᠬᠦ᠌ ᠴᠢᠬᠤᠯᠠ ᠶᠡᠬᠡ ᠲᠡᠦᠬᠡᠨ ᠬᠡᠷᠡᠭ ᠶᠠᠪᠤᠳᠠᠯ᠎ᠤᠨ ᠲᠤᠬᠠᠶ ᠲᠡᠮᠳᠡᠭᠯᠡᠯ ᠪᠠᠢ᠌ᠬᠤ ᠵᠢ ᠣᠯᠵᠤ ᠮᠡᠳᠡᠪᠡ᠃ ᠠᠭᠤᠤ ᠶᠡᠬᠡ ᠡᠬᠡ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭᠰᠡᠨ ᠶᠤᠮ᠂ ᠠᠭᠤᠤ ᠶᠡᠬᠡ ᠡᠬᠡ ᠤᠯᠤᠰ᠎ᠤᠨ ᠥᠨᠢ ᠤᠳᠠᠭ᠋ᠠᠨ ᠲᠡᠦᠬᠡ ᠵᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭᠯᠡᠭᠰᠡᠨ ᠶᠤᠮ ᠬᠡᠳᠡᠭ᠎ᠢ ᠴᠦᠬᠡᠨ ᠲᠤᠭ᠋ᠠᠳᠤ ᠦᠨᠳᠦᠰᠦᠳᠡᠨ᠎ᠤ ᠮᠠᠰᠢ ᠤᠯᠠᠨ ᠰᠤᠳᠤᠷ ᠪᠢᠴᠢᠭ ᠪᠢᠳᠡᠨ᠎ᠳᠤ ᠬᠡᠯᠡᠵᠤ ᠬᠦᠤᠷᠨᠢᠵᠤ ᠪᠠᠢ᠌ᠨ᠎ᠠ᠃
      ᠬᠣᠶᠠᠷ᠎ᠲᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤᠯᠢᠭ ᠪᠣᠳᠠᠲᠤ ᠶᠠᠪᠤᠳᠠᠯ᠎ᠢ ᠢᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠪᠠᠲᠤ ᠪᠡᠬᠢ ᠦᠨᠳᠦᠰᠦ ᠪᠠᠷᠢᠮᠲᠠ ᠬᠠᠩᠭ᠋ᠠᠪᠠ᠃ ᠰᠤᠳᠤᠷ ᠨᠤᠮ ᠲᠠᠯᠠᠢ ᠪᠠᠶᠠᠯᠢᠭ᠂ ᠶᠠᠩᠵᠤ ᠪᠦᠷᠢ ᠵᠢᠨ ᠬᠡᠯᠪᠡᠷᠢ ᠲᠦᠷᠰᠦ᠎ᠲᠠᠢ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠡᠯ᠎ᠡ ᠦᠨᠳᠦᠰᠦᠲᠡᠨ᠎ᠤ ᠲᠡᠦᠬᠡᠨ ᠪᠠᠢ᠌ᠳᠠᠯ᠎ᠢ ᠠᠳᠠᠯᠢ ᠪᠤᠰᠤ ᠲᠠᠯ᠎ᠠ᠎ᠠᠴᠠ᠎ᠨᠢ ᠲᠡᠮᠳᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠪᠡᠬᠢᠵᠢᠭᠰᠡᠨ ᠲᠡᠦᠬᠡ ᠵᠢᠨ ᠶᠡᠬᠡ ᠬᠠᠨᠳᠤᠰᠢ ᠵᠢ ᠲᠤᠰᠬᠠᠭᠰᠠᠨ ᠪᠠᠢ᠌ᠨ᠎ᠠ᠃ ᠶᠡᠷᠦᠩᠬᠡᠶ᠎ᠳᠤ᠎ᠨᠢ ᠠᠪᠴᠤ ᠦᠵᠡᠪᠡᠯ᠂ ᠬᠢᠲᠠᠳ ᠰᠣᠶᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠳᠤ ᠦᠵᠡᠭᠦᠯᠦᠭᠰᠡᠨ ᠨᠥᠯᠥᠭᠡ᠎ᠨᠢ ᠨᠡᠯᠢᠶᠡᠳ ᠶᠡᠬᠡ ᠪᠠᠢ᠌ᠵᠤ᠂ ᠴᠥᠭᠡᠨ ᠲᠣᠭ᠋ᠠᠲᠤ ᠦᠨᠳᠦᠰᠦᠲᠡᠨ᠎ᠤ ᠮᠠᠰᠢ ᠣᠯᠠᠨ ᠰᠤᠳᠤᠷ ᠪᠢᠴᠢᠭ᠎ᠨᠢ ᠴᠦᠮ ᠬᠢᠲᠠᠳ ᠬᠡᠯᠡᠨ᠎ᠠᠴᠠ ᠣᠷᠴᠢᠭᠤᠯᠤᠭᠳᠠᠵᠠᠢ᠃ ᠵᠢᠱ᠌ᠢᠶᠡᠯᠡᠪᠡᠯ᠂ ᠲᠥᠪᠡᠳ ᠬᠡᠯᠡᠨ᠎ᠤ 《ᠪᠠᠢ᠌ᠯᠳᠤᠭ᠋ᠠᠨᠲᠤ ᠤᠯᠤᠰ᠎ᠤᠨ ᠪᠣᠳᠣᠯᠭ᠎ᠠ》᠂ 《ᠶᠡᠬᠡ ᠲᠠᠩ ᠤᠯᠤᠰ᠎ᠤᠨ ᠪᠠᠷᠠᠭᠤᠨ ᠣᠷᠣᠨ᠎ᠤ ᠲᠡᠮᠳᠡᠭᠯᠡᠯ》᠎ᠤᠨ ᠣᠷᠴᠢᠭᠤᠯᠭ᠎ᠠ ᠵᠢᠨ ᠳᠡᠪᠲᠡᠷ᠂ ᠮᠣᠩᠭᠣᠯ ᠬᠡᠯᠡᠨ᠎ᠤ 《ᠠᠴᠢᠯᠠᠯᠲᠤ ᠨᠣᠮ》᠎ᠤᠨ ᠣᠷᠴᠢᠭᠤᠯᠭ᠎ᠠ ᠵᠢᠨ ᠳᠡᠪᠲᠡᠷ᠂ ᠳ᠋ᠠᠶ ᠬᠡᠯᠡᠨ᠎ᠤ 《ᠪᠠᠷᠠᠭᠤᠨᠰᠢ ᠵᠣᠷᠴᠢᠭᠰᠠᠨ ᠲᠡᠮᠳᠡᠭᠯᠡᠯ》᠂ 《ᠪᠢᠴᠢᠭ᠎ᠤᠨ ᠮᠡᠷᠭᠡᠳ᠎ᠤᠨ ᠰᠤᠯᠠ ᠱᠠᠰᠲᠢᠷ》 ᠵᠡᠷᠭᠡ ᠥᠭᠦᠯᠡᠯᠭᠡ ᠵᠢᠨ ᠣᠷᠴᠢᠭᠤᠯᠭ᠎ᠠ ᠪᠠᠢ᠌ᠳᠠᠭ᠂ ᠮᠠᠨᠵᠤ ᠬᠡᠯᠡᠨ᠎ᠳᠤ᠎ᠬᠢ ᠬᠢᠲᠠᠳ ᠬᠡᠯᠡᠨ᠎ᠠᠴᠠ ᠣᠷᠴᠢᠭᠤᠯᠤᠭᠳᠠᠭᠰᠠᠨ ᠰᠤᠳᠤᠷ ᠪᠢᠴᠢᠭ᠎ᠨᠢ ᠨᠡᠩ ᠴᠤ᠌ ᠨᠣᠮ ᠰᠤᠳᠤᠷ ᠵᠤᠬᠢᠶᠠᠯ ᠲᠡᠭᠦᠪᠦᠷᠢ ᠪᠦᠬᠦᠨ᠎ᠳᠤ ᠲᠦᠭᠡᠵᠦ᠂ ᠲᠤᠭ᠎ᠠ ᠲᠤᠮᠰᠢ ᠦᠭᠡᠢ ᠣᠯᠠᠨ ᠪᠠᠢ᠌ᠳᠠᠭ᠃ ᠡᠭᠦᠨ᠎ᠤ ᠬᠠᠮᠲᠤ᠂ ᠬᠢᠲᠠᠳ ᠦᠨᠳᠦᠰᠦᠲᠡᠨ ᠴᠦ᠍ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠠᠴᠠ ᠲᠠᠰᠤᠷᠠᠯᠲᠠ ᠦᠭᠡᠢ ᠰᠢᠮ᠎ᠡ ᠲᠡᠵᠢᠭᠡᠯ ᠬᠦᠷᠲᠡᠭᠰᠡᠭᠡᠷ ᠢᠷᠡᠵᠡᠢ᠃ ᠵᠢᠱ᠌ᠢᠶᠡᠯᠡᠪᠡᠯ᠂ ᠤᠳᠬ᠎ᠠ ᠵᠣᠬᠢᠶᠠᠯ᠎ᠤᠨ ᠬᠦᠷᠢᠶᠡᠨ᠎ᠳᠤ ᠰᠢᠯᠦᠭᠯᠡᠯᠲᠦ ᠨᠣᠮ᠂ ᠴᠥ᠋ ᠤᠯᠤᠰ᠎ᠤᠨ ᠤᠶᠠᠩᠭ᠎ᠠ᠂ ᠲᠠᠩ ᠤᠯᠤᠰ᠎ᠤᠨ ᠰᠢᠯᠦᠭ᠂ ᠰᠦᠩ ᠤᠯᠤᠰ᠎ᠤᠨ ᠳᠠᠭᠤᠯᠠᠯ᠂ ᠶᠤᠸᠠᠨ ᠤᠯᠤᠰ᠎ᠤᠨ ᠳᠠᠭᠤᠷᠢᠯᠢᠭ᠎ᠲᠤ ᠴᠦᠮ ᠮᠠᠰᠢ ᠣᠯᠠᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠪᠦᠷᠢᠯᠳᠦᠬᠦᠨ᠎ᠲᠠᠢ ᠶᠤᠮ; ᠲᠡᠦᠬᠡ ᠵᠢᠨ ᠤᠬᠠᠭ᠋ᠠᠨ᠎ᠤ ᠬᠦᠷᠢᠶᠡᠨ᠎ᠳᠤ᠂ ᠮᠣᠩᠭᠣᠯ ᠬᠡᠯᠡᠨ᠎ᠤ 《ᠮᠣᠩᠭᠣᠯ᠎ᠤᠨ ᠨᠢᠭᠤᠴᠠ ᠲᠣᠪᠴᠢᠶᠠᠨ》᠂ 《ᠡᠷᠳᠡᠨᠢ ᠵᠢᠨ ᠲᠣᠪᠴᠢ》 ᠪᠣᠯᠤᠨ 《ᠠᠯᠲᠠᠨ ᠲᠣᠪᠴᠢ》 ᠭᠡᠬᠦ ᠭᠤᠷᠪᠠᠨ ᠲᠣᠮᠣ ᠲᠡᠦᠬᠡᠨ ᠪᠦᠲᠦᠭᠡᠯ᠎ᠢ ᠤᠷᠢᠳ ᠬᠣᠵᠢᠳ ᠮᠢᠩ ᠴᠢᠩ ᠤᠯᠤᠰ᠎ᠤᠨ ᠦᠶ᠎ᠡ᠎ᠳᠤ ᠬᠢᠲᠠᠳ ᠬᠡᠯᠡ᠎ᠪᠠᠷ ᠣᠷᠴᠢᠭᠤᠯᠵᠤ᠂ ᠬᠢᠲᠠᠳ ᠬᠡᠯᠡᠨ᠎ᠤ ᠲᠡᠤᠬᠡ ᠰᠤᠳᠤᠷ᠎ᠤᠨ ᠲᠡᠮᠳᠡᠭᠯᠡᠯ᠎ᠤᠨ ᠭᠦᠢ᠍ᠴᠡᠳ ᠦᠭᠡᠶ ᠲᠠᠯ᠎ᠠ ᠵᠢ ᠨᠥᠬᠥᠪᠥᠷᠢᠯᠡᠪᠡ᠃ ᠡᠭᠦᠨ᠎ᠠᠴᠠ ᠭᠠᠳᠠᠨ᠎ᠠ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠨᠢ ᠪᠠᠰᠠ ᠡᠯ᠎ᠡ ᠴᠥᠭᠡᠨ ᠲᠣᠭ᠋ᠠᠲᠤ ᠦᠨᠳᠦᠰᠦᠲᠡᠨ᠎ᠤ ᠬᠣᠭᠣᠷᠣᠨᠳᠣᠬᠢ ᠬᠠᠷᠢᠯᠴᠠᠨ ᠰᠤᠷᠤᠯᠴᠠᠵᠤ᠂ ᠨᠥᠯᠥᠭᠡᠯᠡᠭᠰᠡᠨ ᠥᠩᠭᠡᠷᠡᠯᠲᠡ ᠵᠢ ᠲᠤᠰᠬᠠᠭᠰᠠᠨ ᠪᠠᠢ᠌ᠳᠠᠭ᠃ ᠵᠢᠱ᠌ᠢᠶᠡᠯᠡᠪᠡᠯ᠂ ᠮᠣᠩᠭᠣᠯ ᠦᠨᠳᠦᠰᠦᠲᠡᠨ᠎ᠤ ᠫᠠᠭᠪᠠ ᠦᠰᠦᠭ᠎ᠢ ᠲᠥᠰᠦᠪᠯᠡᠬᠦ  ᠎ᠳᠤ᠎ᠪᠠᠨ ᠲᠥᠪᠡᠳ ᠦᠰᠦᠭ ᠵᠶ᠋ᠡᠷ ᠯᠠᠪᠯᠠᠯᠲᠠ ᠪᠣᠯᠭ᠋ᠠᠭᠰᠠᠨ ᠪᠠᠢ᠌ᠵᠠᠢ᠃ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠶᠡᠬᠡ ᠬᠡᠮᠵᠢᠶᠡᠨ᠎ᠤ ᠬᠣᠶᠠᠷ ᠬᠡᠯᠡ ᠬᠠᠪᠰᠤᠷᠭ᠋ᠠᠭᠰᠠᠨ᠂ ᠭᠤᠷᠪᠠᠨ ᠬᠡᠯᠡ ᠬᠠᠪᠰᠤᠷᠭ᠋ᠠᠭᠰᠠᠨ᠂ ᠲᠦᠷᠪᠡᠨ ᠬᠡᠯᠡ ᠬᠠᠪᠰᠤᠷᠭ᠋ᠠᠭᠰᠠᠨ᠂ ᠴᠠᠭ᠋ᠠᠰᠢᠯᠠᠪᠠᠯ ᠲᠠᠪᠤᠨ ᠬᠡᠯᠡ ᠬᠠᠪᠰᠤᠷᠭ᠋ᠠᠭᠰᠠᠨ ᠨᠣᠮ ᠰᠤᠳᠤᠷ ᠪᠤᠢ᠃ ᠵᠢᠱ᠌ᠢᠶᠡᠯᠡᠪᠡᠯ ᠴᠢᠩ ᠤᠯᠤᠰ᠎ᠤᠨ ᠦᠶ᠎ᠡ ᠵᠢᠨ ᠮᠠᠨᠵᠤ ᠮᠣᠩᠭᠣᠯ ᠬᠠᠪᠰᠤᠷᠭ᠋ᠠᠭᠰᠠᠨ ᠮᠣᠩᠭᠣᠯ ᠰᠤᠷᠭ᠋ᠠᠭᠤᠯᠢ ᠵᠢᠨ ᠤᠩᠰᠢᠬᠤ ᠪᠢᠴᠢᠭ 《ᠭᠤᠷᠪᠠᠨ ᠦᠰᠦᠭᠲᠦ ᠨᠣᠮ》᠂ ᠮᠠᠨᠵᠤ ᠲᠥᠪᠡᠳ ᠮᠣᠩᠭᠣᠯ ᠤᠢ᠌ᠭᠤᠷ ᠬᠢᠲᠠᠳ ᠬᠠᠪᠰᠤᠷᠭ᠋ᠠᠭᠰᠠᠨ ᠲᠤᠯᠢ ᠪᠢᠴᠢᠭ 《ᠬᠠᠭ᠋ᠠᠨ᠎ᠤ ᠵᠣᠬᠢᠶᠠᠭᠰᠠᠨ ᠲᠠᠪᠤᠨ ᠬᠡᠯᠡᠨ᠎ᠤ ᠮᠠᠨᠵᠤ ᠦᠬᠡᠨ᠎ᠤ ᠲᠤᠯᠢ ᠪᠢᠴᠢᠭ》 ᠵᠡᠷᠭᠡ ᠪᠤᠢ᠃ ᠶᠡᠬᠡ ᠬᠡᠮᠵᠢᠶᠡᠨ᠎ᠤ ᠴᠥᠭᠡᠨ ᠲᠣᠭ᠋ᠠᠲᠤ ᠦᠨᠳᠦᠰᠦᠲᠡᠨ᠎ᠤ ᠠᠷᠠᠳ᠎ᠤᠨ ᠭᠡᠷ᠎ᠡ ᠪᠠ ᠠᠯᠪᠠᠨ ᠪᠢᠴᠢᠭ᠎ᠨᠢ ᠪᠠᠰᠠ ᠲᠡᠦᠬᠡᠨ ᠳᠡᠭᠡᠷᠡᠬᠢ ᠡᠯ᠎ᠡ ᠦᠨᠳᠦᠰᠦᠲᠡᠨ᠎ᠤ ᠠᠵᠤ ᠠᠬᠤᠢ ᠪᠠ ᠰᠣᠶᠣᠯ᠎ᠤᠨ ᠶᠠᠪᠤᠯᠴᠠᠭ᠋ᠠᠨ᠎ᠤ ᠨᠢᠭᠲᠠ ᠬᠠᠷᠢᠴᠠᠭ᠎ᠠ ᠵᠢ ᠭᠦᠢ᠍ᠴᠡᠳ ᠲᠤᠰᠬᠠᠭᠰᠠᠨ ᠪᠠᠢ᠌ᠨ᠎ᠠ᠃ ᠳᠡᠭᠡᠷᠡᠬᠢ ᠪᠣᠳᠠᠲᠤ ᠶᠠᠪᠤᠳᠠᠯ᠎ᠨᠢ 《ᠬᠢᠲᠠᠳ ᠦᠨᠳᠦᠰᠦᠲᠡᠨ ᠴᠥᠭᠡᠨ ᠲᠣᠭ᠋ᠠᠲᠤ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ᠎ᠨᠦᠭᠦᠳ ᠴᠦ᠍ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ》 ᠭᠡᠬᠦ ᠰᠢᠨᠵᠢᠯᠡᠬᠦ ᠤᠬᠠᠭ᠋ᠠᠨᠴᠢ ᠨᠤᠲᠠᠯᠠᠯᠲᠠ ᠵᠢ ᠬᠦᠴᠦᠲᠡᠢ ᠭᠡᠷᠡᠴᠢᠯᠡᠪᠡ᠃
      ᠭᠤᠷᠪᠠ᠎ᠳᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠡᠷᠡᠯ ᠰᠠᠴᠤᠷᠠᠩᠭᠤᠢ ᠡᠷᠳᠡᠨᠢᠰ᠎ᠤᠨ ᠰᠠᠩ᠎ᠢ ᠪᠠᠶᠠᠯᠢᠭᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠬᠤ᠎ᠳᠤ ᠰᠣᠶᠣᠯ᠎ᠤᠨ ᠰᠢᠮ᠎ᠡ ᠲᠡᠵᠢᠭᠡᠯ ᠬᠠᠩᠭ᠋ᠠᠪᠠ᠃ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠠᠵᠤ ᠠᠬᠤᠢ᠂ ᠤᠯᠤᠰ ᠲᠦᠷᠦ᠂ ᠭᠦᠨ ᠤᠬᠠᠭ᠋ᠠᠨ᠂ ᠬᠠᠤᠯᠢ ᠴᠠᠭ᠋ᠠᠵᠠ᠂ ᠲᠡᠦᠬᠡ᠂ ᠱᠠᠰᠢᠨ ᠰᠤᠷᠲᠠᠬᠤᠨ᠂ ᠴᠡᠷᠢᠭ᠎ᠤᠨ ᠶᠠᠪᠤᠳᠠᠯ᠂ ᠤᠳᠬ᠎ᠠ ᠵᠣᠬᠢᠶᠠᠯ᠂ ᠤᠷᠠᠯᠢᠭ᠂ ᠦᠭᠡ ᠬᠡᠯᠡ᠂ ᠦᠰᠦᠭ ᠪᠢᠴᠢᠭ᠂ ᠭᠠᠵᠠᠷ ᠵᠦᠢ᠂ ᠤᠳᠤᠨ ᠣᠷᠣᠨ᠂ ᠵᠢᠷᠤᠬᠠᠢ᠂ ᠠᠨᠠᠭ᠋ᠠᠬᠤ ᠤᠬᠠᠭ᠋ᠠᠨ ᠵᠡᠷᠭᠡ ᠠᠭᠤᠯᠭ᠎ᠠ ᠵᠢ ᠬᠠᠮᠤᠷᠴᠦ᠂ ᠮᠠᠰᠢ ᠤᠯᠠᠨ ᠰᠣᠶᠣᠯ᠎ᠤᠨ ᠬᠣᠪᠣᠷ ᠡᠷᠳᠡᠨᠢ ᠵᠢ ᠪᠠᠭᠲᠠᠭ᠋ᠠᠵᠤ ᠪᠠᠢ᠌ᠳᠠᠭ᠃ ᠵᠢᠱ᠌ᠢᠶᠡᠯᠡᠪᠡᠯ᠂ 《ᠭᠤᠷᠪᠠᠨ ᠲᠤᠮᠤ ᠲᠤᠤᠯᠢ》 — 《ᠭᠡᠰᠡᠷ》᠂ 《ᠵᠢᠩᠭ᠋ᠠᠷ》᠂ 《ᠮᠠᠨᠠᠰ》᠎ᠨᠢ ᠬᠥᠮᠦᠰ᠎ᠤᠨ ᠰᠡᠳᠬᠢᠯ᠎ᠢ ᠳᠣᠩᠰᠣᠯᠭ᠋ᠠᠵᠤ᠂ ᠴᠦᠮ ᠳᠡᠯᠡᠬᠡᠢ ᠳ᠋ᠠᠬᠢᠨ᠎ᠳᠤ ᠠᠯᠳᠠᠷᠰᠢᠭᠰᠠᠨ ᠬᠡᠳᠦᠨ ᠠᠷᠪᠠᠨ ᠲᠦᠮᠡᠨ ᠰᠢᠯᠦᠭ᠎ᠤᠨ ᠠᠪᠤᠷᠭᠤ ᠪᠦᠲᠦᠭᠡᠯ ᠪᠠᠢ᠌ᠭᠰᠠᠨ ᠵᠶ᠋ᠠᠷ ᠨᠡᠷ᠎ᠡ ᠨᠢᠳᠡᠷ᠎ᠲᠤ᠎ᠪᠠᠨ ᠨᠡᠢ᠌ᠴᠡᠭᠰᠡᠨ ᠬᠥᠮᠦᠨ ᠲᠥᠷᠥᠯᠬᠢᠲᠡᠨ᠎ᠤ ᠬᠠᠮᠤᠭ᠎ᠤᠨ ᠠᠭᠤᠤ ᠶᠡᠬᠡ ᠪᠠᠭ᠋ᠠᠲᠤᠷᠯᠢᠭ ᠲᠤᠤᠯᠢᠰ᠎ᠤᠨ ᠡᠩᠨᠡᠭᠡᠨ᠎ᠳᠤ ᠵᠢᠭᠰᠠᠭ᠋ᠠᠭᠳᠠᠭᠰᠠᠨ ᠪᠠᠢ᠌ᠨ᠎ᠠ᠃ ᠳ᠋ᠠᠶ ᠥᠰᠥᠭ᠂ ᠲᠥᠪᠡᠳ ᠥᠰᠥᠭ᠂ ᠮᠠᠨᠵᠤ ᠥᠰᠥᠭ᠂ ᠮᠣᠩᠭᠣᠯ ᠥᠰᠥᠭ᠂ ᠪᠠᠷᠠᠭᠤᠨ ᠰᠢᠶᠠ ᠥᠰᠥᠭ᠎ᠤᠨ 《ᠭᠠᠨᠵᠤᠤᠷ ᠳ᠋ᠠᠨᠵᠤᠤᠷ》᠎ᠨᠢ ᠬᠢᠲᠠᠳ ᠥᠰᠥᠭ᠎ᠤᠨ 《ᠭᠠᠨᠵᠤᠤᠷ ᠳ᠋ᠠᠨᠵᠤᠤᠷ》᠎ᠲᠠᠢ ᠬᠠᠮᠲᠤ᠂ ᠵᠢᠷᠭᠤᠭ᠋ᠠᠨ ᠵᠦᠢᠯ᠎ᠤᠨ ᠥᠰᠥᠭ ᠪᠢᠴᠢᠭ᠎ᠤᠨ ᠰᠢᠰᠲ᠋ᠧᠮ ᠵᠶ᠋ᠡᠷ ᠥᠩᠭᠡ ᠢᠯᠭ᠋ᠠᠷᠠᠨ ᠮᠢᠷᠠᠯᠵᠠᠵᠤ᠂ ᠦᠨᠢᠷ ᠪᠠᠶᠠᠨ ᠠᠤᠭ᠎ᠠ ᠰᠦᠷ ᠵᠶ᠋ᠡᠷ ᠵᠶ᠋ᠡᠨ ᠳᠡᠯᠡᠬᠡᠶ ᠳᠡᠭᠡᠷᠡᠬᠢ ᠬᠠᠮᠤᠭ᠎ᠤᠨ ᠪᠦᠷᠢᠨ ᠲᠦᠬᠦᠷ ᠭᠠᠨᠵᠤᠤᠷ ᠳ᠋ᠠᠨᠵᠤᠤᠷ᠎ᠤᠨ ᠰᠢᠰᠲ᠋ᠧᠮ᠎ᠢ ᠪᠦᠷᠢᠯᠳᠦᠭᠦᠯᠵᠦ᠂ ᠡᠷᠲᠡᠨ᠎ᠤ ᠬᠥᠮᠦᠨ ᠲᠥᠷᠥᠯᠬᠢᠲᠡᠨ᠎ᠤ ᠰᠣᠶᠣᠯ᠎ᠤᠨ ᠲᠡᠦᠬᠡᠨ ᠳᠡᠭᠡᠷ᠎ᠡ ᠥᠪᠡᠷᠮᠢᠴᠡ ᠣᠨᠴᠠᠯᠢᠭ ᠵᠶ᠋ᠡᠨ ᠢᠯᠡᠷᠡᠭᠦᠯᠵᠡᠢ᠃ ᠮᠢᠶᠣᠣ ᠦᠨᠳᠦᠰᠦᠲᠡᠨ᠂ ᠳ᠋ᠦᠩ ᠦᠨᠳᠦᠰᠦᠲᠡᠨ᠂ ᠮᠦᠯᠤᠤ ᠦᠨᠳᠦᠰᠦᠲᠡᠨ᠎ᠳᠤ ᠡᠳᠦᠭᠡ ᠪᠣᠯᠲᠠᠯ᠎ᠠ ᠤᠯᠠᠮᠵᠢᠯᠠᠭᠳᠠᠭᠰᠠᠨ ᠲᠤᠰᠬᠤᠨ᠎ᠤ ᠵᠠᠩ ᠲᠠᠳᠬᠠᠯ᠎ᠤᠨ ᠬᠥᠰᠢᠶᠡᠨ᠎ᠤ ᠰᠡᠢ᠌ᠯᠦᠮᠡᠯ᠎ᠨᠢ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ᠎ᠳᠠᠬᠢ ᠪᠠᠢ᠌ᠭ᠋ᠠᠯᠢ ᠵᠢ ᠡᠷᠬᠢᠮᠯᠡᠬᠦ᠂ ᠵᠣᠴᠢᠨᠰᠠᠭ ᠵᠠᠩ ᠠᠭ᠋ᠠᠯᠢ᠎ᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠰᠢᠯᠢᠳᠡᠭ ᠤᠯᠠᠮᠵᠢᠯᠠᠯ᠎ᠢ ᠲᠡᠮᠳᠡᠭᠯᠡᠵᠦ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠪᠣᠢ᠌ᠵᠢᠭᠤᠯᠤᠨ ᠦᠢ᠍ᠯᠡᠳᠦᠯᠭᠡᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠮᠠᠨ᠎ᠤ ᠤᠯᠤᠰ᠎ᠤᠨ ᠤᠢ᠍ᠢ᠍ᠷ᠎ᠠ ᠦᠶ᠎ᠡ ᠵᠢᠨ ᠰᠣᠶᠣᠯ ᠡᠷᠳᠡᠮ ᠰᠢᠨᠵᠢᠯᠡᠭᠡᠨ᠎ᠤ ᠲᠡᠦᠬᠡ ᠵᠢᠨ ᠲᠦᠷᠪᠡᠨ ᠶᠡᠬᠡ ᠢᠯᠡᠷᠡᠭᠦᠯᠦᠯᠲᠡ ᠵᠢᠨ ᠨᠢᠭᠡ ᠪᠣᠯᠬᠤ ᠳ᠋ᠦᠨᠬᠤᠸᠠᠩ᠎ᠤᠨ ᠦᠯᠡᠳᠡᠭᠳᠡᠯ ᠨᠣᠮ ᠳᠣᠲᠣᠷ᠎ᠠ ᠴᠥᠭᠡᠨ ᠲᠣᠭ᠋ᠠᠲᠤ ᠦᠨᠳᠦᠰᠦᠲᠡᠨ᠎ᠤ ᠦᠰᠦᠭ ᠪᠢᠴᠢᠭ᠎ᠤᠨ ᠰᠤᠳᠤᠷ ᠪᠢᠴᠢᠭ ᠴᠦ᠍ ᠨᠡᠯᠢᠶᠡᠳ ᠶᠡᠬᠡ ᠬᠤᠪᠢ ᠵᠢ ᠡᠵᠡᠯᠡᠵᠦ᠂ ᠮᠠᠰᠢ ᠶᠡᠬᠡ ᠲᠡᠦᠬᠡ ᠵᠢᠨ ᠳᠤᠷᠠᠰᠬᠠᠯᠲᠤ ᠵᠦᠢ᠍ᠯ᠎ᠤᠨ ᠴᠢᠨᠠᠷ᠎ᠲᠠᠢ᠂ ᠡᠷᠳᠡᠮ ᠰᠢᠨᠵᠢᠯᠡᠭᠡᠨ᠎ᠤ ᠮᠠᠲ᠋ᠧᠷᠢᠶᠠᠯ᠎ᠤᠨ ᠴᠢᠨᠠᠷ᠎ᠲᠠᠢ᠂ ᠤᠷᠠᠯᠢᠭ᠎ᠤᠨ ᠲᠥᠯᠥᠭᠡᠯᠡᠬᠦ ᠴᠢᠨᠠᠷ᠎ᠲᠠᠢ ᠪᠠᠢ᠌ᠳᠠᠭ᠃ ᠳᠤᠮᠳᠠᠳᠤ ᠵᠢᠨ ᠰᠣᠶᠣᠯ᠎ᠳᠤ ᠡᠯ᠎ᠡ ᠦᠨᠳᠦᠰᠦᠲᠡᠨ᠎ᠤ ᠰᠣᠶᠣᠯ᠎ᠢ ᠶᠡᠬᠡ᠎ᠪᠠᠷ ᠬᠤᠷᠠᠮᠳᠤᠭᠤᠯᠤᠭᠰᠠᠨ ᠵᠢᠱ᠌ᠢᠶ᠎ᠡ ᠵᠢ ᠲᠣᠭ᠋ᠠᠴᠢᠭ᠋ᠠᠳ ᠪᠠᠷᠠᠬᠤ ᠦᠭᠡᠢ ᠶᠤᠮ᠃ ᠦᠨᠳᠦᠰᠦᠲᠡᠨ᠎ᠨᠦᠭᠦᠳ᠎ᠤᠨ ᠰᠣᠶᠣᠯ ᠰᠣᠯᠪᠢᠴᠠᠨ ᠭᠡᠷᠡᠯᠲᠦᠵᠦ᠂ ᠳᠤᠮᠳᠠᠳᠤ ᠵᠢᠨ ᠰᠣᠶᠣᠯ ᠶᠠᠪᠤᠬᠤ ᠲᠤᠳᠤᠮ ᠰᠢᠨᠡᠳᠴᠦ᠂ ᠮᠠᠨ᠎ᠤ ᠰᠣᠶᠣᠯ᠎ᠤᠨ ᠢᠲᠡᠭᠡᠯ᠎ᠳᠤ ᠠᠪᠤᠭ᠋ᠠᠳ ᠪᠠᠷᠠᠰᠢ ᠦᠭᠡᠢ᠂ ᠬᠡᠷᠡᠭᠯᠡᠭᠡᠳ ᠳᠠᠭᠤᠰᠤᠰᠢ ᠦᠭᠡᠢ ᠤᠷᠤᠰᠬᠠᠯ ᠤᠰᠤ ᠮᠡᠲᠦ ᠡᠬᠢ ᠰᠤᠷᠪᠤᠯᠵᠢ ᠵᠢ ᠬᠠᠩᠭ᠋ᠠᠪᠠ᠃
      ᠰᠤᠷᠪᠤᠯᠵᠢᠯᠠᠭᠴᠢ᠄ ᠳᠠᠷᠠᠭ᠋ᠠᠴᠢ ᠵᠢᠨ ᠠᠯᠬᠤᠮ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠨᠢ ᠬᠡᠷᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ᠎ᠪᠠᠷ ᠵᠢᠯᠤᠭᠤᠳᠤᠯᠭ᠎ᠠ ᠪᠣᠯᠭ᠋ᠠᠵᠤ᠂ ᠰᠢᠨ᠎ᠡ ᠴᠠᠭ ᠦᠶ᠎ᠡ᠎ᠳᠤ ᠵᠠᠮ ᠨᠡᠭᠡᠭᠡᠨ ᠰᠢᠨ᠎ᠡ ᠵᠢ ᠡᠭᠦᠳᠴᠦ᠂ ᠡᠷᠡᠮᠡᠬᠡᠢ᠌ᠯᠡᠨ ᠤᠷᠤᠭᠰᠢᠯᠠᠬᠤ ᠪᠤᠢ?
      ᠵᠠᠩ ᠮᠸᠤ᠄ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠵᠦ᠂ ᠭᠣᠣᠯᠳᠠᠭᠤ ᠳᠣᠣᠷᠠᠬᠢ ᠭᠤᠷᠪᠠᠨ ᠲᠠᠯ᠎ᠠ᠎ᠠᠴᠠ ᠭᠠᠷᠳᠠᠨ ᠠᠵᠢᠯ ᠵᠶ᠋ᠠᠨ ᠰᠠᠢ᠌ᠲᠤᠷ ᠬᠢᠨ᠎ᠡ᠃
      ᠨᠢᠭᠡ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠴᠤᠭᠯᠠᠭᠤᠯᠬᠤ᠂ ᠬᠠᠮᠠᠭ᠋ᠠᠯᠠᠬᠤ ᠠᠵᠢᠯ᠎ᠢ ᠠᠬᠢᠭᠤᠯᠵᠤ᠂   ᠤᠯᠠᠨ ᠵᠠᠭᠤᠨ ᠵᠢᠯ᠎ᠤᠨ ᠡᠭᠦᠳᠦᠨ ᠪᠦᠳᠦᠬᠡᠵᠤ ᠤᠯᠠᠮᠵᠢᠯᠠᠭᠳᠠᠵᠤ ᠢᠷᠡᠭᠰᠡᠨ ᠬᠣᠪᠣᠷ ᠨᠠᠨᠳᠢᠨ ᠰᠣᠶᠣᠯ᠎ᠤᠨ ᠥᠪ᠎ᠢ 《ᠦᠯᠡᠳᠡᠭᠡᠵᠦ ᠳᠡᠢ᠌ᠯᠬᠦ》 ᠪᠣᠯᠭ᠋ᠠᠨ᠎ᠠ᠃ ᠪᠠᠢ᠌ᠳᠠᠯ᠎ᠢ ᠲᠣᠳᠣᠷᠬᠠᠶ ᠣᠢ᠌ᠯᠠᠭ᠋ᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠬᠠᠳᠠᠭ᠋ᠠᠯᠠᠯᠲᠠ ᠯᠤᠲᠤ ᠶᠡᠬᠡ᠂ ᠬᠠᠳᠠᠭ᠋ᠠᠯᠠᠯᠳᠠ ᠲᠠᠷᠠᠬᠠᠶ ᠪᠤᠲᠠᠷᠬᠠᠶ ᠪᠠᠢ᠌ᠬᠤ ᠣᠨᠴᠠᠯᠢᠭ᠎ᠲᠤ ᠴᠢᠭᠯᠡᠭᠦᠯᠦᠨ᠂ ᠠᠷᠠᠳ᠎ᠤᠨ ᠲᠤᠮᠳᠠ ᠭᠦᠨᠵᠡᠭᠡᠢ᠌ᠷᠡᠨ ᠰᠤᠷᠠᠭ ᠰᠦᠪᠡᠭᠴᠢ ᠵᠢ ᠥᠷᠭᠡᠨ ᠵᠶ᠋ᠡᠷ ᠴᠤᠭᠯᠠᠭᠤᠯᠵᠤ᠂ ᠨᠡᠢ᠌ᠳᠡᠮ ᠪᠠᠢ᠌ᠴᠠᠭ᠋ᠠᠯᠲᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠂ ᠲᠥᠷᠥᠯ ᠬᠤᠪᠢᠶᠠᠨ ᠪᠦᠷᠢᠳᠬᠡᠬᠦ᠂ ᠰᠢᠰᠲ᠋ᠧᠮ᠎ᠲᠠᠢ ᠬᠣᠷᠢᠶᠠᠨ ᠴᠤᠭᠯᠠᠭᠤᠯᠬᠤ ᠠᠵᠢᠯ᠎ᠢ ᠰᠠᠢ᠌ᠲᠤᠷ ᠬᠢᠬᠦ ᠵᠢᠨ ᠬᠠᠮᠲᠤ᠂ ᠡᠭᠦᠨ ᠵᠶ᠋ᠡᠷ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠶᠡᠷᠦᠩᠬᠡᠶ ᠭᠠᠷᠴᠠᠭ᠎ᠤᠨ ᠲᠣᠪᠴᠢ》 ᠵᠢ ᠨᠠᠢ᠌ᠷᠠᠭᠤᠯᠤᠨ ᠪᠢᠴᠢᠵᠦ ᠬᠡᠪᠯᠡᠭᠦᠯᠬᠦ ᠠᠬᠢᠴᠠ ᠵᠢ ᠲᠦᠷᠭᠡᠳᠬᠡᠬᠦ ᠬᠡᠷᠡᠭᠳᠡᠢ᠃ ᠱᠠᠲᠤ ᠲᠡᠰ ᠬᠤᠪᠢᠶᠠᠨ ᠬᠠᠮᠠᠭ᠋ᠠᠯᠠᠵᠤ᠂ 《ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠵᠢᠨ ᠶᠣᠰᠣᠭ᠋ᠠᠷ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠲᠥᠷᠥᠯ ᠬᠤᠪᠢᠶᠠᠨ ᠲᠣᠭ᠋ᠠᠯᠠᠨ ᠪᠦᠷᠢᠳᠬᠡᠬᠦ ᠠᠵᠢᠯ᠎ᠢ ᠰᠠᠢ᠌ᠲᠤᠷ ᠬᠢᠵᠦ᠂ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠦᠰᠦᠭ ᠪᠢᠴᠢᠭ᠎ᠤᠨ ᠰᠤᠳᠤᠷ ᠪᠢᠴᠢᠭ᠎ᠤᠨ ᠳᠡᠰ ᠲᠤᠭᠳᠠᠭ᠋ᠠᠯᠳᠠ》 ᠵᠢᠨ ᠤᠯᠤᠰ᠎ᠤᠨ ᠪᠠᠷᠢᠮᠵᠢᠶ᠎ᠠ ᠵᠢ ᠳᠡᠯᠭᠡᠷᠡᠭᠦᠯᠬᠦ᠎ᠲᠠᠢ ᠤᠶᠠᠯᠳᠤᠭᠤᠯᠤᠨ᠂ ᠲᠡᠦᠬᠡ᠂ ᠦᠵᠡᠯ ᠰᠠᠨᠠᠭ᠎ᠠ ᠪᠣᠯᠤᠨ ᠰᠣᠶᠣᠯ᠎ᠤᠨ ᠴᠢᠬᠤᠯᠠ ᠦᠨ᠎ᠡ ᠥᠷᠲᠡᠭ᠎ᠲᠠᠢ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠬᠢᠨᠠᠮᠠᠭ᠋ᠠᠶ ᠰᠣᠩᠭᠣᠨ 《ᠤᠯᠤᠰ᠎ᠤᠨ ᠬᠣᠪᠣᠷ ᠨᠠᠨᠳᠢᠨ ᠰᠤᠳᠤᠷ ᠪᠢᠴᠢᠭ᠎ᠤᠨ ᠨᠡᠷᠡᠰ᠎ᠤᠨ ᠲᠡᠭᠦᠪᠦᠷᠢ》᠎ᠳᠤ ᠮᠡᠳᠡᠭᠦᠯᠦᠨ᠎ᠡ᠃ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠪᠦᠬᠦ ᠤᠯᠤᠰ᠎ᠤᠨ ᠡᠯ᠎ᠡ ᠭᠠᠵᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠪᠠᠢ᠌ᠭᠤᠯᠤᠮᠵᠢ ᠵᠢᠴᠢ ᠬᠠᠮᠢᠶ᠎ᠠ ᠪᠦᠬᠦᠢ ᠰᠤᠳᠤᠯᠭ᠋ᠠᠨ᠂ ᠬᠠᠳᠠᠭ᠋ᠠᠯᠠᠯᠲᠠ᠂ ᠬᠡᠪᠯᠡᠯ᠎ᠤᠨ ᠨᠢᠭᠡᠴᠢ ᠵᠢ ᠵᠣᠬᠢᠶᠠᠨ ᠪᠠᠢ᠌ᠭᠤᠯᠤᠨ ᠵᠣᠬᠢᠴᠠᠭᠤᠯᠵᠤ᠂ ᠤᠯᠠᠨ ᠵᠦᠢ᠍ᠯ᠎ᠤᠨ ᠦᠰᠦᠭ ᠪᠢᠴᠢᠭ ᠤᠯᠠᠨ ᠲᠦᠷᠦᠯ᠎ᠤᠨ ᠰᠢᠨᠵᠢᠯᠡᠭᠡᠨ᠎ᠤ ᠰᠠᠯᠠᠭ᠎ᠠ ᠰᠣᠯᠪᠢᠴᠠᠵᠤ ᠪᠠᠢ᠌ᠭ᠎ᠠ ᠬᠦᠴᠢᠷ ᠠᠰᠠᠭᠤᠳᠠᠯ᠎ᠢ ᠢᠯᠠᠨ ᠳᠠᠪᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠲᠣᠭ᠋ᠠᠴᠢᠯᠠᠭᠰᠠᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠲᠣᠭ᠋ᠠᠴᠢᠯᠠᠭᠰᠠᠨ ᠪᠠᠷᠢᠮᠵᠢᠶ᠎ᠠ ᠲᠣᠭᠲᠠᠭ᠋ᠠᠬᠤ ᠵᠢ ᠠᠬᠢᠭᠤᠯᠵᠤ᠂ ᠲᠣᠭ᠋ᠠᠴᠢᠯᠠᠭᠰᠠᠨ ᠡᠬᠢ ᠪᠠᠶᠠᠯᠢᠭ᠎ᠤᠨ ᠨᠡᠭᠡᠭᠡᠯᠳᠠ ᠵᠢ ᠥᠷᠭᠡᠳᠬᠡᠵᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠠᠰᠢᠭᠯᠠᠯᠲᠠ ᠵᠢᠨ ᠦᠷ᠎ᠡ ᠪᠦᠲᠦᠮᠵᠢ ᠵᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃
      ᠬᠣᠶᠠᠷ᠎ᠲᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠰᠤᠳᠤᠯᠭ᠋ᠠᠨ᠂ ᠲᠠᠢ᠌ᠯᠪᠤᠷᠢᠯᠠᠯᠲᠠ ᠬᠢᠬᠦ ᠠᠵᠢᠯ᠎ᠢ ᠠᠬᠢᠭᠤᠯᠵᠤ᠂ ᠡᠷᠲᠡᠨ᠎ᠤ ᠰᠤᠳᠤᠷ ᠪᠢᠴᠢᠭ ᠲᠤᠯᠭᠤᠷ ᠪᠢᠴᠢᠭ ᠵᠶ᠋ᠡᠷ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ ᠵᠢ ᠪᠡᠬᠢᠵᠢᠭᠦᠯᠬᠦ᠎ᠳᠤ 《ᠰᠠᠢ᠌ᠲᠤᠷ ᠬᠦᠴᠦ ᠨᠡᠮᠡᠷᠢᠯᠡᠨ᠎ᠡ》᠃ ᠰᠣᠳᠣᠨ ᠪᠦᠲᠦᠭᠡᠯ᠎ᠤᠨ ᠤᠬᠠᠮᠰᠠᠷ᠎ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠲᠣᠭᠣᠷᠢᠨ᠎ᠳᠤ᠂ ᠡᠷᠲᠡᠨ᠎ᠤ ᠳᠤᠮᠳᠠᠳᠤ ᠤᠯᠤᠰ᠎ᠤᠨ ᠤᠯᠤᠰ ᠤᠷᠤᠨ᠎ᠤ ᠨᠢᠭᠡᠳᠦᠯ᠎ᠢ ᠬᠠᠮᠠᠭ᠋ᠠᠯᠠᠭᠰᠠᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠮᠡᠭᠳᠡᠬᠦᠯᠦᠭᠰᠡᠨ ᠬᠠᠮᠢᠶ᠎ᠠ ᠪᠦᠬᠦᠢ ᠬᠦᠮᠦᠰ ᠪᠤᠶᠤ ᠦᠢ᠍ᠯᠡ ᠶᠠᠪᠤᠳᠠᠯ᠎ᠢ ᠲᠡᠮᠳᠡᠭᠯᠡᠭᠰᠡᠨ ᠨᠢᠭᠡ ᠪᠦᠯᠦᠭ ᠡᠷᠲᠡᠨ᠎ᠤ ᠰᠤᠳᠤᠷ ᠪᠢᠴᠢᠭ ᠲᠤᠯᠭᠤᠷ ᠪᠢᠴᠢᠭ᠎ᠢ ᠰᠢᠰᠲ᠋ᠧᠮ᠎ᠲᠠᠢ ᠡᠮᠬᠢᠯᠡᠵᠦ᠂ ᠨᠢᠭᠡ ᠪᠦᠯᠦᠭ ᠰᠢᠯᠢᠳᠡᠭ ᠦᠷ᠎ᠡ ᠪᠦᠲᠦᠭᠡᠯ᠎ᠢ ᠨᠠᠢ᠌ᠷᠠᠭᠤᠯᠤᠨ ᠬᠡᠪᠯᠡᠭᠦᠯᠦᠨ᠎ᠡ᠃ ᠡᠯ᠎ᠡ ᠲᠠᠯ᠎ᠠ ᠵᠢᠨ ᠨᠡᠢ᠌ᠯᠡᠭ ᠬᠦᠴᠦᠨ᠎ᠢ ᠨᠢᠭᠲᠠᠷᠠᠭᠤᠯᠵᠤ᠂ ᠪᠦᠬᠦ ᠤᠯᠤᠰ᠎ᠤᠨ ᠬᠣᠯᠪᠣᠭᠳᠠᠯ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠶ ᠮᠡᠷᠭᠡᠵᠢᠯᠲᠡᠨ ᠡᠷᠳᠡᠮᠲᠡᠨ᠎ᠢ ᠳᠠᠢ᠌ᠴᠢᠯᠠᠨ ᠳᠡᠮᠵᠢᠵᠦ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠪᠠ ᠡᠷᠳᠡᠮ ᠰᠢᠨᠵᠢᠯᠡᠭᠡᠨ᠎ᠤ ᠲᠠᠢ᠌ᠯᠤᠮᠵᠢ ᠬᠢᠬᠦ᠂ ᠥᠭᠦᠯᠡᠯ᠎ᠤᠨ ᠲᠤᠰᠬᠠᠶ ᠬᠡᠪᠯᠡᠯ ᠵᠢᠴᠢ ᠡᠷᠳᠡᠮ ᠰᠢᠨᠵᠢᠯᠡᠭᠡᠨ᠎ᠤ ᠲᠤᠰᠬᠠᠶ ᠵᠣᠬᠢᠶᠠᠯ ᠬᠡᠪᠯᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠲᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠳᠤ ᠰᠢᠰᠲ᠋ᠧᠮ᠎ᠲᠠᠢ ᠲᠠᠢ᠌ᠯᠪᠤᠷᠢᠯᠠᠯᠲᠠ ᠬᠢᠵᠦ᠂ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠰᠣᠶᠣᠯ᠎ᠤᠨ ᠰᠤᠳᠤᠯᠭ᠋ᠠᠨ᠎ᠢ ᠠᠬᠢᠭᠤᠯᠤᠨ᠎ᠠ᠃ ᠴᠢᠳᠠᠪᠤᠷᠢᠲᠠᠨ᠎ᠤ ᠱᠠᠳᠤᠯᠠᠭᠰᠠᠨ ᠡᠩᠨᠡᠭᠡ ᠵᠢ ᠪᠠᠢ᠌ᠭᠤᠯᠵᠤ᠂ 《ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ   ᠪᠢᠴᠢᠭ᠎ᠤᠨ ᠬᠠᠮᠠᠭ᠋ᠠᠯᠠᠯᠲᠠ ᠪᠠ ᠮᠠᠲ᠋ᠧᠷᠢᠶᠠᠯ᠎ᠤᠨ ᠮᠡᠳᠡᠭᠡ ᠵᠠᠩᠭᠢ ᠵᠢᠨ ᠲᠥᠪ》᠂ 《ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠲᠤᠯᠭᠤᠷ ᠪᠢᠴᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ》 ᠵᠡᠷᠭᠡ ᠲᠠᠪᠴᠠᠩ᠎ᠳᠤ ᠲᠦᠰᠢᠭᠯᠡᠨ᠂ ᠴᠢᠳᠠᠪᠤᠷᠢᠲᠠᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠪᠠᠢ᠌ᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠲᠤᠰᠬᠠᠢ᠌ᠵᠢᠭᠰᠠᠨ᠂ ᠵᠠᠯᠠᠭᠤᠵᠢᠭᠰᠠᠨ᠂ ᠬᠦᠴᠢᠷ ᠵᠦᠳᠡᠷᠡᠯ᠎ᠢ ᠲᠡᠰᠪᠦᠷᠢᠯᠡᠵᠤ᠂ ᠰᠢᠯᠵᠢᠰᠢ ᠦᠬᠡᠢ ᠪᠠᠳᠤ ᠵᠣᠷᠢᠭ᠎ᠲᠠᠢ ᠬᠡᠪ ᠪᠤᠯᠪᠠᠰᠤᠷᠠᠯ ᠥᠨᠳᠥᠷ ᠪᠥᠬᠥᠶ ᠴᠢᠳᠠᠪᠤᠷᠢᠲᠠᠨ᠎ᠤ ᠡᠩᠨᠡᠭᠡ ᠵᠢ ᠪᠣᠢ᠌ᠵᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠠᠷᠠᠳ᠎ᠤᠨ ᠠᠮᠠᠨ ᠤᠯᠠᠮᠵᠢᠯᠠᠯ᠎ᠤᠨ ᠰᠤᠳᠤᠷ ᠪᠢᠴᠢᠭ᠎ᠤᠨ ᠤᠯᠠᠮᠵᠢᠯᠠᠭᠴᠢ ᠵᠢ ᠬᠠᠮᠠᠭ᠋ᠠᠯᠠᠨ ᠠᠪᠤᠷᠬᠠᠤ ᠡᠷᠴᠢᠮ᠎ᠢ ᠴᠢᠩᠭ᠋ᠠᠷᠠᠭᠤᠯᠤᠨ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠠᠵᠢᠯ᠎ᠤᠨ ᠪᠤᠤᠬᠢᠢ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠬᠤ ᠵᠢ ᠪᠠᠲᠤᠯᠠᠨ᠎ᠠ᠃
      ᠭᠤᠷᠪᠠ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠤᠬᠠᠭᠤᠯᠬᠤ᠂ ᠨᠡᠭᠡᠭᠡᠨ ᠬᠥᠭᠵᠢᠭᠦᠯᠬᠦ ᠵᠢ ᠠᠬᠢᠭᠤᠯᠵᠤ᠂ ᠰᠤᠳᠤᠷ ᠪᠢᠴᠢᠭ᠎ᠲᠤ ᠪᠢᠴᠢᠭᠳᠡᠭᠰᠡᠨ ᠦᠰᠦᠭ ᠪᠢᠴᠢᠭ᠎ᠢ 《ᠠᠮᠢᠳᠤᠯᠢᠭ》 ᠪᠣᠯᠭ᠋ᠠᠨ᠎ᠠ᠃ ᠴᠠᠭ ᠦᠶ᠎ᠡ ᠵᠢᠨ ᠰᠤᠳᠠᠰᠤ᠎ᠲᠠᠢ ᠨᠢᠭᠲᠠ ᠤᠶᠠᠯᠳᠤᠭᠤᠯᠤᠨ᠂ 《ᠤᠬᠢ ᠰᠣᠳᠣ ᠵᠢ᠎ᠨᠢ ᠠᠪᠴᠤ ᠰᠢᠭ᠋ᠠᠷᠤ ᠵᠢ᠎ᠨᠢ ᠬᠠᠶᠠᠬᠤ᠂ ᠡᠷᠲᠡᠨ᠎ᠤ᠎ᠬᠢ ᠵᠢ ᠡᠳᠦᠭᠡ᠎ᠳᠤ ᠦᠢ᠍ᠯᠡᠴᠢᠯᠡᠭᠦᠯᠬᠦ᠂ ᠬᠠᠭᠤᠴᠢᠨ᠎ᠢ ᠤᠭᠤᠷᠴᠤ ᠰᠢᠨ᠎ᠡ ᠵᠢ ᠭᠠᠷᠭ᠋ᠠᠬᠤ》 ᠰᠤᠳᠤᠷ ᠪᠢᠴᠢᠭ᠎ᠤᠨ ᠠᠵᠢᠯ᠎ᠤᠨ ᠵᠠᠷᠴᠢᠮ᠎ᠢ ᠪᠠᠷᠢᠮᠲᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠰᠣᠶᠣᠯ᠎ᠤᠨ ᠡᠬᠢ ᠪᠠᠶᠠᠯᠢᠭ᠎ᠢ ᠤᠳᠤ ᠦᠶ᠎ᠡ ᠵᠢᠨ ᠰᠣᠶᠣᠯ᠎ᠤᠨ ᠰᠣᠳᠣᠨ ᠪᠦᠲᠦᠭᠡᠯ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠳᠣᠪᠣᠢ᠌ᠯᠭ᠋ᠠᠨ᠎ᠠ᠃ ᠤᠬᠠᠭᠤᠯᠭ᠎ᠠ ᠵᠢᠨ ᠠᠷᠭ᠎ᠠ ᠵᠠᠮ᠎ᠤᠨ ᠰᠢᠨ᠎ᠡ ᠵᠢ ᠡᠭᠦᠳᠴᠦ᠂ ᠲᠧᠯᠸᠢᠰ ᠫᠷᠤᠭ᠌ᠷᠠᠮ ᠦᠢ᠍ᠯᠡᠳᠬᠦ᠂ ᠰᠦᠯᠵᠢᠶᠡᠨ᠎ᠤ ᠸᠢᠳᠢᠣ᠋ ᠦᠢ᠍ᠯᠡᠳᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨ᠎ᠠ ᠲᠤᠰᠬᠠᠶ ᠰᠡᠳᠦᠪᠲᠦ ᠦᠵᠡᠭᠦᠯᠭᠡ ᠥᠷᠨᠢᠭᠦᠯᠬᠦ᠂ ᠰᠤᠳᠤᠷ ᠪᠢᠴᠢᠭ᠎ᠢ ᠰᠡᠷᠭᠦᠭᠡᠨ ᠵᠠᠰᠠᠬᠤ ᠤᠷ᠎ᠠ ᠮᠡᠷᠭᠡᠵᠢᠯ᠎ᠤᠨ ᠦᠵᠡᠭᠦᠯᠭᠡ ᠭᠠᠷᠭ᠋ᠠᠬᠤ ᠵᠢ 《ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠦᠨᠳᠦᠰᠦᠨ ᠱᠠᠲᠤᠨ᠎ᠳᠤ ᠪᠠᠭᠤᠯᠭ᠋ᠠᠬᠤ》 ᠬᠦᠳᠡᠯᠬᠡᠬᠡᠨ ᠵᠡᠷᠭᠡ ᠬᠡᠯᠪᠡᠷᠢ᠎ᠪᠠᠷ ᠳᠠᠮᠵᠢᠭᠤᠯᠤᠨ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠮᠡᠳᠡᠯᠭᠡ ᠵᠢ ᠲᠦᠭᠡᠮᠡᠯᠵᠢᠭᠦᠯᠦᠨ ᠳᠡᠯᠭᠡᠷᠡᠭᠦᠯᠦᠨ᠎ᠡ᠃ ᠶᠡᠬᠡ ᠲᠠᠯ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠪᠣᠯᠤᠨ ᠰᠣᠶᠣᠯ᠎ᠤᠨ ᠡᠭᠦᠳᠦᠯᠲᠡ᠂ ᠵᠢᠭᠤᠯᠴᠢᠯᠠᠯ ᠵᠡᠷᠭᠡ ᠠᠵᠤ ᠦᠢ᠍ᠯᠡᠰ᠎ᠤᠨ ᠰᠢᠨ᠎ᠡ ᠵᠢ ᠡᠬᠦᠳᠦᠨ ᠠᠭᠤᠰᠤᠯᠴᠠᠬᠤ᠎ᠢ ᠠᠬᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ ᠬᠦᠭᠵᠢᠯᠳᠡ ᠵᠢ ᠪᠡᠶᠡᠯᠡᠬᠦᠯᠬᠦ ᠵᠢ ᠠᠬᠢᠭᠤᠯᠤᠨ᠎ᠠ᠃

ᠢᠷᠡᠯᠲᠡ᠄ ᠳᠤᠮᠳᠠᠳᠤ ᠵᠢᠨ ᠦᠨᠳᠦᠰᠦᠲᠡᠨ ᠰᠣᠨᠢᠨ