ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠥᠪᠥᠷ ᠮᠣᠩᠭᠣᠯ᠎ᠤᠨ ᠬᠤᠪᠢ ᠨᠡᠮᠡᠷᠢ ᠵᠢ ᠦᠵᠡᠭᠦᠯᠵᠦ 《ᠠᠨᠠᠷ ᠴᠡᠴᠡᠭ》᠎ᠢ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ᠎ᠠ
ᠨᠡᠶ᠋ᠢᠲᠡᠯᠡᠭᠰᠡᠨ ᠴᠠᠭ᠄ 2022-11-21

20221117115808931Ler.jpg     

 

       ᠢᠯᠡᠳᠬᠡᠯ᠎ᠢ ᠰᠤᠷᠤᠯᠴᠠᠬᠤᠢ 
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠤᠨ᠎ᠠ᠃
ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶᠢ ᠢᠯᠠᠯᠲᠠ ᠣᠯᠵᠤ ᠴᠢᠳᠠᠨ᠎ᠠ᠃ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠎ᠳᠤ ᠡᠷᠬᠡᠪᠰᠢ ᠲᠦᠭ ᠲᠦᠮᠡᠨ ᠠᠷᠠᠳ ᠲᠦᠮᠡᠨ᠎ᠤ ᠡᠭᠦᠳᠦᠨ ᠪᠦᠲᠦᠭᠡᠬᠦ ᠠᠤᠭ᠎ᠠ ᠬᠦᠴᠦᠨ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠪᠦᠬᠦ ᠨᠠᠮ ᠵᠶ᠋ᠠᠷ ᠵᠶ᠋ᠠᠨ ᠪᠦᠬᠦ ᠰᠡᠳᠬᠢᠯ ᠪᠦᠬᠦ ᠵᠣᠷᠢᠭ ᠵᠶ᠋ᠠᠷ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠨ ᠤᠯᠠᠨ ᠲᠦᠮᠡᠨᠴᠢ ᠦᠵᠡᠯᠲᠡ ᠵᠢ ᠪᠠᠲᠤ ᠪᠤᠢ ᠪᠣᠯᠭ᠋ᠠᠵᠤ᠂ ᠤᠯᠠᠨ ᠲᠦᠮᠡᠨᠴᠢ ᠱᠤᠭᠤᠮ᠎ᠢ ᠲᠤᠭᠤᠰᠢᠯᠠᠭᠤᠯᠵᠤ᠂ ᠠᠷᠠᠳ ᠲᠦᠮᠡᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠠᠯᠢᠪᠠ ᠪᠦᠬᠦᠨ᠎ᠳᠤ ᠠᠷᠠᠳ ᠲᠦᠮᠡᠨ᠎ᠤ ᠲᠥᠯᠥᠭᠡ ᠪᠠᠢ᠌ᠬᠤ᠂ ᠠᠯᠢᠪᠠ ᠪᠦᠬᠦᠨ᠎ᠳᠤ ᠠᠷᠠᠳ ᠲᠦᠮᠡᠨ᠎ᠢ ᠲᠦᠰᠢᠭᠯᠡᠬᠦ᠂ ᠤᠯᠠᠨ ᠲᠦᠮᠡᠨ᠎ᠤ ᠳᠤᠮᠳᠠ᠎ᠠᠴᠠ ᠢᠷᠡᠵᠤ ᠤᠯᠠᠨ ᠲᠦᠮᠡᠨ᠎ᠤ ᠳᠤᠮᠳᠠ ᠣᠴᠢᠬᠤ ᠵᠢ ᠪᠠᠷᠢᠮᠲᠠᠯᠠᠵᠤ᠂ ᠠᠷᠠᠳ ᠤᠯᠠᠨ᠎ᠯᠤᠭ᠎ᠠ ᠵᠢᠨ ᠴᠢᠰᠤ ᠮᠢᠬᠠᠨ᠎ᠤ ᠪᠠᠷᠢᠯᠳᠤᠯᠭ᠎ᠠ᠎ᠪᠠᠨ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ᠎ᠤ ᠰᠢᠭᠦᠮᠵᠢᠯᠡᠯ ᠪᠠ ᠬᠢᠨᠠᠯᠲᠠ ᠵᠢ ᠬᠦᠯᠢᠶᠡᠵᠦ᠂ ᠢᠮᠠᠭᠲᠠ ᠠᠷᠠᠳ ᠲᠦᠮᠡᠨ᠎ᠲᠠᠢ ᠠᠮᠢᠰᠬᠤᠭ᠎ᠠ᠎ᠪᠠᠨ ᠨᠢᠭᠡᠳᠬᠡᠨ ᠬᠤᠪᠢ ᠵᠠᠶᠠᠭ᠎ᠠ᠎ᠪᠠᠨ ᠬᠠᠮᠲᠤᠳᠬᠠᠵᠤ ᠰᠡᠳᠬᠢᠯ ᠵᠢᠷᠦᠬᠡ᠎ᠪᠠᠨ  ᠬᠣᠯᠪᠣᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠪᠦᠯᠬᠦᠮᠳᠡᠯ᠎ᠢ ᠲᠠᠰᠤᠷᠠᠯᠳᠠ ᠦᠭᠡᠢ ᠪᠡᠬᠢᠵᠢᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠤᠮᠳᠠᠳᠤ ᠵᠢᠨ ᠬᠥᠪᠡᠭᠦᠳ ᠥᠬᠢᠳ᠎ᠤᠨ ᠶᠡᠬᠡ ᠪᠦᠯᠬᠦᠮᠳᠡᠯ᠎ᠢ ᠴᠢᠩᠭ᠋ᠠᠷᠠᠭᠤᠯᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ᠬᠦᠴᠦᠷᠬᠡᠭ ᠶᠡᠬᠡ ᠨᠡᠢ᠌ᠯᠡᠯ ᠬᠦᠴᠦᠨ᠎ᠢ ᠪᠤᠢ ᠪᠣᠯᠭ᠋ᠠᠬᠤ ᠬᠡᠷᠡᠭᠲᠡᠢ᠃
     

      ᠤᠳᠤᠷᠢᠳᠬᠠᠯ
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠰᠢᠨ᠎ᠡ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠲᠣᠳᠣᠷᠬᠠᠢ ᠴᠢᠭᠯᠡᠯ᠎ᠢ ᠵᠢᠭ᠋ᠠᠵᠤ ᠥᠭᠴᠡᠢ᠃
      ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢ᠌ᠭᠤᠯᠤᠭᠳᠠᠭᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠢ᠂ ᠣᠷᠳᠣ ᠬᠤᠭᠤᠴᠠᠭ᠋ᠠᠨ᠎ᠤ ᠲᠤᠷᠰᠢ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠲᠠᠢ ᠶᠤᠮ᠃
      ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠥᠪᠥᠷ ᠮᠣᠩᠭᠣᠯ ᠤᠯᠤᠰ᠎ᠤᠨ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠨ ᠰᠠᠢ᠌ᠲᠤᠷ ᠭᠦᠢᠴᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠤᠯ ᠰᠢᠵᠢᠮ᠎ᠤᠨ ᠲᠣᠭᠣᠷᠢᠨ᠎ᠳᠤ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠪᠡ᠃ 2400 ᠭᠠᠷᠤᠢ ᠲᠦᠮᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠵᠢᠷᠦᠬᠡ᠎ᠪᠠᠨ ᠬᠣᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠪᠦᠯᠬᠦᠮᠳᠡᠨ ᠲᠡᠮᠡᠴᠡᠵᠦ ᠡᠷᠡᠮᠡᠬᠡᠢ᠌ᠯᠡᠨ ᠤᠷᠤᠭᠰᠢᠯᠠᠵᠤ᠂ ᠵᠣᠯ ᠵᠢᠷᠭ᠋ᠠᠯᠲᠤ ᠰᠠᠢ᠍ᠢ᠍ᠨ ᠰᠠᠢ᠌ᠬᠠᠨ ᠭᠡᠷ ᠣᠷᠣᠨ ᠵᠶ᠋ᠠᠨ ᠬᠠᠮᠲᠤ᠎ᠪᠠᠷ ᠴᠣᠭᠴᠠᠯᠠᠪᠠ᠃
      ᠰᠢᠨ᠎ᠡ ᠠᠶᠠᠨ ᠵᠠᠮ᠎ᠤᠨ ᠠᠯᠬᠤᠭ᠎ᠠ᠎ᠪᠠᠨ ᠡᠬᠢᠯᠡᠭᠦᠯᠵᠦ᠂ ᠰᠢᠨ᠎ᠡ ᠴᠠᠭ ᠦᠶ᠎ᠡ᠎ᠳᠤ ᠡᠷᠡᠯᠬᠡᠭᠯᠡᠨ ᠲᠡᠮᠡᠴᠡᠨᠡᠮ᠃ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠵᠦ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠮᠠᠭ᠋ᠠᠯᠠᠬᠤ ᠪᠣᠯᠣᠨ᠎ᠠ᠃
     《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠭᠡᠬᠦ ᠠᠯᠲᠠᠨ ᠫᠠᠢ᠌ᠰᠠ ᠲᠡᠮᠳᠡᠭ᠎ᠢ ᠬᠡᠷᠬᠢᠨ ᠶᠠᠪᠤᠬᠤ ᠲᠤᠲᠤᠮ ᠭᠢᠯᠠᠯᠵᠠᠭᠤᠯᠬᠤ ᠪᠢᠯᠡ? ᠥᠨᠥᠳᠦᠷ ᠪᠢᠳᠡ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠪᠣᠯᠤᠨ ᠦᠨᠳᠦᠰᠦᠨ ᠱᠠᠲᠤᠨ᠎ᠤ ᠺᠠᠳ᠋ᠷ᠎ᠢ ᠤᠷᠢᠵᠤ᠂ ᠲᠡᠳᠡᠨ᠎ᠤ ᠲᠠᠷᠠᠭ᠋ᠠᠴᠢ ᠵᠢᠨ ᠠᠯᠬᠤᠮ᠎ᠳᠤ ᠶᠠᠭ᠋ᠠᠬᠢᠵᠤ ᠬᠢᠬᠦ ᠵᠢ ᠰᠣᠨᠣᠰᠤᠶ᠎ᠠ᠃ 
 
       ᠤᠯᠠᠨ ᠵᠶ᠋ᠠᠷ ᠵᠶ᠋ᠠᠨ ᠶᠠᠷᠢᠯᠴᠠᠬᠤᠢ
      ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠣᠤ ᠵᠠᠨ ᠱᠧᠩ᠄《ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭᠲᠠᠭ᠋ᠠᠵᠤ ᠥᠭᠭᠦᠭᠰᠡᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢᠨ ᠲᠣᠭᠣᠷᠢᠨ᠎ᠳᠤ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠦᠨᠡᠨ ᠬᠦ᠌ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠳᠠᠲᠠᠶ ᠦᠷ᠎ᠡ ᠪᠦᠲᠦᠮᠵᠢ ᠪᠣᠯᠭ᠋ᠠᠨ ᠬᠤᠪᠢᠷᠠᠭᠤᠯᠤᠨ᠎ᠠ》ᠭᠡᠵᠡᠢ᠃
     《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠯᠳᠠᠨ ᠫᠠᠢ᠌ᠰᠠ ᠲᠡᠮᠳᠡᠭ᠎ᠢ ᠬᠡᠷᠬᠢᠨ ᠶᠠᠪᠤᠬᠤ ᠲᠤᠳᠤᠮ ᠭᠢᠯᠠᠯᠵᠠᠭᠤᠯᠬᠤ ᠪᠢᠯᠡ? ᠭᠤᠤ ᠵᠠᠨ ᠱᠧᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠬᠡᠷᠡᠭᠲᠡᠢ᠃ 《ᠪᠢᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ 〈ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ · ᠥᠪᠥᠷ ᠮᠣᠩᠭᠣᠯ᠎ᠤᠨ ᠪᠤᠳᠢ〉ᠵᠢ ᠨᠠᠢ᠌ᠷᠠᠭᠤᠯᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠦᠳᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠪᠤᠲᠠᠳᠠᠢ ᠲᠦᠷᠦᠭᠳᠡᠯ᠎ᠲᠠᠢ ᠪᠦᠲᠦᠮᠵᠢᠲᠡᠢ ᠥᠷᠨᠢᠭᠦᠯᠬᠦ ᠬᠡᠷᠡᠭᠲᠡᠢ; ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠥᠷᠭᠡᠨ ᠵᠶ᠋ᠡᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠬᠢᠳᠬᠡᠯᠲᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠵᠢᠭᠤᠯᠴᠢᠯᠠᠯ ᠵᠶ᠋ᠠᠷ ᠠᠬᠢᠭᠤᠯᠬᠤ ᠲᠥᠯᠥᠪᠯᠡᠭᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠲᠠ ᠥᠬᠡᠶ ᠠᠬᠢᠭᠤᠯᠤᠨ᠎ᠠ; ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠤᠯᠤᠰ᠎ᠤᠨ〈ᠠᠷᠪᠠᠨ ᠳᠥᠷᠪᠡᠳᠦᠭᠡᠷ ᠲᠠᠪᠤᠨ ᠵᠢᠯ〉᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠲᠥᠯᠥᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ᠎ᠤ ᠲᠦᠬᠦᠷᠵᠢᠭᠦᠯᠦᠭᠰᠡᠨ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠡᠭᠦᠨ᠎ᠤ ᠬᠠᠮᠲᠤ᠂ ᠪᠥᠬᠥ ᠣᠷᠣᠨ᠎ᠤ ᠦᠨᠳᠦᠰᠦᠲᠡᠨ᠎ᠤ ᠠᠵᠢᠯ᠎ᠤᠨ ᠪᠠᠢ᠌ᠭᠤᠯᠤᠮᠵᠢ ᠪᠣᠯᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠭᠣᠤᠯ ᠬᠠᠷᠢᠭᠤᠴᠠᠯᠭ᠎ᠠ ᠭᠣᠤᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠠᠬᠢᠭᠤᠯᠵᠤ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠮᠦᠵᠢᠭᠦᠯᠦᠨ ᠬᠥᠮᠥᠵᠢᠭᠦᠯᠵᠦ ᠵᠢᠯᠣᠭᠣᠳᠴᠤ ᠪᠠᠢ᠌ᠭ᠋ᠠᠳ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ〈ᠬᠣᠶᠠᠷ᠎ᠢ ᠲᠣᠭᠲᠠᠭ᠋ᠠᠬᠤ〉ᠵᠢ ᠬᠦᠷᠢᠶᠡᠯᠡᠵᠦ᠂〈ᠬᠣᠶᠠᠷ᠎ᠢ ᠬᠠᠮᠠᠭ᠋ᠠᠯᠠᠬᠤ〉 ᠵᠢ ᠪᠡᠶᠡᠯᠡᠭᠦᠯᠵᠦ᠂ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠬᠤ ᠬᠡᠷᠡᠭᠲᠡᠶ》ᠭᠡᠵᠡᠢ᠃
      ᠦᠨᠳᠦᠰᠦᠲᠡᠨ᠎ᠤ ᠬᠦᠷᠢᠶᠡᠨ᠎ᠳᠠᠬᠢ ᠡᠯ᠎ᠡ ᠵᠦᠢᠯ᠎ᠤᠨ ᠠᠵᠢᠯ᠎ᠢ ᠰᠢᠨᠵᠢᠯᠡᠬᠦ ᠤᠬᠠᠭ᠋ᠠᠨᠴᠢ ᠨᠠᠷᠢᠯᠢᠭ ᠣᠨᠣᠴᠠᠲᠠᠶ ᠪᠥᠭᠡᠳ ᠪᠦᠲᠦᠮᠵᠢᠲᠡᠶ ᠰᠠᠢ᠌ᠲᠤᠷ ᠬᠢᠨ᠎ᠡ
     《ᠨᠢᠭᠡᠳᠦᠮᠡᠯ ᠹᠷᠣᠨᠲ᠎ᠤᠨ ᠬᠡᠯᠲᠡᠰ᠎ᠨᠢ ᠦᠨᠳᠦᠰᠦᠲᠡᠨ᠎ᠤ ᠠᠵᠢᠯ᠎ᠤᠨ ᠭᠣᠣᠯ ᠬᠠᠷᠢᠭᠤᠴᠠᠯᠭ᠋ᠠᠲᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠵᠦ ᠪᠠᠢ᠌ᠨ᠎ᠠ》ᠭᠡᠵᠦ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠤᠣ ᠮᠠᠨ ᠪᠢᠨ ᠬᠡᠯᠡᠪᠡ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠤᠣ ᠮᠠᠨ ᠪᠢᠨ᠄《ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠤ ᠬᠦᠷᠢᠶᠡᠨ᠎ᠳᠠᠬᠢ ᠡᠯ᠎ᠡ ᠵᠦᠢᠯ᠎ᠤᠨ ᠠᠵᠢᠯ᠎ᠢ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠴᠢᠲᠠᠢ᠂ ᠪᠦᠲᠦᠮᠵᠢᠲᠡᠶ ᠰᠠᠢ᠌ᠲᠤᠷ ᠬᠢᠵᠦ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠦᠶ᠎ᠡ ᠵᠢᠨ ᠦᠶ᠎ᠡ᠎ᠳᠤ ᠤᠯᠠᠮᠵᠢᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠭᠠᠵᠠᠷ ᠪᠣᠯᠭ᠋ᠠᠨ᠎ᠳᠤ ᠳᠡᠯᠭᠡᠷᠡᠭᠦᠯᠦᠨ᠎ᠡ》ᠭᠡᠪᠡ᠃ 

      ᠤᠣ ᠮᠠᠨ ᠪᠢᠨ᠂ ᠰᠡᠳᠬᠢᠯ ᠵᠶ᠋ᠡᠨ ᠨᠢᠭᠡᠳᠬᠡᠨ ᠰᠥᠭ ᠰᠥᠯᠳᠡᠷ᠎ᠢ ᠰᠠᠢ᠌ᠲᠤᠷ ᠱᠣᠭᠣᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠬᠠᠮᠤᠭ᠎ᠤᠨ ᠰᠠᠢ᠌ᠨ ᠨᠤᠲᠤᠭ ᠪᠡᠯᠴᠢᠭᠡᠷ ᠵᠶ᠋ᠡᠨ ᠰᠠᠨᠰᠠᠷ᠎ᠤᠨ ᠠᠶᠠᠯᠠᠯ᠎ᠳᠤ ᠵᠣᠷᠢᠭᠤᠯᠤᠭᠰᠠᠨ᠂《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ᠎ᠨᠢ》 ᠵᠡᠷᠭᠡ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠭᠦᠢᠴᠡᠳ ᠠᠭᠤᠳᠠᠯᠤᠨ ᠠᠮᠢᠳᠤᠯᠢᠭ ᠵᠶ᠋ᠠᠷ ᠢᠯᠡᠷᠡᠭᠦᠯᠵᠦ᠂ ᠨᠠᠮ᠎ᠤᠨ ᠲᠣᠭ᠎ᠤᠨ ᠳᠣᠤᠷ᠎ᠠ《ᠪᠣᠯᠣᠳ ᠲᠡᠮᠦᠷ》 ᠪᠣᠯᠵᠤ ᠪᠦᠯᠬᠦᠮᠳᠡᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ 《ᠭᠤᠷᠪᠠᠨ ᠰᠠᠯᠵᠤ ᠴᠢᠳᠠᠬᠤ ᠥᠬᠡᠶ》᠂《ᠲᠠᠪᠤᠨ ᠮᠡᠳᠡᠷᠡᠬᠦᠢ》 ᠵᠢᠨ ᠣᠢ᠌ᠯᠠᠭ᠋ᠠᠭᠳᠠᠬᠤᠨ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ᠎ᠳᠤ ᠭᠦᠨ ᠬᠠᠳᠠᠩᠰᠢᠭᠤᠯᠬᠤ ᠵᠢ ᠪᠣᠳᠠᠲᠠᠢ ᠲᠥᠷᠥᠭᠳᠡᠯ᠎ᠲᠠᠢ ᠪᠦᠲᠦᠮᠵᠢᠲᠡᠶ ᠠᠬᠢᠭᠤᠯᠬᠤ ᠬᠡᠷᠡᠭᠲᠡᠢ; ᠠᠷᠠᠳ᠎ᠲᠤ ᠠᠰᠢᠭ ᠬᠦᠷᠲᠡᠭᠡᠬᠦ ᠠᠵᠢᠯ᠎ᠢ ᠰᠠᠢ᠌ᠲᠤᠷ  ᠠᠳᠬᠤᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠵᠥᠷᠢᠢ᠎ᠡ ᠵᠢ ᠲᠠᠰᠤᠷᠠᠯᠳᠠ ᠦᠭᠡᠢ ᠪᠠᠭ᠋ᠠᠰᠬᠠᠵᠤ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠵᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠭ᠋ᠠᠬᠤ ᠬᠡᠷᠡᠭᠲᠡᠢ; ᠰᠡᠳᠬᠢᠯ ᠵᠢᠷᠦᠬᠡ᠎ᠪᠠᠨ ᠬᠣᠯᠪᠣᠯᠴᠠᠬᠤ ᠠᠵᠢᠯ᠎ᠢ ᠰᠠᠢ᠌ᠲᠤᠷ ᠬᠢᠵᠦ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠢ᠎ᠡ ᠦᠵᠡᠭᠦᠯᠬᠦ ᠬᠤᠳᠠ ᠵᠢ ᠡᠭᠦᠳᠦᠨ ᠪᠠᠢ᠌ᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠵᠢᠱ᠌ᠢᠢ᠎ᠡ ᠦᠵᠡᠭᠦᠯᠬᠦ ᠡᠭᠦᠳᠦᠨ ᠪᠠᠢ᠌ᠭᠤᠯᠤᠯᠲᠠ ᠵᠢ ᠭᠦᠨᠵᠡᠭᠡᠢ ᠥᠷᠨᠢᠭᠦᠯᠵᠦ᠂  ᠰᠢᠭᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠣᠯᠤᠨ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠭᠦᠨᠵᠡᠭᠡᠢ᠌ᠷᠡᠭᠦᠯᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠬᠤ ᠬᠡᠷᠡᠭᠲᠡᠢ; ᠰᠠᠢ᠌ᠨ ᠬᠠᠤᠯᠢ᠎ᠪᠠᠷ ᠴᠢᠳᠠᠮᠠᠭ᠋ᠠᠢ ᠵᠠᠰᠠᠬᠤ ᠠᠵᠢᠯ᠎ᠢ ᠰᠠᠢ᠌ᠲᠤᠷ ᠬᠢᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠦᠷᠢᠶᠡᠨ᠎ᠳᠠᠬᠢ ᠡᠯ᠎ᠡ ᠵᠦᠢᠯ᠎ᠤᠨ ᠠᠶᠤᠯ ᠲᠦᠭᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢ᠌ᠯᠡᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠲᠦᠪᠰᠢᠷᠡᠨ ᠪᠦᠯᠬᠦᠮᠳᠡᠭᠰᠡᠨ ᠰᠠᠢ᠌ᠨ ᠰᠠᠢ᠌ᠬᠠᠨ ᠪᠠᠢ᠌ᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠦ ᠢᠯᠡᠷᠬᠡᠢ᠌ᠯᠡᠪᠡ᠃
      ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠬᠡᠦᠬᠡᠳ ᠪᠠᠭ᠋ᠠᠴᠤᠳ᠎ᠠᠴᠠ ᠡᠬᠢᠯᠡᠨ ᠠᠳᠬᠤᠨ᠎ᠠ
      ᠰᠤᠷᠭ᠋ᠠᠨ ᠬᠥᠮᠦᠵᠢᠯ ᠪᠣᠯ ᠤᠯᠤᠰ᠎ᠤᠨ ᠶᠡᠬᠡ ᠪᠤᠳᠤᠯᠭ᠎ᠠ᠂ ᠨᠠᠮ᠎ᠤᠨ ᠶᠡᠬᠡ ᠪᠤᠳᠤᠯᠭ᠎ᠠ ᠮᠥᠨ᠃ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠤᠪᠢ ᠬᠥᠮᠦᠨ᠂ ᠦᠬᠠᠶ ᠬᠣᠲᠠ ᠵᠢᠨ ᠬᠠᠢ᠍ᠢ᠍ᠷᠤᠪ᠎ᠤᠨ ᠲᠣᠬᠣᠶ ᠲᠣᠭᠣᠷᠢᠭ᠎ᠤᠨ ᠬᠣᠶᠠᠳᠤᠭ᠋ᠠᠷ ᠬᠡᠦᠬᠡᠳ᠎ᠤᠨ ᠴᠡᠴᠡᠷᠯᠢᠭ᠎ᠤᠨ ᠨᠠᠮ᠎ᠤᠨ ᠡᠭᠦᠷ᠎ᠤᠨ ᠱᠦᠵᠢ᠂ ᠴᠡᠴᠡᠷᠯᠢᠭ᠎ᠤᠨ ᠳᠠᠷᠤᠭ᠎ᠠ ᠸᠠᠩ ᠰᠦ᠍ ᠮᠧᠶ ᠢᠯᠡᠷᠬᠡᠢ᠌ᠯᠡᠬᠦ᠎ᠳᠤ᠎ᠪᠠᠨ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠠᠵᠢᠯᠲᠠᠳ ᠬᠡᠦᠬᠡᠳ᠎ᠤᠨ ᠨᠠᠰᠤᠨ ᠲᠤᠷᠰᠢᠳᠠ ᠰᠤᠷᠤᠯᠴᠠᠬᠤ ᠪᠠ ᠬᠥᠭᠵᠢᠬᠦ᠎ᠳᠤ ᠰᠠᠭᠤᠷᠢ ᠲᠠᠯᠪᠢᠬᠤ ᠰᠤᠷᠭ᠋ᠠᠨ ᠬᠥᠮᠦᠵᠢᠯ᠎ᠤᠨ ᠡᠭᠦᠷᠭᠡ ᠵᠢ ᠡᠭᠦᠷᠭᠡᠯᠡᠵᠦ ᠪᠠᠢ᠌ᠭ᠎ᠠ ᠪᠣᠯᠬᠣᠷ ᠬᠡᠦᠬᠡᠳ᠎ᠤᠳ᠎ᠲᠤ《ᠬᠥᠮᠦᠨ᠎ᠤ ᠠᠮᠢᠳᠤᠷᠠᠯ᠎ᠤᠨ ᠠᠩᠬᠠᠨ᠎ᠤ ᠲᠣᠪᠴᠢ ᠵᠢ ᠰᠠᠢ᠌ᠲᠤᠷ ᠲᠣᠪᠴᠢᠯᠠᠵᠤ ᠥᠭᠬᠦ》 ᠬᠡᠷᠡᠭᠲᠡᠶ᠃ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠬᠡᠦᠬᠡᠳ ᠪᠠᠭ᠋ᠠᠴᠤᠳ᠎ᠠᠴᠠ ᠡᠬᠢᠯᠡᠨ ᠠᠳᠬᠤᠬᠤ ᠣᠢ᠌ᠯᠠᠭ᠋ᠠᠭᠳᠠᠬᠤᠨ᠎ᠢ ᠴᠢᠷᠮᠠᠢ᠌ᠨ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠳᠠᠲᠠᠢ ᠲᠦᠷᠦᠭᠳᠡᠯ᠎ᠲᠠᠢ ᠪᠦᠲᠦᠮᠵᠢᠲᠡᠢ  ᠪᠠᠲᠤᠳᠬᠠᠬᠤ ᠬᠡᠷᠡᠭᠲᠡᠢ ᠭᠡᠵᠡᠢ᠃
      ᠬᠡᠷᠬᠢᠨ ᠬᠡᠦᠬᠡᠳ᠎ᠢ ᠬᠠᠪᠰᠤᠷᠴᠤ《ᠬᠥᠮᠦᠨ᠎ᠤ ᠠᠮᠢᠳᠤᠷᠠᠯ᠎ᠤᠨ ᠠᠩᠬᠠᠨ᠎ᠤ ᠲᠣᠪᠴᠢ᠎ᠢ ᠰᠠᠢ᠌ᠲᠤᠷ ᠲᠣᠪᠴᠢᠯᠠᠬᠤ》 ᠪᠢᠯᠡ? ᠸᠠᠩ ᠰᠦ᠍ ᠮᠧᠶ᠄《ᠪᠢ ᠪᠠᠭᠰᠢ ᠨᠠᠷ᠎ᠢ ᠳᠠᠭ᠋ᠠᠭᠤᠯᠤᠨ ᠦᠨᠳᠦᠰᠦᠲᠡᠨ᠎ᠤ ᠪᠦᠯᠬᠦᠮᠳᠡᠯ᠎ᠤᠨ ᠬᠢᠴᠢᠶᠡᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠬᠢᠵᠦ᠂ ᠬᠢᠴᠢᠶᠡᠯ᠎ᠤᠨ ᠠᠭᠤᠯᠭ᠎ᠠ ᠵᠢ ᠪᠠᠶᠠᠯᠢᠭᠵᠢᠭᠤᠯᠵᠤ᠂ 〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ〉᠂ 〈ᠠᠨᠠᠷ᠎ᠤᠨ ᠦᠷ᠎ᠡ ᠵᠢᠨ ᠬᠢᠴᠢᠶᠡᠯ᠎ᠤᠨ ᠲᠠᠩᠬᠢᠮ〉᠂ 〈ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠪᠢ ᠶᠠᠷᠢᠵᠤ ᠴᠢᠳᠠᠨ᠎ᠠ〉 ᠵᠡᠷᠭᠡ ᠬᠢᠴᠢᠶᠡᠯ ᠵᠶ᠋ᠡᠷ ᠳᠠᠮᠵᠢᠭᠤᠯᠤᠨ ᠬᠡᠦᠬᠡᠳ᠎ᠲᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ ᠬᠢᠨ᠎ᠡ᠃ ᠬᠡᠦᠬᠡᠳ᠎ᠤᠨ ᠴᠡᠴᠡᠷᠯᠢᠭ ᠵᠶ᠋ᠡᠷ ᠬᠣᠯᠪᠣᠭ᠋ᠠᠰᠤ ᠪᠣᠯᠭ᠋ᠠᠵᠤ᠂ ᠭᠡᠷ ᠪᠦᠯᠢ᠂ ᠨᠡᠢ᠌ᠭᠡᠮ ᠲᠣᠭᠣᠷᠢᠭ᠎ᠲᠠᠢ ᠦᠷᠭᠦᠯᠵᠢᠯᠡᠨ ᠬᠣᠯᠪᠣᠭ᠋ᠠᠯᠠᠨ〈ᠬᠥᠭᠡᠷᠦᠬᠦᠨ ᠬᠡᠦᠬᠡᠳ ᠰᠦᠮ᠎ᠡ ᠵᠢᠨ ᠬᠤᠷᠠᠯ᠎ᠢ ᠲᠣᠭᠣᠷᠢᠭᠰᠠᠨ᠎ᠨᠢ〉᠂ 〈ᠳᠤᠮᠳᠠᠳᠤ ᠵᠢᠨ ᠦᠨᠳᠦᠰᠦᠲᠡᠨ ᠨᠢᠭᠡ ᠭᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ〉ᠵᠡᠷᠭᠡ ᠭᠣᠣᠯ ᠰᠡᠳᠦᠪᠲᠦ ᠠᠵᠢᠯᠯᠠᠭ᠎ᠠ ᠵᠢ ᠬᠠᠮᠲᠤ᠎ᠪᠠᠷ ᠰᠠᠢ᠌ᠲᠤᠷ ᠥᠷᠨᠢᠭᠦᠯᠵᠦ᠂ ᠭᠡᠷ᠎ᠤᠨ ᠠᠬᠠᠮᠠᠳ᠎ᠲᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠎ᠠ ᠵᠢ ᠤᠬᠠᠭᠤᠯᠤᠨ᠎ᠠ᠃ ᠪᠢᠳᠡ ᠪᠠᠰᠠ ᠵᠢᠱ᠌ᠢᠶᠡᠴᠢ ᠳᠠᠭ᠋ᠠᠭᠤᠯᠬᠤ ᠦᠢᠯᠡᠳᠦᠯ ᠵᠶ᠋ᠡᠨ ᠪᠠᠳᠠᠷᠠᠭᠤᠯᠵᠤ᠂ 〈ᠬᠠᠮᠲᠤ᠎ᠪᠠᠷ ᠰᠤᠷᠤᠯᠴᠠᠵᠤ ᠬᠠᠮᠲᠤ᠎ᠪᠠᠷ ᠳᠠᠪᠰᠢᠵᠤ ᠭᠠᠷ ᠭᠠᠷ ᠵᠶ᠋ᠠᠨ ᠬᠣᠯᠪᠣᠯᠴᠠᠬᠤ〉 ᠠᠵᠢᠯᠯᠠᠭ᠎ᠠ ᠥᠷᠨᠢᠭᠦᠯᠵᠦ᠂ ᠪᠤᠰᠤᠳ ᠬᠡᠦᠬᠡᠳ᠎ᠤᠨ ᠴᠡᠴᠡᠷᠯᠢᠭ᠎ᠢ ᠬᠥᠲᠥᠯᠥᠨ ᠳᠠᠭ᠋ᠠᠭᠤᠯᠵᠤ ᠪᠠᠢ᠌ᠭ᠋ᠠᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠬᠠᠮᠲᠤ᠎ᠪᠠᠷ ᠰᠠᠢ᠌ᠲᠤᠷ ᠬᠢᠨ᠎ᠡ᠃ ᠡᠭᠦᠨ᠎ᠤ ᠬᠠᠮᠲᠤ᠂ ᠪᠢᠳᠡ ᠦᠷᠭᠦᠯᠵᠢᠯᠡᠨ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ 〈ᠪᠢᠳᠡᠨ᠎ᠤ ᠪᠠᠶᠠᠷ᠎ᠤᠨ ᠡᠳᠦᠷ〉 ᠵᠶ᠋ᠠᠷ ᠠᠴᠢᠶᠠᠯᠠᠪᠤᠷᠢ ᠪᠣᠯᠭ᠋ᠠᠵᠤ᠂ ᠨᠢᠯᠬ᠎ᠠ ᠬᠡᠦᠬᠡᠳ᠎ᠲᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠥᠮᠦᠵᠢᠯ᠎ᠢ  ᠬᠦᠷᠲᠡᠭᠡᠵᠦ᠂ ᠶᠣᠰᠣ ᠰᠤᠷᠲᠠᠬᠤᠨ ᠣᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠢ᠌ᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠥᠲᠥᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ ᠵᠢᠨ ᠲᠥᠯᠥᠭᠡ ᠴᠢᠷᠮᠠᠢ᠌ᠨ ᠲᠡᠮᠡᠴᠡᠨ᠎ᠡ》ᠭᠡᠪᠡ᠃
 
      ᠲᠤᠰᠬᠠᠶ ᠮᠡᠷᠭᠡᠵᠢᠯᠲᠡᠨ ᠥᠭᠦᠯᠡᠬᠦᠢ
      ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠳᠡᠳ᠋ ᠫᠷᠤᠹᠧᠰᠰᠤᠷ᠎ᠨᠢ ᠫᠢᠩ᠄ ᠰᠡᠳᠬᠢᠯ ᠵᠶ᠋ᠠᠨ ᠨᠢᠭᠡᠳᠦᠨ ᠬᠦᠴᠦ᠎ᠪᠠᠨ ᠬᠠᠮᠲᠤᠳᠬᠠᠵᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠬᠢᠨ ᠬᠠᠮᠠᠭ᠋ᠠᠯᠠᠬᠤ ᠬᠡᠷᠡᠭᠲᠡᠶ᠃
      ᠮᠠᠨ᠎ᠤ ᠨᠠᠮ᠎ᠤᠨ ᠤᠳᠤᠷᠢᠳᠤᠭᠰᠠᠨ ᠬᠤᠪᠢᠰᠬᠠᠯ᠂ ᠪᠦᠳᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢᠨ ᠤᠷᠳᠤ ᠬᠤᠭᠤᠴᠠᠭ᠋ᠠᠨ᠎ᠤ ᠲᠡᠦᠬᠡᠨ ᠬᠥᠭᠵᠢᠯᠲᠡ ᠳᠤᠮᠳᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠶᠡᠬᠡ ᠶᠣᠰᠣ ᠵᠢ ᠮᠡᠳᠡᠬᠦ᠂ ᠶᠡᠬᠡ ᠲᠠᠯ᠎ᠠ ᠵᠢ ᠬᠠᠷᠠᠭ᠋ᠠᠯᠵᠠᠬᠤ᠂ ᠬᠡᠪ ᠨᠠᠮᠪᠠ ᠵᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠬᠤ᠂ ᠬᠠᠷᠢᠭᠤᠴᠠᠯᠭ᠎ᠠ ᠡᠭᠦᠷᠭᠡᠯᠡᠬᠦ ᠭᠦᠨ ᠭᠦᠨᠵᠡᠭᠡᠢ ᠬᠠᠮᠲᠤ ᠵᠢᠨ ᠲᠠᠨᠢᠯᠲᠠ ᠪᠠ ᠡᠷᠬᠢᠮ ᠨᠠᠨᠳᠢᠨ ᠵᠠᠩ ᠴᠢᠨᠠᠷ᠎ᠢ ᠪᠦᠷᠢᠯᠳᠦᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠠᠯᠢ ᠤᠯᠠᠨ ᠰᠠᠢ᠌ᠬᠠᠨ ᠦᠯᠢᠭᠡᠷ᠎ᠢ ᠪᠢᠴᠢᠭᠯᠡᠵᠡᠢ᠃ ᠰᠢᠨ᠎ᠡ ᠠᠶᠠᠨ᠎ᠳᠤ ᠮᠣᠷᠳᠠᠵᠤ᠂ ᠰᠢᠨ᠎ᠡ ᠡᠭᠦᠷᠭᠡ ᠵᠢ ᠬᠦᠯᠢᠶᠡᠨ ᠠᠪᠬᠤ᠎ᠳᠤ᠂ ᠪᠢᠳᠡᠨ᠎ᠤ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠰᠢᠯᠢᠳᠡᠭ ᠤᠯᠠᠮᠵᠢᠯᠠᠯ ᠵᠶ᠋ᠠᠨ ᠦᠷᠭᠦᠯᠵᠢᠯᠡᠨ ᠵᠠᠯᠭ᠋ᠠᠮᠵᠢᠯᠠᠵᠤ᠂ ᠬᠢᠯᠪᠠᠷ ᠪᠤᠰᠤ᠎ᠪᠠᠷ ᠣᠯᠵᠤ ᠢᠷᠡᠭᠰᠡᠨ ᠦᠨᠳᠦᠰᠦᠲᠡᠨ᠎ᠤ ᠪᠦᠯᠬᠦᠮᠳᠡᠯ᠎ᠤᠨ ᠰᠠᠢ᠌ᠨ ᠰᠠᠢ᠌ᠬᠠᠨ ᠪᠠᠢ᠌ᠳᠠᠯ᠎ᠢ ᠨᠠᠨᠳᠢᠩᠨᠠᠵᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠬᠦ ᠵᠢ ᠱᠠᠭ᠋ᠠᠷᠳᠠᠵᠤ ᠪᠠᠢ᠌ᠨ᠎ᠠ᠃
      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠣᠨᠣᠪᠴᠢᠲᠠᠢ ᠡᠵᠡᠮᠳᠡᠬᠦ ᠪᠠ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠨ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠪᠦᠷᠢᠯᠳᠦᠭᠦᠯᠬᠦ ᠬᠡᠷᠡᠭᠲᠡᠢ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠪᠤᠢ ᠪᠦᠬᠦᠢ ᠠᠵᠢᠯ᠎ᠢ ᠡᠭᠦᠨ᠎ᠳᠤ ᠲᠥᠪᠯᠡᠷᠡᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠣᠳᠣᠬᠢᠴᠢᠯᠠᠭᠰᠠᠨ ᠪᠦᠳᠦᠭᠡᠨ ᠪᠠᠢ᠌ᠭᠤᠯᠤᠯᠲᠠ ᠵᠢᠨ ᠠᠯᠬᠤᠴᠠ᠎ᠪᠠᠨ ᠲᠦᠷᠭᠡᠳᠬᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠭᠡᠮ ᠰᠣᠭᠣᠭ᠎ᠢ ᠡᠷᠡᠰ ᠰᠡᠷᠭᠡᠢ᠌ᠯᠡᠵᠦ᠂ ᠤᠯᠤᠰ᠎ᠤᠨ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠰᠠᠢ᠌ᠲᠤᠷ ᠭᠦᠢ᠍ᠴᠡᠳᠬᠡᠬᠦ ᠬᠡᠷᠡᠭᠲᠡᠢ᠃
      ᠦᠨᠳᠦᠰᠦᠲᠡᠨ᠎ᠤ ᠠᠵᠢᠯ᠎ᠳᠠᠬᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠲᠠᠰᠤᠷᠠᠯᠲᠠ ᠥᠬᠡᠶ ᠴᠢᠩᠭ᠋ᠠᠳᠬᠠᠨ ᠲᠡᠭᠦᠯᠳᠡᠷᠵᠢᠭᠦᠯᠵᠦ᠂ ᠨᠠᠮ᠎ᠤᠨ ᠤᠳᠤᠷᠢᠳᠤᠯᠭ᠎ᠠ ᠵᠢ ᠦᠨᠳᠦᠰᠦᠲᠡᠨ᠎ᠤ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ ᠵᠶ᠋ᠠᠷ ᠭᠤᠢ᠌ᠪᠢᠰᠢ ᠥᠬᠡᠶ ᠵᠠᠮᠨᠠᠵᠤ᠂ ᠦᠨᠳᠦᠰᠦᠲᠡᠨ᠎ᠨᠦᠭᠦᠳ᠎ᠤᠨ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠶ ᠳᠡᠭᠡᠳᠦ ᠬᠡᠮᠵᠢᠶᠡᠨ᠎ᠤ ᠮᠡᠳᠡᠷᠡᠬᠦᠢ᠎ᠪᠠᠨ ᠪᠠᠲᠤᠳᠬᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠦᠷᠭᠦᠯᠵᠢᠯᠡᠨ ᠬᠠᠮᠠᠭ᠋ᠠᠯᠠᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ