ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠬᠦᠷᠬᠡᠯᠡᠨ᠎ᠡ
ᠨᠡᠶ᠋ᠢᠲᠡᠯᠡᠭᠰᠡᠨ ᠴᠠᠭ᠄ 2022-01-07

      — ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠢ᠌ᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ  ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠩ ᠵᠢᠶᠦ᠋ᠨ᠎ᠢ ᠰᠤᠷᠪᠤᠯᠵᠢᠯᠠᠭᠰᠠᠨ᠎ᠨᠢ 
       

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠢ᠌ᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠩ ᠵᠢᠶᠦ᠋ᠨ᠎ᠢ ᠰᠤᠷᠪᠤᠯᠵᠢᠯᠠᠪᠠ᠃
      ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠢᠯᠡᠳᠬᠡᠯ᠎ᠤᠨ ᠨᠢᠭᠡᠨ ᠢᠯᠡ ᠲᠣᠳᠣ ᠣᠨᠴᠠᠯᠢᠭ ᠭᠡᠪᠡᠯ᠂ ᠨᠠᠮ᠎ᠤᠨ ᠦᠨᠳᠦᠰᠦᠲᠡᠨ᠎ᠤ ᠠᠵᠢᠯ᠎ᠢ ᠲᠤᠪᠤᠢ᠍ᠢ᠍ᠮ᠎ᠠ ᠪᠠᠢ᠌ᠷᠢ ᠪᠤᠯᠤᠨ ᠪᠦᠬᠦ ᠲᠠᠯ᠎ᠠ ᠵᠢᠨ ᠦᠨᠳᠦᠷᠴᠡ᠎ᠳᠤ ᠲᠠᠯᠪᠢᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠵᠢ ᠴᠥᠬᠦᠷᠡᠰᠢ ᠦᠭᠡᠢ ᠪᠠᠷᠢᠮᠲᠠᠯᠠᠬᠤ ᠵᠢ ᠶᠡᠬᠡ ᠬᠤᠷᠠᠯ᠎ᠤᠨ ᠭᠣᠣᠯ ᠰᠡᠳᠦᠪ᠎ᠲᠤ ᠪᠢᠴᠢᠨ ᠤᠷᠤᠭᠤᠯᠵᠤ᠂ ᠥᠩᠭᠡᠷᠡᠭᠰᠡᠨ ᠲᠠᠪᠤᠨ ᠵᠢᠯ᠎ᠤᠨ ᠠᠵᠢᠯ᠎ᠢ ᠡᠷᠭᠢᠴᠡᠭᠦᠯᠬᠦ᠎ᠳᠤ᠎ᠪᠠᠨ ᠦᠨᠳᠦᠰᠦᠲᠡᠨ᠎ᠤ ᠠᠵᠢᠯ᠎ᠢ ᠪᠤᠰᠤᠳᠴᠢ᠎ᠪᠠᠷ ᠣᠨᠣᠪᠴᠢᠲᠠᠶ᠂ ᠪᠦᠬᠦ ᠲᠠᠯ᠎ᠠ᠎ᠪᠠᠷ ᠳ᠋ᠦᠩᠨᠡᠵᠡᠢ᠂ ᠬᠣᠢ᠌ᠰᠢᠳᠠ ᠵᠢᠨ ᠲᠠᠪᠤᠨ ᠵᠢᠯ᠎ᠤᠨ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠬᠤ᠎ᠳᠤ᠎ᠪᠠᠨ ᠦᠨᠳᠦᠰᠦᠲᠡᠨ᠎ᠤ ᠠᠵᠢᠯ᠎ᠢ ᠲᠤᠰᠬᠠᠶ ᠰᠡᠳᠦᠪ ᠵᠶ᠋ᠡᠷ ᠥᠭᠦᠯᠡᠵᠦ᠂ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠨᠢ ᠡᠬᠡ ᠤᠯᠤᠰ᠎ᠤᠨ ᠨᠢᠭᠡᠳᠦᠯ ᠪᠠ ᠬᠢᠯᠢ ᠬᠢᠵᠠᠭ᠋ᠠᠷ᠎ᠤᠨ ᠪᠡᠬᠢᠵᠢᠯ᠎ᠲᠠᠢ ᠬᠣᠯᠪᠣᠭᠳᠠᠬᠤ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠣᠭᠲᠠᠭᠤᠨ ᠪᠠᠢ᠌ᠳᠠᠯ᠎ᠲᠠᠢ ᠬᠣᠯᠪᠣᠭᠳᠠᠬᠤ᠂ ᠤᠯᠤᠰ ᠣᠷᠣᠨ᠎ᠤ ᠥᠨᠢ ᠤᠳᠠᠭ᠋ᠠᠨ ᠠᠮᠤᠷ ᠲᠦᠪᠰᠢᠨ ᠪᠠᠢ᠌ᠬᠤ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭᠳᠠᠬᠤ ᠪᠣᠯᠣᠨ᠎ᠠ ᠬᠡᠵᠦ ᠴᠢᠬᠤᠯᠠᠴᠢᠯᠠᠪᠠ᠃ ᠲᠡᠷᠡᠴᠢᠯᠡᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢ᠌ᠷᠢ ᠵᠢ ᠪᠠᠲᠤ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠵᠢ ᠪᠠᠷᠢᠮᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ ᠵᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠨᠡᠢ᠌ᠭᠡᠮ ᠵᠢᠷᠤᠮᠲᠤ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠵᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ ᠡᠮᠦᠨ᠎ᠡ᠎ᠨᠢ ᠬᠣᠰᠢᠭᠤᠷᠠᠨ ᠦᠯᠢᠭᠡᠷ ᠳᠠᠭᠤᠷᠢᠶᠠᠯ ᠦᠵᠡᠭᠦᠯᠬᠦ᠎ᠪᠠᠷ ᠴᠢᠷᠮᠠᠢ᠌ᠬᠤ ᠬᠡᠷᠡᠭᠲᠡᠢ ᠭᠡᠵᠦ ᠳᠤᠷᠠᠳᠪᠠ᠃ 
      ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠦᠨᠳᠦᠰᠦᠲᠡᠨ᠎ᠤ ᠠᠵᠢᠯ᠎ᠢ ᠤᠷᠢᠳ ᠡᠮᠦᠨ᠎ᠡ ᠪᠠᠢ᠌ᠭ᠎ᠠ ᠦᠭᠡᠢ ᠪᠠᠢ᠌ᠯᠳᠤᠬᠤ ᠪᠤᠳᠤᠯᠭ᠎ᠠ ᠪᠠ ᠪᠦᠬᠦ ᠲᠠᠯ᠎ᠠ ᠵᠢᠨ ᠦᠨᠳᠦᠷᠴᠡ᠎ᠳᠤ ᠬᠦᠷᠭᠡᠭᠰᠡᠨ᠎ᠨᠢ ᠦᠨᠳᠦᠰᠦᠲᠡᠨ᠎ᠤ ᠠᠵᠢᠯ᠎ᠤᠨ ᠮᠠᠨ᠎ᠤ ᠣᠷᠣᠨ᠎ᠤ ᠠᠵᠢᠯ᠎ᠤᠨ ᠶᠡᠬᠡ ᠲᠠᠯ᠎ᠠ᠎ᠳᠤ᠎ᠬᠢ ᠣᠨᠴᠠ ᠴᠢᠬᠤᠯᠠ ᠴᠢᠨᠠᠷ᠎ᠢ ᠭᠦᠢ᠍ᠴᠡᠳ ᠬᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠢᠯᠡ ᠲᠣᠳᠣ ᠣᠪᠣᠷ ᠪᠠ ᠡᠷᠡᠰ ᠪᠠᠲᠤ ᠵᠣᠷᠢᠭ᠎ᠢ ᠪᠦᠷᠢᠮᠦᠰᠦᠨ ᠬᠠᠷᠠᠭᠤᠯᠤᠭᠰᠠᠨ᠎ᠠᠴᠠ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲᠸᠮ᠎ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠲᠤᠢ᠌ᠯ ᠵᠶ᠋ᠠᠷ ᠤᠷᠮᠠᠰᠢᠨ ᠵᠣᠷᠢᠭᠵᠢᠵᠤ᠂ ᠮᠠᠰᠢ ᠶᠡᠬᠡ ᠵᠣᠷᠢᠭᠵᠢᠭᠤᠯᠤᠯ ᠣᠯᠵᠤ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠵᠦ ᠪᠠᠢ᠌ᠨ᠎ᠠ᠃ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠨᠳᠦᠰᠦᠲᠡᠨ᠎ᠤ ᠵᠥᠪᠯᠡᠯ᠎ᠤᠨ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠦᠨᠡᠨ ᠬᠦ᠌ ᠲᠤᠭᠤᠰᠢᠯᠠᠭᠤᠯᠵᠤ᠂ ᠡᠯ᠎ᠡ ᠵᠦᠢᠯ᠎ᠤᠨ ᠠᠵᠢᠯ᠎ᠢ ᠴᠥᠮ ᠡᠭᠦᠨ ᠳᠡᠭᠡᠷ᠎ᠡ ᠬᠦᠴᠦᠯᠡᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠬᠦᠢ᠍ᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢ᠌ᠲᠤᠷ ᠬᠠᠮᠠᠭ᠋ᠠᠯᠠᠵᠤ᠂ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠬᠦᠯᠵᠦ᠂ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠰᠢᠨ᠎ᠡ ᠬᠤᠪᠢ ᠨᠡᠮᠡᠷᠢ ᠵᠢ ᠦᠵᠡᠬᠦᠯᠦᠨ᠎ᠡ ᠬᠡᠵᠤ ᠢᠯᠡᠷᠬᠡᠢ᠌ᠯᠡᠪᠡ᠃
      ᠨᠢᠭᠡ᠎ᠳᠤ ᠬᠠᠷᠠᠯᠲᠠ ᠡᠭᠦᠷᠭᠡ ᠵᠢ ᠠᠬᠢᠭᠤᠯᠬᠤ ᠳᠡᠭᠡᠷ᠎ᠡ ᠬᠦᠴᠦᠨ ᠵᠶ᠋ᠡᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠯ᠎ᠡ ᠲᠥᠷᠥᠯ᠎ᠤᠨ ᠭᠣᠣᠯᠳᠠᠯᠭ᠎ᠠ᠎ᠲᠠᠢ ᠡᠭᠦᠷᠭᠡ ᠵᠢ ᠠᠳᠬᠤᠨ ᠨᠠᠢ᠌ᠳᠠᠪᠤᠷᠢᠵᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠵᠢ ᠭᠦᠨᠵᠡᠭᠡᠢ ᠲᠠᠨᠢᠵᠤ᠂ ᠪᠤᠢ ᠪᠦᠬᠦᠢ ᠠᠵᠢᠯ᠎ᠢ ᠡᠭᠦᠨ ᠳᠡᠭᠡᠷ᠎ᠡ ᠲᠥᠪᠯᠡᠷᠡᠭᠦᠯᠵᠦ ᠬᠦᠴᠦᠨ ᠵᠶ᠋ᠡᠨ ᠨᠢᠭᠲᠠᠷᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ ᠵᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠨᠡᠢ᠌ᠭᠡᠮ ᠵᠢᠷᠤᠮᠲᠤ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠵᠢ ᠠᠬᠢᠭᠤᠯᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ᠂ ᠦᠨᠳᠦᠰᠦᠲᠡᠨ᠎ᠤ ᠬᠦᠷᠢᠶᠡᠨ ᠴᠠᠷᠠᠭ᠋ᠠᠨ᠎ᠳᠤ᠎ᠬᠢ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠵᠡᠷᠭᠡ ᠭᠣᠣᠯᠳᠠᠯᠭ᠎ᠠ᠎ᠲᠠᠢ ᠡᠭᠦᠷᠭᠡ ᠵᠢᠨ ᠲᠠᠯ᠎ᠠ᠎ᠪᠠᠷ ᠡᠮᠦᠨ᠎ᠡ᠎ᠨᠢ ᠬᠣᠰᠢᠭᠤᠷᠠᠨ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢ᠌ᠨ᠎ᠠ᠃ 
      ᠬᠣᠶᠠᠷ᠎ᠲᠤ ᠠᠵᠢᠯ᠎ᠤᠨ ᠠᠷᠭ᠎ᠠ ᠬᠡᠯᠪᠡᠷᠢ ᠵᠢ ᠴᠢᠩᠭ᠋ᠠᠳᠬᠠᠬᠤ ᠳᠡᠭᠡᠷ᠎ᠡ ᠠᠩᠬᠠᠷᠤᠯ ᠵᠶ᠋ᠠᠨ ᠬᠦᠴᠦᠯᠡᠨ ᠲᠥᠪᠯᠡᠷᠡᠭᠦᠯᠵᠦ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠥᠷᠥᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠬᠤ ᠵᠢ ᠠᠳᠬᠤᠨ᠎ᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠦᠨᠳᠦᠰᠦᠲᠡᠨ᠎ᠤ ᠠᠵᠢᠯ᠎ᠤᠨ ᠭᠣᠣᠯ ᠬᠠᠷᠢᠭᠤᠴᠠᠯᠭ᠋ᠠᠲᠤ ᠰᠠᠯᠠᠭ᠎ᠠ ᠮᠥᠴᠢᠷ ᠲᠤᠯᠠ ᠡᠬᠡ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠵᠢ ᠡᠷᠡᠰ ᠡᠬᠦᠷᠬᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ 《ᠡᠭᠦᠷᠭᠡ ᠴᠢᠳᠠᠪᠤᠷᠢ᠎ᠪᠠᠨ ᠬᠤᠪᠢᠷᠠᠭᠤᠯᠵᠤ᠂ ᠠᠷᠭ᠎ᠠ ᠬᠡᠯᠪᠡᠷᠢ᠎ᠪᠠᠨ ᠬᠤᠪᠢᠷᠠᠭᠤᠯᠵᠤ᠂ ᠰᠤᠷᠲᠠᠯ ᠵᠶ᠋ᠠᠨ ᠬᠤᠪᠢᠷᠠᠭᠤᠯᠵᠤ》᠂ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠳᠤ  《ᠶᠡᠬᠡ ᠰᠤᠷᠪᠤᠯᠵᠢᠯᠠᠭ᠎ᠠ᠂ ᠶᠡᠬᠡ ᠪᠠᠢ᠌ᠴᠠᠭ᠋ᠠᠨ ᠰᠤᠳᠤᠯᠤᠯᠳᠠ ᠬᠢᠬᠦ᠂ ᠲᠥᠷᠥ ᠵᠢᠨ ᠪᠣᠳᠣᠯᠭ᠎ᠠ ᠬᠦᠷᠭᠡᠬᠦ᠂ ᠬᠠᠢ᠌ᠷ᠎ᠠ ᠬᠠᠯᠠᠮᠵᠢ ᠬᠦᠷᠭᠡᠬᠦ᠂ ᠪᠦᠯᠬᠦᠮᠳᠡᠯ᠎ᠢ ᠠᠬᠢᠭᠤᠯᠬᠤ᠂ ᠬᠥᠭᠵᠢᠯᠲᠡ ᠵᠢ ᠠᠬᠢᠭᠤᠯᠬᠤ》 ᠲᠤᠰᠬᠠᠶ ᠠᠵᠢᠯᠯᠠᠭ᠎ᠠ ᠵᠢ ᠳᠡᠯᠭᠡᠷᠡᠩᠭᠦᠢ ᠬᠦᠨᠵᠡᠬᠡᠢ ᠦᠷᠨᠢᠬᠦᠯᠵᠦ᠂ ᠪᠠᠢ᠌ᠭᠤᠯᠭ᠎ᠠ᠎ᠠᠴᠠ ᠭᠠᠷᠴᠤ᠂ ᠦᠨᠳᠦᠰᠦᠨ ᠱᠠᠲᠤᠨ᠎ᠳᠤ ᠬᠦᠨᠵᠡᠬᠡᠢ᠌ᠷᠡᠵᠦ᠂ ᠤᠯᠡᠠ ᠲᠦᠮᠡᠨ᠎ᠲᠠᠢ ᠤᠢ᠌ᠷᠠᠳᠴᠤ᠂ ᠦᠨᠡᠨ ᠦᠭᠡ ᠰᠤᠨᠤᠰᠴᠤ᠂ ᠪᠣᠳᠠᠲᠤ ᠪᠠᠢ᠌ᠳᠠᠯ᠎ᠢ ᠤᠢ᠌ᠯᠠᠭ᠋ᠠᠵᠤ᠂ ᠪᠣᠳᠠᠲᠠᠶ ᠠᠵᠢᠯ ᠬᠢᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠲᠤᠬᠠᠶ ᠰᠠᠨᠠᠯ ᠰᠠᠨᠠᠭᠤᠯᠭ᠎ᠠ ᠵᠢ᠎ᠨᠢ ᠰᠤᠨᠤᠰᠴᠤ᠂ ᠤᠶᠤᠨ ᠴᠢᠳᠠᠯ ᠵᠶ᠋ᠠᠨ ᠲᠥᠪᠯᠡᠷᠡᠭᠦᠯᠦᠨ ᠤᠯᠠᠨ ᠲᠦᠮᠡᠨ᠎ᠤ ᠲᠤᠯᠭ᠋ᠠᠮᠳᠠᠵᠤ ᠬᠦᠴᠢᠷᠳᠡᠵᠦ ᠵᠤᠪᠠᠨᠢᠵᠤ ᠬᠦᠰᠡᠮᠵᠢᠯᠡᠵᠦ ᠪᠠᠢ᠌ᠭ᠎ᠠ ᠨᠢᠭᠡ ᠪᠦᠯᠦᠭ ᠪᠣᠳᠠᠲᠤ ᠶᠠᠪᠤᠳᠠᠯ᠎ᠢ᠎ᠨᠢ ᠰᠢᠢ᠍ᠳᠪᠦᠷᠢᠯᠡᠨ᠎ᠡ᠃ ᠵᠣᠬᠢᠶᠠᠨ ᠪᠠᠢ᠌ᠭᠤᠯᠤᠯᠲᠠ᠎ᠲᠠᠢ᠂ ᠲᠥᠰᠦᠯ᠎ᠲᠠᠢ᠂ ᠨᠠᠷᠢᠨ ᠲᠠᠩᠰᠠ᠎ᠲᠠᠢ᠂ ᠲᠤᠰᠬᠠᠶ ᠪᠦᠯᠬᠦᠮ᠎ᠲᠠᠢ᠂ ᠱᠠᠭ᠋ᠠᠷᠳᠠᠯᠭ᠎ᠠ ᠵᠢᠯᠣᠭᠣᠳᠣᠯᠭ᠎ᠠ᠎ᠲᠠᠢ᠂ ᠰᠢᠯᠭ᠋ᠠᠨ ᠬᠤᠷᠢᠶᠠᠯᠲᠠ᠎ᠲᠠᠢ᠂ ᠦᠷ᠎ᠡ  ᠪᠦᠲᠦᠮᠵᠢ᠎ᠲᠠᠢ᠂ ᠳ᠋ᠦᠩᠨᠡᠯᠲᠡ᠎ᠲᠠᠢ᠂ ᠰᠠᠨᠠᠭᠤᠯᠭ᠎ᠠ᠎ᠲᠠᠢ᠂ ᠳᠡᠯᠭᠡᠷᠡᠭᠦᠯᠦᠯᠲᠡ᠎ᠲᠠᠢ 《ᠠᠷᠪᠠ ᠪᠠᠢ᠌ᠬᠤ》 ᠠᠵᠢᠯ᠎ᠤᠨ ᠵᠠᠭᠪᠤᠷ ᠶᠣᠰᠣᠭ᠋ᠠᠷ᠂ ᠦᠨᠳᠦᠰᠦᠲᠡᠨ᠎ᠤ ᠠᠵᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠠᠬᠢᠭᠤᠯᠤᠨ ᠨᠠᠢ᠌ᠳᠠᠪᠤᠷᠢᠵᠢᠭᠤᠯᠬᠤ ᠲᠥᠰᠦᠯ᠎ᠢ ᠲᠣᠭᠲᠠᠭ᠋ᠠᠵᠤ᠂ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠰᠢᠨ᠎ᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠨ᠎ᠠ᠃
      ᠭᠤᠷᠪᠠ᠎ᠳᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠳᠡᠭᠡᠷ᠎ᠡ ᠬᠦᠴᠦᠨ ᠵᠶ᠋ᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠣᠭᠲᠠᠴᠠ ᠵᠢ ᠪᠦᠷᠢᠨᠰᠢᠬᠦᠯᠤᠨ ᠲᠡᠭᠦᠯᠳᠡᠷᠵᠢᠭᠦᠯᠬᠦ ᠵᠢ ᠠᠳᠬᠤᠨ ᠨᠠᠢ᠌ᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠢ᠌ᠷᠢᠰᠢᠯ ᠰᠢᠨ᠎ᠡ ᠲᠣᠭᠲᠠᠴᠠ ᠵᠢ ᠪᠦᠷᠢᠯᠳᠦᠭᠦᠯᠬᠦ ᠵᠢ ᠠᠬᠢᠭᠤᠯᠵᠤ᠂ ᠦᠨᠳᠦᠰᠦᠲᠡᠨ᠎ᠤ ᠵᠥᠪᠯᠡᠯ᠎ᠤᠨ ᠬᠡᠰᠢᠭᠦᠨ ᠨᠢᠭᠡᠴᠢ ᠵᠢᠨ ᠠᠵᠢᠯ᠎ᠤᠨ ᠲᠣᠭᠲᠠᠴᠠ᠂ ᠨᠠᠮ᠎ᠤᠨ ᠦᠨᠳᠦᠰᠦᠲᠡᠨ᠎ᠤ ᠠᠵᠢᠯ᠎ᠤᠨ ᠬᠢᠨᠠᠨ ᠰᠢᠯᠭ᠋ᠠᠵᠤ ᠦᠨᠡᠯᠡᠬᠦ ᠲᠣᠭᠲᠠᠴᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ ᠲᠣᠭᠲᠠᠴᠠ᠂ ᠦᠨᠳᠦᠰᠦᠲᠡᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠢ᠌ᠳᠠᠯ᠎ᠳᠤ ᠬᠢᠨᠠᠯᠳᠠ ᠲᠠᠯᠪᠢᠵᠤ ᠪᠠᠢ᠌ᠴᠠᠭ᠋ᠠᠬᠤ ᠲᠣᠭᠲᠠᠴᠠ᠂ ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠤ᠎ᠬᠢ ᠲᠦᠭᠰᠢᠭᠦᠷᠢ ᠭᠡᠮ ᠰᠣᠭᠣᠭ᠎ᠢ ᠰᠤᠳᠤᠯᠤᠨ ᠮᠠᠭ᠋ᠠᠳᠯᠠᠵᠤ ᠰᠢᠢ᠍ᠳᠪᠦᠷᠢᠯᠡᠬᠦ ᠲᠣᠭᠲᠠᠴᠠ ᠵᠡᠷᠭᠡ ᠨᠠᠮ᠎ᠤᠨ ᠦᠨᠳᠦᠰᠦᠲᠡᠨ᠎ᠤ ᠠᠵᠢᠯ᠎ᠤᠨ ᠡᠯ᠎ᠡ ᠲᠥᠷᠥᠯ᠎ᠤᠨ ᠪᠠᠲᠤᠯᠠᠭ᠎ᠠ ᠵᠢᠨ ᠲᠣᠭᠲᠠᠴᠠ ᠵᠢ ᠬᠦᠴᠦ ᠲᠠᠯᠪᠢᠨ ᠪᠠᠢ᠌ᠭᠤᠯᠤᠨ ᠪᠦᠷᠢᠨᠰᠢᠬᠦᠯᠦᠨ᠎ᠡ᠃ ᠨᠠᠢ᠌ᠳᠠᠪᠤᠷᠢᠵᠢᠭᠤᠯᠤᠯᠲᠠ ᠵᠢ ᠠᠳᠬᠤᠬᠤ᠂ ᠠᠬᠢᠭᠤᠯᠬᠤ ᠵᠢ ᠠᠳᠬᠤᠬᠤ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠰᠠᠭᠤᠷᠢ ᠵᠢ ᠪᠠᠳᠤᠳᠬᠠᠵᠤ᠂ ᠦᠨᠳᠦᠰᠦᠲᠡᠨ᠎ᠤ ᠠᠵᠢᠯ᠎ᠤᠨ ᠰᠢᠨᠵᠢᠯᠡᠬᠦ ᠤᠬᠠᠭ᠋ᠠᠨᠴᠢ᠂ ᠣᠨᠣᠪᠴᠢᠲᠠᠢ᠂ ᠳᠦᠷᠢᠮᠵᠢᠭᠰᠡᠨ ᠲᠦᠪᠰᠢᠨ᠎ᠢ ᠲᠠᠰᠤᠷᠠᠯᠲᠠ ᠦᠭᠡᠢ ᠲᠡᠬᠡᠭᠰᠢᠯᠡᠬᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢ᠌ᠲᠤᠷ ᠬᠠᠮᠠᠭ᠋ᠠᠯᠠᠬᠤ᠎ᠳᠤ ᠬᠤᠪᠢ ᠨᠡᠮᠡᠷᠢ ᠦᠵᠡᠬᠦᠯᠦᠨ᠎ᠡ᠃
      ᠲᠦᠷᠪᠡ᠎ᠳᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠲᠤᠰ ᠪᠡᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠳᠡᠭᠡᠷ᠎ᠡ ᠬᠦᠴᠦᠨ ᠵᠶ᠋ᠡᠨ ᠲᠥᠪᠯᠡᠷᠡᠭᠦᠯᠵᠦ᠂ ᠨᠠᠮ᠎ᠤᠨ ᠬᠣᠷᠢᠢ᠎ᠠ ᠵᠠᠰᠠᠭ᠎ᠤᠨ ᠣᠷᠳᠣᠨ᠎ᠤ ᠦᠨᠳᠦᠰᠦᠲᠡᠨ᠎ᠤ ᠠᠵᠢᠯ᠎ᠢ ᠰᠠᠢ᠌ᠳᠤᠷ ᠬᠢᠬᠦ᠎ᠳᠤ ᠵᠥᠪᠯᠡᠭᠴᠢ ᠪᠠ ᠲᠤᠰᠠᠯᠠᠭᠴᠢ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠬᠤ᠎ᠲᠠᠢ ᠨᠢᠭᠲᠠ ᠤᠶᠠᠯᠳᠤᠭᠤᠯᠬᠤ ᠵᠢ ᠠᠳᠬᠤᠨ ᠨᠠᠢ᠌ᠳᠠᠪᠤᠷᠢᠵᠢᠭᠤᠯᠤᠨ᠎ᠠ᠃ ᠨᠠᠮ᠎ᠤᠨ ᠦᠨᠳᠦᠰᠦᠲᠡᠨ᠎ᠤ ᠠᠵᠢᠯ᠎ᠳᠤ᠎ᠬᠢ ᠪᠥᠬᠥ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠪᠠ ᠠᠢ᠌ᠮᠠᠭ ᠬᠣᠲᠠ ᠵᠢᠨ ᠤᠳᠤᠷᠢᠳᠬᠤ ᠪᠠᠭ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠲᠤᠬᠠᠢ ᠪᠣᠳᠠᠲᠤ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠠᠵᠢᠯ᠎ᠢ ᠰᠠᠢ᠌ᠲᠤᠷ ᠥᠷᠨᠢᠭᠦᠯᠦᠨ᠎ᠡ᠃ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠦᠨᠳᠦᠰᠦᠲᠡᠨ᠎ᠤ ᠵᠥᠪᠯᠡᠯ᠎ᠤᠨ ᠰᠠᠯᠠᠭ᠎ᠠ ᠮᠥᠴᠢᠷ᠎ᠤᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠡᠭᠦᠷᠭᠡ ᠴᠢᠳᠠᠪᠤᠷᠢ᠎ᠪᠠᠨ ᠰᠢᠯᠢᠳᠡᠭᠵᠢᠭᠦᠯᠬᠦ ᠪᠠ ᠡᠭᠦᠷᠭᠡ ᠬᠠᠷᠢᠭᠤᠴᠠᠯᠭ᠎ᠠ ᠵᠢᠨ ᠲᠣᠬᠢᠷᠠᠭᠤᠯᠤᠯᠲᠠ ᠵᠢ ᠠᠬᠢᠭᠤᠯᠵᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠦᠨᠳᠦᠰᠦᠲᠡᠨ᠎ᠤ ᠠᠵᠢᠯ᠎ᠤᠨ ᠬᠦᠴᠦᠨ᠎ᠢ ᠦᠨᠡᠨ ᠬᠦ᠌ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ᠎ᠤ ᠠᠵᠢᠯ᠎ᠤᠨ ᠮᠡᠳᠡᠭᠡ ᠵᠠᠩᠭᠢᠴᠢᠯᠠᠯᠲᠠ᠂ ᠲᠣᠭ᠋ᠠᠵᠢᠭᠤᠯᠤᠯᠲᠠ ᠵᠢ ᠲᠦᠷᠭᠡᠳᠬᠡᠨ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠲᠣᠭ᠋ᠠᠵᠢᠭᠤᠯᠤᠭᠰᠠᠨ ᠲᠠᠪᠴᠠᠩ᠎ᠢ ᠪᠠᠢ᠌ᠭᠤᠯᠤᠨ᠎ᠠ᠃ ᠦᠨᠳᠦᠰᠦᠲᠡᠨ᠎ᠤ ᠵᠥᠪᠯᠡᠯ᠎ᠤᠨ ᠭᠡᠰᠢᠭᠦᠨ ᠨᠢᠭᠡᠴᠢ ᠵᠢᠨ ᠳᠦᠷᠢᠮ᠎ᠤᠨ ᠳᠠᠪᠠᠭᠤᠯᠢᠭ᠎ᠢ ᠰᠠᠢ᠌ᠲᠤᠷ ᠪᠠᠳᠠᠷᠠᠭᠤᠯᠵᠤ᠂ ᠭᠡᠰᠢᠭᠦᠨ ᠨᠢᠭᠡᠴᠢ ᠵᠢᠨ ᠦᠨᠳᠦᠰᠦᠲᠡᠨ᠎ᠤ ᠠᠵᠢᠯ᠎ᠤᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠪᠦᠬᠦ ᠨᠡᠢ᠌ᠭᠡᠮ ᠵᠶ᠋ᠡᠷ ᠵᠶ᠋ᠡᠨ ᠦᠨᠳᠦᠰᠦᠲᠡᠨ᠎ᠤ ᠠᠵᠢᠯ᠎ᠢ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠪᠦᠲᠦᠮᠵᠢᠲᠡᠢ ᠬᠦᠴᠦᠨ᠎ᠢ ᠨᠢᠭᠲᠠᠷᠠᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ