
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠥᠷᠪᠡᠳᠦᠭᠡᠷ ᠪᠦᠭᠦᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠲᠠᠭ᠋ᠠᠯ》᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠪᠦᠬᠦ ᠲᠠᠯ᠎ᠠ ᠵᠢᠨ ᠪᠠᠢ᠌ᠷᠢᠯᠠᠭᠤᠯᠤᠯᠲᠠ ᠬᠢᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠠᠷᠠᠯᠲᠠ ᠡᠭᠦᠷᠭᠡ ᠵᠢ ᠳᠤᠷᠠᠳᠴᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠵᠠᠢ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠬᠡᠷᠬᠢᠨ ᠠᠬᠢᠭᠤᠯᠬᠤ ᠪᠤᠢ? ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠦᠨᠳᠦᠰᠦᠲᠡᠨ᠎ᠤ ᠠᠵᠢᠯ᠎ᠤᠨ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠡᠷᠬᠢᠨ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠪᠤᠢ? ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠣᠤ ᠵᠠᠨ ᠱᠸᠩᠢ ᠰᠤᠷᠪᠤᠯᠵᠢᠯᠠᠪᠠ᠃
ᠭᠣᠤ ᠵᠠᠨ ᠱᠸᠩ᠂ ᠪᠦᠬᠦ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠰᠢᠰᠲ᠋ᠧᠮ᠎ᠤᠨ᠎ᠬᠢᠨ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠤᠬᠠᠮᠰᠠᠷ᠎ᠠᠴᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ 《ᠬᠣᠰᠢᠭᠤᠴᠢ ᠴᠡᠷᠢᠭ》 ᠪᠣᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ 《ᠨᠢᠭᠡᠳᠦᠭᠡᠷ ᠵᠢᠭᠰᠠᠭ᠋ᠠᠯ᠎ᠤᠨ ᠡᠩᠨᠡᠭᠡ》 ᠵᠢ ᠰᠠᠢ᠌ᠲᠤᠷ ᠴᠣᠭᠴᠠᠯᠠᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠬᠠᠮᠤᠭ ᠲᠦᠷᠭᠡᠨ ᠠᠵᠢᠯᠯᠠᠭ᠎ᠠ᠂ ᠬᠠᠮᠤᠭ᠎ᠤᠨ ᠶᠡᠬᠡ ᠬᠦᠴᠦᠯᠡᠴᠡ᠂ ᠬᠠᠮᠤᠭ᠎ᠤᠨ ᠪᠣᠳᠠᠲᠠᠢ ᠠᠷᠭ᠎ᠠ ᠬᠡᠮᠵᠢᠶ᠎ᠡ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠠᠴᠠ ᠦᠨᠡᠨᠴᠢ ᠰᠢᠳᠤᠷᠭᠤ᠂ ᠡᠭᠦᠷᠭᠡᠯᠡᠯ᠂ ᠡᠷᠴᠢ ᠬᠦᠴᠦᠨ᠎ᠢ ᠰᠤᠷᠤᠯᠴᠠᠨ ᠠᠪᠴᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠦᠮᠦᠵᠢᠯ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠳᠤᠮᠳᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠡᠯ᠎ᠡ ᠲᠥᠷᠥᠯ᠎ᠤᠨ ᠭᠣᠣᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠢ ᠠᠰᠢᠭᠯᠠᠨ ᠰᠠᠢ᠌ᠨ ᠬᠢᠳᠡᠯ ᠪᠠ ᠦᠷ᠎ᠡ ᠪᠦᠲᠦᠮᠵᠢ ᠵᠢ ᠳ᠋ᠦᠩᠨᠡᠨ ᠤᠬᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠤᠨ᠎ᠠ ᠭᠡᠵᠦ ᠢᠯᠡᠳᠬᠡᠪᠡ᠃
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠵᠢᠯ᠎ᠢ ᠬᠡᠷᠬᠢᠨ ᠠᠬᠢᠭᠤᠯᠬᠤ ᠲᠤᠬᠠᠢ ᠭᠣᠤ ᠵᠠᠨ ᠱᠸᠩ᠄ 《ᠪᠢᠳᠠ ᠪᠦᠯᠬᠦᠮᠳᠡᠨ ᠲᠡᠮᠡᠴᠡᠬᠦ ᠴᠠᠭ ᠦᠶ᠎ᠡ ᠵᠢᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠲᠣᠭᠣᠷᠢᠨ᠎ᠳᠤ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠪᠠᠨ ᠤᠬᠠᠮᠰᠠᠷ᠎ᠠᠴᠠ᠎ᠪᠠᠨ ᠡᠭᠦᠷᠭᠡᠯᠡᠨ ᠰᠠᠢ᠌ᠲᠤᠷ ᠭᠦᠢ᠍ᠴᠡᠳᠬᠡᠬᠦ ᠬᠡᠷᠡᠭᠲᠡᠢ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠠᠴᠠ ᠲᠣᠳᠣᠷᠬᠠᠢ᠌ᠯᠠᠭᠰᠠᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ᠎ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠥᠷᠪᠡᠳᠦᠭᠡᠷ ᠪᠦᠭᠦᠳᠡ ᠬᠤᠷᠠᠯ᠎ᠠᠴᠠ ᠳᠤᠷᠠᠳᠤᠭᠰᠠᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠵᠢᠯ᠎ᠤᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠬᠣᠢ᠌ᠰᠢᠳᠠ ᠵᠢᠨ ᠠᠵᠢᠯ᠎ᠢ ᠲᠥᠯᠥᠪᠵᠢᠭᠦᠯᠬᠦ ᠪᠠ ᠶᠠᠭ ᠬᠢᠵᠦ ᠪᠠᠢ᠌ᠭ᠎ᠠ ᠠᠵᠢᠯ᠎ᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠭᠠᠷᠳᠠᠬᠤ ᠴᠡᠭ᠂ ᠬᠦᠴᠦᠯᠡᠬᠦ ᠴᠡᠭ ᠪᠠ ᠰᠢᠪᠲᠤᠯᠤᠯᠲᠠ ᠵᠢᠨ ᠴᠡᠭ᠎ᠢ ᠣᠨᠣᠪᠴᠢᠲᠠᠢ ᠡᠷᠢᠵᠦ᠂ ᠰᠤᠷᠤᠯᠴᠠᠭ᠎ᠠ ᠵᠢᠨ ᠦᠷ᠎ᠡ ᠪᠦᠲᠦᠭᠡᠯ᠎ᠢ ᠦᠨᠡᠨ ᠬᠦ᠌ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠤᠨ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠤ ᠠᠯᠲᠠᠨ ᠦᠰᠦᠭᠲᠦ ᠫᠠᠢ᠌ᠰᠠ ᠵᠢ ᠨᠡᠩ ᠭᠢᠯᠠᠯᠵᠠᠭᠤᠯᠤᠨ᠎ᠠ》 ᠭᠡᠵᠦ ᠬᠡᠯᠡᠪᠡ᠃
ᠭᠣᠤ ᠵᠠᠨ ᠱᠸᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠥᠪᠥᠷ ᠮᠣᠩᠭᠣᠯ᠎ᠤᠨ ᠬᠥᠭᠵᠢᠯᠲᠡ ᠵᠢᠨ ᠲᠡᠦᠬᠡ᠂ ᠦᠨᠳᠦᠰᠦᠲᠡᠨ᠎ᠤ ᠲᠡᠦᠬᠡ ᠵᠢ ᠰᠠᠢ᠌ᠲᠤᠷ ᠶᠠᠷᠢᠬᠤ᠎ᠪᠠᠷ ᠭᠣᠣᠯᠳᠠᠯᠭ᠎ᠠ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠤᠰᠬᠠᠭᠰᠠᠨ ᠡᠷᠲᠡᠨ᠎ᠤ ᠰᠤᠷᠪᠤᠯᠵᠢ ᠪᠢᠴᠢᠭ᠎ᠢ ᠭᠦᠨᠵᠡᠭᠡᠢ ᠡᠮᠬᠢᠯᠡᠨ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ · ᠥᠪᠥᠷ ᠮᠣᠩᠭᠣᠯ᠎ᠤᠨ ᠪᠣᠲᠢ》 ᠵᠢ ᠨᠠᠢ᠌ᠷᠠᠭᠤᠯᠤᠨ ᠲᠤᠭᠤᠷᠪᠢᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠦᠮᠦᠵᠢᠯ᠎ᠢ ᠨᠢᠳᠦᠨ᠎ᠳᠤ ᠦᠵᠡᠭᠳᠡᠵᠦ ᠰᠡᠳᠬᠢᠯ᠎ᠳᠤ ᠰᠠᠭᠤᠭᠳᠠᠲᠠᠯᠠ ᠦᠷ᠎ᠡ ᠪᠦᠲᠦᠮᠵᠢᠲᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠣᠨᠣᠯ᠎ᠤᠨ ᠰᠤᠳᠤᠯᠭ᠋ᠠᠨ᠎ᠤ ᠰᠢᠰᠲ᠋ᠧᠮ ᠪᠠ ᠤᠬᠠᠭᠤᠯᠭ᠎ᠠ ᠬᠦᠮᠦᠵᠢᠯ᠎ᠤᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ ᠵᠢᠨ ᠲᠠᠨᠢᠯᠲᠠ》᠂ 《ᠳᠥᠷᠪᠡᠨ ᠬᠠᠮᠲᠤᠳᠬᠠᠬᠤ》 ᠵᠢ ᠬᠦᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠤᠨ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠮᠦᠵᠢᠭᠦᠯᠦᠨ ᠵᠢᠯᠣᠭᠣᠳᠴᠤ ᠪᠠᠢ᠌ᠭ᠋ᠠᠳ ᠨᠡᠩ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠪᠣᠯᠭ᠋ᠠᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮ᠎ᠤᠨ ᠣᠳᠣᠬᠢᠴᠢᠯᠠᠯᠲᠠ ᠲᠡᠢ᠌ᠰᠢ ᠬᠠᠮᠲᠤ᠎ᠪᠠᠷ ᠤᠷᠤᠭᠰᠢᠯᠠᠬᠤ ᠵᠢ ᠠᠬᠢᠭᠤᠯᠤᠨ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠲᠥᠯᠥᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ᠎ᠤ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ ᠢᠯᠠᠩᠭᠤᠶ᠎ᠠ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠵᠦ᠂ ᠪᠦᠬᠦᠢ᠌ᠯᠡ ᠥᠭᠡᠷᠡᠴᠢᠯᠡᠯᠲᠡ ᠬᠥᠭᠵᠢᠯᠲᠡ ᠵᠢᠨ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ᠎ᠢ ᠣᠯᠭᠣᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠣᠳᠣᠬᠢᠴᠢᠯᠠᠯᠲᠠ ᠵᠢ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠥᠷᠭᠡᠨ ᠵᠶ᠋ᠡᠷ ᠠᠬᠢᠭᠤᠯᠵᠤ᠂ ᠤᠯᠤᠰ᠎ᠤᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠶᠠᠪᠤᠯᠴᠠᠭ᠎ᠠ ᠰᠣᠯᠢᠯᠴᠠᠭ᠎ᠠ ᠵᠢᠨ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭᠵᠢᠯᠲᠡ ᠵᠢᠨ ᠲᠥᠯᠥᠪᠯᠡᠭᠡ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ ᠵᠢᠴᠢ ᠥᠪᠡᠷᠲᠡᠭᠡᠨ ᠵᠠᠰᠠᠬᠤ ᠣᠷᠣᠨ᠎ᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠶᠡᠬᠡ᠎ᠪᠠᠷ ᠠᠬᠢᠭᠤᠯᠵᠤ᠂ ᠬᠣᠲᠠ ᠵᠢᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠤᠨ᠎ᠠ᠃ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠦᠨᠳᠦᠰᠦᠲᠡᠨ᠎ᠤ ᠣᠨᠣᠯ ᠪᠣᠯᠣᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠦᠷᠢᠨ ᠪᠦᠲᠦᠨ᠂ ᠣᠨᠣᠪᠴᠢᠲᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠢ᠌ᠲᠡᠯᠢᠭ ᠴᠢᠨᠠᠷ᠎ᠢ ᠨᠡᠮᠡᠭᠳᠡᠭᠦᠯᠬᠦ ᠴᠢᠭᠯᠡᠯ ᠵᠶ᠋ᠡᠷ ᠦᠨᠳᠦᠰᠦᠲᠡᠨ᠎ᠤ ᠠᠵᠢᠯ᠎ᠢ ᠰᠠᠢ᠌ᠵᠢᠷᠠᠭᠤᠯᠵᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠦᠨᠳᠦᠰᠦᠲᠡᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠡᠷᠬᠢᠯᠡᠨ᠎ᠡ᠃ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠨ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠬᠦᠯᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠪᠡᠬᠢᠯᠡᠯᠲᠡ ᠵᠢ ᠡᠷᠡᠰ ᠰᠠᠬᠢᠵᠤ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠰᠢᠭᠦᠷᠢ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠨ᠎ᠠ᠃ ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠦᠨᠳᠦᠰᠦᠲᠡᠨ᠎ᠤ ᠠᠵᠢᠯ᠎ᠢ ᠨᠢᠭᠡᠳᠦᠮᠡᠯ ᠹᠷᠣᠨᠲ᠎ᠤᠨ ᠠᠵᠢᠯ᠎ᠤᠨ ᠶᠡᠬᠡ ᠲᠠᠯ᠎ᠠ᠎ᠳᠤ ᠣᠷᠣᠭᠤᠯᠵᠤ ᠨᠢᠭᠡᠳᠦᠯᠲᠡᠢ ᠲᠥᠯᠥᠪᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠭᠡᠰᠢᠭᠦᠨ᠎ᠤ ᠳᠦᠷᠢᠮᠲᠦ ᠠᠵᠢᠯ᠎ᠤᠨ ᠳᠦᠷᠢᠮ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠦᠨ᠎ᠡ ᠭᠡᠵᠦ ᠢᠯᠡᠷᠬᠡᠢ᠌ᠯᠡᠪᠡ᠃
《ᠪᠦᠬᠦ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠵᠢᠯ᠎ᠢ ᠬᠦᠴᠦᠯᠡᠨ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠭᠣᠤ ᠵᠠᠨ ᠱᠸᠩ ᠬᠡᠯᠡᠪᠡ᠃