10 ᠳ᠋ᠤᠭ᠋ᠠᠷ ᠰᠠᠷ᠎ᠠ ᠵᠢᠨ 16᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠢᠩᠬᠢᠮ᠎ᠳᠤ ᠡᠬᠢᠯᠡᠪᠡ᠃ ᠰᠢ ᠵᠢᠨ ᠫᠢᠩ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢ ᠲᠥᠯᠥᠭᠡᠯᠡᠨ ᠶᠡᠬᠡ ᠬᠤᠷᠠᠯ᠎ᠳᠤ ᠢᠯᠡᠳᠬᠡᠯ ᠬᠢᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠬᠢᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠡᠬᠢᠯᠡᠯᠲᠡ ᠵᠢᠨ ᠬᠤᠷᠠᠯ᠎ᠤᠨ ᠰᠢᠭᠤᠳ ᠨᠡᠪᠲᠡᠷᠡᠭᠦᠯᠭᠡ ᠵᠢ ᠭᠥᠯᠢᠶᠡᠨ ᠠᠪᠴᠤ ᠦᠵᠡᠵᠦ᠂ ᠰᠢ ᠵᠢᠨ ᠫᠢᠩ ᠶᠡᠷᠦᠩᠬᠡᠢ ᠱᠦᠵᠢ ᠵᠢᠨ ᠬᠢᠭᠰᠡᠨ ᠢᠯᠡᠳᠬᠡᠯ᠎ᠢ ᠨᠠᠷᠢᠨ ᠬᠢᠨᠠᠮᠠᠭ᠋ᠠᠢ ᠰᠣᠨᠣᠰᠴᠠᠢ᠃
ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠰᠢᠨ᠎ᠡ ᠠᠶᠠᠨ᠎ᠳᠤ ᠮᠣᠷᠳᠠᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠬᠤ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠨᠢᠭᠡ ᠤᠳᠠᠭ᠋ᠠᠨ᠎ᠤ ᠲᠤᠢ᠌ᠯ᠎ᠤᠨ ᠴᠢᠬᠤᠯᠠ ᠶᠡᠬᠡ ᠬᠤᠷᠠᠯ ᠪᠣᠯᠣᠨ᠎ᠠ ᠭᠡᠵᠦ ᠤᠯᠠᠨ ᠵᠶ᠋ᠠᠷ ᠵᠶ᠋ᠠᠨ ᠰᠠᠨᠠᠯ ᠨᠢᠭᠡᠲᠡᠢ ᠦᠵᠡᠪᠡ᠃ ᠰᠢ ᠵᠢᠨ ᠫᠢᠩ ᠶᠡᠷᠦᠩᠬᠡᠢ ᠱᠦᠵᠢ ᠵᠢᠨ ᠬᠢᠭᠰᠡᠨ ᠶᠡᠬᠡ ᠬᠤᠷᠠᠯ᠎ᠤᠨ ᠢᠯᠡᠳᠬᠡᠯ᠎ᠨᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ 5 ᠵᠢᠯ᠎ᠤᠨ ᠠᠵᠢᠯ ᠪᠣᠯᠣᠨ ᠰᠢᠨ᠎ᠡ ᠴᠠᠭ ᠦᠶ᠎ᠡ ᠵᠢᠨ 10 ᠵᠢᠯ᠎ᠤᠨ ᠠᠭᠤᠤ ᠶᠡᠬᠡ ᠬᠤᠪᠢᠰᠤᠯᠲᠠ ᠵᠢ ᠪᠦᠬᠦ ᠲᠠᠯ᠎ᠠ᠎ᠪᠠᠷ ᠳ᠋ᠦᠩᠨᠡᠵᠦ᠂ ᠢᠷᠡᠭᠡᠳᠦᠢ ᠵᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭ᠋ᠠᠨ᠎ᠳᠠᠬᠢ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠡᠭᠦᠷᠭᠡ ᠪᠠ ᠦᠨᠳᠦᠰᠦᠨ ᠪᠣᠳᠣᠯᠭ᠎ᠠ ᠴᠢᠭᠯᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠵᠦ᠂ ᠪᠦᠬᠦ ᠲᠠᠯ᠎ᠠ᠎ᠳᠤ ᠠᠩᠬᠠᠷᠤᠯ ᠲᠠᠯᠪᠢᠵᠦ᠂ ᠬᠦᠮᠦᠰ᠎ᠤᠨ ᠰᠡᠳᠬᠢᠯ᠎ᠢ ᠨᠢᠠᠠᠲᠠᠷᠠᠭᠤᠯᠵᠦ᠂ ᠬᠥᠮᠥᠰ᠎ᠢ ᠵᠣᠷᠢᠭᠵᠢᠭᠤᠯᠤᠨ ᠤᠷᠤᠭᠰᠢᠯᠠᠭᠤᠯᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠵᠣᠷᠢᠭᠵᠢᠭᠤᠯᠵᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠢᠨ᠎ᠡ ᠢᠯᠠᠯᠲᠠ ᠵᠢ ᠲᠡᠮᠡᠴᠡᠨ ᠣᠯᠬᠤ ᠵᠢᠨ ᠲᠥᠯᠥᠭᠡ ᠲᠡᠮᠡᠴᠡᠬᠦ᠎ᠳᠤ ᠲᠤᠢ᠌ᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠰᠠᠢ᠌ᠲᠤᠷ ᠤᠬᠠᠭᠤᠯᠤᠨ ᠲᠤᠭᠤᠰᠢᠯᠠᠭᠤᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠵᠣᠷᠢᠭ ᠰᠠᠨᠠᠭ᠋ᠠᠨ᠎ᠤ ᠮᠥᠨ ᠴᠢᠨᠠᠷ ᠪᠠ ᠪᠠᠶᠠᠯᠢᠭ ᠠᠭᠤᠯᠬᠤᠨ᠎ᠢ ᠪᠦᠬᠦ ᠲᠠᠯ᠎ᠠ ᠪᠠᠷ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠲᠣᠭᠲᠠᠭ᠋ᠠᠬᠤ》 ᠵᠢ ᠦᠨᠡᠨᠴᠢ ᠰᠢᠳᠤᠷᠭᠤ᠎ᠪᠠᠷ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠨᠠᠮ᠎ᠤᠨ ᠦᠨᠳᠦᠰᠦᠲᠡᠨ᠎ᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ ᠰᠠᠢ᠌ᠵᠢᠷᠠᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠵᠢᠯ ᠦᠢ᠍ᠯᠡᠰ᠎ᠤᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠴᠦ᠂ ᠡᠯ᠎ᠡ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠢᠷᠠᠭᠤ ᠠᠯᠳᠠᠷ ᠵᠶ᠋ᠠᠨ ᠦᠷᠭᠦᠯᠵᠢᠯᠡᠨ ᠠᠯᠳᠠᠷᠰᠢᠭᠤᠯᠤᠨ᠎ᠠ ᠭᠡᠵᠦ ᠤᠯᠠᠨ ᠵᠶ᠋ᠠᠷ ᠵᠶ᠋ᠠᠨ ᠢᠯᠡᠷᠬᠡᠢ᠌ᠯᠡᠪᠡ ᠃













