ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠤᠯᠭ᠋ᠠᠵᠤ ᠦᠪᠦᠷ ᠮᠤᠩᠭᠤᠯ᠎ᠤᠨ 《ᠵᠢᠱ᠌ᠢᠶᠡᠴᠢ ᠦᠪᠡᠷᠳᠡᠬᠡᠨ ᠵᠠᠰᠠᠬᠤ ᠤᠷᠤᠨ》᠎ᠤ ᠡᠷᠬᠢᠮ ᠲᠡᠬᠡᠳᠦ ᠢᠷᠠᠭᠤ ᠠᠯᠳᠠᠷ᠎ᠢ ᠡᠷᠡᠰ ᠬᠠᠮᠠᠭ᠋ᠠᠯᠠᠨ᠎ᠠ — ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠡᠰᠢᠬᠦᠨ᠂ ᠨᠢᠬᠡᠳᠦᠮᠡᠯ ᠹᠷᠤᠨᠲ᠎ᠤᠨ ᠬᠡᠯᠳᠡᠰ᠎ᠤᠨ ᠲᠠᠷᠤᠭ᠎ᠠ ᠳ᠋ᠤᠸᠠᠨ ᡁᠢ ᠴᠢᠶᠠᠩ᠎ᠢ ᠰᠤᠷᠪᠤᠯᠵᠢᠯᠠᠭᠰᠠᠨ᠎ᠨᠢ
ᠨᠡᠶ᠋ᠢᠲᠡᠯᠡᠭᠰᠡᠨ ᠴᠠᠭ᠄ 2021-08-29

            ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠰᠤᠷᠪᠤᠯᠵᠢᠯᠠᠭᠴᠢ     ᠰᠦᠩ ᠱᠤᠸᠠᠩ
       

      ᠰᠤᠷᠪᠤᠯᠵᠢᠯᠠᠭᠴᠢ᠄ ᠲᠠ ᠰᠠᠢ᠌ᠨ ᠤᠤ! ᠮᠠᠨ᠎ᠤ ᠤᠯᠤᠰ᠎ᠤᠨ ᠬᠠᠮᠤᠭ᠎ᠤᠨ ᠡᠷᠳᠡ ᠪᠠᠢ᠌ᠭᠤᠯᠤᠭᠳᠠᠭᠰᠠᠨ ᠮᠤᠵᠢ ᠵᠢᠨ ᠲᠡᠰ᠎ᠤᠨ ᠦᠨᠳᠦᠰᠦᠳᠡᠨ᠎ᠤ ᠦᠪᠡᠷᠳᠡᠬᠡᠨ ᠵᠠᠰᠠᠬᠤ ᠤᠷᠤᠨ ᠪᠤᠯᠤᠭᠰᠠᠨ᠎ᠤ ᠬᠤᠪᠢ᠎ᠳᠤ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠪᠠᠢ᠌ᠳᠠᠯ ᠪᠤᠯᠤᠨ ᠠᠵᠢᠯ᠎ᠤᠨ ᠪᠤᠳᠠᠳᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠲᠤᠬᠠᠢ ᠤᠢ᠌ᠯᠠᠭ᠋ᠠᠯᠳᠠ᠎ᠪᠠᠨ ᠶᠠᠷᠢᠨ᠎ᠠ ᠤᠤ?
      ᠳ᠋ᠤᠸᠠᠨ ᡁᠢ ᠴᠢᠶᠠᠩ᠄ ᠦᠪᠦᠷ ᠮᠤᠩᠭᠤᠯ ᠪᠤᠯ ᠮᠠᠨ᠎ᠤ ᠤᠯᠤᠰ᠎ᠤᠨ ᠬᠠᠮᠤᠭ᠎ᠤᠨ ᠡᠷᠳᠡ ᠪᠠᠢ᠌ᠭᠤᠯᠤᠭᠳᠠᠭᠰᠠᠨ ᠦᠨᠳᠦᠰᠦᠳᠡᠨ᠎ᠤ ᠦᠪᠡᠷᠳᠡᠬᠡᠨ ᠵᠠᠰᠠᠬᠤ ᠤᠷᠤᠨ ᠶᠤᠮ᠂ ᠨᠠᠮ᠎ᠤᠨ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠪᠠᠢ᠌ᠭᠤᠯᠤᠯ᠎ᠤᠨ ᠡᠭᠦᠰᠦᠭᠰᠡᠨ ᠭᠠᠵᠠᠷ ᠮᠦᠨ᠂ ᠤᠷᠳᠤ ᠬᠤᠭᠤᠴᠠᠭ᠋ᠠᠨ᠎ᠤ ᠲᠤᠷᠰᠢ᠂ ᠨᠠᠮ᠎ᠤᠨ ᠲᠦᠪ ᠬᠣᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠪᠦᠬᠦ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠬᠦᠯᠦᠨ ᠲᠠᠭ᠋ᠠᠭᠤᠯᠵᠤ ᠲᠤᠮᠳᠠᠳᠤ ᠤᠯᠤᠰ᠎ᠤᠨ ᠤᠨᠴᠠᠯᠢᠭ᠎ᠲᠠᠢ ᠦᠨᠳᠦᠰᠦᠳᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠦᠪ ᠵᠠᠮ ᠵᠶ᠋ᠠᠷ ᠭᠤᠢ᠌ᠪᠢᠰᠢ ᠦᠬᠡᠢ ᠵᠠᠮᠨᠠᠵᠤ᠂ ᠨᠠᠮ᠎ᠤᠨ ᠲᠦᠪ ᠬᠣᠷᠢᠶᠠᠨ᠎ᠤ ᠰᠢᠢ᠍ᠳᠪᠦᠷᠢᠳᠦ ᠪᠤᠳᠤᠯᠭ᠎ᠠ ᠪᠠᠢ᠌ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠡᠢ᠌ᠳᠠᠪᠤᠷᠢᠵᠢᠭᠤᠯᠵᠤ᠂ ᠦᠨᠳᠦᠰᠦᠳᠡᠨ᠎ᠤ ᠪᠦᠯᠬᠦᠮᠳᠡᠯ᠂ ᠨᠡᠢ᠌ᠬᠡᠮ᠎ᠤᠨ ᠲᠤᠭᠳᠠᠭᠤᠨ᠂ ᠬᠢᠯᠢ ᠬᠢᠵᠠᠭ᠋ᠠᠷ᠎ᠤᠨ ᠠᠮᠤᠷ ᠠᠮᠤᠭᠤᠯᠠᠩ ᠰᠠᠢ᠌ᠨ ᠰᠠᠢ᠌ᠬᠠᠨ ᠪᠠᠢ᠌ᠳᠠᠯ᠎ᠢ ᠲᠠᠰᠤᠷᠠᠯᠳᠠ ᠦᠬᠡᠢ ᠪᠡᠬᠢᠵᠢᠬᠦᠯᠦᠨ ᠬᠦᠭᠵᠢᠬᠦᠯᠪᠡ᠃
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠳᠡᠨ᠎ᠤ ᠠᠵᠢᠯ᠎ᠤᠨ ᠲᠤᠬᠠᠢ ᠴᠢᠬᠤᠯᠠ ᠦᠬᠦᠯᠡᠯᠳᠡ ᠪᠤᠯᠤᠨ ᠦᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠡᠬᠡ ᠤᠯᠤᠰ᠎ᠤᠨ ᠨᠢᠬᠡᠳᠦᠯ ᠪᠠ ᠬᠢᠯᠢ ᠬᠢᠵᠠᠭ᠋ᠠᠷ᠎ᠤᠨ ᠠᠮᠤᠷ ᠲᠤᠭᠳᠠᠭᠤᠨ᠎ᠳᠤ ᠬᠤᠯᠪᠤᠭᠳᠠᠬᠤ᠂ ᠦᠨᠳᠦᠰᠦᠳᠡᠨ᠎ᠤ ᠪᠦᠯᠬᠦᠮᠳᠡᠯ ᠪᠠ ᠨᠡᠢ᠌ᠬᠡᠮ᠎ᠤᠨ ᠲᠤᠭᠳᠠᠭᠤᠨ ᠪᠠᠢ᠌ᠳᠠᠯ᠎ᠳᠤ ᠬᠤᠯᠪᠤᠭᠳᠠᠬᠤ᠂ ᠤᠯᠤᠰ ᠤᠷᠤᠨ᠎ᠤ ᠦᠨᠢ ᠤᠳᠠᠭ᠋ᠠᠨ ᠠᠮᠤᠷ ᠲᠦᠪᠰᠢᠨ ᠪᠠᠢ᠌ᠬᠤ ᠪᠠ ᠲᠤᠮᠳᠠᠳᠤ ᠵᠢᠨ ᠦᠨᠳᠦᠰᠦᠳᠡᠨ᠎ᠤ ᠴᠡᠴᠡᠭᠯᠡᠨ ᠬᠦᠭᠵᠢᠬᠦ᠎ᠳᠤ ᠬᠤᠯᠪᠤᠭᠳᠠᠬᠤ ᠪᠦᠬᠦ ᠲᠠᠯ᠎ᠠ ᠪᠠ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠪᠦᠬᠦ ᠤᠷᠤᠨ᠎ᠤ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠲᠠᠭ᠋ᠠᠭᠤᠯᠤᠨ ᠵᠢᠯᠣᠭᠣᠳᠴᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ 2400 ᠭᠠᠷᠤᠢ ᠲᠦᠮᠡᠨ ᠦᠨᠳᠦᠰᠦᠳᠡᠨ᠎ᠨᠦᠭᠦᠳ᠎ᠤᠨ ᠬᠦᠪᠡᠬᠦᠳ ᠦᠬᠢᠳ ᠨᠠᠮ᠎ᠤᠨ ᠬᠦᠰᠡᠯ ᠨᠡᠢ᠌ᠳᠠᠯᠭ᠎ᠠ ᠵᠢ ᠪᠠᠳᠤ ᠴᠡᠬᠡᠵᠢᠯᠡᠵᠤ᠂ ᠠᠴᠢ ᠵᠢ ᠬᠠᠷᠢᠭᠤᠯᠵᠤ ᠡᠷᠢᠯᠬᠡᠭᠯᠡᠨ ᠤᠷᠤᠭᠰᠢᠯᠠᠵᠤ᠂ ᠢᠮᠠᠭᠳᠠ ᠨᠠᠮ ᠵᠶ᠋ᠠᠨ ᠲᠠᠭ᠋ᠠᠵᠤ᠂ ᠨᠠᠮ᠎ᠤᠨ ᠲᠦᠪ ᠬᠤᠷᠢᠶ᠎ᠠ ᠵᠢ ᠲᠠᠭ᠋ᠠᠵᠤ᠂ ᠠᠨᠠᠷ᠎ᠤᠨ ᠦᠷ᠎ᠡ ᠰᠢᠭ ᠨᠢᠭᠳᠠᠷᠠᠨ ᠪᠥᠯᠬᠥᠮᠳᠡᠵᠡᠭᠡᠵᠦ᠂ ᠦᠪᠦᠷ ᠮᠤᠩᠭᠤᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠲᠡᠤᠬᠡᠳᠦ ᠴᠢᠨᠡᠷᠳᠡᠢ ᠠᠮᠵᠢᠯᠳᠠ ᠣᠯᠵᠤ᠂ ᠲᠡᠤᠬᠡᠳᠦ ᠴᠢᠨᠠᠷᠳᠡᠢ ᠬᠤᠪᠢᠷᠠᠯᠳᠠ ᠭᠠᠷᠬᠤ ᠵᠢ ᠠᠬᠢᠭᠤᠯᠵᠠᠢ᠃
      ᠶᠡᠷᠦᠩᠬᠡᠢ ᠱᠦᠵᠢ ᠰᠢ ᠵᠢᠨ ᠫᠢᠩ 《ᠬᠤᠶᠠᠷ ᠶᠡᠬᠡ ᠲᠠᠯ᠎ᠠ》᠎ᠳᠤ ᠰᠠᠭᠤᠷᠢᠯᠠᠵᠤ᠂ ᠰᠢᠨ᠎ᠡ ᠴᠠᠭ ᠦᠶ᠎ᠡ ᠵᠢᠨ ᠦᠨᠳᠦᠰᠦᠳᠡᠨ᠎ᠤ ᠪᠦᠯᠬᠦᠮᠳᠡᠯ ᠲᠠᠪᠰᠢᠯᠳᠡ ᠵᠢᠨ ᠦᠢ᠍ᠯᠡᠰ᠎ᠤᠨ ᠰᠢᠨ᠎ᠡ ᠬᠦᠭᠵᠢᠯᠳᠡ ᠵᠢ ᠪᠤᠳᠤᠯᠬᠢᠯᠠᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠴᠢᠨᠠᠷᠳᠡᠢ ᠨᠤᠳᠠᠯᠠᠯᠳᠠ ᠵᠢ ᠳᠤᠷᠠᠳᠴᠠᠢ᠃ ᠡᠨᠡ ᠪᠤᠯ ᠰᠢᠨ᠎ᠡ ᠴᠠᠭ ᠦᠶ᠎ᠡ ᠵᠢᠨ ᠦᠨᠳᠦᠰᠦᠳᠡᠨ᠎ᠤ ᠠᠵᠢᠯ᠎ᠤᠨ ᠢᠯᠡ ᠲᠤᠳᠤ ᠭᠤᠤᠯ ᠰᠢᠵᠢᠮ ᠪᠣᠯᠵᠤ᠂ ᠰᠢᠨ᠎ᠡ ᠴᠠᠭ ᠦᠶ᠎ᠡ ᠵᠢᠨ ᠦᠨᠳᠦᠰᠦᠳᠡᠨ᠎ᠤ ᠠᠵᠢᠯ᠎ᠢ ᠠᠬᠢᠭᠤᠯᠬᠤ᠎ᠳᠤ ᠴᠢᠭᠯᠡᠯ᠎ᠢ ᠲᠤᠳᠤᠷᠬᠠᠢ ᠵᠢᠭ᠋ᠠᠵᠤ᠂ ᠦᠨᠳᠦᠰᠦᠨ ᠵᠢᠷᠤᠮᠯᠠᠯ᠎ᠢ ᠬᠠᠩᠭ᠋ᠠᠪᠠ᠃
      ᠨᠢᠳᠦᠨᠤᠨ ᠮᠠᠨ᠎ᠤ ᠤᠷᠤᠨ᠎ᠳᠤ ᠤᠯᠤᠰ᠎ᠤᠨ ᠨᠢᠬᠡᠳᠦᠯᠳᠡᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠢ ᠬᠡᠷᠡᠭᠯᠡᠭᠦᠯᠦᠭᠡᠳ ᠠᠰᠠᠭᠤᠳᠠᠯ ᠡᠬᠦᠰᠦᠭᠰᠡᠨ᠎ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠸᠠᠩ ᠶᠠᠩ ᠨᠦᠬᠦᠷ᠎ᠤᠨ ᠦᠪᠦᠷ ᠮᠤᠩᠭᠤᠯ᠎ᠤᠨ ᠦᠨᠳᠦᠰᠦᠳᠡᠨ᠎ᠤ ᠠᠵᠢᠯ᠎ᠤᠨ ᠶᠠᠷᠢᠯᠴᠠᠬᠤ ᠬᠤᠷᠠᠯ ᠲᠡᠬᠡᠷᠡᠬᠢ ᠶᠠᠷᠢᠶᠠᠨ᠎ᠤ ᠵᠤᠷᠢᠭ ᠰᠠᠨᠠᠭ᠎ᠠ ᠶᠤᠰᠤᠭ᠋ᠠᠷ᠂ ᠤᠯᠤᠰ ᠲᠦᠷᠦ ᠵᠢᠨ ᠲᠠᠯ᠎ᠠ᠎ᠠᠴᠠ᠂ ᠪᠦᠬᠦ ᠲᠠᠯ᠎ᠠ᠎ᠠᠴᠠ ᠦᠨᠳᠦᠰᠦᠳᠡᠨ᠎ᠤ ᠠᠵᠢᠯ᠎ᠢ ᠲᠠᠨᠢᠵᠤ ᠡᠵᠡᠮᠰᠢᠬᠦ ᠵᠢ ᠪᠠᠷᠢᠮᠳᠠᠯᠠᠵᠤ᠂ 《ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ ᠪᠤᠯ ᠤᠯᠤᠰ᠎ᠤᠨ ᠨᠢᠬᠡᠳᠦᠯ᠎ᠤᠨ ᠰᠠᠭᠤᠷᠢ᠂ ᠦᠨᠳᠦᠰᠦᠳᠡᠨ᠎ᠤ ᠪᠤᠯᠬᠦᠮᠳᠠᠯ᠎ᠤᠨ ᠦᠨᠳᠦᠰᠦ᠂ ᠤᠶᠤᠨ ᠰᠠᠨᠠᠭ᠋ᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠦᠨ》 ᠬᠡᠬᠦ ᠦᠨᠳᠦᠷᠴᠠ᠎ᠠᠴᠠ ᠤᠯᠤᠰ ᠲᠦᠷᠦ ᠵᠢᠨ ᠬᠠᠷᠢᠭᠤᠴᠠᠯᠭ᠎ᠠ ᠵᠢ ᠦᠨᠡᠨ ᠬᠦ᠌ ᠡᠬᠦᠷᠬᠡᠯᠡᠵᠤ᠂ ᠨᠠᠮ᠎ᠤᠨ ᠤᠳᠤᠷᠢᠳᠤᠯᠭ᠎ᠠ ᠵᠢ ᠬᠦᠴᠦᠯᠡᠨ ᠴᠢᠩᠭ᠋ᠠᠳᠬᠠᠵᠤ᠂ ᠨᠡᠢ᠌ᠳᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ ᠵᠢ ᠵᠦᠪ ᠰᠢᠢ᠍ᠳᠪᠦᠷᠢᠯᠡᠵᠤ᠂ ᠠᠳᠠᠯᠢ ᠲᠠᠯ᠎ᠠ᠎ᠪᠠᠨ ᠡᠷᠢᠯᠬᠢᠯᠡᠬᠦ ᠲᠡᠬᠡᠷ᠎ᠡ ᠬᠦᠴᠦ ᠲᠠᠯᠪᠢᠵᠤ᠂ ᠦᠨᠳᠦᠰᠦᠳᠡᠨ᠎ᠤ ᠠᠵᠢᠯ᠎ᠤᠨ ᠬᠦᠷᠢᠶ᠎ᠡ ᠴᠠᠷᠠᠭ᠋ᠠᠨ᠎ᠳᠤ᠎ᠬᠢ ᠬᠦᠨ ᠲᠠᠪᠬᠤᠷᠭ᠎ᠠ ᠵᠢᠨ ᠵᠦᠷᠢᠴᠡᠯ ᠪᠠ ᠠᠰᠠᠭᠤᠳᠠᠯ᠎ᠢ ᠬᠦᠨᠵᠡᠬᠡᠢ ᠰᠤᠳᠤᠯᠤᠨ ᠰᠢᠢ᠍ᠳᠪᠦᠷᠢᠯᠡᠵᠦ᠂ ᠨᠢᠬᠡ᠎ᠠᠴᠠ ᠨᠦᠬᠦᠬᠡ ᠵᠢ ᠵᠦᠢ᠍ᠴᠢᠯᠡᠨ ᠮᠡᠳᠡᠵᠤ᠂ ᠶᠡᠷᠦᠩᠬᠡᠢ᠌ᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠬᠦᠯᠵᠦ᠂ ᠨᠢᠬᠡ ᠲᠠᠯ᠎ᠠ᠎ᠪᠠᠷ ᠦᠵᠡᠯ ᠰᠠᠨᠠᠭ᠎ᠠ ᠲᠠᠨᠢᠯᠳᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠨᠦᠬᠦᠬᠡ ᠲᠠᠯ᠎ᠠ᠎ᠪᠠᠷ ᠬᠡᠯᠪᠡᠷᠢᠯ᠎ᠢ ᠵᠠᠯᠠᠷᠠᠭᠤᠯᠵᠤ ᠵᠦᠪ ᠴᠢᠭᠯᠡᠯ᠎ᠢ ᠪᠠᠷᠢᠮᠳᠠᠯᠠᠬᠤ ᠵᠢ ᠠᠬᠢᠭᠤᠯᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠵᠦᠪ ᠴᠢᠭᠯᠡᠯ ᠵᠶ᠋ᠠᠷ ᠤᠷᠤᠭᠰᠢᠯᠠᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠠᠢ᠃
      ᠰᠤᠷᠪᠤᠯᠵᠢᠯᠠᠭᠴᠢ᠄ ᠠᠯᠢ ᠡᠷᠳᠡ ᠲᠡᠬᠡᠷ᠎ᠡ ᠵᠠᠭᠤᠨ᠎ᠤ ᠲᠠᠪᠢᠭ᠋ᠠᠳ ᠤᠨ᠎ᠳᠤ᠂ ᠦᠪᠦᠷ ᠮᠤᠩᠭᠤᠯ 《ᠵᠢᠱ᠌ᠢᠶᠡᠴᠢ ᠦᠪᠡᠷᠳᠡᠬᠡᠨ ᠵᠠᠰᠠᠬᠤ ᠤᠷᠤᠨ》᠎ᠤ ᠢᠷᠠᠭᠤ ᠠᠯᠳᠠᠷ᠎ᠢ ᠬᠦᠷᠳᠡᠪᠡ᠃ ᠤᠷᠤᠨ ᠲᠠᠶᠠᠭ᠋ᠠᠷ ᠦᠨᠳᠦᠰᠦᠳᠡᠨ᠎ᠤ ᠠᠵᠢᠯ᠎ᠢ ᠢᠮᠠᠭᠳᠠ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠬᠦᠴᠦᠳᠡᠢ ᠠᠬᠢᠭᠤᠯᠪᠠ᠃ ᠲᠡᠬᠡᠪᠡᠯ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠨᠠᠭ᠋ᠠᠰᠢ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠳᠡᠨ᠎ᠤ ᠠᠵᠢᠯ᠎ᠤᠨ ᠲᠤᠬᠠᠢ ᠴᠢᠬᠤᠯᠠ ᠦᠬᠦᠯᠡᠯᠳᠡ ᠪᠠ ᠦᠪᠦᠷ ᠮᠤᠩᠭᠤᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ   ᠶᠠᠷᠢᠶᠠᠨ᠎ᠤ ᠵᠤᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠭᠤᠷᠢᠨ᠎ᠳᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠬᠦᠨᠵᠡᠬᠡᠢ ᠤᠳᠠᠭ᠋ᠠᠨ ᠲᠠᠭ᠋ᠠᠭ᠋ᠠᠮᠠᠭ᠋ᠠᠢ ᠦᠷᠨᠢᠬᠦᠯᠵᠤ᠂ ᠦᠨᠳᠦᠰᠦᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠰᠢᠨ᠎ᠡ ᠴᠠᠭ ᠦᠶ᠎ᠡ᠎ᠳᠤ 《ᠵᠢᠱ᠌ᠢᠶᠡᠴᠢ ᠦᠪᠡᠷᠳᠡᠬᠡᠨ ᠵᠠᠰᠠᠬᠤ ᠤᠷᠤᠨ》᠎ᠤ ᠡᠷᠬᠢᠮ ᠲᠡᠬᠡᠳᠦ ᠢᠷᠠᠭᠤ ᠠᠯᠳᠠᠷ ᠵᠶ᠋ᠠᠨ ᠦᠷᠬᠦᠯᠵᠢᠯᠡᠨ ᠪᠠᠳᠤᠯᠠᠬᠤ ᠵᠢ ᠠᠬᠢᠭᠤᠯᠬᠤ᠎ᠳᠤ ᠶᠠᠮᠠᠷ ᠶᠠᠮᠠᠷ ᠬᠦᠴᠦᠳᠡᠢ ᠠᠷᠭ᠎ᠠ ᠬᠡᠮᠵᠢᠶ᠎ᠠ ᠠᠪᠤᠭᠰᠠᠨ ᠪᠤᠢ? ᠶᠠᠮᠠᠷ ᠶᠠᠮᠠᠷ ᠢᠯᠡᠳᠳᠡ ᠦᠷ᠎ᠡ ᠪᠦᠳᠦᠮᠵᠢ ᠤᠯᠤᠭᠰᠠᠨ ᠪᠤᠢ?
      ᠳ᠋ᠤᠸᠠᠨ ᡁᠢ ᠴᠢᠶᠠᠩ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠬᠤᠶᠠᠷ ᠤᠳᠠᠭ᠎ᠠ ᠦᠪᠦᠷ ᠮᠤᠩᠭ᠋ᠠᠯ᠎ᠳᠤ ᠰᠢᠨᠵᠢᠯᠡᠨ ᠪᠠᠢ᠌ᠴᠠᠭ᠋ᠠᠵᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠦᠯᠦᠬᠡᠯᠡᠭᠴᠢᠳ᠎ᠤᠨ ᠰᠤᠩᠭᠤᠭᠤᠯᠢ᠎ᠳᠤ ᠤᠷᠤᠯᠴᠠᠵᠤ᠂ 4 ᠵᠢᠯ ᠲᠠᠷᠠᠭ᠋ᠠᠯᠠᠨ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠦᠪᠦᠷ ᠮᠤᠩᠭᠤᠯ᠎ᠤᠨ ᠲᠦᠯᠦᠬᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠭᠰᠠᠨ ᠪᠦᠬᠡᠳ ᠴᠢᠬᠤᠯᠠ ᠶᠠᠷᠢᠶ᠎ᠠ ᠲᠠᠯᠪᠢᠪᠠ᠂ ᠪᠠᠰᠠ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠬᠡᠯᠡᠬᠦ᠎ᠳᠤ ᠲᠤᠰᠬᠠᠢ᠌ᠯᠠᠨ ᠪᠢᠴᠢᠬᠡᠰᠦ ᠪᠢᠴᠢᠵᠤ᠂ ᠤᠯᠠᠭ᠋ᠠᠨᠮᠦ᠋ᠴᠢᠷ᠎ᠤᠨ ᠬᠡᠰᠢᠬᠦᠳ᠎ᠲᠤ ᠬᠠᠷᠢᠭᠤ ᠵᠠᠬᠢᠳᠠᠯ ᠢᠯᠡᠬᠡᠭᠰᠡᠨ᠎ᠨᠢ ᠦᠪᠦᠷ ᠮᠤᠩᠭᠤᠯ᠎ᠢ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠤ᠂ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠲᠤᠳᠤᠨᠤ᠎ᠪᠠᠷ ᠬᠠᠯᠠᠮᠵᠢᠯᠠᠵᠤ ᠪᠠᠢ᠌ᠬᠤ ᠵᠢ ᠬᠦᠢ᠍ᠴᠡᠳ ᠢᠯᠡᠷᠡᠬᠦᠯᠵᠤ᠂ ᠰᠢᠨ᠎ᠡ ᠴᠠᠭ ᠦᠶ᠎ᠡ ᠵᠢᠨ ᠦᠪᠦᠷ ᠮᠤᠩᠭᠤᠯ᠎ᠤᠨ ᠦᠨᠳᠦᠰᠦᠳᠡᠨ᠎ᠤ ᠠᠵᠢᠯ᠎ᠢ ᠰᠠᠢ᠌ᠳᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠪᠠ᠃
      ᠪᠢᠳᠡ ᠨᠠᠮ᠎ᠤᠨ ᠤᠳᠤᠷᠢᠳᠤᠯᠭ᠎ᠠ ᠵᠢ ᠦᠨᠳᠦᠰᠦᠳᠡᠨ᠎ᠤ ᠠᠵᠢᠯ᠎ᠢ ᠰᠠᠢ᠌ᠳᠤᠷ ᠬᠢᠬᠦ ᠵᠢᠨ ᠦᠨᠳᠦᠰᠦᠨ ᠪᠠᠳᠤᠯᠠᠭ᠎ᠠ ᠪᠤᠯᠭ᠋ᠠᠬᠤ ᠵᠢ ᠢᠮᠠᠭᠳᠠ ᠪᠠᠷᠢᠮᠳᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠳᠡᠨ᠎ᠤ ᠠᠵᠢᠯ᠎ᠤᠨ ᠲᠤᠬᠠᠢ ᠴᠢᠬᠤᠯᠠ ᠦᠬᠦᠯᠡᠯᠳᠡ ᠪᠠ ᠦᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠸᠠᠩ ᠶᠠᠩ ᠨᠦᠬᠦᠷ᠎ᠤᠨ ᠦᠪᠦᠷ ᠮᠤᠩᠭᠤᠯ᠎ᠤᠨ ᠦᠨᠳᠦᠰᠦᠳᠡᠨ᠎ᠤ ᠠᠵᠢᠯ᠎ᠤᠨ ᠶᠠᠷᠢᠯᠴᠠᠬᠤ ᠬᠤᠷᠠᠯ ᠲᠡᠬᠡᠷᠡᠬᠢ ᠶᠠᠷᠢᠶᠠᠨ᠎ᠤ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠦᠪ᠎ᠤᠨ ᠲᠤᠭᠤᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠦᠨᠳᠦᠰᠦᠳᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠰᠬᠠᠢ ᠴᠡᠭᠴᠡᠯᠡᠨ ᠰᠠᠢ᠌ᠵᠢᠷᠠᠭᠤᠯᠬᠤ᠎ᠠᠴᠠ ᠭᠠᠷᠳᠠᠵᠤ᠂ ᠦᠨᠳᠦᠰᠦᠳᠡᠨ᠎ᠤ ᠠᠵᠢᠯ᠎ᠢ ᠡᠳᠦᠷ ᠲᠤᠳᠤᠮ᠎ᠤᠨ ᠴᠢᠬᠤᠯᠠ ᠵᠦᠪᠯᠡᠬᠦ ᠵᠦᠢ᠍ᠯ᠎ᠳᠤ᠎ᠪᠠᠨ ᠤᠷᠤᠭᠤᠯᠵᠤ᠂ ᠡᠯ᠎ᠡ ᠱᠠᠳᠤᠨ᠎ᠤ ᠨᠠᠮ᠎ᠤᠨ ᠬᠣᠷᠢᠶᠠᠨ᠎ᠤ ᠦᠨᠳᠦᠰᠦᠳᠡᠨ᠎ᠤ ᠠᠵᠢᠯ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ ᠪᠤᠳᠠᠳᠠᠢ᠌ᠵᠢᠭᠤᠯᠵᠤ᠂ ᠦᠨᠳᠦᠰᠦᠳᠡᠨ᠎ᠤ ᠠᠵᠢᠯ᠎ᠤᠨ ᠴᠢᠬᠤᠯᠠ ᠶᠡᠬᠡ ᠠᠰᠠᠭᠤᠳᠠᠯ᠎ᠢ ᠲᠤᠭᠳᠠᠮᠠᠯ ᠬᠤᠭᠤᠴᠠᠭ᠎ᠠ᠎ᠲᠠᠢ᠎ᠪᠠᠷ ᠵᠠᠳᠠᠯᠤᠨ ᠰᠤᠳᠤᠯᠵᠤ ᠰᠢᠢ᠍ᠳᠪᠦᠷᠢᠯᠡᠬᠦ ᠲᠤᠭᠳᠠᠴᠠ ᠵᠢ ᠪᠦᠷᠢᠨᠰᠢᠬᠦᠯᠵᠤ᠂ ᠦᠨᠳᠦᠰᠦᠳᠡᠨ᠎ᠤ ᠠᠵᠢᠯ᠎ᠢ ᠨᠠᠮ᠎ᠤᠨ ᠬᠣᠷᠢᠶᠠᠨ᠎ᠤ ᠵᠢᠯ᠎ᠤᠨ ᠱᠠᠭ᠋ᠠᠷᠳᠠᠨ ᠪᠠᠢ᠌ᠴᠠᠭ᠋ᠠᠬᠤ ᠲᠦᠯᠦᠪᠯᠡᠬᠡ᠂ ᠲᠤᠭᠤᠷᠢᠨ ᠪᠠᠢ᠌ᠴᠠᠭ᠋ᠠᠬᠤ᠂ ᠲᠤᠰᠬᠠᠢ ᠪᠠᠢ᠌ᠴᠠᠭ᠋ᠠᠯᠳᠠ ᠵᠢᠨ ᠠᠭᠤᠯᠭ᠎ᠠ᠎ᠳᠤ ᠤᠷᠤᠭᠤᠯᠵᠤ᠂ ᠴᠢᠩᠭ᠎ᠠ ᠬᠢᠨᠠᠯᠳᠠ ᠲᠠᠯᠪᠢᠵᠤ ᠬᠢᠨᠠᠨ ᠰᠢᠯᠭ᠋ᠠᠬᠤ᠎ᠪᠠᠷ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠬᠡᠳᠡᠷᠬᠦ᠎ᠪᠠᠨ ᠰᠢᠬᠠᠮᠳᠠᠭᠤᠯᠪᠠ᠃
      ᠪᠢᠳᠡ ᠨᠡᠢ᠌ᠬᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠳᠡ᠎ᠪᠠᠷ ᠬᠦᠳᠦᠯᠦᠨ ᠲᠠᠭ᠋ᠠᠭᠤᠯᠬᠤ ᠵᠢ ᠪᠠᠷᠢᠮᠳᠠᠯᠠᠵᠤ᠂ ᠦᠨᠳᠦᠰᠦᠳᠡᠨ᠎ᠨᠦᠭᠦᠳ᠎ᠤᠨ ᠬᠠᠮᠳᠤ ᠵᠢᠨ ᠤᠶᠤᠨ ᠰᠠᠨᠠᠭ᠋ᠠᠨ᠎ᠤ ᠬᠡᠷ ᠤᠷᠤᠨ᠎ᠢ ᠬᠦᠴᠦᠯᠡᠨ ᠪᠠᠢ᠌ᠭᠤᠯᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠᠨ ᠵᠢᠨ ᠤᠬᠠᠮᠰᠠᠷ᠎ᠤᠨ ᠬᠦᠮᠦᠵᠢᠯ᠎ᠢ ᠤᠯᠤᠰ ᠠᠷᠠᠳ᠎ᠤᠨ ᠰᠤᠷᠭ᠋ᠠᠨ ᠬᠦᠮᠦᠵᠢᠯ᠂ ᠺᠠᠳ᠋ᠷ᠎ᠤᠨ ᠰᠤᠷᠭ᠋ᠠᠨ ᠬᠦᠮᠦᠵᠢᠯ᠂ ᠨᠡᠢ᠌ᠬᠡᠮ᠎ᠤᠨ ᠰᠤᠷᠭ᠋ᠠᠨ ᠬᠦᠮᠦᠵᠢᠯ᠎ᠤᠨ ᠴᠢᠬᠤᠯᠠ ᠠᠭᠤᠯᠭ᠎ᠠ ᠪᠤᠯᠭ᠋ᠠᠵᠤ᠂ ᠪᠠᠢ᠌ᠩᠭᠤᠵᠢᠭᠰᠠᠨ᠂ ᠪᠦᠬᠦ ᠠᠵᠢᠯᠳᠠᠨ ᠤᠷᠤᠯᠴᠠᠭᠰᠠᠨ ᠰᠤᠷᠭ᠋ᠠᠨ ᠬᠦᠮᠦᠵᠢᠯ᠎ᠢ ᠦᠷᠨᠢᠬᠦᠯᠦᠨ ᠤᠬᠠᠭᠤᠯᠵᠤ᠂ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠦᠮᠦᠵᠢᠬᠦᠯᠦᠨ ᠬᠦᠳᠦᠯᠦᠨ ᠲᠠᠭ᠋ᠠᠭᠤᠯᠵᠤ ᠪᠠᠢ᠌ᠭ᠋ᠠᠳ ᠵᠦᠪ ᠣᠨᠣᠪᠴᠢᠲᠠᠢ ᠤᠯᠤᠰ᠎ᠤᠨ ᠦᠵᠡᠯᠳᠡ᠂ ᠲᠡᠤᠬᠡ ᠵᠢᠨ ᠦᠵᠡᠯᠳᠡ᠂ ᠦᠨᠳᠦᠰᠦᠳᠡᠨ᠎ᠤ ᠦᠵᠡᠯᠳᠡ᠂ ᠰᠤᠶᠤᠯ᠎ᠤᠨ ᠦᠵᠡᠯᠳᠡ᠂ ᠱᠠᠰᠢᠨ ᠰᠤᠷᠳᠠᠬᠤᠨ᠎ᠤ ᠦᠵᠡᠯᠳᠡ ᠵᠢ ᠪᠠᠳᠤ ᠪᠡᠬᠢ ᠪᠤᠢ ᠪᠤᠯᠭ᠋ᠠᠪᠠ᠃ ᠵᠠᠯᠠᠭᠤᠴᠤᠳ ᠪᠠᠭ᠋ᠠᠴᠤᠳ᠎ᠤᠨ ᠬᠦᠮᠦᠵᠢᠯ᠎ᠢ ᠲᠤᠪᠤᠢ᠌ᠯᠭ᠋ᠠᠨ ᠰᠠᠢ᠌ᠳᠤᠷ ᠠᠳᠬᠤᠵᠤ᠂ ᠶᠡᠬᠡ ᠲᠡᠬᠡᠳᠦ ᠲᠤᠮᠳᠠᠳᠤ ᠪᠠᠭ᠎ᠠ ᠰᠤᠷᠭ᠋ᠠᠭᠤᠯᠢ ᠵᠢᠨ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠᠨ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠦᠮᠦᠵᠢᠯ᠎ᠤᠨ ᠲᠦᠰᠦᠯ᠎ᠢ ᠲᠤᠭᠳᠠᠭ᠋ᠠᠵᠤ᠂ ᠡᠯ᠎ᠠ ᠱᠠᠳᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠲᠤᠰᠬᠠᠢ ᠬᠢᠴᠢᠶᠡᠯ ᠨᠡᠬᠡᠬᠡᠵᠤ᠂ ᠰᠢᠷᠢᠰ ᠭᠤᠤᠯ ᠰᠡᠳᠤᠪᠳᠦ ᠠᠵᠢᠯᠯᠠᠭ᠎ᠠ ᠦᠷᠨᠢᠬᠦᠯᠵᠤ᠂ ᠵᠠᠯᠠᠭᠤᠴᠤᠳ ᠪᠠᠭ᠋ᠠᠴᠤᠳ᠎ᠢ ᠬᠦᠮᠦᠵᠢᠬᠦᠯᠦᠨ ᠵᠢᠯᠤᠭᠤᠳᠴᠦ ᠪᠠᠢ᠌ᠭ᠋ᠠᠳ ᠲᠡᠳᠡᠨ᠎ᠤ ᠲᠠᠷᠢᠬᠢᠨ᠎ᠳᠤ 《ᠭᠤᠷᠪᠠᠨ ᠰᠠᠯᠵᠤ ᠴᠢᠳᠠᠬᠤ ᠦᠬᠡᠢ》 ᠣᠢ᠌ᠯᠠᠭ᠋ᠠᠭᠳᠠᠬᠤᠨ᠎ᠢ ᠪᠤᠢ ᠪᠤᠯᠭ᠋ᠠᠵᠤ᠂ 《ᠲᠠᠪᠤᠨ ᠮᠡᠳᠡᠷᠡᠬᠦᠢ》 ᠵᠢ ᠲᠠᠰᠤᠷᠠᠯᠳᠠ ᠦᠬᠡᠢ ᠨᠡᠮᠡᠭᠳᠡᠬᠦᠯᠵᠡᠢ᠃ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠲᠡᠯᠬᠡᠷᠡᠬᠦᠯᠦᠨ ᠲᠦᠬᠡᠮᠡᠯᠵᠢᠬᠦᠯᠵᠤ᠂ ᠤᠯᠤᠰ᠎ᠤᠨ ᠨᠢᠬᠡᠳᠦᠯᠳᠡᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠢ ᠡᠷᠡᠰ ᠭᠤᠢ᠌ᠪᠢᠰᠢ ᠦᠬᠡᠢ ᠲᠡᠯᠬᠡᠷᠡᠬᠦᠯᠦᠨ ᠬᠡᠷᠡᠭᠯᠡᠪᠡ᠃ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠲᠠᠢ ᠤᠶᠠᠯᠳᠤᠭᠤᠯᠵᠤ᠂ ᠤᠷᠤᠨ᠎ᠤ ᠪᠠᠢ᠌ᠳᠠᠯ ᠪᠠ ᠲᠡᠤᠬᠡ ᠵᠢᠨ ᠲᠤᠬᠠᠢ ᠰᠤᠳᠤᠯᠭ᠋ᠠᠨ᠎ᠢ ᠴᠢᠩᠭ᠋ᠠᠳᠬᠠᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠨᠢᠬᠡ ᠪᠦᠯᠦᠭ ᠰᠤᠳᠤᠯᠭ᠋ᠠᠨ᠎ᠤ ᠰᠠᠭᠤᠷᠢᠨ ᠭᠠᠵᠠᠷ᠎ᠢ ᠪᠠᠢ᠌ᠭᠤᠯᠵᠤ᠂ ᠦᠨᠡᠨ ᠪᠤᠳᠠᠳᠠᠢ ᠲᠦᠷᠦᠭᠳᠡᠯ᠎ᠲᠠᠢ᠂ ᠪᠦᠳᠦᠮᠵᠢᠳᠡᠢ ᠠᠷᠭ᠎ᠠ ᠬᠡᠯᠪᠡᠷᠢ᠎ᠪᠠᠷ ᠲᠤᠮᠳᠠᠳᠤ ᠵᠢᠨ ᠰᠤᠶᠤᠯ᠎ᠤᠨ ᠲᠤᠬᠠᠢ ᠮᠡᠳᠡᠷᠡᠬᠦᠢ ᠵᠢ ᠬᠦᠴᠦᠳᠡᠢ ᠠᠬᠢᠭᠤᠯᠤᠭᠰᠠᠨ ᠪᠠᠢ᠌ᠨ᠎ᠠ᠃
      ᠪᠢᠳᠡ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠠᠵᠢᠯ᠎ᠢ ᠦᠷᠬᠦᠯᠵᠢᠯᠡᠨ ᠬᠦᠨᠵᠡᠬᠡᠢ᠌ᠷᠡᠬᠦᠯᠵᠤ᠂ ᠪᠠᠢ᠌ᠭᠤᠯᠤᠮᠵᠢ ᠲᠤᠭᠳᠠᠴᠠ ᠵᠢ ᠲᠡᠬᠦᠯᠳᠡᠷᠵᠢᠬᠦᠯᠵᠤ᠂ ᠠᠴᠢᠶᠠᠯᠠᠭᠴᠢ ᠵᠢᠨ ᠠᠷᠭ᠎ᠠ ᠮᠠᠶᠢᠭ᠎ᠤᠨ ᠰᠢᠨ᠎ᠡ ᠵᠢ ᠡᠬᠦᠳᠴᠦ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠬᠦᠭᠵᠢᠯᠳᠡ ᠵᠢᠨ ᠲᠦᠯᠦᠪᠵᠢᠬᠦᠯᠬᠡ ᠵᠢ ᠵᠤᠬᠢᠶᠠᠨ ᠪᠠᠢ᠌ᠭᠤᠯᠤᠨ ᠨᠠᠢ᠌ᠷᠠᠭᠤᠯᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠬᠦᠯᠬᠦ ᠨᠢᠬᠡᠴᠢ ᠵᠢ ᠨᠡᠷᠡᠢ᠌ᠳᠬᠦ ᠠᠷᠭ᠎ᠠ ᠪᠠ ᠰᠢᠯᠭ᠋ᠠᠨ ᠲᠤᠭᠳᠠᠭ᠋ᠠᠬᠤ ᠪᠠᠷᠢᠮᠵᠢᠶ᠎ᠠ᠎ᠳᠤ ᠵᠠᠰᠠᠪᠤᠷᠢ ᠤᠷᠤᠭᠤᠯᠵᠤ᠂ ᠡᠬᠦᠳᠦᠨ ᠪᠠᠢ᠌ᠭᠤᠯᠬᠤ ᠠᠵᠢᠯ᠎ᠢ ᠡᠯ᠎ᠡ ᠱᠠᠳᠤᠨ᠎ᠤ ᠨᠠᠮ᠎ᠤᠨ ᠬᠣᠷᠢᠶᠠᠨ᠎ᠤ ᠡᠳᠦᠷ ᠲᠤᠳᠤᠮ᠎ᠤᠨ ᠴᠢᠬᠤᠯᠠ ᠵᠦᠪᠯᠡᠬᠦ ᠵᠦᠢ᠍ᠯ᠎ᠳᠤ᠎ᠪᠠᠨ ᠤᠷᠤᠭᠤᠯᠵᠤ᠂ ᠨᠠᠮ ᠵᠠᠰᠠᠭ᠎ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ᠎ᠤᠨ ᠠᠵᠢᠯ᠎ᠢ ᠬᠢᠨᠠᠨ ᠰᠢᠯᠭ᠋ᠠᠬᠤ ᠠᠭᠤᠯᠭ᠎ᠠ᠎ᠳᠤ ᠤᠷᠤᠭᠤᠯᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠠᠵᠢᠯ᠎ᠢ ᠠᠯᠪᠠᠨ ᠪᠠᠢ᠌ᠭᠤᠯᠭ᠎ᠠ᠎ᠳᠤ᠂ ᠠᠵᠤ ᠠᠬᠤᠢ᠌ᠯᠠᠯ᠎ᠳᠤ᠂ ᠨᠡᠢ᠌ᠬᠡᠮ ᠲᠤᠭᠤᠷᠢᠭ᠎ᠲᠤ᠂ ᠰᠢᠶᠠᠩ ᠪᠠᠯᠭ᠋ᠠᠰᠤᠨ᠎ᠳᠤ᠂ ᠰᠤᠷᠭ᠋ᠠᠭᠤᠯᠢ᠎ᠳᠤ᠂ ᠴᠡᠷᠢᠭ ᠠᠩᠭᠢ᠎ᠳᠤ᠂ ᠱᠠᠰᠢᠨ ᠰᠤᠷᠳᠠᠬᠤᠨ᠎ᠤ ᠠᠵᠢᠯᠯᠠᠭ᠋ᠠᠨ᠎ᠤ ᠲᠠᠯᠠᠪᠤᠷ᠎ᠲᠤ᠂ ᠰᠦᠯᠵᠢᠶᠡᠨ᠎ᠳᠤ   ᠤᠷᠤᠭᠤᠯᠬᠤ ᠵᠢ ᠪᠦᠬᠦ ᠲᠠᠯ᠎ᠠ᠎ᠪᠠᠷ ᠬᠦᠨᠵᠡᠬᠡᠢ ᠤᠳᠠᠭ᠋ᠠᠨ ᠲᠠᠭ᠋ᠠᠭ᠋ᠠᠮᠠᠭ᠋ᠠᠢ ᠦᠷᠨᠢᠬᠦᠯᠵᠤ᠂ ᠰᠤᠶᠤᠯ ᠢᠷᠬᠡᠨᠰᠢᠭᠰᠡᠨ᠂ ᠪᠤᠳᠠᠳᠤ ᠴᠤᠭᠴᠠᠵᠢᠭᠰᠠᠨ᠂ ᠤᠯᠠᠨ ᠲᠦᠮᠡᠨᠴᠢᠯᠡᠭᠰᠡᠨ ᠬᠢᠷᠢ ᠬᠡᠮᠵᠢᠶ᠎ᠡ ᠵᠢ ᠲᠠᠰᠤᠷᠠᠯᠲᠠ ᠦᠬᠡᠢ ᠲᠡᠬᠡᠭᠰᠢᠯᠡᠬᠦᠯᠵᠡᠢ᠃ ᠬᠤᠳᠠ ᠵᠢᠨ ᠦᠨᠳᠦᠰᠦᠳᠡᠨ᠎ᠤ ᠠᠵᠢᠯ᠎ᠢ ᠯᠠᠪᠳᠠᠭᠤᠨ ᠪᠠᠳᠤᠳᠠᠢ ᠰᠠᠢ᠌ᠳᠤᠷ ᠬᠢᠵᠤ᠂ ᠦᠨᠳᠦᠰᠦᠳᠡᠨ᠎ᠨᠦᠭᠦᠳ᠎ᠤᠨ ᠡᠶ᠎ᠡ ᠵᠣᠬᠢᠴᠠᠯ᠎ᠲᠠᠢ ᠬᠠᠮᠳᠤ ᠤᠷᠤᠰᠢᠬᠤ᠂ ᠰᠡᠳᠬᠢᠯ ᠨᠢᠬᠡᠳᠦᠨ ᠬᠦᠴᠦ᠎ᠪᠠᠨ ᠬᠠᠮᠲᠤᠳᠬᠠᠬᠤ᠂ ᠡᠶ᠎ᠡ ᠵᠣᠬᠢᠴᠠᠯ᠎ᠲᠠᠢ ᠬᠦᠭᠵᠢᠬᠦ ᠵᠢ ᠠᠬᠢᠭᠤᠯᠤᠭᠰᠠᠨ ᠪᠠᠢ᠌ᠨ᠎ᠠ᠃
      ᠪᠢᠳᠡ ᠦᠨᠳᠦᠰᠦᠳᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠲᠦᠪᠰᠢᠨ ᠵᠶ᠋ᠡᠨ ᠲᠠᠰᠤᠷᠠᠯᠳᠠ ᠦᠬᠡᠢ ᠲᠡᠬᠡᠭᠰᠢᠯᠡᠬᠦᠯᠵᠦ᠂ ᠦᠨᠳᠦᠰᠦᠨ ᠬᠠᠤᠯᠢ ᠪᠠ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠬᠠᠤᠯᠢ ᠵᠢ ᠪᠦᠬᠦ ᠲᠠᠯ᠎ᠠ᠎ᠪᠠᠷ ᠤᠨᠤᠪᠴᠢᠳᠡᠢ ᠲᠤᠭᠤᠰᠢᠯᠠᠭᠤᠯᠵᠤ᠂ ᠤᠷᠢᠳ ᠬᠤᠵᠢᠳ 《ᠦᠪᠡᠷᠳᠡᠬᠡᠨ ᠵᠠᠰᠠᠬᠤ ᠤᠷᠤᠨ᠎ᠤ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠲᠦᠷᠢᠮ》᠂ 《ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠠᠵᠢᠯ᠎ᠢ ᠪᠦᠬᠦ ᠲᠠᠯ᠎ᠠ᠎ᠪᠠᠷ ᠬᠦᠨᠵᠡᠬᠡᠢ ᠤᠳᠠᠭ᠋ᠠᠨ ᠲᠠᠭ᠋ᠠᠭ᠋ᠠᠮᠠᠭ᠋ᠠᠢ ᠦᠷᠨᠢᠬᠦᠯᠵᠤ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠲᠤᠬᠠᠢ ᠬᠡᠷᠡᠭᠵᠢᠬᠦᠯᠬᠦ ᠰᠠᠨᠠᠯ》 ᠵᠡᠷᠬᠡ ᠲᠦᠷᠦ ᠵᠢᠨ ᠪᠤᠳᠤᠯᠭ᠎ᠠ ᠬᠠᠤᠯᠢ ᠲᠤᠭᠳᠠᠭ᠋ᠠᠯ᠎ᠢ ᠲᠤᠭᠳᠠᠭ᠋ᠠᠨ ᠨᠡᠢ᠌ᠳᠡᠯᠡᠵᠤ᠂ ᠦᠨᠳᠦᠰᠦᠳᠡᠨ᠎ᠤ ᠠᠵᠢᠯ᠎ᠤᠨ ᠴᠠᠭ ᠦᠶ᠎ᠡ᠎ᠲᠠᠢ ᠵᠡᠷᠬᠡ᠎ᠪᠠᠷ ᠤᠷᠤᠭᠰᠢᠯᠠᠬᠤ ᠵᠢ ᠲᠠᠰᠤᠷᠠᠯᠳᠠ ᠦᠬᠡᠢ ᠠᠬᠢᠭᠤᠯᠵᠠᠢ᠃
      ᠪᠢᠳᠠ ᠠᠵᠤ ᠠᠬᠤᠢ ᠵᠢᠨ ᠴᠢᠨᠠᠷ ᠰᠠᠢ᠌ᠳᠠᠢ ᠬᠦᠭᠵᠢᠯᠳᠡ ᠵᠢ ᠯᠠᠪᠳᠠᠭᠤᠨ ᠪᠠᠳᠤᠳᠠᠢ ᠠᠬᠢᠭᠤᠯᠵᠤ᠂ ᠤᠯᠠᠨ ᠨᠡᠢ᠌ᠳᠡ ᠵᠢᠨ ᠦᠢ᠍ᠯᠡᠴᠢᠯᠡᠬᠡᠨ᠎ᠤ ᠲᠦᠪᠰᠢᠨ᠎ᠢ ᠯᠠᠪᠳᠠᠭᠤᠨ ᠵᠶ᠋ᠠᠷ ᠲᠡᠬᠡᠭᠰᠢᠯᠡᠬᠦᠯᠵᠦ᠂ ᠴᠢᠨᠡᠬᠡᠯᠢᠭ ᠨᠡᠢ᠌ᠬᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠥᠲᠦᠭᠡᠪᠡ᠂ ᠪᠦᠬᠦ ᠤᠷᠤᠨ᠎ᠤ ᠮᠠᠯᠵᠢᠬᠤ ᠬᠤᠰᠢᠭᠤ᠂ ᠬᠢᠯᠢ ᠳᠠᠭ᠋ᠠᠤ ᠬᠤᠰᠢᠭᠤ ᠬᠤᠳᠠ᠂ ᠦᠪᠡᠷᠳᠡᠬᠡᠨ ᠵᠠᠰᠠᠬᠤ ᠬᠤᠰᠢᠭᠤ ᠵᠢᠨ ᠠᠵᠤ ᠠᠬᠤᠢ ᠲᠠᠰᠤᠷᠠᠯᠲᠠ ᠦᠭᠡᠢ ᠨᠡᠮᠡᠭᠳᠡᠵᠦ᠂ ᠭᠤᠤᠯ ᠪᠤᠯᠬᠤ ᠠᠵᠤ ᠠᠬᠤᠢ ᠵᠢᠨ ᠬᠦᠢ᠍ᠴᠡᠳᠬᠡᠯ ᠲᠤᠭ᠎ᠠ ᠵᠢᠨ ᠨᠡᠮᠡᠭᠳᠡᠯ᠎ᠤᠨ ᠬᠤᠷᠳᠤᠴᠠ᠎ᠨᠢ   ᠪᠦᠬᠦ ᠤᠷᠤᠨ᠎ᠤ ᠲᠤᠮᠳᠠᠴᠢ ᠲᠦᠪᠰᠢᠨ᠎ᠠᠴᠠ ᠦᠨᠳᠦᠷ ᠪᠠᠢ᠌ᠵᠤ᠂ ᠰᠤᠷᠭ᠋ᠠᠨ ᠬᠦᠮᠦᠵᠢᠯ ᠬᠦᠷᠳᠡᠭᠰᠡᠨ ᠬᠢᠷᠢ ᠲᠦᠪᠰᠢᠨ᠂ ᠡᠮᠴᠢᠯᠡᠬᠡᠨ᠎ᠤ ᠦᠢ᠍ᠯᠡᠴᠢᠯᠡᠬᠡ᠂ ᠨᠡᠢ᠌ᠬᠡᠮ᠎ᠤᠨ ᠪᠠᠳᠤᠯᠠᠭ᠎ᠠ ᠵᠡᠷᠬᠡ ᠬᠦᠢ᠍ᠴᠡᠳᠬᠡᠯ ᠲᠤᠭ᠎ᠠ᠎ᠨᠢ ᠴᠦᠮ ᠪᠦᠬᠦ ᠤᠷᠤᠨ᠎ᠤ ᠲᠤᠮᠳᠠᠴᠢ ᠬᠢᠷᠢ ᠲᠦᠪᠰᠢᠨ᠎ᠳᠤ ᠤᠢ᠌ᠷᠠᠳᠤᠭᠰᠠᠨ ᠪᠤᠶᠤ ᠲᠠᠪᠠᠭᠰᠠᠨ ᠪᠠᠢ᠌ᠨ᠎ᠠ᠂ ᠤᠷᠤᠨ ᠪᠦᠰᠡ ᠵᠢᠨ ᠴᠢᠨᠠᠷᠳᠡᠢ ᠶᠠᠳᠠᠭᠤ ᠬᠦᠴᠢᠷᠳᠡᠯᠳᠡᠢ ᠠᠰᠠᠭᠤᠳᠠᠯ᠎ᠢ ᠪᠦᠬᠦᠯᠢ ᠴᠤᠭᠴᠠ᠎ᠪᠠᠷ ᠰᠢᠢ᠍ᠳᠪᠦᠷᠢᠯᠡᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠤᠯ ᠵᠢᠷᠭ᠋ᠠᠯ᠎ᠤᠨ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ ᠲᠠᠰᠤᠷᠠᠯᠳᠠ ᠦᠬᠡᠢ   ᠨᠡᠮᠡᠭᠳᠡᠪᠡ᠃
      ᠰᠤᠷᠪᠤᠯᠵᠢᠯᠠᠭᠴᠢ᠄ ᠨᠡᠢ᠌ᠬᠡᠮ ᠵᠢᠷᠤᠮ᠎ᠤᠨ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠢ᠌ᠭᠤᠯᠬᠤ ᠰᠢᠨ᠎ᠡ ᠠᠶᠠᠨ᠎ᠳᠤ ᠠᠯᠬᠤᠨ ᠤᠷᠤᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠤᠤᠯ ᠰᠢᠵᠢᠮ᠎ᠤᠨ ᠲᠤᠭᠤᠷᠢᠨ᠎ᠳᠤ᠂ ᠦᠨᠳᠦᠰᠦᠳᠡᠨ᠎ᠨᠦᠭᠦᠳ᠎ᠤᠨ ᠦᠷᠬᠡᠨ ᠲᠡᠯᠬᠡᠷ ᠶᠠᠪᠤᠯᠴᠠᠭ᠎ᠠ᠂ ᠪᠦᠬᠦ ᠲᠠᠯ᠎ᠠ ᠵᠢᠨ ᠰᠤᠯᠢᠯᠴᠠᠭ᠎ᠠ᠂ ᠬᠦᠨᠵᠡᠬᠡᠢ ᠠᠭᠤᠰᠤᠯᠴᠠᠯ᠎ᠢ ᠠᠬᠢᠭᠤᠯᠵᠤ᠂ 《ᠲᠤᠮᠳᠠᠳᠤ ᠵᠢᠨ ᠦᠨᠳᠦᠰᠦᠳᠡᠨ ᠨᠢᠬᠡ ᠬᠡᠷ᠎ᠤᠨ᠎ᠬᠢᠨ ᠮᠡᠳᠦ ᠲᠤᠳᠤᠨᠤ ᠪᠠᠢ᠌ᠵᠤ᠂ ᠰᠡᠳᠬᠢᠯ ᠨᠢᠬᠡᠳᠦᠨ ᠲᠤᠮᠳᠠᠳᠤ ᠵᠢᠨ ᠵᠠᠬᠦᠳᠤ᠎ᠪᠠᠨ ᠬᠠᠮᠳᠤ᠎ᠪᠠᠷ ᠲᠡᠷᠬᠡᠯᠰᠢᠬᠦᠯᠬᠦ》 ᠵᠢ ᠪᠡᠶᠡᠯᠡᠬᠦᠯᠬᠦ ᠲᠠᠯ᠎ᠠ᠎ᠪᠠᠷ ᠦᠪᠦᠷ ᠮᠤᠩᠭᠤᠯ᠎ᠳᠤ ᠪᠠᠰᠠ ᠶᠠᠮᠠᠷ ᠶᠠᠮᠠᠷ ᠰᠢᠨ᠎ᠡ ᠰᠡᠳᠬᠢᠴᠡ ᠰᠢᠨ᠎ᠡ ᠠᠷᠭ᠎ᠠ ᠬᠡᠮᠵᠢᠶ᠎ᠡ ᠪᠠᠢ᠌ᠬᠤ ᠪᠤᠢ?
      ᠳ᠋ᠤᠸᠠᠨ ᡁᠢ ᠴᠢᠶᠠᠩ᠄ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠨᠢ ᠦᠨᠳᠦᠰᠦᠳᠡᠨ᠎ᠤ ᠠᠵᠢᠯ᠎ᠢ ᠡᠳᠦᠷ ᠲᠤᠳᠤᠮ᠎ᠤᠨ ᠴᠢᠬᠤᠯᠠ ᠵᠦᠪᠯᠡᠬᠦ ᠵᠦᠢ᠍ᠯ᠎ᠳᠤ᠎ᠪᠠᠨ ᠤᠷᠤᠭᠤᠯᠬᠤ ᠵᠢ ᠪᠠᠷᠢᠮᠳᠠᠯᠠᠵᠤ᠂ ᠦᠪᠡᠷᠳᠡᠬᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠬᠡᠮ᠎ᠤᠨ ᠬᠦᠭᠵᠢᠯᠳᠡ ᠵᠢᠨ 《ᠠᠷᠪᠠᠨ ᠲᠦᠷᠪᠡᠳᠦᠬᠡᠷ ᠲᠠᠪᠤᠨ ᠵᠢᠯ》᠎ᠤᠨ ᠲᠦᠯᠦᠪᠵᠢᠬᠦᠯᠬᠡ ᠵᠢᠴᠢ 2035 ᠤᠨ᠎ᠤ ᠠᠯᠤᠰ᠎ᠤᠨ ᠬᠠᠷᠠᠯᠳᠠ ᠵᠢᠨ ᠬᠦᠳᠦᠯᠪᠦᠷᠢ ᠵᠢ ᠲᠤᠭᠳᠠᠭ᠋ᠠᠬᠤ᠎ᠳᠤ᠎ᠪᠠᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠬᠦᠭᠵᠢᠯᠳᠡ ᠵᠢ ᠵᠡᠷᠬᠡ᠎ᠳᠤ᠎ᠨᠢ ᠲᠦᠯᠦᠪᠵᠢᠬᠦᠯᠦᠨ ᠪᠠᠢ᠌ᠷᠢᠯᠠᠭᠤᠯᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠤᠯᠭ᠋ᠠᠭᠰᠠᠨ ᠪᠦᠬᠦ ᠤᠷᠤᠨ᠎ᠤ ᠦᠨᠳᠦᠰᠦᠳᠡᠨ᠎ᠤ ᠠᠵᠢᠯ᠎ᠢ ᠦᠨᠳᠦᠷ ᠬᠠᠷᠠᠭ᠋ᠠᠨ᠎ᠠᠴᠠ ᠲᠦᠯᠦᠪᠯᠡᠵᠤ᠂ ᠪᠦᠬᠦ ᠬᠦᠴᠦᠨ ᠵᠶ᠋ᠡᠷ ᠠᠬᠢᠭᠤᠯᠤᠭᠰᠠᠨ ᠪᠠᠢ᠌ᠨ᠎ᠠ᠃
      ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠬᠦᠯᠦᠨ᠎ᠡ᠃ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠬᠦᠮᠦᠵᠢᠯ᠎ᠢ ᠨᠡᠢ᠌ᠬᠡᠮ ᠵᠢᠷᠤᠮ᠎ᠤᠨ ᠭᠣᠣᠯᠯᠠᠭᠴᠢ ᠦᠷᠡᠳᠡᠭ᠎ᠤᠨ ᠦᠵᠡᠯᠳᠡ ᠵᠢᠨ ᠬᠦᠮᠦᠵᠢᠯ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠦᠮᠦᠵᠢᠯ ᠪᠠ ᠮᠠᠷᠺᠰ᠎ᠤᠨ ᠦᠵᠡᠯ᠎ᠤᠨ ᠤᠯᠤᠰ᠎ᠤᠨ ᠦᠵᠡᠯᠳᠡ᠂ ᠲᠡᠤᠬᠡ ᠵᠢᠨ ᠦᠵᠡᠯᠳᠡ᠂ ᠦᠨᠳᠦᠰᠦᠳᠡᠨ᠎ᠤ ᠦᠵᠡᠯᠳᠡ᠂ ᠰᠤᠶᠤᠯ᠎ᠤᠨ ᠦᠵᠡᠯᠳᠡ᠂ ᠱᠠᠰᠢᠨ ᠰᠤᠷᠳᠠᠬᠤᠨ᠎ᠤ ᠦᠵᠡᠯᠳᠡ ᠵᠢᠨ ᠬᠦᠮᠦᠵᠢᠯ᠎ᠲᠠᠢ ᠤᠶᠠᠯᠳᠤᠭᠤᠯᠬᠤ ᠵᠢ ᠪᠠᠷᠢᠮᠳᠠᠯᠠᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠦᠮᠦᠵᠢᠯ᠎ᠢ ᠪᠦᠬᠦ ᠲᠠᠯ᠎ᠠ᠎ᠪᠠᠷ ᠬᠦᠨᠵᠡᠬᠡᠢ ᠪᠦᠬᠡᠳ ᠤᠳᠠᠭ᠋ᠠᠨ ᠲᠠᠭ᠋ᠠᠭ᠋ᠠᠮᠠᠭ᠋ᠠᠢ ᠦᠷᠨᠢᠬᠦᠯᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ 《ᠲᠠᠪᠤᠨ ᠮᠡᠳᠡᠷᠡᠬᠦᠢ》 ᠵᠢ ᠲᠠᠰᠤᠷᠠᠯᠳᠠ ᠦᠬᠡᠢ ᠴᠢᠩᠭ᠋ᠠᠳᠬᠠᠵᠤ᠂ ᠦᠨᠳᠦᠰᠦᠳᠡᠨ᠎ᠤ ᠪᠦᠯᠬᠦᠮᠳᠡᠯ᠎ᠤᠨ ᠦᠵᠡᠯ ᠰᠠᠨᠠᠭ᠋ᠠᠨ᠎ᠤ ᠰᠠᠭᠤᠷᠢ ᠵᠢ ᠪᠠᠲᠤᠳᠬᠠᠨ᠎ᠠ᠃
      ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠤᠯᠤᠰ ᠲᠦᠷᠦ ᠵᠢᠨ ᠰᠠᠭᠤᠷᠢ ᠵᠢ ᠪᠡᠬᠢᠵᠢᠬᠦᠯᠦᠨ᠎ᠡ᠃ ᠨᠠᠮ᠎ᠤᠨ ᠤᠯᠤᠰ ᠲᠦᠷᠦ ᠵᠢᠨ ᠪᠠᠢ᠌ᠭᠤᠯᠤᠯᠳᠠ ᠵᠢ ᠴᠢᠩᠭ᠋ᠠᠳᠬᠠᠬᠤ ᠵᠢ ᠲᠤᠪᠤᠢ᠌ᠯᠭ᠋ᠠᠵᠤ᠂ ᠰᠢᠨ᠎ᠡ ᠴᠠᠭ ᠦᠶ᠎ᠡ ᠵᠢᠨ ᠰᠠᠢ᠌ᠨ ᠺᠠᠳ᠋ᠷ᠎ᠤᠨ ᠪᠠᠷᠢᠮᠵᠢᠶ᠎ᠠ ᠪᠤᠯᠤᠨ ᠦᠨᠳᠦᠰᠦᠳᠡᠨ᠎ᠤ ᠭᠠᠵᠠᠷ ᠤᠷᠤᠨ᠎ᠤ 《ᠭᠤᠷᠪᠠᠨ ᠤᠨᠴᠠᠭ᠋ᠠᠢ》 ᠰᠠᠢ᠌ᠨ ᠺᠠᠳ᠋ᠷ᠎ᠤᠨ ᠪᠠᠷᠢᠮᠵᠢᠶ᠎ᠡ ᠵᠢ ᠨᠠᠢ᠌ᠳᠠᠪᠤᠷᠢᠵᠢᠭᠤᠯᠵᠤ᠂ ᠦᠨᠳᠦᠰᠦᠳᠡᠨ᠎ᠤ ᠠᠵᠢᠯ᠎ᠢ ᠤᠢ᠌ᠯᠠᠭ᠋ᠠᠬᠤ ᠡᠰᠡᠬᠦ᠂ ᠦᠨᠳᠦᠰᠦᠳᠡᠨ᠎ᠤ ᠪᠦᠯᠬᠦᠮᠳᠡᠯ᠎ᠢ ᠬᠡᠷᠡᠭᠵᠢᠬᠦᠯᠵᠦ ᠴᠢᠳᠠᠬᠤ ᠡᠰᠡᠬᠦ᠎ᠪᠠᠷ ᠤᠳᠤᠷᠢᠳᠬᠤ ᠺᠠᠳ᠋ᠷ᠎ᠢ ᠰᠢᠯᠭ᠋ᠠᠨ ᠪᠠᠢ᠌ᠴᠠᠭ᠋ᠠᠬᠤ ᠵᠢᠨ ᠴᠢᠬᠤᠯᠠ ᠠᠭᠤᠯᠭ᠎ᠠ ᠪᠤᠯᠭ᠋ᠠᠵᠤ᠂ ᠦᠨᠳᠦᠰᠦᠳᠡᠨ᠎ᠤ ᠠᠵᠢᠯ᠎ᠤᠨ ᠪᠠᠢ᠌ᠭᠤᠯᠤᠮᠵᠢ ᠲᠤᠭᠳᠠᠴᠠ ᠵᠢ ᠲᠡᠬᠦᠯᠳᠡᠷᠵᠢᠬᠦᠯᠵᠤ᠂ ᠡᠯ᠎ᠡ ᠱᠠᠳᠤᠨ᠎ᠤ ᠨᠠᠮ᠎ᠤᠨ ᠬᠣᠷᠢᠶᠠᠨ (ᠨᠠᠮ᠎ᠤᠨ ᠤᠳᠤᠷᠢᠳᠬᠤ ᠲᠤᠭᠤᠢ᠌ᠯᠠᠩ)᠎ᠤ ᠦᠨᠳᠦᠰᠦᠳᠡᠨ᠎ᠤ ᠠᠵᠢᠯ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠦᠨᠳᠦᠰᠦᠨ ᠱᠠᠳᠤᠨ᠎ᠤ ᠰᠠᠭᠤᠷᠢ ᠵᠢ ᠪᠠᠬᠢᠵᠢᠬᠦᠯᠵᠤ᠂ ᠦᠨᠳᠦᠰᠦᠳᠡᠨ᠎ᠤ ᠠᠵᠢᠯ᠎ᠢ ᠰᠠᠢ᠌ᠳᠤᠷ ᠬᠢᠬᠦ ᠬᠦᠴᠦᠷᠬᠡᠭ ᠶᠡᠬᠡ ᠬᠠᠮᠳᠤᠷᠠᠯ᠎ᠤᠨ ᠬᠦᠴᠦᠨ᠎ᠢ ᠲᠠᠰᠤᠷᠠᠯᠳᠠ ᠦᠬᠡᠢ ᠨᠢᠭᠳᠠᠷᠠᠭᠤᠯᠤᠨ᠎ᠠ᠃
      ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠰᠤᠶᠤᠯ᠎ᠤᠨ ᠰᠠᠭᠤᠷᠢ ᠵᠢ ᠪᠠᠬᠢᠵᠢᠬᠦᠯᠦᠨ᠎ᠡ᠃ ᠨᠡᠢ᠌ᠬᠡᠮ ᠵᠢᠷᠤᠮ᠎ᠤᠨ ᠲᠡᠷᠢᠬᠦᠨ᠎ᠤ ᠰᠤᠶᠤᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠲᠤᠮᠳᠠᠳᠤ ᠵᠢᠨ ᠦᠨᠳᠦᠰᠦᠳᠡᠨ᠎ᠤ ᠰᠢᠯᠢᠳᠡᠭ ᠤᠯᠠᠮᠵᠢᠯᠠᠯᠳᠤ ᠰᠤᠶᠤᠯ᠎ᠢ ᠶᠡᠬᠡ᠎ᠪᠠᠷ ᠪᠠᠳᠠᠷᠠᠭᠤᠯᠵᠤ᠂ ᠦᠨᠳᠦᠰᠦᠳᠡᠨ᠎ᠨᠦᠭᠦᠳ᠎ᠤᠨ ᠰᠤᠶᠤᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠵᠢ ᠡᠬᠦᠳᠦᠨ ᠠᠭᠤᠰᠤᠯᠴᠠᠬᠤ ᠵᠢ ᠠᠬᠢᠭᠤᠯᠤᠨ᠎ᠠ᠃ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ 〈ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠬᠠᠤᠯᠢ〉 ᠵᠢ ᠬᠡᠷᠡᠭᠵᠢᠬᠦᠯᠬᠦ ᠠᠷᠭ᠎ᠠ》᠎ᠳᠤ ᠵᠠᠰᠠᠪᠤᠷᠢ ᠤᠷᠤᠭᠤᠯᠵᠤ᠂ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠷᠭ᠋ᠠᠨ ᠬᠦᠮᠦᠵᠢᠯ᠎ᠤᠨ ᠲᠦᠷᠢᠮ》᠎ᠢ ᠲᠤᠭᠳᠠᠭ᠋ᠠᠨ ᠬᠡᠷᠡᠭᠵᠢᠭᠦᠯᠪᠡ᠂ ᠤᠯᠤᠰ᠎ᠤᠨ ᠨᠡᠢ᠌ᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠲᠡᠯᠬᠡᠷᠡᠬᠦᠯᠦᠨ ᠲᠦᠬᠡᠮᠡᠯᠵᠢᠬᠦᠯᠵᠤ᠂ ᠤᠯᠤᠰ᠎ᠤᠨ ᠨᠢᠬᠡᠳᠦᠯᠳᠡᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠢ ᠲᠡᠯᠬᠡᠷᠡᠬᠦᠯᠦᠨ ᠬᠡᠷᠡᠭᠯᠡᠪᠡ᠃
      ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠪᠤᠳᠠᠰ᠎ᠤᠨ ᠰᠠᠭᠤᠷᠢ ᠵᠢ ᠪᠡᠬᠢᠵᠢᠬᠦᠯᠦᠨ᠎ᠡ᠃ ᠠᠷᠠᠳ ᠲᠦᠮᠡᠨ ᠵᠶ᠋ᠡᠷ ᠭᠤᠤᠯ ᠪᠤᠯᠭ᠋ᠠᠬᠤ ᠬᠦᠭᠵᠢᠯᠳᠡ ᠵᠢᠨ ᠦᠵᠡᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠨ᠎ᠠ᠃ ᠰᠢᠨ᠎ᠡ ᠬᠦᠭᠵᠢᠯᠳᠡ ᠵᠢᠨ ᠱᠠᠳᠤᠨ᠎ᠳᠤ ᠰᠠᠭᠤᠷᠢᠯᠠᠵᠤ᠂ ᠰᠢᠨ᠎ᠡ ᠬᠦᠭᠵᠢᠯᠳᠡ ᠵᠢᠨ ᠤᠢ᠌ᠯᠠᠭ᠋ᠠᠭᠳᠠᠬᠤᠨ᠎ᠢ ᠪᠦᠷᠢᠨ ᠪᠦᠳᠦᠨ ᠵᠦᠪ ᠤᠨᠤᠪᠴᠢᠳᠡᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠦᠭᠵᠢᠯᠳᠡ ᠵᠢᠨ ᠪᠠᠢ᠌ᠷᠢᠰᠢᠯ᠎ᠳᠤ ᠠᠭᠤᠰᠤᠯᠴᠠᠨ ᠦᠢ᠍ᠯᠡᠴᠢᠯᠡᠵᠤ᠂ ᠤᠳᠤᠬᠢᠴᠢᠯᠠᠭᠰᠠᠨ ᠦᠪᠦᠷ ᠮᠤᠩᠭᠤᠯ᠎ᠢ ᠪᠦᠬᠦ ᠲᠠᠯ᠎ᠠ᠎ᠪᠠᠷ ᠪᠦᠳᠦᠬᠡᠨ ᠪᠠᠢ᠌ᠭᠤᠯᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠬᠡ ᠪᠡᠬᠢᠯᠡᠯᠳᠡ》 ᠵᠢ ᠪᠠᠢ᠌ᠭᠤᠯᠤᠨ ᠠᠬᠢᠭᠤᠯᠵᠤ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ᠎ᠪᠠᠷ ᠤᠳᠤᠷᠢᠳᠤᠮᠵᠢ ᠪᠤᠯᠭ᠋ᠠᠭᠰᠠᠨ ᠴᠢᠨᠠᠷ ᠰᠠᠢ᠌ᠳᠠᠢ ᠬᠦᠭᠵᠢᠯᠳᠡ ᠵᠢᠨ ᠰᠢᠨ᠎ᠡ ᠵᠠᠮ ᠵᠶ᠋ᠠᠷ ᠰᠠᠢ᠌ᠳᠤᠷ ᠵᠠᠮᠨᠠᠵᠤ᠂ ᠲᠤᠳᠠᠭᠤᠳᠠᠯ ᠵᠶ᠋ᠠᠨ ᠬᠦᠴᠦᠯᠡᠨ ᠨᠦᠬᠦᠪᠦᠷᠢᠯᠡᠵᠤ᠂ ᠪᠠᠭᠤᠷᠠᠢ ᠲᠠᠯ᠎ᠠ᠎ᠪᠠᠨ ᠲᠡᠬᠡᠭᠰᠢᠯᠡᠬᠦᠯᠵᠦ᠂ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠ ᠮᠠᠯᠵᠢᠬᠤ ᠤᠷᠤᠨ᠎ᠤ ᠤᠳᠤᠬᠢᠴᠢᠯᠠᠯᠳᠡ ᠵᠢ ᠢᠳᠡᠪᠬᠢᠳᠡᠢ ᠠᠬᠢᠭᠤᠯᠵᠤ᠂ ᠬᠢᠯᠢ ᠬᠢᠵᠠᠭ᠋ᠠᠷ ᠤᠷᠤᠨ᠎ᠢ ᠬᠦᠭᠵᠢᠬᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠦᠨᠵᠡᠬᠡᠢ ᠠᠬᠢᠭᠤᠯᠵᠤ᠂ ᠤᠯᠠᠨ ᠨᠡᠢ᠌ᠳᠡ ᠵᠢᠨ ᠦᠨᠳᠦᠰᠦᠨ ᠦᠢ᠍ᠯᠡᠴᠢᠯᠡᠬᠡ ᠵᠢ ᠲᠡᠩᠴᠡᠬᠦᠷᠡᠰᠢᠬᠦᠯᠬᠦ ᠵᠢ ᠦᠷᠬᠦᠯᠵᠢᠯᠡᠨ ᠠᠬᠢᠭᠤᠯᠵᠤ᠂ ᠡᠬᠢ ᠪᠠᠶᠠᠯᠢᠭ᠎ᠤᠨ ᠲᠠᠪᠠᠭᠤᠯᠢᠭ᠂ ᠤᠷᠤᠨ ᠪᠠᠢ᠌ᠷᠢ ᠵᠢᠨ ᠲᠠᠪᠠᠭᠤᠯᠢᠭ᠂ ᠠᠮᠢ ᠠᠬᠤᠢ ᠵᠢᠨ ᠲᠠᠪᠠᠭᠤᠯᠢᠭ᠎ᠢ ᠴᠢᠨᠠᠷ ᠰᠠᠢ᠌ᠳᠡᠢ ᠬᠦᠭᠵᠢᠯᠳᠡ ᠵᠢᠨ ᠲᠠᠪᠠᠭᠤᠯᠢᠭ ᠪᠤᠯᠭ᠋ᠠᠨ ᠬᠤᠪᠢᠷᠠᠭᠤᠯᠤᠨ᠎ᠠ᠃
      ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠨᠡᠢ᠌ᠬᠡᠮ᠎ᠤᠨ ᠰᠠᠭᠤᠷᠢ ᠵᠢ ᠪᠡᠬᠢᠵᠢᠬᠦᠯᠦᠨ᠎ᠡ᠃ ᠦᠨᠳᠦᠰᠦᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠠᠷᠭ᠎ᠠ ᠵᠠᠮ᠎ᠢ ᠦᠷᠬᠡᠳᠬᠡᠨ᠎ᠡ᠃ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠬᠦᠭᠵᠢᠯᠳᠡ ᠵᠢᠨ ᠲᠦᠯᠦᠪᠵᠢᠬᠦᠯᠬᠡ (2021—2027 ᠤᠨ)》 ᠵᠢ ᠨᠡᠢ᠌ᠷᠠᠭᠤᠯᠤᠨ ᠵᠤᠬᠢᠶᠠᠵᠤ ᠬᠡᠷᠡᠭᠵᠢᠬᠦᠯᠦᠨ᠂ ᠦᠨᠳᠦᠰᠦᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ ᠨᠠᠢ᠌ᠬᠡᠮ᠎ᠤᠨ ᠲᠤᠭᠳᠠᠴᠠ ᠪᠠ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠠ ᠵᠢ ᠪᠦᠷᠢᠨᠰᠢᠬᠦᠯᠤᠨ ᠲᠡᠬᠦᠯᠳᠡᠷᠵᠢᠬᠦᠯᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠤᠢ᠌ᠯᠠᠭ᠋ᠠᠯᠴᠠᠭ᠎ᠠ᠎ᠪᠠᠨ ᠬᠦᠨᠵᠠᠬᠡᠢ᠌ᠷᠡᠬᠦᠯᠬᠦ᠂ ᠬᠠᠢ᠌ᠷ᠎ᠠ ᠰᠡᠳᠬᠢᠯᠬᠡ᠎ᠪᠠᠨ ᠨᠡᠮᠡᠭᠳᠡᠬᠦᠯᠬᠦ᠂ ᠦᠷᠬᠡᠨ ᠵᠶ᠋ᠡᠷ ᠶᠠᠪᠤᠯᠴᠠᠵᠤ᠂ ᠪᠦᠬᠦ ᠲᠠᠯ᠎ᠠ᠎ᠪᠠᠷ ᠰᠤᠯᠢᠯᠴᠠᠵᠤ᠂ ᠬᠦᠨᠵᠡᠬᠡᠢ ᠠᠭᠤᠰᠤᠯᠴᠠᠬᠤ ᠵᠢ ᠤᠯᠠᠮ ᠴᠠᠭ᠋ᠠᠰᠢᠳᠠ ᠠᠬᠢᠭᠤᠯᠤᠨ᠎ᠠ᠃ ᠡᠩ᠎ᠤᠨ ᠦᠶ᠎ᠡ ᠵᠢ ᠴᠢᠬᠤᠯᠠᠴᠢᠯᠠᠵᠤ᠂ ᠰᠡᠳᠬᠢᠯ ᠵᠶ᠋ᠡᠨ ᠰᠤᠯᠢᠯᠴᠠᠬᠤ ᠵᠢ ᠴᠢᠬᠤᠯᠠᠴᠢᠯᠠᠵᠤ᠂ ᠦᠢ᠍ᠯᠡ ᠠᠵᠢᠯᠯᠠᠭ᠎ᠠ ᠵᠢ ᠴᠢᠬᠤᠯᠠᠴᠢᠯᠠᠵᠤ᠂ ᠦᠨᠳᠦᠰᠦᠨ ᠱᠠᠳᠤ ᠵᠢ ᠴᠢᠬᠤᠯᠠᠴᠢᠯᠠᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠤᠬᠠᠭᠤᠯᠭ᠎ᠠ ᠵᠢᠨ ᠰᠠᠷ᠎ᠠ᠂ ᠤᠬᠠᠭᠤᠯᠭ᠎ᠠ ᠵᠢᠨ ᠭᠠᠷᠠᠭ᠂ ᠤᠬᠠᠭᠤᠯᠭ᠎ᠠ ᠵᠢᠨ ᠡᠳᠦᠷ᠎ᠤᠨ ᠠᠵᠢᠯᠯᠠᠭ᠎ᠠ ᠵᠢ ᠬᠦᠨᠵᠡᠬᠡᠢ᠌ᠷᠡᠬᠦᠯᠵᠤ᠂ 《ᠤᠨᠤᠴᠠᠳᠡᠢ ᠲᠤᠰᠤᠯᠭ᠋ᠠᠨ ᠤᠰᠤᠯᠠᠬᠤ ᠮᠠᠶᠢᠭ》᠎ᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠬᠤ ᠵᠢ ᠦᠷᠨᠢᠬᠦᠯᠵᠤ᠂ ᠡᠬᠦᠳᠦᠨ ᠪᠠᠢ᠌ᠭᠤᠯᠬᠤ ᠠᠵᠢᠯ᠎ᠤᠨ ᠬᠠᠨᠳᠤᠯᠭ᠋ᠠᠳᠤ ᠴᠢᠨᠠᠷ᠂ ᠵᠢᠱ᠌ᠢᠶ᠎ᠡ ᠦᠵᠡᠬᠦᠯᠬᠦ ᠴᠢᠨᠠᠷ᠎ᠢ ᠲᠠᠰᠤᠷᠠᠯᠳᠠ ᠦᠬᠡᠢ ᠲᠡᠬᠡᠭᠰᠢᠯᠡᠬᠦᠯᠦᠨ᠎ᠡ᠃
      ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ ᠵᠢ ᠬᠠᠤᠯᠢ᠎ᠪᠠᠷ ᠵᠠᠰᠠᠬᠤ ᠰᠠᠭᠤᠷᠢ ᠵᠢ ᠪᠡᠬᠢᠵᠢᠬᠦᠯᠦᠨ᠎ᠡ᠃ ᠨᠢᠬᠡᠳᠦᠯ ᠪᠠ ᠦᠪᠡᠷᠳᠡᠬᠡᠨ ᠵᠠᠰᠠᠬᠤ ᠵᠢ ᠤᠶᠠᠯᠳᠤᠭᠤᠯᠬᠤ᠂ ᠦᠨᠳᠦᠰᠦᠳᠡᠨ᠎ᠤ ᠡᠯᠧᠮᠧᠨ᠋ᠲ ᠪᠠ ᠤᠷᠤᠨ ᠪᠦᠰᠡ ᠵᠢᠨ ᠡᠯᠧᠮᠧᠨ᠋ᠲ᠎ᠢ ᠤᠶᠠᠯᠳᠤᠭᠤᠯᠬᠤ ᠵᠢ ᠪᠠᠷᠢᠮᠳᠠᠯᠠᠵᠤ᠂ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠪᠠᠢ᠌ᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠦᠨ᠎ᠡ᠃ ᠨᠠᠮ᠎ᠤᠨ ᠦᠨᠳᠦᠰᠦᠳᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠨᠳᠦᠰᠦᠳᠡᠨ᠎ᠤ ᠪᠦᠯᠬᠦᠮᠳᠡᠯ᠎ᠢ ᠬᠠᠤᠯᠢ᠎ᠪᠠᠷ ᠵᠠᠰᠠᠬᠤ ᠪᠠᠳᠤᠯᠠᠭ᠎ᠠ ᠵᠢ ᠪᠠᠷᠢᠮᠳᠠᠯᠠᠨ᠂ ᠦᠨᠳᠦᠰᠦᠳᠡᠨ᠎ᠳᠤ ᠬᠤᠯᠪᠤᠭᠳᠠᠬᠤ ᠬᠦᠴᠦᠨ ᠵᠦᠢ᠍ᠯ᠎ᠤᠨ ᠵᠦᠷᠢᠴᠡᠯ ᠵᠢᠭᠤᠷᠠᠯᠳᠤᠭ᠋ᠠᠨ᠎ᠢ ᠬᠠᠤᠯᠢ᠎ᠪᠠᠷ ᠵᠤᠬᠢᠰᠳᠡᠢ ᠰᠢᠢ᠍ᠳᠪᠦᠷᠢᠯᠡᠵᠤ᠂ ᠦᠨᠳᠦᠰᠦᠳᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠲᠦᠪᠰᠢᠨ᠎ᠢ ᠤᠯᠠᠮ ᠴᠠᠭ᠋ᠠᠰᠢᠳᠠ ᠲᠡᠬᠡᠭᠰᠢᠯᠡᠬᠦᠯᠦᠨ᠎ᠡ᠃
      ᠰᠢᠨ᠎ᠡ ᠴᠠᠭ ᠦᠶ᠎ᠡ᠎ᠳᠤ ᠤᠷᠤᠵᠤ᠂ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠬᠤ᠎ᠳᠤ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠡᠢ᠌ᠳᠡᠯᠭ᠎ᠠ ᠵᠢ ᠪᠠᠳᠤ ᠴᠡᠬᠡᠵᠢᠯᠡᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠨ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠤᠯᠭ᠋ᠠᠵᠤ᠂ 《ᠮᠤᠩᠭᠤᠯ ᠮᠤᠷᠢᠨ᠎ᠤ ᠵᠤᠷᠢᠭ ᠰᠠᠨᠠᠭ᠎ᠠ》 ᠵᠢ ᠪᠠᠳᠠᠷᠠᠭᠤᠯᠵᠤ᠂ ᠬᠠᠮᠳᠤ᠎ᠪᠠᠷ ᠪᠦᠯᠬᠦᠮᠳᠡᠨ ᠲᠡᠮᠡᠴᠡᠵᠤ᠂ ᠬᠠᠮᠳᠤ᠎ᠪᠠᠷ ᠴᠡᠴᠡᠭᠯᠡᠨ ᠬᠦᠭᠵᠢᠵᠦ᠂ ᠦᠨᠳᠦᠰᠦᠳᠡᠨ᠎ᠤ ᠪᠦᠯᠬᠦᠮᠳᠡᠯ᠎ᠤᠨ ᠶᠡᠬᠡ ᠲᠡᠯ᠎ᠠ ᠵᠢ ᠲᠠᠰᠤᠷᠠᠯᠳᠠ ᠦᠬᠡᠢ ᠪᠡᠬᠢᠵᠢᠬᠦᠯᠦᠨ ᠬᠦᠭᠵᠢᠬᠦᠯᠵᠦ᠂ ᠬᠤᠪᠢ ᠲᠠᠬᠢᠨ ᠨᠠᠨᠳᠢᠩᠨᠠᠵᠤ᠂ 《ᠵᠢᠱ᠌ᠢᠶᠡᠴᠢ ᠦᠪᠡᠷᠳᠡᠬᠡᠨ ᠵᠠᠰᠠᠬᠤ ᠤᠷᠤᠨ》᠎ᠤ ᠡᠷᠬᠢᠮ ᠲᠡᠬᠡᠳᠦ ᠢᠷᠠᠭᠤ ᠠᠯᠳᠠᠷ ᠵᠶ᠋ᠠᠨ ᠦᠷᠬᠦᠯᠵᠢᠯᠡᠨ ᠪᠠᠳᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ