ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠰᠢᠨ᠎ᠡ 《ᠬᠤᠶᠠᠷ ᠬᠥᠲᠥᠯᠪᠦᠷᠢ》᠎ᠪᠠᠷ ᠥᠪᠥᠷ ᠮᠣᠩᠭᠤᠯ᠎ᠤᠨ ᠡᠮᠡᠭᠲᠡᠶ᠋ᠢᠴᠦᠳ ᠬᠡᠤᠬᠡᠳ᠎ᠤᠳ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠠᠶᠠᠨ᠎ᠢ ᠬᠥᠲᠥᠯᠦᠨ ᠳᠠᠭ᠋ᠠᠭᠤᠯᠤᠶ᠎ᠠ
ᠨᠡᠶ᠋ᠢᠲᠡᠯᠡᠭᠰᠡᠨ ᠴᠠᠭ᠄ 2022-08-22

     ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ
      ᠠᠭᠤᠯᠭ᠎ᠠ ᠵᠢᠨ ᠲᠣᠪᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠬᠥᠭᠵᠢᠯᠲᠡ ᠵᠢᠨ ᠬᠥᠲᠥᠯᠪᠦᠷᠢ (2021 — 2030 ᠣᠨ) ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠨᠡᠶ᠋ᠢᠲᠡᠯᠡᠨ ᠬᠡᠷᠡᠭᠵᠢᠭᠦᠯᠦᠭᠰᠡᠨ ᠪᠦᠬᠦ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠳᠤᠮᠳᠠᠬᠢ ᠤᠷᠳᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠮᠥᠨ᠃ ᠡᠮᠡᠭᠲᠡᠶ᠋ᠢᠴᠦᠳ ᠬᠡᠤᠬᠡᠳ᠎ᠤᠳ᠎ᠤᠨ ᠬᠥᠭᠵᠢᠯᠲᠡ ᠵᠢᠨ ᠬᠥᠲᠥᠯᠪᠦᠷᠢ ᠵᠢ ᠲᠣᠭᠲᠠᠭ᠋ᠠᠨ ᠬᠡᠷᠡᠭᠵᠢᠭᠦᠯᠬᠦ᠎ᠨᠢ ᠮᠠᠨ᠎ᠤ ᠣᠷᠣᠨ᠎ᠤ ᠡᠷᠡᠭᠲᠡᠶ ᠡᠮᠡᠭᠲᠡᠶ ᠡᠷᠬᠡ ᠲᠡᠭᠰᠢ ᠪᠠᠶ᠋ᠢᠬᠤ ᠤᠯᠤᠰ᠎ᠤᠨ ᠦᠨᠳᠦᠰᠦᠨ ᠪᠣᠳᠣᠯᠭ᠎ᠠ᠂ ᠬᠡᠤᠬᠡᠳ᠎ᠢ ᠤᠷᠢᠳ ᠵᠶ᠋ᠠᠷ ᠪᠣᠳᠤᠯᠬᠢᠯᠠᠬᠤ ᠦᠨᠳᠦᠰᠦᠨ ᠵᠠᠷᠴᠢᠮ᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠮᠡᠭᠲᠡᠶ᠋ᠢᠴᠦᠳ ᠬᠡᠤᠬᠡᠳ᠎ᠤᠳ᠎ᠤᠨ ᠬᠥᠭᠵᠢᠯᠲᠡ ᠵᠢᠨ ᠣᠷᠴᠢᠨ ᠨᠥᠭᠦᠴᠡᠯ᠎ᠢ ᠰᠢᠯᠢᠳᠡᠭᠵᠢᠭᠦᠯᠦᠨ᠂ ᠡᠮᠡᠭᠲᠡᠶ᠋ᠢᠴᠦᠳ ᠬᠡᠤᠬᠡᠳ᠎ᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠪᠥᠬᠦ ᠣᠷᠣᠨ᠎ᠤ ᠡᠮᠡᠭᠲᠡᠶ᠋ᠢᠴᠦᠳ ᠬᠡᠤᠬᠡᠳ᠎ᠤᠳ᠎ᠤᠨ ᠦᠢ᠍ᠯᠡᠰ᠎ᠤᠨ ᠰᠢᠨ᠎ᠡ ᠴᠠᠭ ᠦᠶ᠎ᠡ᠎ᠳᠤ ᠨᠠᠩ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ᠎ᠳᠤ ᠲᠦᠢ᠍ᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃
      ᠲᠡᠮᠳᠡᠭᠯᠡᠯ
      ᠬᠥᠲᠥᠯᠥᠭᠴᠢ
      ᠰᠦᠯᠵᠢᠶᠡᠨ᠎ᠤ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠲᠠᠨ ᠪᠦᠬᠦᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 《ᠰᠦᠯᠵᠢᠶᠡᠨ ᠳᠡᠭᠡᠷᠡᠬᠢ ᠰᠤᠷᠪᠤᠯᠵᠢᠯᠠᠭ᠎ᠠ》 ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠂ ᠲᠣᠰ ᠬᠤᠭᠤᠴᠠᠭ᠋ᠠᠨ᠎ᠤ ᠫᠷᠤᠭ᠌ᠷᠠᠮ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠤᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ ᠵᠢ ᠤᠷᠢᠯ᠎ᠠ᠃ ᠭᠦᠸᠧ ᠲᠡᠷᠢᠭᠦᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠍ᠨ᠎ᠠ! 
       ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ
      ᠬᠥᠲᠥᠯᠥᠭᠴᠢ ᠰᠠᠶ᠋ᠢᠨ ᠤᠤ! ᠰᠦᠯᠵᠢᠶᠡᠨ᠎ᠤ ᠨᠠᠶ᠋ᠢᠵᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ 《ᠰᠦᠯᠵᠢᠶᠡᠨ ᠳᠡᠭᠡᠷᠡᠬᠢ ᠰᠤᠷᠪᠤᠯᠵᠢᠯᠠᠭ᠎ᠠ》 ᠪᠤᠯᠤᠩ ᠵᠶ᠋ᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ᠎ᠤ ᠨᠠᠶ᠋ᠢᠵᠠ ᠨᠠᠷ᠎ᠲᠠᠢ᠎ᠪᠠᠨ ᠥᠨᠥᠳᠦᠷ᠎ᠤᠨ ᠭᠤᠤᠯ ᠰᠡᠳᠦᠪ ᠵᠶ᠋ᠠᠨ ᠶᠠᠷᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷ᠎ᠲᠠᠢ ᠪᠠᠶ᠋ᠢᠨ᠎ᠠ᠂ ᠮᠥᠨ ᠴᠦ᠍ ᠲᠠ ᠪᠦᠬᠦᠨ᠎ᠤ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ ᠬᠡᠤᠬᠡᠳ᠎ᠤᠳ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
      ᠬᠥᠲᠥᠯᠥᠭᠴᠢ
      ᠭᠦᠸᠧ ᠲᠡᠷᠢᠭᠦᠯᠡᠭᠴᠢ ᠡ᠂ ᠥᠨᠥᠳᠦᠷ ᠲᠠᠨ᠎ᠲᠠᠢ ᠶᠠᠷᠢᠯᠴᠠᠬᠤ ᠭᠡᠵᠦ ᠪᠠᠶ᠋ᠢᠭ᠎ᠠ ᠰᠡᠳᠦᠪ ᠪᠣᠯ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠥᠭᠵᠢᠯᠲᠡ ᠵᠢᠨ ᠬᠥᠲᠥᠯᠪᠦᠷᠢ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠤᠬᠡᠳ᠎ᠤᠳ᠎ᠤᠨ ᠬᠥᠭᠵᠢᠯᠲᠡ ᠵᠢᠨ ᠬᠥᠲᠥᠯᠪᠦᠷᠢ》 ᠪᠣᠯᠤᠨ᠎ᠠ᠃ ᠶᠠᠭᠤᠨ᠎ᠤ ᠲᠡᠷᠢᠭᠦᠨ᠎ᠳᠤ ᠪᠢ ᠥᠪᠡᠷᠲᠡᠭᠡᠨ ᠡᠨᠡ ᠰᠡᠳᠦᠪ᠎ᠢ ᠶᠡᠭᠡ ᠰᠣᠨᠢᠷᠬᠠᠳᠠᠭ᠂ ᠡᠮᠡᠭᠲᠡᠶ᠋ᠢᠴᠦᠳ ᠬᠡᠦᠬᠡᠳ᠎ᠤᠳ᠎ᠤᠨ ᠡᠷᠬᠡ ᠠᠰᠢᠭ᠎ᠤᠨ ᠬᠠᠮᠠᠭ᠋ᠠᠯᠠᠯᠲᠠ᠎ᠨᠢ ᠭᠡᠷ ᠪᠦᠯᠢ ᠨᠢᠭᠡᠪᠦᠷᠢ᠎ᠲᠠᠢ ᠨᠢᠭᠲᠠ ᠬᠤᠯᠪᠣᠭ᠎ᠠ᠎ᠲᠠᠢ᠂ ᠵᠠᠷᠢᠮ ᠬᠡᠮᠵᠢᠶᠡᠨ᠎ᠳᠤ ᠨᠢᠭᠡ ᠭᠡᠷ ᠪᠦᠯᠢ ᠵᠢᠨ ᠵᠣᠯ ᠵᠢᠷᠭ᠋ᠠᠯ᠎ᠲᠠᠢ ᠪᠠᠶ᠋ᠢᠬᠤ ᠡᠰᠡᠬᠦ᠂ ᠵᠣᠯ ᠵᠢᠷᠭ᠋ᠠᠯ᠎ᠤᠨ ᠬᠡᠮᠵᠢᠶ᠎ᠡ ᠥᠨᠳᠥᠷ ᠡᠰᠡᠬᠦ᠎ᠳᠤ ᠡᠮᠡᠭᠲᠡᠶ᠋ᠢᠴᠦᠳ ᠬᠡᠦᠬᠡᠳ᠎ᠤᠳ᠎ᠤᠨ ᠬᠠᠨᠤᠮᠵᠢ ᠵᠢᠨ ᠬᠡᠮᠵᠢᠶ᠎ᠡ ᠲᠦᠢ᠍ᠯ᠎ᠤᠨ ᠴᠢᠬᠤᠯᠠ ᠬᠤᠯᠪᠤᠭ᠎ᠠ᠎ᠲᠠᠢ ᠪᠠᠶ᠋ᠢᠳᠠᠭ᠃
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ
      ᠦᠨᠡᠨ᠎ᠳᠤ᠎ᠪᠠᠨ ᠨᠠᠮ ᠪᠠ ᠵᠠᠰᠠᠭ᠎ᠤᠨ ᠣᠷᠳᠣᠨ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠢ ᠬᠥᠭᠵᠢᠭᠦᠯᠬᠦ ᠵᠢ ᠨᠠᠮ ᠪᠠ ᠤᠯᠤᠰ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠪᠣᠯᠭ᠋ᠠᠭᠰᠠᠭ᠋ᠠᠷ ᠢᠷᠡᠭᠰᠡᠨ ᠶᠤᠮ᠃ ᠡᠮᠡᠭᠲᠡᠶ᠋ᠢᠴᠦᠳ ᠬᠡᠦᠬᠡᠳ᠎ᠤᠳ ᠪᠣᠯ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤᠪᠠᠷ ᠪᠠᠶ᠋ᠢᠭᠤᠯᠵᠤ ᠬᠠᠮᠲᠤᠪᠠᠷ ᠬᠦᠷᠲᠡᠬᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠴᠢᠬᠤᠯᠠ ᠬᠦᠴᠦᠨ᠂ ᠮᠥᠨ ᠴᠤ᠌ ᠠᠮᠢᠳᠤ ᠬᠦᠴᠦᠨ᠎ᠨᠢ ᠶᠤᠮ᠂ ᠡᠮᠡᠭᠲᠡᠶ᠋ᠢᠴᠦᠳ᠎ᠢ ᠬᠦᠨᠳᠦᠳᠬᠡᠵᠦ ᠬᠡᠦᠬᠡᠳ᠎ᠤᠳ᠎ᠢ ᠬᠠᠯᠠᠮᠵᠢᠯᠠᠨ ᠬᠠᠶ᠋ᠢᠷᠠᠯᠠᠬᠤ ᠪᠣᠯ ᠨᠡᠶ᠋ᠢᠭᠡᠮ᠎ᠤᠨ ᠪᠣᠯᠪᠠᠰᠤᠨ᠎ᠤ ᠲᠠᠪᠰᠢᠯᠳᠠ ᠵᠢᠨ ᠴᠢᠬᠤᠯᠠ ᠪᠡᠯᠭᠡ ᠲᠡᠮᠳᠡᠭ᠂ ᠡᠮᠡᠭᠲᠡᠶ᠋ᠢᠴᠦᠳ ᠬᠡᠦᠬᠡᠳ᠎ᠤᠳ᠎ᠤᠨ ᠬᠥᠭᠵᠢᠯᠲᠡ ᠪᠣᠯ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠠᠭᠤᠯᠭ᠎ᠠ ᠮᠥᠨ᠃
      ᠬᠥᠲᠥᠯᠥᠭᠴᠢ
      ᠪᠢᠳᠡᠨ᠎ᠤ ᠮᠡᠳᠡᠭᠡᠵᠢ᠎ᠪᠠᠷ᠂ 2011 — 2020 ᠣᠨ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠥᠭᠵᠢᠯᠲᠡ ᠵᠢᠨ ᠬᠥᠲᠥᠯᠪᠦᠷᠢ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠤᠬᠡᠳ᠎ᠤᠳ᠎ᠤᠨ ᠬᠥᠭᠵᠢᠯᠲᠡ ᠵᠢᠨ ᠬᠥᠲᠥᠯᠪᠦᠷᠢ》 ᠵᠢ ᠨᠡᠶ᠋ᠢᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠯᠢ ᠣᠯᠠᠨ ᠰᠠᠶ᠋ᠢᠨ ᠠᠷᠭ᠎ᠠ ᠬᠡᠮᠵᠢᠶ᠎ᠡ ᠰᠠᠶ᠋ᠢᠨ ᠲᠥᠷᠥ ᠵᠢᠨ ᠪᠣᠳᠣᠯᠭ᠎ᠠ᠎ᠨᠤᠭᠤᠳ᠎ᠢ ᠨᠡᠶ᠋ᠢᠲᠡᠯᠡᠨ ᠬᠡᠷᠡᠭᠵᠢᠭᠦᠯᠵᠦ ᠡᠮᠡᠭᠲᠡᠶ᠋ᠢᠴᠦᠳ ᠬᠡᠤᠬᠡᠳ᠎ᠤᠳ᠎ᠤᠨ ᠡᠷᠬᠡ ᠠᠰᠢᠭ᠎ᠢ ᠬᠠᠮᠠᠭ᠋ᠠᠯᠠᠭᠰᠠᠭ᠋ᠠᠷ ᠢᠷᠡᠯ᠎ᠡ᠂ ᠲᠡᠭᠡᠪᠡᠯ ᠡᠨᠡ 10 ᠵᠢᠯ᠎ᠤᠨ ᠲᠤᠷᠰᠢ ᠬᠢᠷᠢ ᠵᠡᠷᠭᠡ ᠦᠷ᠎ᠡ ᠪᠦᠲᠦᠮᠵᠢ ᠣᠯᠣᠭᠰᠠᠨ ᠪᠣᠶ?
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ 
       ᠶᠡᠷᠡᠭᠡᠳ ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠤᠷᠢᠳ ᠬᠤᠵᠢᠳ ᠭᠤᠷᠪᠠᠨ ᠦᠶᠡᠯᠡᠯ᠎ᠤᠨ ᠬᠤᠭᠤᠴᠠᠭ᠋ᠠᠨ᠎ᠤ ᠡᠮᠡᠭᠲᠡᠶ᠋ᠢᠴᠦᠳ ᠬᠡᠤᠬᠡᠳ᠎ᠤᠳ᠎ᠤᠨ ᠬᠥᠭᠵᠢᠯᠲᠡ ᠵᠢᠨ ᠬᠥᠲᠥᠯᠪᠦᠷᠢ ᠵᠢ ᠪᠡᠶᠡᠯᠡᠭᠦᠯᠦᠨ ᠬᠡᠷᠡᠭᠵᠢᠭᠦᠯᠵᠦ᠂ 30 ᠵᠢᠯ᠎ᠤᠨ ᠲᠤᠷᠰᠢ ᠡᠮᠡᠭᠲᠡᠶ᠋ᠢᠴᠦᠳ ᠬᠡᠦᠬᠡᠳ᠎ᠤᠳ᠎ᠤᠨ ᠡᠷᠬᠡ ᠠᠰᠢᠭ᠎ᠢ ᠬᠠᠮᠠᠭ᠋ᠠᠯᠠᠬᠤ᠎ᠳᠤ ᠴᠢᠬᠤᠯᠠ ᠪᠠᠲᠤᠯᠠᠭ᠎ᠠ ᠬᠠᠩᠭ᠋ᠠᠵᠠᠢ᠃ ᠢᠯᠠᠩᠭᠤᠶ᠎ᠠ 2011 — 2020 ᠣᠨ᠎ᠳᠤ 《ᠬᠤᠶᠠᠷ ᠬᠥᠲᠥᠯᠪᠦᠷᠢ》 ᠵᠢ ᠨᠡᠶ᠋ᠢᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠡᠷᠡᠭᠲᠡᠶ ᠡᠮᠡᠭᠲᠡᠶ ᠡᠷᠬᠡ ᠲᠡᠭᠰᠢ ᠪᠠᠶ᠋ᠢᠬᠤ ᠤᠯᠤᠰ᠎ᠤᠨ ᠦᠨᠳᠦᠰᠦᠨ ᠪᠣᠳᠣᠯᠭ᠎ᠠ ᠪᠠ ᠬᠡᠤᠬᠡᠳ᠎ᠢ ᠤᠷᠢᠳ ᠵᠶ᠋ᠠᠷ ᠪᠣᠳᠤᠯᠬᠢᠯᠠᠬᠤ ᠵᠠᠷᠴᠢᠮ᠎ᠢ ᠬᠢᠨᠠᠮᠠᠭ᠋ᠠᠶ ᠲᠤᠭᠤᠰᠢᠯᠠᠭᠤᠯᠤᠨ᠂ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠦ ᠲᠠᠯ᠎ᠠ ᠵᠢᠨ ᠴᠢᠬᠤᠯᠠ ᠪᠠᠶ᠋ᠢᠷᠢᠨ᠎ᠳᠤ ᠲᠠᠯᠪᠢᠵᠤ᠂ 《ᠬᠤᠶᠠᠷ ᠬᠥᠲᠥᠯᠪᠦᠷᠢ》 ᠵᠢᠨ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠳᠥᠯᠭᠢᠨ ᠠᠬᠢᠭᠤᠯᠵᠤ᠂ ᠡᠮᠡᠭᠲᠡᠶ᠋ᠢᠴᠦᠳ᠎ᠤᠨ ᠬᠥᠭᠵᠢᠯᠲᠡ᠂ ᠬᠡᠤᠬᠡᠳ᠎ᠤᠳ᠎ᠤᠨ ᠪᠤᠶ᠋ᠢᠵᠢᠯᠲᠠ ᠵᠢᠨ ᠣᠷᠴᠢᠨ ᠨᠥᠭᠦᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ ᠰᠢᠨ᠎ᠡ ᠠᠮᠵᠢᠯᠲᠠ ᠤᠯᠪᠠ᠃ ᠨᠢᠭᠡ᠂ ᠡᠮᠡᠭᠲᠡᠶ᠋ᠢᠴᠦᠳ᠎ᠤᠨ ᠡᠷᠬᠡ ᠠᠰᠢᠭ᠎ᠢ ᠪᠦᠬᠦ ᠲᠠᠯ᠎ᠠ᠎ᠪᠠᠷ ᠬᠠᠮᠠᠭ᠋ᠠᠯᠠᠨ ᠬᠦᠭᠵᠢᠭᠦᠯᠵᠡᠢ᠃ ᠡᠮᠡᠭᠲᠡᠶ᠋ᠢᠴᠦᠳ᠎ᠤᠨ ᠡᠷᠡᠭᠦᠯ ᠮᠡᠨᠳᠦ ᠵᠢᠨ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ᠎ᠤ ᠡᠮᠡᠭᠲᠡᠶ᠋ᠢᠴᠦᠳ᠎ᠤᠨ ᠬᠥᠮᠦᠨ ᠳᠤᠮᠳᠠᠴᠢ ᠵᠢᠨ ᠵᠢᠱ᠌ᠢᠯᠲᠡ ᠨᠠᠰᠤᠨ ᠬᠤᠲᠤᠭ 80.45 ᠨᠠᠰᠤᠨ᠎ᠳᠤ ᠬᠦᠷᠴᠦ᠂ 2010 ᠣᠨ᠎ᠤ᠎ᠬᠢ᠎ᠠᠴᠠ 3.18 ᠨᠠᠰᠤ ᠦᠨᠳᠦᠷ ᠪᠣᠯᠪᠠ᠃ ᠡᠮᠡᠭᠲᠡᠶ᠋ᠢᠴᠦᠳ᠎ᠤᠨ ᠰᠤᠷᠭ᠋ᠠᠨ ᠬᠥᠮᠦᠵᠢᠯ ᠬᠦᠷᠲᠡᠭᠰᠡᠨ ᠬᠡᠮᠵᠢᠶ᠎ᠡ ᠲᠠᠰᠤᠷᠠᠯᠳᠠ ᠥᠭᠡᠢ ᠳᠡᠭᠡᠭᠰᠢᠯᠡᠵᠦ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠠᠶ᠋ᠢᠭ᠎ᠠ ᠡᠮᠡᠭᠲᠡᠶ ᠰᠤᠷᠤᠬ᠍ᠴᠢ ᠵᠢᠨ ᠬᠠᠷᠢᠴᠠᠯ 51.73% ᠵᠢ ᠡᠵᠡᠯᠡᠵᠦ᠂ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠪᠠᠶ᠋ᠢᠭ᠎ᠠ ᠡᠮᠡᠭᠲᠡᠶ ᠰᠤᠷᠤᠬ᠍ᠴᠢ ᠵᠢᠨ ᠬᠠᠷᠢᠴᠠᠯ 51.95% ᠵᠢ ᠡᠵᠡᠯᠡᠵᠦ ᠪᠠᠶ᠋ᠢᠨ᠎ᠠ᠃ ᠡᠮᠡᠭᠲᠡᠶ᠋ᠢᠴᠦᠳ᠎ᠤᠨ ᠠᠵᠤ ᠠᠬᠤᠶ ᠵᠢᠨ ᠬᠥᠭᠵᠢᠯᠲᠡ᠎ᠳᠤ ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠵᠢᠨ ᠨᠤᠷᠮ᠎ᠠ ᠮᠡᠳᠡᠭᠳᠡᠬᠦ᠋ᠢ᠍ᠴᠡ ᠳᠡᠭᠡᠭᠰᠢᠯᠡᠵᠦ᠂ ᠡᠮᠡᠭᠲᠡᠶ᠋ᠢᠴᠦᠳ᠎ᠤᠨ ᠠᠵᠢᠯ ᠤᠯᠬᠤ ᠠᠷᠭ᠎ᠠ ᠵᠠᠮ᠎ᠨᠢ ᠲᠠᠰᠤᠷᠠᠯᠳᠠ ᠦᠭᠡᠢ ᠦᠷᠭᠡᠳᠴᠦ᠂ ᠬᠥᠳᠡᠯᠮᠦᠷᠢ ᠠᠵᠢᠯ ᠣᠯᠭᠤᠯᠲᠠ ᠵᠢᠨ ᠡᠷᠬᠡ ᠠᠳᠠᠯᠢ ᠲᠡᠭᠰᠢ ᠪᠠᠲᠤᠯᠠᠭ᠎ᠠ᠎ᠲᠠᠢ ᠪᠣᠯᠵᠠᠢ᠃ ᠡᠮᠡᠭᠲᠡᠶ᠋ᠢᠴᠦᠳ᠎ᠤᠨ ᠠᠷᠠᠳᠴᠢᠯᠠᠭᠰᠠᠨ ᠬᠠᠮᠢᠶᠠᠷᠤᠯᠲᠠ ᠪᠠ ᠨᠡᠶ᠋ᠢᠭᠡᠮ᠎ᠤᠨ ᠵᠠᠰᠠᠯᠲᠠ᠎ᠳᠤ ᠣᠷᠣᠯᠴᠠᠬᠤ ᠰᠠᠨᠠᠭ᠋ᠠᠴᠢᠯᠠᠭ᠋ᠠᠲᠤ ᠴᠢᠨᠠᠷ᠂ ᠢᠳᠡᠪᠬᠢ ᠴᠢᠨᠠᠷ ᠢᠯᠡᠳᠲᠡ ᠴᠢᠩᠭ᠋ᠠᠷᠠᠵᠤ᠂ ᠡᠮᠡᠭᠲᠡᠶ᠋ᠢᠴᠦᠳ᠎ᠤᠨ ᠠᠰᠠᠷᠠᠮᠵᠢ ᠵᠢᠨ ᠪᠠᠲᠤᠯᠠᠭ᠎ᠠ ᠦᠷᠭᠦᠯᠵᠢᠯᠡᠨ ᠴᠢᠩᠭ᠋ᠠᠷᠠᠵᠤ᠂ ᠥᠷᠭᠡᠨ ᠤᠯᠠᠨ ᠡᠮᠡᠭᠲᠡᠶ᠋ᠢᠴᠦᠳ᠎ᠤᠨ ᠬᠦᠷᠲᠡᠮᠵᠢ ᠵᠢᠨ ᠲᠦᠷᠦᠭᠳᠡᠯ ᠵᠣᠯ ᠵᠢᠷᠭ᠋ᠠᠯᠲᠤ ᠲᠦᠷᠦᠭᠳᠡᠯ ᠠᠮᠤᠷ ᠲᠦᠪᠰᠢᠨ᠎ᠤ ᠲᠦᠷᠦᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃ ᠬᠤᠶᠠᠷ᠂ ᠥᠷᠭᠡᠨ ᠤᠯᠠᠨ ᠪᠠᠭ᠋ᠠᠴᠤᠳ ᠬᠡᠦᠬᠡᠳ᠎ᠤᠳ ᠡᠷᠡᠭᠦᠯ ᠵᠶ᠋ᠠᠷ ᠦᠰᠦᠨ ᠪᠣᠶ᠋ᠢᠵᠢᠵᠤ ᠪᠣᠢ᠃ ᠬᠡᠦᠬᠡᠳ᠎ᠤᠳ᠎ᠤᠨ ᠡᠷᠡᠭᠦᠯ ᠮᠡᠨᠳᠤ ᠪᠦᠬᠦ ᠲᠠᠯ᠎ᠠ ᠪᠠᠲᠤᠯᠠᠭ᠎ᠠ ᠎ᠲᠠᠢ ᠪᠣᠯᠵᠤ᠂ ᠨᠢᠯᠬ᠎ᠠ ᠬᠡᠦᠬᠡᠳ᠎ᠤᠨ ᠦᠬᠦᠯ᠎ᠤᠨ ᠨᠤᠷᠮ᠎ᠠ᠂ 5 ᠨᠠᠰᠤᠨ᠎ᠠᠴᠠ ᠳᠣᠷᠣᠭᠰᠢᠬᠢ ᠬᠡᠦᠬᠡᠳ᠎ᠤᠨ ᠦᠬᠦᠯᠲᠡ ᠵᠢᠨ ᠨᠤᠷᠮ᠎ᠠ᠎ᠨᠢ 2010 ᠣᠨ᠎ᠤ᠎ᠬᠢ᠎ᠠᠴᠠ ᠳᠤᠰ ᠳᠤᠰ 71.1% ᠪᠠ 71.2% ᠵᠶ᠋ᠠᠷ ᠪᠠᠭᠤᠷᠠᠵᠤ᠂ ᠬᠡᠦᠬᠡᠳ᠎ᠲᠤ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ᠎ᠢ ᠪᠦᠲᠦᠮᠵᠢᠲᠡᠶ᠎ᠪᠠᠷ ᠰᠡᠷᠭᠡᠶ᠋ᠢᠯᠡᠨ ᠵᠠᠰᠠᠪᠠ᠃ ᠬᠡᠦᠬᠡᠳ᠎ᠤᠳ᠎ᠤᠨ ᠰᠤᠷᠭ᠋ᠠᠨ ᠬᠥᠮᠦᠵᠢᠯ ᠬᠦᠷᠲᠡᠭᠰᠡᠨ ᠬᠢᠷᠢ ᠲᠥᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠭᠤᠷᠪᠠᠨ ᠵᠢᠯ᠎ᠤᠨ ᠴᠡᠴᠡᠷᠯᠢᠭ᠎ᠲᠤ ᠣᠷᠣᠬᠤ ᠪᠦᠬᠦ ᠨᠤᠷᠮ᠎ᠠ 2010 ᠣᠨ᠎ᠤ᠎ᠬᠢ᠎ᠠᠴᠠ 38.7 ᠵᠠᠭᠤᠨ᠎ᠤ ᠴᠡᠭ ᠳᠡᠭᠡᠭᠰᠢᠯᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠰᠤᠷᠤᠭᠴᠢᠳ᠎ᠤᠨ ᠶᠠᠳᠠᠭᠤ ᠬᠦᠴᠢᠷᠳᠡᠯᠲᠡᠶ᠎ᠠᠴᠠ ᠪᠤᠯᠵᠤ ᠰᠤᠷᠤᠯᠭ᠎ᠠ᠎ᠪᠠᠨ ᠲᠤᠷᠭᠤᠨ ᠵᠣᠭᠰᠤᠬᠤ ᠪᠠᠶ᠋ᠢᠳᠠᠯ᠎ᠢ ᠬᠥᠳᠡᠯᠦᠩᠭᠦᠶ᠎ᠪᠠᠷ ᠦᠭᠡᠢ ᠪᠣᠯᠭ᠋ᠠᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠣᠷᠣᠬᠤ ᠪᠦᠬᠦ ᠨᠤᠷᠮ᠎ᠠ 94.63%᠎ᠳᠤ ᠬᠦᠷᠴᠡᠢ᠃ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠬᠡᠦᠬᠡᠳ᠎ᠢ ᠬᠠᠯᠠᠮᠵᠢᠯᠠᠨ ᠬᠠᠶ᠋ᠢᠷᠠᠯᠠᠬᠤ ᠨᠡᠶ᠋ᠢᠭᠡᠮ᠎ᠤᠨ ᠠᠭᠤᠷ ᠠᠮᠢᠰᠬᠤᠯ᠎ᠢ ᠨᠡᠩ ᠥᠳᠬᠡᠷᠡᠭᠦᠯᠪᠡ᠃
      ᠬᠥᠲᠥᠯᠥᠭᠴᠢ
      ᠭᠦᠸᠧ ᠲᠡᠷᠢᠭᠦᠯᠡᠭᠴᠢ ᠡ᠂ ᠲᠠᠨ᠎ᠤ ᠰᠠᠶᠢ ᠵᠢᠨ ᠵᠢᠭᠰᠠᠭ᠋ᠠᠭᠰᠠᠨ ᠲᠡᠷᠡ ᠤᠯᠠᠨ ᠲᠤᠭ᠎ᠠ ᠪᠠᠷᠢᠮᠲᠠ᠎ᠨᠤᠭᠤᠳ ᠵᠢᠴᠢ ᠪᠢᠳᠡᠨ᠎ᠤ ᠳᠡᠷᠭᠡᠳᠡᠬᠢ ᠠᠯᠢ ᠤᠯᠠᠨ ᠬᠤᠪᠢᠷᠠᠯᠲᠠ᠎ᠨᠤᠭᠤᠳ᠂ ᠵᠢᠱ᠌ᠢᠶᠡᠯᠡᠪᠡᠯ ᠡᠮᠡᠭᠲᠡᠶ᠋ᠢᠴᠦᠳ᠎ᠤᠨ ᠨᠡᠶ᠋ᠢᠭᠡᠮ᠎ᠤᠨ ᠡᠯ᠎ᠡ ᠬᠦᠷᠢᠶ᠎ᠡ ᠡᠯ᠎ᠡ ᠠᠵᠢᠯ ᠲᠦᠷᠦᠯ᠎ᠳᠠᠬᠢ ᠣᠷᠣᠯᠴᠠᠯᠭ᠎ᠠ ᠵᠢᠨ ᠬᠡᠮᠵᠢᠶ᠎ᠡ᠂ ᠬᠡᠦᠬᠡᠳ᠎ᠤᠳ᠎ᠤᠨ ᠰᠤᠷᠭ᠋ᠠᠨ ᠬᠥᠮᠦᠵᠢᠯ ᠬᠦᠷᠲᠡᠬᠦ ᠲᠦᠪᠰᠢᠨ ᠵᠡᠷᠭᠡ᠎ᠠᠴᠠ ᠪᠦᠬᠦ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠨᠡᠨ ᠬᠦ᠌ ᠣᠯᠵᠤ ᠬᠠᠷᠠᠨ᠎ᠠ᠃ ᠲᠡᠭᠡᠪᠡᠯ 2021 ᠣᠨ᠎ᠠᠴᠠ ᠡᠬᠢᠯᠡᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠡᠬᠢᠯᠡᠯᠲᠡ᠂ ᠰᠢᠨ᠎ᠡ ᠴᠠᠭ ᠦᠶ᠎ᠡ ᠎ᠨᠢ ᠮᠠᠨ᠎ᠤ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶ᠋ᠢᠨ᠎ᠠ᠂ ᠡᠨᠡ ᠬᠦ᠌ ᠰᠢᠨ᠎ᠡ 《ᠬᠤᠶᠠᠷ ᠬᠥᠲᠥᠯᠪᠦᠷᠢ》 ᠎ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠᠶ᠋ᠢᠬᠤ ᠪᠤᠢ᠂ ᠥᠭᠡᠷ᠎ᠡ᠎ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ ᠪᠠ ᠣᠨᠴᠠᠯᠢᠭ ᠪᠠᠶ᠋ᠢᠬᠤ ᠪᠣᠶ?
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ
      ᠰᠢᠨ᠎ᠡ ᠴᠠᠭ ᠦᠶ᠎ᠡ᠎ᠳᠤ ᠬᠠᠨᠳᠤᠨ᠂ ᠰᠢᠨ᠎ᠡ ᠭᠠᠷᠤᠭ᠎ᠠ᠎ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠡᠮᠡᠭᠲᠡᠶ᠋ᠢᠴᠦᠳ᠂ ᠬᠡᠦᠬᠡᠳ᠂ ᠭᠡᠷ ᠪᠦᠯᠢ ᠵᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠤᠯᠤᠰ᠎ᠤᠨ ᠰᠢᠨ᠎ᠡ 《ᠬᠤᠶᠠᠷ ᠬᠥᠲᠥᠯᠪᠦᠷᠢ》 ᠵᠢᠨ ᠪᠠᠷᠢᠮᠵᠢᠶ᠎ᠠ᠎ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠵᠢᠨ ᠡᠮᠡᠭᠲᠡᠶ᠋ᠢᠴᠦᠳ ᠬᠡᠦᠬᠡᠳ᠎ᠤᠳ᠎ᠤᠨ ᠬᠥᠭᠵᠢᠯᠲᠡ ᠵᠢᠨ ᠬᠥᠲᠥᠯᠪᠦᠷᠢ (2021 — 2030 ᠣᠨ) ᠵᠢ ᠨᠠᠶ᠋ᠢᠷᠠᠭᠤᠯᠤᠨ ᠵᠣᠬᠢᠶᠠᠵᠤ᠂ ᠢᠷᠡᠭᠡᠳᠦᠶ ᠵᠢᠨ ᠠᠷᠪᠠᠨ ᠵᠢᠯ᠎ᠤᠨ ᠪᠥᠬᠦ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠬᠥᠭᠵᠢᠯᠲᠡ᠎ᠳᠤ ᠪᠥᠬᠦ ᠲᠠᠯ᠎ᠠ ᠵᠢᠨ ᠪᠥᠬᠦ ᠶᠠᠪᠤᠴᠠ ᠵᠢᠨ ᠰᠢᠨᠵᠢᠯᠡᠬᠦ ᠤᠬᠠᠭ᠋ᠠᠨᠴᠢ ᠲᠥᠯᠥᠪᠵᠢᠭᠦᠯᠭᠡ ᠬᠢᠪᠠ᠃ ᠥᠪᠡᠷᠲᠡᠭᠡᠨ ᠵᠠᠰᠠᠬᠤ ᠣᠷᠣᠨ᠎ᠤ ᠰᠢᠨ᠎ᠡ 《ᠬᠤᠶᠠᠷ ᠬᠥᠲᠥᠯᠪᠦᠷᠢ》᠎ᠨᠢ ᠲᠣᠰ ᠪᠦᠷᠢ 4 ᠬᠡᠰᠡᠭ ᠵᠶ᠋ᠠᠷ ᠪᠦᠷᠢᠯᠳᠦᠪᠡ᠃ ᠨᠢᠭᠡ᠎ᠳᠤ 《ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ》; ᠬᠤᠶᠠᠷ᠎ᠲᠤ 《ᠬᠥᠭᠵᠢᠯᠲᠡ ᠵᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠵᠢᠨ ᠠᠷᠭ᠎ᠠ ᠬᠡᠮᠵᠢᠶ᠎ᠡ》; ᠭᠤᠷᠪᠠ᠎ᠳᠤ 《ᠵᠣᠬᠢᠶᠠᠨ ᠪᠠᠶ᠋ᠢᠭᠤᠯᠤᠯᠲᠠ ᠬᠡᠷᠡᠭᠵᠢᠭᠦᠯᠦᠯᠲᠡ》; ᠲᠦᠷᠪᠡ᠎ᠳᠤ 《ᠬᠢᠨᠠᠨ ᠬᠡᠮᠵᠢᠯᠲᠡ ᠦᠨᠡᠯᠡᠯᠲᠡ ᠵᠢᠱ᠌ᠢᠯᠲᠡ》 ᠪᠣᠯᠤᠨ᠎ᠠ᠃ ᠡᠮᠡᠭᠲᠡᠶ᠋ᠢᠴᠦᠳ᠎ᠤᠨ ᠬᠥᠭᠵᠢᠯᠲᠡ ᠵᠢᠨ ᠬᠦᠲᠦᠯᠪᠦᠷᠢ᠎ᠳᠤ ᠭᠤᠣᠯᠳᠠᠭᠤ ᠡᠮᠡᠭᠲᠡᠶ᠋ᠢᠴᠦᠳ ᠬᠢᠭᠡᠳ ᠡᠷᠡᠭᠦᠯ ᠮᠡᠨᠳᠤ᠂ ᠰᠤᠷᠭ᠋ᠠᠨ ᠬᠥᠮᠦᠵᠢᠯ᠂ ᠠᠵᠤ ᠠᠬᠤᠶ᠂ ᠰᠢᠢ᠍ᠳᠪᠦᠷᠢᠲᠦ ᠪᠤᠳᠤᠯᠭ᠎ᠠ ᠪᠠ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ᠂ ᠭᠡᠷ ᠪᠦᠯᠢ ᠵᠢᠨ ᠪᠠᠶ᠋ᠢᠭᠤᠯᠤᠯᠲᠠ᠂ ᠣᠷᠴᠢᠨ ᠨᠥᠭᠦᠴᠡᠯ᠂ ᠬᠠᠤᠯᠢ ᠴᠠᠭ᠋ᠠᠵᠠ ᠵᠡᠷᠭᠡ 8 ᠬᠦᠷᠢᠶ᠎ᠡ ᠵᠢᠨ ᠲᠣᠭᠤᠷᠢᠨ᠎ᠳᠤ 81 ᠵᠦᠢ᠍ᠯ᠎ᠤᠨ ᠭᠤᠣᠯ ᠬᠠᠷᠠᠯᠲᠠ ᠡᠭᠦᠷᠭᠡ ᠪᠠ 97 ᠵᠦᠢ᠍ᠯ᠎ᠤᠨ ᠠᠷᠭ᠎ᠠ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠠᠶ᠃ ᠬᠡᠤᠬᠡᠳ᠎ᠤᠨ ᠬᠥᠭᠵᠢᠯᠲᠡ ᠵᠢᠨ ᠬᠥᠲᠥᠯᠪᠦᠷᠢ᠎ᠳᠤ ᠭᠤᠤᠯᠳᠠᠭᠤ ᠬᠡᠤᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭ᠋ᠠᠨ ᠬᠥᠮᠦᠵᠢᠯ᠂ ᠠᠰᠠᠷᠠᠮᠵᠢ᠂ ᠬᠡᠷ ᠪᠦᠯᠢ᠂ ᠣᠷᠴᠢᠨ ᠨᠥᠭᠦᠴᠡᠯ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠡᠷᠭᠡ 7 ᠬᠦᠷᠢᠶ᠎ᠡ ᠴᠠᠷᠠᠭ᠎ᠠ ᠵᠢᠨ ᠲᠣᠭᠤᠷᠢᠨ᠎ᠳᠤ 72 ᠵᠦᠢ᠍ᠯ᠎ᠤᠨ ᠭᠤᠤᠯ ᠬᠠᠷᠠᠯᠲᠠ ᠡᠭᠦᠷᠭᠡ ᠪᠠ 91 ᠵᠦᠢ᠍ᠯ᠎ᠤᠨ ᠠᠷᠭ᠎ᠠ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠰᠢᠨ᠎ᠡ 《ᠬᠤᠶᠠᠷ ᠬᠥᠲᠥᠯᠪᠦᠷᠢ》 ᠵᠢᠨ ᠲᠣᠭᠲᠠᠯᠴᠠᠭ᠎ᠠ ᠵᠢᠨ ᠪᠦᠷᠢᠨ ᠲᠦᠬᠦᠷ ᠴᠢᠨᠠᠷ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠦᠷᠭᠦᠯᠵᠢᠯᠡᠯ ᠴᠢᠨᠠᠷ᠎ᠢ ᠢᠯᠡᠷᠡᠭᠦᠯᠪᠡ᠃ ᠬᠤᠷᠢᠶᠠᠩᠭᠤᠶ᠋ᠢᠯᠠᠪᠠᠯ᠂ ᠥᠪᠡᠷᠲᠡᠭᠡᠨ ᠵᠠᠰᠠᠬᠤ ᠣᠷᠣᠨ᠎ᠤ ᠰᠢᠨ᠎ᠡ 《ᠬᠤᠶᠠᠷ ᠬᠥᠲᠥᠯᠪᠦᠷᠢ》᠎ᠨᠢ ᠳᠠᠷᠠᠭ᠋ᠠᠬᠢ ᠮᠡᠲᠦ ᠵᠢᠨ ᠣᠨᠴᠠᠯᠢᠭ ᠪᠠ ᠬᠢᠯᠠᠰ ᠴᠡᠭ᠎ᠤᠳ᠎ᠲᠠᠢ᠃ ᠨᠢᠭᠡ᠎ᠳᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠵᠥᠪ ᠴᠢᠭᠯᠡᠯ᠎ᠢ ᠪᠠᠲᠤᠯᠠᠵᠠᠢ᠃ ᠰᠢᠨ᠎ᠡ 《ᠬᠤᠶᠠᠷ ᠬᠥᠲᠥᠯᠪᠦᠷᠢ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠡᠮᠡᠭᠲᠡᠶ᠋ᠢᠴᠦᠳ᠎ᠤᠨ ᠬᠥᠭᠵᠢᠯᠲᠡ ᠵᠢᠨ ᠵᠠᠮ᠎ᠢ ᠪᠠᠷᠢᠮᠲᠠᠯᠠᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠬᠥᠭᠵᠢᠯᠲᠡ ᠵᠢᠨ ᠤᠯᠤᠰ ᠲᠥᠷᠥ ᠵᠢᠨ ᠴᠢᠭᠯᠡᠯ᠎ᠢ ᠣᠨᠣᠪᠴᠢᠲᠠᠶ ᠡᠵᠡᠮᠳᠡᠨ᠂ ᠡᠷᠡᠭᠲᠡᠶ ᠡᠮᠡᠭᠲᠡᠶ ᠡᠷᠬᠡ ᠲᠡᠭᠰᠢ ᠪᠠᠶ᠋ᠢᠬᠤ᠂ ᠬᠡᠤᠬᠡᠳ᠎ᠢ ᠤᠷᠢᠳ ᠵᠶ᠋ᠠᠷ ᠪᠣᠳᠤᠯᠬᠢᠯᠠᠬᠤ ᠵᠠᠷᠴᠢᠮ᠎ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠲᠣᠬᠢᠷᠠᠭᠤᠯᠤᠯᠲᠠ ᠵᠢ ᠲᠡᠷᠡ ᠬᠡᠪ ᠵᠶ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠬᠥᠭᠵᠢᠯᠲᠡ ᠵᠢᠨ ᠪᠥᠬᠦ ᠶᠠᠪᠤᠴᠠ ᠪᠠ ᠡᠯ᠎ᠡ ᠲᠠᠯ᠎ᠠ᠎ᠳᠤ ᠦᠨᠡᠨ ᠬᠦ᠌ ᠲᠤᠭᠤᠰᠢᠯᠠᠭᠤᠯᠵᠠᠢ᠃ ᠬᠤᠶᠠᠷ᠎ᠲᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠪᠠ᠃ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠰᠢᠨ᠎ᠡ 《ᠬᠤᠶᠠᠷ ᠬᠥᠲᠥᠯᠪᠦᠷᠢ》᠎ᠳᠤ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠡᠷ ᠪᠦᠯᠢ ᠵᠢᠨ ᠪᠦᠷᠢᠯᠳᠦᠬᠦᠨ᠎ᠤ ᠨᠡᠶ᠋ᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠬᠦ ᠵᠢ᠎ᠨᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠥᠷᠭᠡᠨ ᠤᠯᠠᠨ ᠡᠮᠡᠭᠲᠡᠶ᠋ᠢᠴᠦᠳ ᠬᠡᠦᠬᠡᠳ᠎ᠤᠳ᠎ᠤᠨ ᠰᠡᠳᠬᠢᠯ᠎ᠳᠤ ᠪᠠᠲᠤ ᠦᠨᠳᠦᠰᠦᠯᠡᠭᠦᠯᠬᠦ ᠵᠢ ᠠᠬᠢᠭᠤᠯᠬᠤ ᠵᠢ ᠳᠣᠪᠤᠶ᠋ᠢᠮ᠎ᠠ ᠴᠢᠬᠤᠯᠠᠴᠢᠯᠠᠵᠠᠢ᠃ 《ᠡᠮᠡᠭᠲᠡᠶ᠋ᠢᠴᠦᠳ᠎ᠤᠨ ᠬᠥᠲᠥᠯᠪᠦᠷᠢ》᠎ᠳᠤ᠂ ᠡᠮᠡᠭᠲᠡᠶ᠋ᠢᠴᠦᠳ᠎ᠢ ᠦᠵᠡᠯ ᠰᠠᠨᠠᠭ᠎ᠠ ᠤᠯᠤᠰ ᠲᠥᠷᠥ᠎ᠪᠠᠷ ᠬᠥᠲᠥᠯᠦᠨ ᠳᠠᠭ᠋ᠠᠭᠤᠯᠬᠤ ᠵᠢ ᠴᠢᠩᠭ᠋ᠠᠳᠬᠠᠵᠤ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠡᠮᠡᠭᠲᠡᠶ᠋ᠢᠴᠦᠳ᠎ᠢ ᠪᠦᠯᠬᠦᠮᠳᠡᠭᠦᠯᠦᠨ ᠨᠠᠮ᠎ᠤᠨ ᠦᠭᠡ ᠵᠢ ᠡᠷᠡᠰ ᠰᠣᠨᠣᠰᠴᠤ᠂ ᠨᠠᠮ ᠵᠶ᠋ᠠᠨ ᠡᠭᠦᠷᠢᠳᠡ ᠳᠠᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃ 《ᠬᠡᠦᠬᠡᠳ᠎ᠤᠨ ᠬᠥᠲᠥᠯᠪᠦᠷᠢ》᠎ᠳᠤ᠂ ᠶᠣᠰᠣ ᠮᠣᠷᠠᠯ᠎ᠢ ᠪᠤᠢ ᠪᠣᠯᠭ᠋ᠠᠨ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠬᠡᠦᠬᠡᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠬᠥᠮᠦᠵᠢᠯ᠎ᠢ ᠴᠢᠩᠭ᠋ᠠᠳᠬᠠᠵᠤ᠂ ᠶᠣᠰᠣ ᠮᠣᠷᠠᠯ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠴᠠᠭ ᠦᠶ᠎ᠡ ᠵᠢᠨ ᠰᠢᠨ᠎ᠡ ᠬᠥᠮᠦᠨ᠎ᠢ ᠬᠦᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠵᠠᠶ᠃ ᠭᠤᠷᠪᠠ᠎ᠳᠤ᠂ ᠠᠷᠠᠳ ᠲᠦᠮᠡᠨ ᠵᠶ᠋ᠠᠨ ᠳᠡᠭᠡᠳᠦᠯᠡᠬᠦ ᠵᠢ ᠪᠠᠷᠢᠮᠲᠠᠯᠠᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠨ᠎ᠠ᠃ ᠰᠢᠨ᠎ᠡ 《ᠬᠤᠶᠠᠷ ᠬᠥᠲᠥᠯᠪᠦᠷᠢ》᠎ᠳᠤ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠤᠨ᠂ ᠬᠡᠤᠬᠡᠳ᠎ᠤᠨ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠬᠡᠵᠦ᠂ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ᠂ ᠬᠥᠮᠦᠨ᠎ᠤ ᠪᠥᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠶᠠᠪᠤᠳᠠᠯ ᠵᠶ᠋ᠠᠷ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠡᠬᠢᠯᠡᠯ ᠪᠠ ᠵᠣᠭᠰᠤᠴᠠ ᠪᠣᠯᠭ᠋ᠠᠵᠤ᠂ ᠡᠷᠡᠭᠦᠯ ᠮᠡᠨᠳᠦ᠂ ᠰᠤᠷᠭ᠋ᠠᠨ ᠬᠥᠮᠦᠵᠢᠯ᠂ ᠠᠵᠤ ᠠᠬᠤᠶ᠂ ᠰᠢᠢ᠍ᠳᠪᠦᠷᠢᠲᠦ ᠪᠣᠳᠣᠯᠭ᠎ᠠ ᠪᠠ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ᠂ ᠬᠡᠷ ᠪᠦᠯᠢ ᠵᠢᠨ ᠪᠠᠶ᠋ᠢᠭᠤᠯᠤᠯᠲᠠ᠂ ᠣᠷᠴᠢᠨ ᠨᠥᠭᠦᠴᠡᠯ᠂ ᠠᠮᠤᠷ ᠲᠦᠪᠰᠢᠨ᠂ ᠬᠠᠤᠯᠢ ᠴᠠᠭ᠋ᠠᠵᠠ ᠵᠡᠷᠭᠡ ᠡᠯ᠎ᠡ ᠬᠦᠷᠢᠶᠡᠨ᠎ᠳᠤ ᠲᠤᠭᠤᠰᠢᠯᠠᠭᠤᠯᠤᠨ᠂ ᠡᠮᠡᠭᠲᠡᠶ᠋ᠢᠴᠦᠳ ᠬᠡᠦᠬᠡᠳ᠎ᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠠᠢ᠃ ᠬᠦᠲᠦᠯᠪᠦᠷᠢ᠎ᠳᠤ ᠪᠠᠰᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ ᠬᠢᠭᠡᠳ ᠲᠦᠷᠢᠮ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ᠎ᠤᠨ ᠬᠤᠭᠤᠷᠤᠨᠳᠤ ᠡᠮᠡᠭᠲᠡᠶ᠋ᠢᠴᠦᠳ ᠬᠡᠦᠬᠡᠳ᠎ᠤᠳ᠎ᠢ ᠵᠡᠷᠭᠡᠪᠡᠷ ᠲᠡᠩᠴᠡᠭᠦᠷᠢᠲᠡᠢ ᠬᠥᠭᠵᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ᠎ᠢ ᠪᠦᠬᠦ ᠲᠠᠯ᠎ᠠ᠎ᠪᠠᠷ ᠪᠦᠬᠦ ᠶᠠᠪᠤᠴᠠ᠎ᠪᠠᠷ ᠶᠡᠷᠦᠩᠬᠡᠶ᠋ᠢᠯᠡᠭᠰᠡᠨ ᠬᠠᠮᠠᠭ᠋ᠠᠯᠠᠬᠤ ᠵᠢ ᠴᠢᠩᠭ᠋ᠠᠳᠬᠠᠵᠤ᠂ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠤᠯᠠᠨ ᠡᠮᠡᠭᠲᠡᠶ᠋ᠢᠴᠦᠳ ᠬᠡᠦᠬᠡᠳ᠎ᠤᠳ᠎ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃ ᠲᠦᠷᠪᠡ᠎ᠳᠤ᠂ ᠶᠡᠭᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠬᠦᠴᠦᠨ ᠴᠢᠳᠠᠯ᠎ᠢ ᠭᠦᠢ᠍ᠴᠡᠳ ᠪᠠᠳᠠᠷᠠᠭᠤᠯᠵᠠᠢ᠃ ᠰᠢᠨ᠎ᠡ 《ᠬᠤᠶᠠᠷ ᠬᠥᠲᠥᠯᠪᠦᠷᠢ》᠎ᠨᠢ ᠶᠡᠷᠦᠩᠬᠡᠢ ᠱᠦᠵᠢ ᠰᠢ ᠵᠢᠨ ᠫᠢᠩ ᠪᠠ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠣᠭᠲᠠᠭ᠋ᠠᠭᠰᠠᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠬᠢᠭᠡᠳ ᠠᠵᠢᠯᠯᠠᠭ᠋ᠠᠨ᠎ᠤ ᠬᠥᠲᠥᠯᠪᠦᠷᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠵᠢ ᠪᠦᠳᠦᠬᠡᠨ ᠪᠠᠶ᠋ᠢᠭᠤᠯᠬᠤ᠎ᠪᠠᠷ ᠭᠤᠣᠯᠳᠠᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠦᠳᠦᠬᠡᠨ ᠪᠠᠶ᠋ᠢᠭᠤᠯᠬᠤ᠎ᠳᠤ ᠡᠮᠡᠭᠲᠡᠶ᠋ᠢᠴᠦᠳ᠎ᠤᠨ ᠬᠦᠴᠦᠨ ᠴᠢᠳᠠᠯ᠎ᠢ ᠡᠷᠭᠦᠬᠦ ᠵᠢ ᠴᠢᠬᠤᠯᠠᠴᠢᠯᠠᠵᠠᠢ᠃ ᠬᠥᠲᠥᠯᠪᠦᠷᠢ᠎ᠳᠤ ᠪᠠᠰᠠ᠂ ᠡᠮᠡᠭᠲᠡᠶ᠋ᠢᠴᠦᠳ ᠬᠡᠦᠬᠡᠳ᠎ᠤᠳ᠎ᠤᠨ ᠠᠮᠢ ᠠᠬᠤᠢ ᠵᠢᠨ ᠪᠣᠯᠪᠠᠰᠤᠨ ᠪᠠ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠤᠬᠠᠮᠰᠠᠷ᠎ᠢ ᠳᠡᠭᠡᠭᠰᠢᠯᠡᠭᠦᠯᠵᠦ᠂ ᠠᠮᠢ ᠠᠬᠤᠢ ᠵᠢ ᠤᠷᠢᠳ ᠵᠶ᠋ᠠᠷ ᠪᠣᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠠᠬᠢᠭᠤᠯᠤᠭᠴᠢ ᠪᠠ ᠦᠢ᠍ᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠠᠪᠤ᠎ᠳᠤ᠂ ᠳᠤᠲᠠᠭᠳᠠᠯ ᠲᠠᠯ᠎ᠠ᠎ᠪᠠᠨ ᠨᠥᠬᠦᠪᠥᠷᠢᠯᠡᠬᠦ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠠᠢ᠃ ᠰᠢᠨ᠎ᠡ 《ᠬᠤᠶᠠᠷ ᠬᠥᠲᠥᠯᠪᠦᠷᠢ》᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠣᠯᠠᠨ ᠲᠦᠮᠡᠨ᠎ᠤ ᠠᠩᠬᠠᠷᠤᠯ ᠪᠠ ᠬᠦᠰᠡᠯ ᠡᠷᠡᠮᠡᠯᠵᠡᠯ᠎ᠳᠤ ᠢᠳᠡᠪᠬᠢᠲᠡᠶ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠣᠷᠣᠨ᠎ᠤ ᠣᠨᠴᠠᠯᠢᠭ ᠪᠠ ᠬᠥᠭᠵᠢᠯᠲᠡ ᠵᠢᠨ ᠪᠣᠳᠠᠲᠠᠶ᠎ᠲᠠᠢ ᠤᠶᠠᠯᠳᠤᠭᠤᠯᠤᠨ᠂ ᠳᠤᠲᠠᠭᠳᠠᠯ ᠲᠠᠯ᠎ᠠ᠎ᠪᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠶ ᠵᠦᠢ᠍ᠯᠡᠰ᠎ᠤᠨ ᠭᠤᠤᠯᠳᠠᠯᠭ᠎ᠠ᠎ᠲᠠᠢ ᠡᠭᠦᠷᠭᠡ ᠵᠢ ᠳᠤᠷᠠᠳᠤᠭᠰᠠᠨ ᠮᠥᠷᠲᠡᠭᠡᠨ ᠪᠠᠰᠠ ᠬᠥᠭᠵᠢᠯᠲᠡ ᠵᠢᠨ ᠭᠤᠤᠯᠳᠠᠯᠭ᠎ᠠ᠎ᠲᠠᠢ ᠬᠦᠷᠢᠶ᠎ᠡ ᠪᠠ ᠭᠤᠤᠯ ᠭᠦᠢ᠍ᠴᠡᠳᠬᠡᠯ ᠲᠤᠭ᠎ᠠ ᠵᠢ ᠲᠣᠳᠣᠷᠬᠠᠶ᠋ᠢᠯᠠᠭᠰᠠᠨ ᠪᠠᠶ᠋ᠢᠨ᠎ᠠ᠃ ᠰᠢᠨ᠎ᠡ 《ᠬᠤᠶᠠᠷ ᠬᠥᠲᠥᠯᠪᠦᠷᠢ》᠎ᠳᠤ 《ᠠᠵᠢᠯ ᠣᠯᠭᠤᠯᠲᠠ᠎ᠳᠤ ᠭᠦᠢ᠍ᠰᠦ ᠵᠢᠨ ᠢᠯᠭ᠋ᠠᠯ᠎ᠤᠨ ᠭᠠᠳᠠᠭᠤᠷᠴᠢᠯᠠᠯ᠎ᠢ ᠠᠷᠢᠯᠭ᠋ᠠᠬᠤ》 《ᠡᠮᠡᠭᠲᠡᠶ ᠴᠢᠳᠠᠪᠤᠷᠢᠲᠠᠳ᠎ᠤᠨ ᠬᠥᠭᠵᠢᠯᠲᠡ ᠵᠢ ᠠᠬᠢᠭᠤᠯᠬᠤ》 ᠵᠡᠷᠭᠡ ᠬᠠᠷᠠᠯᠲᠠ ᠵᠢ ᠳᠤᠷᠠᠳᠴᠤ᠂ ᠡᠮᠡᠭᠲᠡᠶ᠋ᠢᠴᠦᠳ᠎ᠤᠨ ᠬᠥᠲᠥᠯᠪᠦᠷᠢ᠎ᠳᠤ 《ᠡᠮᠡᠭᠲᠡᠶ᠋ᠢᠴᠦᠳ ᠬᠢᠭᠡᠳ ᠬᠡᠷ ᠪᠦᠯᠢ ᠵᠢᠨ ᠪᠠᠶ᠋ᠢᠭᠤᠯᠤᠯᠲᠠ》 ᠵᠢ ᠨᠡᠮᠡᠨ ᠣᠷᠣᠭᠤᠯᠵᠤ᠂ ᠬᠡᠤᠬᠡᠳ᠎ᠤᠨ ᠬᠥᠲᠥᠯᠪᠦᠷᠢ᠎ᠳᠤ 《ᠬᠡᠤᠬᠡᠳ ᠬᠢᠭᠡᠳ ᠬᠡᠷ ᠪᠦᠯᠢ》 ᠪᠠ 《ᠬᠡᠤᠬᠡᠳ ᠬᠢᠭᠡᠳ ᠠᠮᠤᠷ ᠲᠦᠪᠰᠢᠨ》 ᠵᠡᠷᠭᠡ ᠴᠢᠬᠤᠯᠠ ᠠᠭᠤᠯᠭ᠎ᠠ᠎ᠨᠤᠭᠤᠳ᠎ᠢ ᠨᠡᠮᠡᠪᠡ᠃ ᠤᠯᠤᠰ᠎ᠤᠨ ᠰᠢᠨ᠎ᠡ 《ᠬᠤᠶᠠᠷ ᠬᠥᠲᠥᠯᠪᠦᠷᠢ》᠎ᠲᠠᠢ ᠬᠠᠷᠢᠴᠠᠭᠤᠯᠪᠠᠯ᠂ ᠮᠠᠨ᠎ᠤ ᠣᠷᠣᠨ᠎ᠤ ᠰᠢᠨ᠎ᠡ 《ᠬᠤᠶᠠᠷ ᠬᠥᠲᠥᠯᠪᠦᠷᠢ》᠎ᠳᠤ ᠮᠡᠰᠡ ᠵᠠᠰᠠᠯ ᠵᠶ᠋ᠠᠷ ᠬᠥᠩᠭᠡᠵᠢᠭᠦᠯᠬᠦ ᠵᠢ ᠬᠢᠵᠠᠭ᠋ᠠᠷᠯᠠᠬᠤ᠂ ᠡᠮᠡᠭᠲᠡᠶ᠋ᠢᠴᠦᠳ᠎ᠤᠨ ᠠᠳᠠᠯ ᠦᠢ᠍ᠯᠡᠰ ᠴᠣᠭᠴᠠᠯᠠᠵᠤ ᠠᠵᠢᠯ ᠤᠯᠬᠤ᠂ ᠰᠤᠮᠤ ᠰᠢᠶᠠᠩ ᠪᠠᠯᠭ᠋ᠠᠰᠤᠨ᠎ᠤ ᠤᠳᠤᠷᠢᠳᠬᠤ ᠪᠠᠭ᠎ᠲᠤ ᠡᠮᠡᠭᠲᠡᠶ ᠺᠠᠳ᠋ᠷ ᠳᠣᠭᠢᠷᠠᠭᠤᠯᠬᠤ᠂ ᠬᠡᠷ ᠪᠦᠯᠢ ᠵᠢᠨ ᠠᠰᠠᠭᠤᠳᠠᠯ᠎ᠤᠨ ᠰᠤᠳᠤᠯᠭ᠋ᠠᠨ ᠵᠢᠴᠢ ᠴᠢᠳᠠᠪᠤᠷᠢ ᠵᠢᠨ ᠪᠠᠶ᠋ᠢᠭᠤᠯᠤᠯᠲᠠ᠂ ᠪᠣᠬᠢᠷᠲᠤᠯ᠎ᠢ ᠭᠠᠳᠠᠭᠰᠢᠯᠠᠭᠤᠯᠬᠤ᠂ ᠬᠤᠭ ᠨᠣᠪᠰᠢ ᠵᠢ ᠲᠥᠷᠥᠯ ᠬᠤᠪᠢᠶᠠᠬᠤ᠂ ᠬᠡᠤᠬᠡᠳ᠎ᠤᠨ ᠠᠮᠠᠨ ᠬᠥᠨᠳᠡᠶ ᠵᠢᠨ ᠡᠷᠡᠭᠦᠯᠵᠢᠯ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠬᠤᠶᠠᠷ᠎ᠢ ᠬᠥᠩᠭᠡᠷᠡᠬᠦᠯᠬᠦ》 ᠵᠡᠷᠭᠡ 8 ᠵᠦᠢ᠍ᠯ᠎ᠤᠨ ᠭᠦᠢ᠍ᠴᠡᠳᠬᠡᠯ ᠲᠤᠭ᠎ᠠ ᠵᠢ ᠨᠡᠮᠡᠪᠡ᠃ ᠡᠷᠡᠭᠦᠯ ᠮᠡᠨᠳᠦ᠂ ᠰᠤᠷᠭ᠋ᠠᠨ ᠬᠥᠮᠦᠵᠢᠯ᠂ ᠨᠡᠶ᠋ᠢᠭᠡᠮ᠎ᠤᠨ ᠪᠠᠲᠤᠯᠠᠭ᠎ᠠ᠂ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠬᠦᠷᠢᠶ᠎ᠡ ᠴᠠᠷᠠᠭ᠎ᠠ᠎ᠳᠤ ᠬᠤᠯᠪᠤᠭᠳᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠣᠳᠠᠲᠤ ᠪᠠᠶ᠋ᠢᠳᠠᠯ ᠪᠠ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠥᠪᠡᠷᠲᠡᠭᠡᠨ ᠵᠠᠰᠠᠬᠤ ᠣᠷᠣᠨ ᠡᠮᠡᠭᠲᠡᠶ᠋ᠢᠴᠦᠳ ᠬᠡᠤᠬᠡᠳ᠎ᠤᠳ᠎ᠢ ᠴᠢᠬᠤᠯᠠᠴᠢᠯᠠᠨ ᠬᠠᠯᠠᠮᠵᠢᠯᠠᠵᠤ ᠪᠠᠶ᠋ᠢᠬᠤ ᠵᠢ ᠢᠯᠡᠷᠡᠭᠦᠯᠵᠦ᠂ ᠬᠥᠭᠵᠢᠯᠲᠡ ᠵᠢᠨ ᠲᠠᠯ᠎ᠠ᠎ᠪᠠᠷ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠭᠰᠠᠨ ᠪᠠᠶ᠋ᠢᠨ᠎ᠠ᠃ ᠬᠥᠲᠥᠯᠥᠭᠴᠢ ᠭᠦᠸᠧ ᠲᠡᠷᠢᠭᠦᠯᠡᠭᠴᠢ ᠡ᠂ ᠲᠠᠨ᠎ᠤ ᠢᠩᠭᠢᠵᠦ ᠬᠡᠯᠡᠬᠦ ᠵᠢ ᠰᠣᠨᠣᠰᠤᠭ᠋ᠠᠳ᠂ ᠡᠨᠡ ᠬᠦ᠌ ᠰᠢᠨ᠎ᠡ 《ᠬᠤᠶᠠᠷ ᠬᠥᠲᠥᠯᠪᠦᠷᠢ》᠎ᠨᠢ ᠡᠮᠡᠭᠲᠡᠶ᠋ᠢᠴᠦᠳ ᠬᠡᠦᠬᠡᠳ᠎ᠤᠳ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ 《ᠰᠠᠶ᠋ᠢᠨ ᠵᠣᠷ》 ᠪᠣᠯᠬᠤ᠎ᠪᠠᠷ ᠪᠠᠷᠠᠬᠤ ᠥᠬᠡᠶ᠂ ᠪᠠᠰᠠ 《ᠪᠠᠷᠢᠯᠭ᠎ᠠ ᠵᠢᠨ ᠵᠢᠷᠤᠭ》᠂ ᠨᠠᠩ ᠴᠤ᠌ 《ᠠᠵᠢᠯᠯᠠᠭ᠋ᠠᠨ᠎ᠤ ᠵᠦᠭᠯᠡᠭᠦᠷ》 ᠪᠣᠯᠤᠨ᠎ᠠ ᠭᠡᠳᠡᠭ᠎ᠢ ᠮᠡᠳᠡᠯ᠎ᠡ᠂ ᠡᠨᠡ ᠴᠢᠨᠢ ᠬᠥᠮᠦᠰ᠎ᠤᠨ ᠬᠦᠰᠡᠯ ᠡᠷᠡᠮᠡᠯᠵᠡᠯ᠎ᠢ ᠶᠡᠬᠡᠳᠡ ᠲᠠᠲᠠᠵᠤ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ ᠶᠠᠭ ᠲᠡᠶ᠋ᠢᠮᠦ ᠡ᠂ ᠵᠢᠷᠤᠭ ᠲᠥᠯᠥᠪᠯᠡᠭᠡ ᠵᠢ ᠨᠢᠭᠡᠨᠲᠡ ᠵᠢᠷᠤᠭᠯᠠᠪᠠ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠬᠥᠲᠥᠯᠪᠦᠷᠢ ᠵᠢ ᠡᠮᠡᠭᠲᠡᠶ᠋ᠢᠴᠦᠳ ᠬᠡᠦᠬᠡᠳ᠎ᠲᠤ ᠠᠰᠢᠭ ᠬᠦᠷᠲᠡᠭᠡᠬᠦ ᠪᠤᠶᠠᠨ ᠵᠢᠷᠭ᠋ᠠᠯ ᠪᠣᠯᠭ᠋ᠠᠨ ᠬᠤᠪᠢᠷᠠᠭᠤᠯᠬᠤ᠎ᠳᠤ ᠪᠠᠰᠠ ᠡᠯ᠎ᠡ ᠱᠠᠲᠤᠨ᠎ᠤ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠶ᠋ᠢᠯᠭ᠎ᠠ ᠱᠠᠭ᠋ᠠᠷᠳᠠᠭᠳᠠᠨ᠎ᠠ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ᠎ᠨᠢ ᠨᠠᠮ᠎ᠤᠨ ᠬᠤᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ᠎ᠤᠨ ᠵᠥᠪᠯᠡᠯ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ᠎ᠤᠳ ᠬᠠᠮᠲᠤᠷᠠᠯᠴᠠᠬᠤ᠂ ᠪᠦᠬᠦ ᠨᠡᠶ᠋ᠢᠭᠡᠮ ᠵᠶ᠋ᠠᠷ ᠵᠶ᠋ᠠᠨ ᠣᠷᠤᠯᠴᠠᠭᠰᠠᠨ ᠬᠥᠲᠥᠯᠪᠦᠷᠢ ᠵᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠴᠢᠨᠠᠭᠰᠢᠳᠠ ᠪᠦᠷᠢᠨᠰᠢᠭᠦᠯᠦᠨ ᠨᠠᠶ᠋ᠢᠳᠠᠪᠤᠷᠢᠵᠢᠭᠤᠯᠤᠨ᠎ᠠ᠃ ᠣᠨ᠎ᠤ ᠬᠠᠷᠠᠯᠲᠠ ᠡᠭᠦᠷᠭᠡ ᠵᠢ ᠨᠠᠷᠢᠯᠢᠬ᠍ᠵᠢᠭᠤᠯᠵᠤ᠂ ᠤᠬᠠᠭᠤᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ ᠦᠢ᠍ᠯᠡᠰ᠎ᠢ ᠠᠵᠤ ᠠᠬᠤᠶ ᠨᠡᠶ᠋ᠢᠭᠡᠮ᠎ᠯᠦᠭᠡ ᠵᠡᠷᠭᠡᠪᠡᠷ ᠴᠢᠨᠠᠷ ᠰᠠᠶ᠋ᠢᠲᠠᠶ ᠬᠥᠭᠵᠢᠭᠦᠯᠬᠦ ᠵᠢ ᠠᠬᠢᠭᠤᠯᠤᠨ᠂ ᠡᠮᠡᠭᠲᠡᠶ᠋ᠢᠴᠦᠳ᠎ᠤᠨ ᠪᠥᠬᠦ ᠲᠠᠯ᠎ᠠ᠎ᠪᠠᠷ ᠬᠥᠭᠵᠢᠬᠦ᠂ ᠬᠡᠤᠬᠡᠳ᠎ᠤᠨ ᠡᠷᠡᠭᠦᠯ ᠵᠶ᠋ᠠᠷ ᠦᠰᠦᠨ ᠪᠤᠶ᠋ᠢᠵᠢᠬᠤ᠎ᠳᠤ ᠰᠠᠶ᠋ᠢᠨ ᠰᠠᠶ᠋ᠢᠬᠠᠨ ᠣᠷᠴᠢᠨ ᠨᠥᠭᠦᠴᠡᠯ᠎ᠢ ᠪᠣᠶ ᠪᠣᠯᠭ᠋ᠠᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ ᠬᠡᠦᠬᠡᠳ᠎ᠤᠳ᠎ᠤᠨ ᠠᠵᠢᠯ ᠦᠢ᠍ᠯᠡᠰ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠨ᠎ᠠ᠃
      ᠬᠥᠲᠥᠯᠥᠭᠴᠢ
       ᠵᠠ᠂ ᠭᠦᠸᠧ ᠲᠡᠷᠢᠭᠦᠯᠡᠭᠴᠢ ᠪᠢᠳᠡᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ 《ᠬᠤᠶᠠᠷ ᠬᠥᠲᠥᠯᠪᠦᠷᠢ》 ᠵᠢᠨ ᠲᠤᠬᠠᠶ ᠨᠠᠷᠢᠨ ᠲᠠᠶ᠋ᠢᠯᠤᠮᠵᠢ ᠬᠢᠵᠦ ᠥᠭᠭᠦᠭᠰᠡᠨ᠎ᠳᠤ ᠮᠠᠰᠢ ᠲᠠᠯᠠᠷᠬᠠᠵᠤ ᠪᠠᠶ᠋ᠢᠨ᠎ᠠ᠃ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ 《ᠰᠦᠯᠵᠢᠶᠡᠨ ᠳᠡᠭᠡᠷᠡᠬᠢ ᠰᠤᠷᠪᠤᠯᠵᠢᠯᠠᠭ᠎ᠠ》 ᠎ᠳᠤ ᠠᠩᠬᠠᠷᠤᠯ ᠲᠠᠯᠪᠢᠭᠰᠠᠨ᠎ᠳᠤ ᠲᠠᠯᠠᠷᠬᠠᠵᠤ ᠪᠠᠶ᠋ᠢᠨ᠎ᠠ᠂ ᠲᠣᠰ ᠬᠤᠭᠤᠴᠠᠭ᠋ᠠᠨ᠎ᠤ 《ᠰᠦᠯᠵᠢᠶᠡᠨ ᠳᠡᠭᠡᠷᠡᠬᠢ ᠰᠤᠷᠪᠤᠯᠵᠢᠯᠠᠭ᠎ᠠ》 ᠠᠳᠡ ᠬᠦᠷᠦᠭᠡᠳ ᠲᠡᠭᠦᠰᠪᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠭ᠋ᠠᠳ ᠠᠭᠤᠯᠵᠠᠶ᠎ᠠ!

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ