《ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠡᠷᠭᠢᠴᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠭᠡᠭᠡᠨ ᠰᠠᠷᠠᠭᠤᠯ ᠢᠷᠡᠭᠡᠳᠦᠢ ᠵᠢ ᠪᠠᠷᠠᠯᠠᠵᠠᠢ᠃ ᠶᠠᠷᠢᠶᠠᠨ᠎ᠳᠤ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠠᠩᠬ᠎ᠠ ᠤᠳᠠᠭ᠎ᠠ ᠳᠤᠷᠠᠳᠴᠤ᠂ ᠲᠡᠦᠬᠡ᠎ᠪᠠᠷ ᠲᠤᠯᠢ ᠪᠤᠯᠭ᠋ᠠᠵᠤ ᠢᠷᠡᠭᠡᠳᠦᠢ ᠵᠢ ᠨᠡᠭᠡᠭᠡᠬᠦ᠎ᠳᠤ ᠡᠷᠬᠡᠪᠰᠢ ᠪᠠᠲᠤ ᠡᠵᠡᠮᠳᠡᠬᠦ 〈ᠶᠢᠰᠦᠨ ᠡᠷᠬᠡᠪᠰᠢ〉 ᠵᠢᠨ ᠲᠤᠷᠰᠢᠯᠭ᠎ᠠ ᠵᠢᠨ ᠰᠡᠩᠬᠡᠷᠡᠭᠦᠯᠦᠯ ᠪᠣᠯᠤᠨ ᠦᠨᠳᠦᠰᠦᠨ ᠱᠠᠭ᠋ᠠᠷᠳᠠᠯᠭ᠎ᠠ ᠵᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠵᠦ᠂ ᠰᠢᠨ᠎ᠡ ᠠᠶᠠᠨ ᠵᠠᠮ᠎ᠳᠠᠬᠢ ᠨᠠᠮ ᠪᠣᠯᠤᠨ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠤᠷᠤᠭᠰᠢᠯᠠᠬᠤ ᠴᠢᠭᠯᠡᠯ᠎ᠢ ᠲᠤᠳᠤᠷᠬᠠᠢ᠌ᠯᠠᠬᠰᠠᠨ ᠶᠤᠮ》 ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠶ᠋ᠢᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠭᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠸᠠᠩ ᠵᠢᠶᠦ᠋ᠨ ᠤᠢ᠌ᠷ᠎ᠠ᠎ᠳᠤ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠳᠤ᠎ᠪᠠᠨ ᠬᠡᠯᠡᠪᠡ᠃
ᠸᠠᠩ ᠵᠢᠶᠦ᠋ᠨ᠎ᠤ ᠦᠵᠡᠭᠦ᠎ᠪᠠᠷ᠂ ᠶᠡᠷᠦᠩᠬᠡᠶ ᠱᠦᠵᠢ ᠰᠢ ᠵᠢᠨ ᠫᠢᠩ᠎ᠤᠨ 《7·1》᠎ᠤ ᠴᠢᠬᠤᠯᠠ ᠶᠠᠷᠢᠶ᠎ᠠ ᠵᠢᠨ ᠪᠦᠭᠦ ᠠᠭᠤᠯᠭ᠎ᠠ᠎ᠳᠤ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠡᠷᠡᠯ ᠭᠢᠯᠪᠠᠭ᠎ᠠ ᠰᠠᠴᠤᠷᠠᠵᠤ᠂ ᠡᠷᠡᠰ ᠪᠠᠲᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠲᠤᠭᠤᠰᠢᠯᠠᠬᠳᠠᠵᠤ᠂ ᠵᠠᠭᠤᠨ ᠵᠢᠯ᠎ᠤᠨ ᠲᠣᠮᠣ ᠨᠠᠮ᠎ᠤᠨ ᠭᠦᠨ ᠭᠦᠨᠵᠡᠭᠡᠶ ᠪᠠᠶ᠋ᠢᠯᠳᠤᠬᠤ ᠪᠣᠳᠣᠯᠭ᠎ᠠ ᠵᠢᠨ ᠦᠵᠡᠯ ᠰᠠᠨᠠᠭ᠎ᠠ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠠᠷᠠᠳ ᠲᠦᠮᠡᠨ᠎ᠤ ᠲᠥᠯᠥᠭᠡ ᠵᠢᠳᠬᠦᠬᠦ ᠴᠢᠩ ᠦᠨᠡᠨᠴᠢ ᠬᠠᠶ᠋ᠢᠷ᠎ᠠ ᠰᠡᠳᠬᠢᠯᠭᠡ ᠵᠢ ᠭᠦᠢ᠍ᠴᠡᠳ ᠢᠯᠡᠷᠡᠭᠦᠯᠵᠦ᠂ ᠨᠠᠮ᠎ᠠᠴᠠ ᠪᠥᠬᠥ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ ᠵᠢᠨ ᠵᠠᠮ᠎ᠳᠤ ᠭᠠᠷᠬᠤ ᠤᠯᠤᠰ ᠲᠥᠷᠥ ᠵᠢᠨ ᠲᠤᠩᠬᠠᠭ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ ᠭᠡᠪᠡ᠃
ᠸᠠᠩ ᠵᠢᠶᠦ᠋ᠨ ᠶᠡᠷᠦᠩᠬᠡᠶ ᠱᠦᠵᠢ ᠰᠢ ᠵᠢᠨ ᠫᠢᠩ᠎ᠤᠨ 《7·1》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠡᠷᠬᠢᠨ ᠭᠦᠨᠵᠡᠭᠡᠶ ᠰᠤᠷᠤᠯᠴᠠᠨ ᠤᠢ᠌ᠯᠠᠭ᠋ᠠᠵᠤ ᠲᠤᠭᠤᠰᠢᠯᠠᠭᠤᠯᠬᠤ ᠲᠤᠬᠠᠶ ᠶᠠᠷᠢᠬᠤ᠎ᠳᠤ᠎ᠪᠠᠨ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠠᠵᠢᠯ᠎ᠤᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠬᠰᠢᠯᠠᠬᠤ ᠰᠢᠨ᠎ᠡ ᠠᠶᠠᠨ ᠵᠠᠮ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠦᠨᠳᠦᠰᠦᠲᠡᠨ᠎ᠤ ᠠᠵᠢᠯ᠎ᠢ ᠪᠥᠬᠥ ᠲᠠᠯᠠᠲᠤ ᠴᠢᠨᠠᠷᠲᠠᠶ᠂ ᠰᠢᠰᠲ᠋ᠧᠮᠲᠦ ᠴᠢᠨᠠᠷᠲᠠᠶ᠂ ᠲᠥᠰᠥᠭᠡᠯᠡᠬᠦ ᠴᠢᠨᠠᠷᠲᠠᠶ᠂ ᠰᠢᠨᠵᠢᠯᠡᠬᠦ ᠤᠬᠠᠭ᠋ᠠᠨᠴᠢ ᠴᠢᠨᠠᠷᠲᠠᠶ᠎ᠪᠠᠷ ᠲᠥᠯᠥᠪᠵᠢᠭᠦᠯᠬᠦ ᠬᠡᠷᠡᠭᠲᠡᠶ᠃ ᠦᠨᠳᠦᠰᠦᠲᠡᠨ᠎ᠤ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ ᠵᠢ ᠡᠷᠬᠢᠮᠯᠡᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠤᠯ ᠰᠢᠵᠢᠮ ᠵᠶ᠋ᠠᠨ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ᠎ᠳᠤ ᠦᠨᠳᠦᠰᠦᠲᠡᠨ᠎ᠤ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠵᠤ᠂ 《ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ》᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠪᠡ᠃
ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ᠎ᠳᠤ᠎ᠪᠠᠨ ᠮᠤᠷᠳᠠᠨᠠᠮ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ᠎ᠬᠢᠨ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠰᠢᠭᠤᠷᠬᠠᠢ᠎ᠪᠠᠷ ᠳᠠᠭ᠋ᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《7·1》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠵᠤ᠂ 《ᠨᠢᠭᠡ ᠰᠢᠵᠢᠮ》᠎ᠢ ᠪᠠᠷᠢᠮᠲᠠᠯᠠᠬᠤ᠂ 《ᠬᠣᠶᠠᠷ ᠲᠦᠷᠢᠮ》᠎ᠢ ᠲᠤᠭᠤᠰᠢᠯᠠᠭᠤᠯᠬᠤ᠂ 《ᠭᠤᠷᠪᠠᠨ ᠲᠥᠷᠥᠯ》᠎ᠤᠨ ᠭᠣᠣᠯᠳᠠᠯᠭ᠎ᠠ᠎ᠲᠠᠢ ᠠᠵᠢᠯ᠎ᠢ ᠰᠠᠶ᠋ᠢᠲᠤᠷ ᠠᠳᠬᠤᠬᠤ᠂ 《ᠲᠦᠷᠪᠡᠨ ᠵᠦᠢ᠍ᠯ》᠎ᠤᠨ ᠪᠠᠲᠤᠯᠠᠭ᠎ᠠ ᠵᠢᠨ ᠲᠣᠭᠲᠠᠴᠠ ᠵᠢ ᠰᠠᠶ᠋ᠢᠲᠤᠷ ᠪᠠᠶ᠋ᠢᠭᠤᠯᠬᠤ ᠰᠡᠳᠬᠢᠮᠵᠢ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠪᠣᠳᠠᠲᠠᠢ ᠰᠠᠶ᠋ᠢᠲᠤᠷ ᠠᠳᠬᠤᠨ᠎ᠠ᠃
ᠨᠢᠭᠡᠳᠦᠭᠡᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠨ᠎ᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠶ᠊ ᠊ᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠦᠨᠳᠦᠰᠦᠲᠡᠨ᠎ᠤ ᠣᠨᠣᠯ᠎ᠢ ᠴᠠᠭ ᠦᠶ᠎ᠡ᠎ᠲᠠᠢ ᠵᠡᠷᠭᠡ᠎ᠪᠠᠷ ᠤᠷᠤᠬᠰᠢᠯᠠᠭᠤᠯᠤᠬᠰᠠᠨ ᠡᠭᠦᠳᠦᠯᠲᠡᠲᠦ ᠬᠥᠭᠵᠢᠯᠲᠡ ᠮᠥᠨ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠂ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠪᠣᠶ ᠪᠥᠬᠥᠶ ᠠᠵᠢᠯ᠎ᠤᠨ ᠡᠬᠢᠯᠡᠯᠲᠡ ᠪᠠ ᠵᠣᠭᠰᠣᠴᠠ ᠮᠥᠨ᠂ ᠡᠨᠡ ᠬᠦ᠌ ᠭᠤᠤᠯ ᠰᠢᠵᠢᠮ᠎ᠢ ᠦᠨᠳᠦᠰᠦᠲᠡᠨ᠎ᠤ ᠠᠵᠢᠯ᠎ᠤᠨ ᠪᠥᠬᠥ ᠶᠠᠪᠤᠴᠠ ᠪᠠ ᠡᠯ᠎ᠡ ᠭᠣᠭᠴᠣᠭ᠎ᠠ᠎ᠳᠤ ᠲᠤᠭᠤᠰᠢᠯᠠᠭᠤᠯᠬᠤ ᠵᠢ ᠢᠮᠠᠭᠲᠠ ᠪᠠᠷᠢᠮᠲᠠᠯᠠᠬᠤ ᠬᠡᠷᠡᠭᠲᠡᠶ᠃
ᠬᠣᠶᠠᠳᠤᠭ᠋ᠠᠷ᠎ᠲᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠲᠦᠷᠢᠮ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠲᠦᠷᠢᠮ》 ᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠳᠦᠷᠢᠮ》᠎ᠳᠤ ᠦᠨᠳᠦᠰᠦᠲᠡᠨ᠎ᠤ ᠠᠵᠢᠯ ᠪᠠ ᠦᠨᠳᠦᠰᠦᠲᠡᠨ᠎ᠤ ᠵᠦᠪᠯᠡᠯ᠎ᠤᠨ ᠠᠵᠢᠯ᠎ᠳᠤ ᠲᠣᠳᠣᠷᠬᠠᠢ ᠲᠣᠭᠲᠠᠭ᠋ᠠᠯ ᠭᠠᠷᠭ᠋ᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠲᠦᠷᠢᠮ》 ᠪᠣᠯ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠲᠡᠷᠡ᠎ᠨᠢ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠨᠠᠩ ᠶᠡᠬᠡ ᠪᠣᠳᠠᠲᠠᠶ ᠵᠢ ᠡᠷᠬᠢᠮᠯᠡᠭᠰᠡᠨ᠂ ᠲᠤᠰᠠᠲᠠᠶ᠂ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ ᠪᠥᠬᠥ ᠣᠷᠣᠨ᠎ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ 《ᠬᠣᠶᠠᠷ ᠲᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠢ᠌ᠵᠢᠭᠤᠯᠬᠤ ᠵᠢ ᠢᠳᠡᠪᠭᠢᠲᠡᠢ ᠠᠬᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠬᠦ ᠵᠢ ᠲᠠᠰᠤᠷᠠᠯᠲᠠ ᠥᠬᠡᠶ ᠠᠬᠢᠭᠤᠯᠤᠨ᠎ᠠ᠃
ᠭᠤᠷᠪᠠᠳᠤᠭ᠋ᠠᠷ᠎ᠲᠤ᠂ 《ᠭᠤᠷᠪᠠᠨ ᠲᠥᠷᠥᠯ》᠎ᠤᠨ ᠠᠵᠢᠯ᠎ᠢ ᠭᠣᠣᠯᠳᠠᠯᠭ᠎ᠠ ᠪᠣᠯᠭ᠋ᠠᠨ ᠰᠠᠶ᠋ᠢᠲᠤᠷ ᠠᠳᠬᠤᠨ᠎ᠠ
ᠨᠢᠭᠡ᠎ᠳᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ 《7·1》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ ᠵᠢ ᠴᠥᠬᠥᠷᠡᠰᠢ ᠦᠭᠡᠢ ᠪᠠᠶ᠋ᠢᠩᠭᠤ ᠠᠳᠬᠤᠬᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠋ᠠᠨ᠎ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠵᠢ ᠡᠭᠦᠳᠦᠭᠰᠡᠨ ᠤᠨᠤᠯ ᠵᠶ᠋ᠠᠷ ᠤᠶᠤᠨ ᠲᠠᠷᠢᠬᠢ᠎ᠪᠠᠨ ᠦᠨᠡᠨ ᠬᠦ᠌ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠤᠨ᠂ ᠠᠵᠢᠯ ᠵᠶ᠋ᠠᠨ ᠠᠬᠢᠭᠤᠯᠬᠤ ᠬᠡᠷᠡᠭᠲᠡᠢ᠃ ᠬᠣᠶᠠᠷ᠎ᠲᠤ᠂ ᠤᠯᠤᠰ ᠲᠦᠷᠦ ᠵᠢᠨ ᠵᠢᠯᠤᠭᠤᠳᠤᠮᠵᠢ ᠵᠢ ᠪᠠᠷᠢᠮᠲᠠᠯᠠᠵᠤ᠂ ᠲᠥᠪ᠎ᠤᠨ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠨᠠᠶ᠋ᠢᠳᠠᠪᠤᠷᠢᠵᠢᠭᠤᠯᠬᠤ ᠵᠢ ᠴᠢᠩᠭ᠎ᠠ ᠨᠠᠷᠢᠯᠢᠭ ᠪᠣᠳᠠᠲᠠᠢ ᠠᠳᠬᠤᠵᠤ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠵᠦᠪ ᠣᠨᠣᠪᠴᠢᠲᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠ ᠠᠵᠢᠯ᠎ᠤᠨ ᠦᠢ᠍ᠯᠡᠳᠦᠯᠭᠡ ᠳᠤᠮᠳᠠᠬᠢ ᠵᠦᠷᠢᠶ᠎ᠡ ᠵᠢ ᠡᠷᠡᠰ ᠵᠠᠯᠠᠷᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ ᠠᠷᠭ᠎ᠠ ᠬᠡᠯᠪᠡᠷᠢ ᠠᠴᠢᠶᠠᠯᠠᠪᠤᠷᠢ᠎ᠪᠠᠨ ᠰᠢᠨᠡᠴᠢᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠭᠡᠨ ᠳᠡᠯᠭᠡᠷ ᠭᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠦᠨ᠎ᠡ᠃ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠬᠦ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠭᠠᠷᠳᠠᠴᠠ ᠪᠣᠯᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠬᠥᠭᠵᠢᠯᠲᠡ ᠵᠢᠨ ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠬᠤ ᠪᠠ ᠰᠠᠶ᠋ᠢᠲᠤᠷ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠷᠭ᠎ᠠ ᠪᠠ ᠠᠴᠢᠶᠠᠯᠠᠪᠤᠷᠢ᠎ᠪᠠᠨ ᠰᠢᠨᠡᠴᠢᠯᠡᠭᠦ ᠵᠢ ᠵᠢᠯᠣᠭᠣᠳᠴᠤ᠂ ᠡᠭᠦᠳᠦᠨ ᠪᠠᠶ᠋ᠢᠭᠤᠯᠬᠤ ᠠᠭᠤᠯᠭ᠎ᠠ ᠵᠢ ᠪᠠᠶᠠᠯᠢᠭᠵᠢᠭᠤᠯᠤᠨ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠪᠣᠳᠠᠲᠤ ᠦᠷ᠎ᠡ ᠪᠦᠲᠦᠮᠵᠢ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
ᠳᠥᠷᠪᠡᠳᠦᠭᠡᠷ᠎ᠲᠤ᠂ 《ᠲᠦᠷᠪᠡᠨ ᠵᠦᠢ᠍ᠯ》᠎ᠤᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ
ᠨᠢᠭᠡ᠎ᠳᠤ᠂ ᠦᠨᠳᠦᠰᠦᠲᠡᠨ᠎ᠤ ᠵᠥᠪᠯᠡᠯ᠎ᠤᠨ ᠬᠡᠰᠢᠭᠦᠨ ᠨᠢᠭᠡᠴᠢ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠲᠡᠨ᠎ᠤ ᠵᠥᠪᠯᠡᠯ᠎ᠤᠨ ᠭᠡᠰᠢᠭᠦᠨ ᠨᠢᠭᠡᠴᠢ ᠵᠢᠨ ᠠᠵᠢᠯ᠎ᠤᠨ ᠲᠤᠰᠢᠶᠠᠯ ᠬᠠᠷᠢᠭᠤᠴᠠᠯᠭ᠎ᠠ᠂ ᠬᠡᠰᠢᠭᠦᠨ ᠨᠢᠭᠡᠴᠢ ᠵᠢᠨ ᠠᠵᠢᠯ᠎ᠤᠨ ᠲᠦᠷᠢᠮ᠎ᠳᠤ ᠪᠥᠬᠥ ᠲᠠᠯ᠎ᠠ᠎ᠪᠠᠷ ᠵᠠᠰᠠᠪᠤᠷᠢ ᠤᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠡᠰᠢᠭᠦᠨ ᠨᠢᠭᠡᠴᠢ ᠵᠢᠨ ᠪᠥᠬᠥᠳᠡ ᠬᠤᠷᠠᠯ᠎ᠢ ᠬᠤᠷᠠᠯᠳᠤᠭᠤᠯᠵᠤ᠂ ᠡᠯ᠎ᠡ ᠭᠡᠰᠢᠭᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠭᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠬᠢᠬᠦ᠎ᠳᠤ ᠱᠠᠭ᠋ᠠᠷᠳᠠᠯᠭ᠎ᠠ ᠳᠤᠷᠠᠳᠴᠤ᠂ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠪᠠᠳᠠᠷᠠᠭᠤᠯᠪᠠᠰᠤ ᠵᠣᠬᠢᠬᠤ ᠦᠢ᠍ᠯᠡᠳᠦᠯ᠎ᠢ᠎ᠨᠢ ᠦᠨᠡᠨ ᠬᠦ᠌ ᠪᠠᠳᠠᠷᠠᠭᠤᠯᠵᠤ᠂ ᠰᠢᠨ᠎ᠡ ᠴᠠᠭ ᠦᠶ᠎ᠡ᠎ᠳᠤ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠬᠳᠠᠷᠠᠭᠤᠯᠤᠨ᠎ᠠ᠃ ᠬᠣᠶᠠᠷ᠎ᠲᠤ᠂ ᠦᠨᠳᠦᠰᠦᠲᠡᠨ᠎ᠤ ᠠᠵᠢᠯ᠎ᠢ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠬᠢᠨᠠᠨ ᠰᠢᠯᠭ᠋ᠠᠵᠤ ᠦᠨᠡᠯᠡᠬᠦ ᠡᠨᠡ ᠬᠦ᠌ ᠵᠢᠭ᠋ᠠᠪᠤᠷᠢ ᠳᠣᠬᠢᠶ᠎ᠠ ᠪᠠ ᠳᠣᠬᠢᠶᠠᠨ ᠲᠡᠮᠳᠡᠭ᠎ᠢ ᠭᠦᠢ᠍ᠴᠡᠳ ᠰᠠᠶ᠋ᠢᠲᠤᠷ ᠬᠡᠷᠡᠭᠯᠡᠵᠦ᠂ ᠦᠨᠳᠦᠰᠦᠲᠡᠨ᠎ᠤ ᠠᠵᠢᠯ᠎ᠢ ᠬᠢᠨᠠᠨ ᠰᠢᠯᠭ᠋ᠠᠬᠤ ᠡᠨᠡ ᠬᠦ᠌ ᠵᠥᠭᠡᠯᠡᠨ ᠵᠢᠭ᠋ᠠᠯᠳᠠ ᠲᠣᠭ᠎ᠠ᠎ᠪᠠᠷ ᠴᠢᠩᠭ᠎ᠠ ᠬᠢᠵᠠᠭ᠋ᠠᠷᠯᠠᠯ ᠪᠣᠯᠭ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠎ᠲᠠᠢ ᠬᠠᠮᠵᠢᠯᠴᠠᠨ ᠨᠢᠭᠡᠨ ᠢᠵᠢ ᠰᠢᠨᠵᠢᠯᠡᠬᠦ ᠤᠬᠠᠭ᠋ᠠᠨᠴᠢ ᠪᠦᠲᠦᠮᠵᠢᠲᠡᠶ ᠬᠢᠨᠠᠨ ᠰᠢᠯᠭ᠋ᠠᠬᠤ ᠵᠢᠭ᠋ᠠᠯᠳᠠ ᠲᠣᠭ᠎ᠠ ᠵᠢ ᠪᠠᠶ᠋ᠢᠭᠤᠯᠬᠤ᠎ᠪᠠᠷ ᠳᠠᠮᠵᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠦᠨᠳᠦᠰᠦᠲᠡᠨ᠎ᠤ ᠠᠵᠢᠯ᠎ᠢ ᠪᠤᠰᠤᠳᠴᠢ᠎ᠪᠠᠷ᠂ ᠲᠥᠪ ᠭᠣᠣᠯᠴᠢ᠎ᠪᠠᠷ᠂ ᠣᠨᠣᠪᠴᠢᠲᠠᠶ᠎ᠪᠠᠷ ᠦᠨᠡᠯᠡᠨ᠎ᠡ᠃ ᠭᠤᠷᠪᠠ᠎ᠳᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠤᠷᠤᠨ ᠵᠢᠱ᠌ᠢᠶ᠎ᠡ ᠦᠵᠡᠭᠦᠯᠬᠦ ᠨᠢᠭᠡᠴᠢ ᠵᠢ ᠰᠢᠯᠭ᠋ᠠᠨ ᠦᠨᠡᠯᠡᠭᠦ ᠪᠠᠷᠢᠮᠵᠢᠶ᠎ᠠ ᠪᠠ ᠰᠢᠯᠭ᠋ᠠᠨ ᠦᠨᠡᠯᠡᠭᠦ ᠠᠷᠭ᠎ᠠ ᠵᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠶ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ᠎ᠠ᠃ ᠠᠶ᠋ᠢᠮᠠᠭ ᠬᠣᠲᠠ ᠬᠣᠰᠢᠭᠤ ᠰᠢᠶᠠᠨ᠎ᠤ ᠪᠥᠬᠥ ᠤᠯᠤᠰ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠢᠱ᠌ᠢᠶ᠎ᠡ ᠦᠵᠡᠭᠦᠯᠬᠦ ᠨᠢᠭᠡᠴᠢ ᠵᠢ ᠴᠢᠷᠮᠠᠢ᠌ᠨ ᠪᠠᠢ᠌ᠭᠤᠯᠬᠤ ᠤᠯᠤᠰ ᠲᠥᠷᠥ ᠵᠢᠨ ᠪᠣᠭᠣᠮᠲᠠ ᠪᠠ ᠬᠢᠨᠠᠨ ᠲᠣᠭᠲᠠᠭ᠋ᠠᠬᠤ ᠪᠣᠭᠣᠮᠲᠠ ᠵᠢ ᠰᠠᠶ᠋ᠢᠲᠤᠷ ᠡᠵᠡᠮᠳᠡᠵᠦ᠂ ᠡᠷᠬᠡ ᠲᠡᠭᠰᠢ ᠲᠥᠪ ᠭᠤᠤᠯᠴᠢ᠂ ᠰᠢᠨᠵᠢᠯᠡᠬᠦ ᠤᠬᠠᠭ᠋ᠠᠨᠴᠢ᠂ ᠵᠦᠶ ᠵᠣᠬᠢᠰᠲᠠᠶ ᠪᠠᠶ᠋ᠢᠬᠤ ᠵᠢ ᠪᠡᠶᠡᠯᠡᠭᠦᠯᠦᠨ᠎ᠡ᠃ ᠳᠥᠷᠪᠡ᠎ᠳᠤ᠂ ᠦᠨᠳᠦᠰᠦᠲᠡᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠯᠦᠭᠡ ᠨᠢᠭᠲᠠ ᠬᠠᠮᠲᠤᠷᠠᠯᠴᠠᠵᠤ᠂ ᠬᠢᠨᠠᠯᠲᠠ ᠳᠡᠯᠪᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠪᠣᠯᠵᠣᠨ ᠶᠠᠷᠢᠯᠴᠠᠬᠤ᠂ ᠰᠠᠨᠠᠭᠤᠯᠬᠤ᠂ ᠮᠡᠳᠡᠭᠳᠡᠬᠦ᠂ ᠬᠠᠷᠢᠭᠤᠴᠠᠯᠭ᠎ᠠ ᠲᠤᠯᠭ᠋ᠠᠬᠤ ᠵᠡᠷᠭᠡ ᠠᠷᠭ᠎ᠠ ᠪᠠᠷᠢᠯ᠎ᠢ ᠰᠠᠶ᠋ᠢᠲᠤᠷ ᠬᠡᠷᠡᠭᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠱᠠᠯᠠᠪᠳᠠᠭᠤᠯᠤᠨ ᠱᠠᠭ᠋ᠠᠷᠳᠠᠵᠤ ᠪᠠᠢ᠌ᠭ᠋ᠠᠳ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ᠎ᠢ᠎ᠨᠢ ᠴᠢᠩᠭ᠋ᠠᠷᠠᠭᠤᠯᠤᠨ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ᠎ᠲᠠᠢ ᠬᠣᠯᠪᠣᠭᠳᠠᠬᠤ ᠬᠠᠤᠯᠢ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠡᠷᠡᠰ ᠬᠠᠮᠠᠭ᠋ᠠᠯᠠᠨ᠎ᠠ᠃