ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠬᠤᠯᠪᠣᠭᠳᠠᠭᠰᠠᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2022-02-09

      ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ
       ᠬᠤᠷᠢᠶᠠᠩᠭᠤᠢ᠄ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ ᠪᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠂ ᠥᠷᠭᠡᠨ ᠣᠯᠠᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠳᠤ᠎ᠪᠠᠨ ᠬᠦᠷᠲᠡᠬᠦ ᠵᠢ ᠪᠠᠲᠤᠯᠠᠬᠤ᠂ ᠡᠶ᠎ᠡ ᠵᠣᠬᠢᠴᠠᠯ᠎ᠲᠠᠢ ᠨᠡᠶ᠋ᠢᠭᠡᠮ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠠᠶ᠋ᠢᠵᠤ᠂ ᠠᠷᠠᠳ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ᠂ ᠨᠡᠶ᠋ᠢᠭᠡᠮ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢ ᠲᠣᠬᠢᠷᠠᠭᠤᠯᠬᠤ᠂ ᠬᠤᠲᠠ ᠬᠥᠳᠡᠭᠡ ᠵᠢᠨ ᠠᠵᠤ ᠠᠬᠤᠢ ᠨᠡᠶ᠋ᠢᠭᠡᠮ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ᠎ᠲᠠᠢ ᠶᠤᠮ᠃ 
        ᠦᠰᠦᠭ ᠪᠢᠴᠢᠭ᠎ᠤᠨ ᠪᠣᠳᠠᠲᠤ ᠲᠡᠮᠳᠡᠭᠯᠡᠯ

       ᠬᠥᠲᠥᠯᠥᠭᠴᠢ᠄ ᠰᠦᠯᠵᠢᠶᠡᠨ᠎ᠤ ᠨᠠᠶ᠋ᠢᠵᠠ ᠨᠠᠷ ᠰᠠᠶ᠋ᠢᠨ ᠪᠠᠶ᠋ᠢᠵᠠᠭ᠋ᠠᠨ᠎ᠠ ᠦᠦ! ᠲᠣᠰ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢᠨ ᠫᠷᠣᠭ᠌ᠷᠠᠮ᠎ᠢ ᠬᠦᠯᠢᠶᠡᠨ ᠠᠪᠴᠤ ᠦᠵᠡᠭᠰᠡᠨ᠎ᠳᠤ ᠪᠠᠶᠠᠷᠯᠠᠵᠤ ᠪᠠᠶ᠋ᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠎ᠢ ᠤᠷᠢᠵᠤ ᠢᠷᠡᠭᠦᠯᠦᠭᠰᠡᠨ᠎ᠳᠤ᠎ᠪᠠᠨ ᠮᠠᠰᠢ ᠪᠠᠶᠠᠷᠲᠠᠢ ᠪᠠᠶ᠋ᠢᠨ᠎ᠠ᠂ ᠲᠡᠷᠡ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠤᠯᠪᠣᠭᠳᠠᠯ ᠪᠦᠬᠦᠢ ᠠᠭᠤᠯᠭ᠎ᠠ ᠵᠢᠨ ᠲᠤᠬᠠᠢ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠨ᠎ᠠ᠃ ᠾᠧ ᠳᠠᠷᠤᠭ᠎ᠠ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
        ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠄ ᠬᠥᠲᠥᠯᠥᠭᠴᠢ ᠰᠠᠶ᠋ᠢᠨ ᠦᠦ᠂ ᠰᠦᠯᠵᠢᠶᠡᠨ᠎ᠤ ᠠᠨᠳᠠ ᠨᠠᠷ ᠰᠠᠶ᠋ᠢᠨ ᠦᠦ᠂ ᠠᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠢ ᠪᠠᠶ᠋ᠢᠨ᠎ᠠ᠃ ᠲᠠ ᠨᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃  
         ᠬᠥᠲᠥᠯᠥᠭᠴᠢ᠄ ᠾᠧ ᠳᠠᠷᠤᠭ᠎ᠠ ᠠ᠋᠂ ᠲᠠ ᠮᠠᠨ᠎ᠤ ᠣᠷᠣᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠤᠨ ᠬᠥᠭᠵᠢᠯᠲᠡ ᠵᠢᠨ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
         ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠄ 2009 ᠣᠨ᠎ᠳᠤ᠂ ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠮᠠᠶᠢᠭ᠎ᠤᠨ ᠨᠡᠶ᠋ᠢᠭᠡᠮ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠢ ᠡᠬᠢᠯᠡᠭᠦᠯᠪᠡ᠃ 2011 ᠣᠨ᠎ᠳᠤ᠂ ᠮᠠᠨ᠎ᠤ ᠣᠷᠣᠨ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠪᠣᠯᠣᠨ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠢ ᠪᠠᠶ᠋ᠢᠭᠤᠯᠤᠨ᠂ 2012 ᠣᠨ᠎ᠳᠤ ᠳᠦᠷᠢᠮ᠎ᠢ ᠪᠦᠷᠢᠨ ᠬᠠᠮᠤᠷᠤᠭᠤᠯᠬᠤ ᠵᠢ ᠪᠡᠶᠡᠯᠡᠭᠦᠯᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠳᠦᠷᠢᠮ᠎ᠢ ᠲᠡᠭᠦᠯᠳᠡᠷᠵᠢᠭᠦᠯᠬᠦ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠠᠯᠢ ᠣᠯᠠᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠡᠶ᠋ᠢᠲᠡᠯᠡᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠤᠨ ᠬᠥᠭᠵᠢᠯᠲᠡ ᠵᠢ ᠠᠬᠢᠭᠤᠯᠪᠠ᠃ 2015 ᠣᠨ᠎ᠳᠤ᠂ 《ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ》 (ᠥᠪᠥᠷ ᠵᠠᠰᠠᠭ ᠲᠠᠷᠬᠠᠭ᠋ᠠᠭᠰᠠᠨ [2015] 21 ᠳ᠋ᠦ᠍ᠭᠡᠷ ᠲᠣᠭ᠋ᠠᠲᠤ)᠎ᠢ ᠨᠡᠶ᠋ᠢᠲᠡᠯᠡᠵᠦ᠂ ᠰᠦᠢ᠍ᠳᠬᠡᠯ ᠲᠤᠰᠢᠶᠠᠬᠤ ᠲᠠᠰ ᠪᠠ ᠵᠠᠰᠠᠭ᠎ᠤᠨ ᠣᠷᠳᠣᠨ᠎ᠤ ᠨᠥᠬᠦᠪᠦᠷᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠪᠡ᠃ 2018 ᠣᠨ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠣᠷᠣᠰᠢᠭᠤᠯᠭ᠎ᠠ ᠵᠢᠨ ᠨᠥᠬᠦᠪᠦᠷᠢ ᠵᠢᠨ ᠠᠷᠭ᠎ᠠ》 (ᠥᠪᠥᠷ ᠬᠥᠮᠥᠨ ᠨᠡᠶ᠋ᠢᠭᠡᠮ ᠠᠯᠪᠠᠨ ᠲᠠᠷᠬᠠᠭ᠋ᠠᠭᠰᠠᠨ [2018] 324 ᠳ᠋ᠦ᠍ᠭᠡᠷ ᠲᠣᠭ᠋ᠠᠲᠤ) ᠵᠢ ᠨᠡᠶ᠋ᠢᠲᠡᠯᠡᠵᠦ᠂ ᠬᠠᠷᠠᠭ᠋ᠠᠯᠵᠠᠯ ᠬᠦᠷᠲᠡᠭᠰᠡᠳ ᠨᠠᠰᠤ ᠪᠠᠷᠠᠪᠠᠯ ᠣᠷᠣᠰᠢᠭᠤᠯᠭ᠎ᠠ ᠵᠢᠨ ᠨᠥᠬᠦᠪᠦᠷᠢ ᠮᠥᠩᠭᠦ᠎ᠲᠠᠢ ᠪᠣᠯᠵᠤ᠂ ᠨᠥᠬᠦᠪᠦᠷᠢ ᠵᠢᠨ ᠪᠠᠷᠢᠮᠵᠢᠶ᠎ᠠ ᠵᠢ 12 ᠰᠠᠷ᠎ᠠ ᠵᠢᠨ ᠳᠡᠭᠡᠷ᠎ᠡ ᠨᠢᠭᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠪᠠᠷᠢᠮᠵᠢᠶ᠎ᠠ᠎ᠪᠠᠷ ᠲᠣᠭᠲᠠᠭ᠋ᠠᠪᠠ᠃ ᠣᠳᠣᠬᠠᠨ᠎ᠳᠤ 1596 ᠲᠥᠭᠦᠷᠢᠭ ᠵᠶ᠋ᠠᠷ ᠪᠠᠷᠢᠮᠵᠢᠶᠠᠯᠠᠵᠤ ᠪᠠᠶ᠋ᠢᠨ᠎ᠠ᠃ 2019 ᠣᠨ᠎ᠳᠤ᠂ 《ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠠᠭ᠋ᠠᠯᠵᠠᠯ᠎ᠢ ᠲᠣᠭᠲᠠᠭ᠋ᠠᠬᠤ ᠪᠠ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠬᠡᠪ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠨᠡᠶ᠋ᠢᠲᠡᠯᠡᠵᠦ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠲᠣᠬᠢᠷᠠᠭᠤᠯᠤᠯᠲᠠ᠎ᠳᠤ ᠳᠦᠷᠢᠮ᠎ᠤᠨ ᠪᠠᠲᠤᠯᠠᠭ᠎ᠠ ᠵᠢ ᠲᠠᠯᠪᠢᠵᠤ ᠥᠭᠴᠡᠢ᠃ ᠣᠲᠣ ᠪᠣᠯᠬᠤ᠎ᠳᠤ᠂ ᠪᠥᠬᠦ ᠣᠷᠣᠨ᠎ᠳᠤ 790 ᠲᠦᠮᠡᠨ ᠬᠥᠮᠥᠨ ᠳᠠᠭ᠋ᠠᠳᠬᠠᠯ᠎ᠳᠤ ᠣᠷᠣᠯᠴᠠᠵᠤ᠂ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 99.35% ᠬᠦᠷᠴᠡᠢ; ᠬᠠᠷᠠᠭ᠋ᠠᠯᠵᠠᠯ ᠬᠦᠷᠲᠡᠭᠰᠡᠳ 261 ᠲᠦᠮᠡ᠎ᠳᠤ ᠬᠥᠷᠪᠡ; ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ᠎ᠨᠢ ᠬᠥᠮᠥᠨ ᠪᠦᠷᠢ ᠰᠠᠷ᠎ᠠ᠎ᠳᠤ 140 ᠲᠥᠭᠦᠷᠢᠭ ᠪᠣᠯᠣᠨ᠎ᠠ᠃
          ᠬᠥᠲᠥᠯᠥᠭᠴᠢ᠄  ᠲᠠ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠭᠤᠣᠯ ᠲᠥᠷᠥ ᠵᠢᠨ ᠪᠣᠳᠣᠯᠭ᠎ᠠ ᠵᠢ ᠲᠠᠨᠢᠯᠴᠠᠭᠤᠯᠤᠭ᠋ᠠᠷᠠᠢ!
          ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠄ ᠳᠠᠭ᠋ᠠᠳᠬᠠᠯ᠎ᠳᠤ ᠣᠷᠤᠯᠴᠠᠬᠤ ᠬᠥᠮᠥᠰ᠄ ᠪᠦᠬᠦᠯᠢ 16 ᠨᠠᠰᠤ ᠬᠦᠷᠦᠭᠰᠡᠨ (ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢ ᠪᠠᠭᠲᠠᠭ᠋ᠠᠬᠤ ᠦᠭᠡᠢ)᠂ ᠤᠯᠤᠰ᠎ᠤᠨ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠪᠤᠰᠤ ᠠᠵᠢᠯᠲᠠᠨ ᠠᠵᠢᠯᠲᠠᠨ᠎ᠨᠢ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠤᠯᠴᠠᠬᠤ ᠬᠡᠪᠴᠢᠶᠡᠨ᠎ᠳᠤ ᠦᠯᠦ ᠪᠠᠭᠲᠠᠬᠤ ᠬᠤᠲᠠ ᠬᠥᠳᠡᠭᠡ ᠵᠢᠨ ᠰᠠᠭᠤᠭ᠋ᠠᠯᠢ ᠠᠷᠠᠳ ᠪᠣᠯ ᠡᠷᠦᠬᠡ ᠠᠮᠠ ᠵᠢᠨ ᠪᠠᠶ᠋ᠢᠭ᠎ᠠ ᠭᠠᠵᠠᠷ᠎ᠲᠤ᠎ᠪᠠᠨ ᠳᠠᠭ᠋ᠠᠳᠬᠠᠯ᠎ᠳᠤ ᠣᠷᠣᠯᠴᠠᠵᠤ ᠪᠣᠯᠣᠨ᠎ᠠ᠃ ᠣᠯᠭᠤᠮᠵᠢ ᠠᠪᠬᠤ᠄ ᠪᠦᠬᠦᠯᠢ 60 ᠨᠠᠰᠤ ᠬᠦᠷᠴᠦ᠂ ᠰᠦᠢ᠍ᠳᠬᠡᠯ ᠲᠤᠰᠢᠶᠠᠭ᠋ᠠᠳ ᠪᠦᠬᠦᠯᠢ 15 ᠵᠢᠯ ᠪᠣᠯᠤᠭᠰᠠᠨ ᠪᠥᠭᠡᠳ ᠪᠤᠰᠤᠳ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠤᠮᠵᠢ ᠵᠢ ᠦᠯᠦ ᠬᠦᠷᠲᠡᠭᠰᠡᠨ ᠪᠣᠯ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠤᠮᠵᠢ ᠵᠢ ᠰᠠᠷ᠎ᠠ ᠰᠠᠷ᠎ᠠ᠎ᠪᠠᠷ ᠠᠪᠴᠤ ᠪᠣᠯᠣᠨ᠎ᠠ᠃ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ᠄ ᠥᠪᠡᠷᠲᠡᠭᠡᠨ ᠵᠠᠰᠠᠬᠤ ᠣᠷᠣᠨ᠎ᠠᠴᠠ ᠪᠥᠬᠦ ᠣᠷᠣᠨ᠎ᠤ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠬᠠᠮᠤᠭ᠎ᠤᠨ ᠳᠣᠣᠷ᠎ᠠ ᠪᠠᠷᠢᠮᠵᠢᠶ᠎ᠠ ᠵᠢ ᠲᠣᠭᠲᠠᠭ᠋ᠠᠪᠠ᠂ ᠣᠳᠣᠬᠠᠨ᠎ᠳᠤ 140 ᠲᠥᠭᠦᠷᠢᠭ ᠪᠣᠯᠣᠨ᠎ᠠ᠂ ᠪᠦᠬᠦᠯᠢ 70 ᠨᠠᠰᠤ᠎ᠠᠴᠠ ᠪᠦᠬᠦᠯᠢ 79 ᠨᠠᠰᠤ ᠬᠦᠷᠪᠡᠯ᠂ 10 ᠲᠥᠭᠦᠷᠢᠭ ᠨᠡᠮᠡᠭᠳᠡᠭᠦᠯᠦᠨ᠎ᠡ; ᠪᠦᠬᠦᠯᠢ 80 ᠨᠠᠰᠤᠨ᠎ᠠᠴᠠ ᠳᠡᠭᠡᠭᠰᠢ ᠪᠣᠯᠪᠠᠯ 20 ᠲᠥᠭᠦᠷᠢᠭ ᠨᠡᠮᠡᠭᠳᠡᠭᠦᠯᠦᠨ᠎ᠡ᠃ ᠳᠠᠭ᠋ᠠᠳᠬᠠᠯ᠎ᠳᠤ ᠣᠷᠣᠭᠰᠠᠳ 200 ᠲᠥᠭᠦᠷᠢᠭ ᠵᠢᠴᠢ 200 ᠲᠥᠭᠦᠷᠢᠭ᠎ᠠᠴᠠ ᠳᠡᠭᠡᠭᠰᠢ ᠰᠦᠢ᠍ᠳᠬᠡᠯ ᠲᠤᠰᠢᠶᠠᠬᠤ ᠲᠠᠰ᠎ᠢ ᠰᠣᠩᠭᠤᠭᠰᠠᠨ ᠮᠥᠷᠲᠡᠭᠡᠨ ᠰᠦᠢ᠍ᠳᠬᠡᠯ ᠲᠤᠰᠢᠶᠠᠭ᠋ᠠᠳ ᠪᠦᠬᠦᠯᠢ 15 ᠵᠢᠯ ᠪᠣᠯᠤᠭᠰᠠᠨ ᠪᠣᠯ᠂ ᠨᠢᠭᠡ ᠵᠢᠯ ᠨᠡᠮᠡᠭᠳᠡᠬᠦ ᠪᠦᠷᠢ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ 2 ᠲᠥᠭᠦᠷᠢᠭ ᠨᠡᠮᠡᠭᠳᠡᠭᠦᠯᠦᠨ᠎ᠡ᠃ ᠰᠦᠢ᠍ᠳᠬᠡᠯ ᠲᠤᠰᠢᠶᠠᠬᠤ ᠲᠠᠰ᠄ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠵᠢᠯ ᠵᠶ᠋ᠠᠷ ᠳᠡᠰ ᠰᠣᠩᠭᠤᠨ ᠰᠦᠢ᠍ᠳᠬᠡᠯ ᠲᠤᠰᠢᠶᠠᠬᠤ ᠵᠢ ᠬᠡᠷᠡᠭᠵᠢᠭᠦᠯᠵᠦ᠂ ᠰᠦᠢ᠍ᠳᠬᠡᠯ ᠲᠤᠰᠢᠶᠠᠬᠤ ᠲᠠᠰ᠎ᠢ 12 ᠲᠠᠰ ᠬᠤᠪᠢᠶᠠᠨ᠎ᠠ᠂ ᠲᠤᠬᠠᠶ᠋ᠢᠯᠠᠪᠠᠯ 200 ᠲᠥᠭᠦᠷᠢᠭ᠂ 300 ᠲᠥᠭᠦᠷᠢᠭ᠂ 400 ᠲᠥᠭᠦᠷᠢᠭ᠂ 500 ᠲᠥᠭᠦᠷᠢᠭ᠂ 600 ᠲᠥᠭᠦᠷᠢᠭ᠂ 700 ᠲᠥᠭᠦᠷᠢᠭ᠂ 800 ᠲᠥᠭᠦᠷᠢᠭ᠂ 900 ᠲᠥᠭᠦᠷᠢᠭ᠂ 1000 ᠲᠥᠭᠦᠷᠢᠭ᠂ 3000 ᠲᠥᠭᠦᠷᠢᠭ᠂ 5000 ᠲᠥᠭᠦᠷᠢᠭ᠂ 7000 ᠲᠥᠭᠦᠷᠢᠭ ᠪᠣᠯᠣᠨ᠎ᠠ᠃ ᠰᠦᠢ᠍ᠳᠬᠡᠯ ᠲᠤᠰᠢᠶᠠᠬᠤ ᠨᠥᠬᠦᠪᠦᠷᠢ᠄ 200 ᠲᠥᠭᠦᠷᠢᠭ᠎ᠠᠴᠠ 400 ᠲᠥᠭᠦᠷᠢᠭ᠎ᠲᠤ᠂ ᠲᠣᠰ ᠲᠣᠰ 35 ᠲᠥᠭᠦᠷᠢᠭ᠂ 40 ᠲᠥᠭᠦᠷᠢᠭ᠂ 45 ᠲᠥᠭᠦᠷᠢᠭ ᠨᠥᠬᠦᠪᠦᠷᠢᠯᠡᠨ᠎ᠡ; 500 ᠲᠥᠭᠦᠷᠢᠭ᠎ᠲᠤ 60 ᠲᠥᠭᠦᠷᠢᠭ ᠨᠥᠬᠦᠪᠦᠷᠢᠯᠡᠨ᠎ᠡ᠂ ᠡᠭᠦᠨ᠎ᠤ ᠰᠠᠭᠤᠷᠢᠨ ᠳᠡᠭᠡᠷ᠎ᠡ ᠰᠦᠢ᠍ᠳᠬᠡᠯ ᠲᠤᠰᠢᠶᠠᠬᠤ ᠲᠠᠰ᠎ᠢ ᠳᠡᠭᠡᠭᠰᠢᠯᠡᠭᠦᠯᠬᠦ ᠪᠦᠷᠢ ᠨᠥᠬᠦᠪᠦᠷᠢ ᠵᠢ 5 ᠲᠥᠭᠦᠷᠢᠭ ᠳᠡᠭᠡᠭᠰᠢᠯᠡᠭᠦᠯᠵᠦ᠂ ᠬᠠᠮᠤᠭ᠎ᠤᠨ ᠥᠨᠳᠥᠷ᠎ᠲᠤ᠎ᠪᠠᠨ 100 ᠲᠥᠭᠦᠷᠢᠭ᠎ᠤᠨ ᠨᠥᠬᠦᠪᠦᠷᠢ ᠥᠭᠭᠦᠨ᠎ᠡ᠃ ᠣᠷᠣᠯᠠᠨ ᠲᠤᠰᠢᠶᠠᠬᠤ ᠲᠠᠯ᠎ᠠ᠎ᠪᠠᠷ᠄ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠥᠬᠦᠴᠡᠯ᠎ᠳᠤ ᠨᠡᠶ᠋ᠢᠴᠡᠬᠦ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠭᠡᠷ ᠪᠦᠯᠢ᠂ ᠳᠠᠬᠢᠭ᠋ᠠᠳ ᠶᠠᠳᠠᠭᠤᠷᠠᠭᠰᠠᠳ ᠪᠠ ᠶᠠᠳᠠᠭᠤᠷᠠᠭᠰᠠᠳ ᠵᠡᠷᠭᠡ ᠰᠦᠢ᠍ᠳᠬᠡᠯ ᠲᠤᠰᠢᠶᠠᠬᠤ᠎ᠳᠤ ᠬᠦᠴᠢᠷᠲᠡᠢ ᠬᠥᠮᠥᠰ᠎ᠲᠤ ᠵᠠᠰᠠᠭ᠎ᠤᠨ ᠣᠷᠳᠣᠨ 100 ᠲᠥᠭᠦᠷᠢᠭ᠎ᠤᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠨ᠎ᠠ; ᠬᠦᠨᠳᠦ ᠵᠡᠮᠳᠡᠭᠴᠦᠳ᠎ᠲᠤ ᠵᠠᠰᠠᠭ᠎ᠤᠨ ᠣᠷᠳᠣᠨ 200 ᠲᠥᠭᠦᠷᠢᠭ᠎ᠤᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠢ᠎ᠨᠢ ᠣᠷᠣᠯᠠᠨ ᠲᠤᠰᠢᠶᠠᠨ᠎ᠠ᠃
          ᠬᠥᠲᠥᠯᠥᠭᠴᠢ᠄  ᠰᠠᠶᠢᠬᠠᠨ ᠲᠠ 2019 ᠣᠨ᠎ᠳᠤ ᠨᠡᠶ᠋ᠢᠲᠡᠯᠡᠭᠰᠡᠨ ᠬᠠᠷᠠᠭ᠋ᠠᠯᠵᠠᠯ᠎ᠢ ᠲᠣᠭᠲᠠᠭ᠋ᠠᠬᠤ ᠲᠣᠭᠲᠠᠴᠠ ᠪᠠ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ᠎ᠳᠤ ᠲᠣᠬᠢᠷᠠᠭᠤᠯᠤᠯᠲᠠ ᠬᠢᠬᠦ ᠲᠣᠭᠲᠠᠴᠠ ᠵᠢ ᠶᠠᠷᠢᠪᠠ᠂ ᠲᠤᠬᠠᠶ᠋ᠢᠯᠠᠪᠠᠯ 《ᠬᠤᠶᠠᠷ ᠲᠣᠭᠲᠠᠴᠠ》 ᠪᠣᠯᠣᠨ᠎ᠠ᠂ ᠪᠢᠳᠡᠨ᠎ᠳᠤ ᠪᠢᠴᠢᠭ ᠮᠠᠲ᠋ᠧᠷᠢᠶᠠᠯ᠎ᠤᠨ ᠠᠭᠤᠯᠭ᠎ᠠ ᠵᠢ ᠪᠣᠳᠠᠲᠠᠢ᠎ᠪᠠᠷ ᠲᠠᠨᠢᠯᠴᠠᠭᠤᠯᠤᠭ᠋ᠠᠳ ᠥᠭᠭᠦᠨ᠎ᠡ ᠦᠦ?
          ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠄ 《ᠬᠤᠶᠠᠷ ᠲᠣᠭᠲᠠᠴᠠ》 ᠵᠢᠨ ᠪᠢᠴᠢᠭ ᠮᠠᠲ᠋ᠧᠷᠢᠶᠠᠯ᠎ᠢ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠪᠡ᠃ ᠥᠩᠭᠡᠷᠡᠭᠰᠡᠨ᠎ᠤ ᠲᠥᠷᠥ ᠵᠢᠨ ᠪᠣᠳᠣᠯᠭ᠎ᠠ᠎ᠲᠠᠢ ᠬᠠᠷᠢᠴᠠᠭᠤᠯᠪᠠᠯ᠂ ᠲᠣᠰ ᠪᠢᠴᠢᠭ ᠮᠠᠲ᠋ᠧᠷᠢᠶᠠᠯ᠎ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠵᠢᠨ ᠰᠢᠨ᠎ᠡ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠪᠣᠶ᠃ ᠨᠢᠭᠡ᠎ᠳᠤ᠂ ᠬᠠᠷᠠᠭ᠋ᠠᠯᠵᠠᠯ᠎ᠢ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠪᠡ᠃ ᠨᠠᠰᠤᠵᠢᠯ᠎ᠤᠨ ᠠᠰᠠᠷᠠᠮᠵᠢ ᠵᠢᠨ ᠮᠥᠩᠭᠦ ᠪᠣᠯ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠪᠠ ᠬᠤᠪᠢ ᠬᠥᠮᠥᠨ᠎ᠤ ᠳᠠᠩᠰᠠ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ᠎ᠪᠠᠷ ᠪᠦᠷᠢᠯᠳᠦᠨ᠎ᠡ᠃ ᠡᠭᠦᠨ᠎ᠳᠤ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠵᠠᠰᠠᠭ᠎ᠤᠨ ᠣᠷᠳᠣᠨ ᠡᠭᠦᠷᠭᠡᠯᠡᠨ᠎ᠡ᠃ ᠬᠤᠪᠢ ᠬᠥᠮᠥᠨ᠎ᠤ ᠳᠠᠩᠰᠠ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠬᠤᠪᠢ ᠬᠥᠮᠥᠨ ᠰᠦᠢ᠍ᠳᠬᠡᠯ ᠲᠤᠰᠢᠶᠠᠵᠤ ᠬᠤᠷᠠᠮᠳᠤᠭᠤᠯᠵᠤ᠂ ᠢᠯᠡᠭᠦᠦ ᠲᠤᠰᠢᠶᠠᠪᠠᠯ ᠢᠯᠡᠭᠦᠦ ᠣᠯᠵᠤ᠂ ᠤᠳᠠᠭ᠋ᠠᠨ ᠲᠤᠰᠢᠶᠠᠪᠠᠯ ᠢᠯᠡᠭᠦᠦ ᠣᠯᠣᠨ᠎ᠠ᠂ ᠪᠠᠷᠢᠮᠵᠢᠶ᠎ᠠ᠎ᠨᠢ ᠬᠤᠪᠢ ᠬᠥᠮᠥᠨ᠎ᠤ ᠳᠠᠩᠰᠠ ᠵᠢᠨ ᠬᠠᠳᠠᠭ᠋ᠠᠯᠠᠮᠵᠢ ᠵᠢᠨ ᠲᠤᠭ᠎ᠠ ᠵᠢ ᠪᠤᠳᠤᠵᠤ ᠣᠯᠭᠤᠬᠤ ᠰᠠᠭᠤᠷᠢ ᠲᠤᠭ᠎ᠠ᠎ᠪᠠᠷ ᠬᠤᠪᠢᠶᠠᠨ᠎ᠠ᠃ ᠬᠤᠶᠠᠷ᠎ᠲᠤ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ᠎ᠳᠤ ᠬᠡᠪ᠎ᠤᠨ ᠲᠣᠬᠢᠷᠠᠭᠤᠯᠤᠯᠲᠠ ᠬᠢᠬᠦ ᠲᠣᠭᠲᠠᠴᠠ ᠵᠢ ᠪᠠᠶ᠋ᠢᠭᠤᠯᠪᠠ᠂ ᠲᠤᠬᠠᠶ᠋ᠢᠯᠠᠪᠠᠯ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠂ ᠪᠠᠷᠠᠭ᠋ᠠᠨ᠎ᠤ ᠦᠨ᠎ᠡ ᠵᠢᠨ ᠬᠤᠪᠢᠷᠠᠯᠲᠠ ᠪᠠ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠵᠡᠷᠭᠡ ᠨᠡᠶ᠋ᠢᠭᠡᠮ᠎ᠤᠨ ᠪᠠᠲᠤᠯᠠᠭ᠎ᠠ ᠵᠢᠨ ᠪᠤᠰᠤᠳ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠪᠠᠷᠢᠮᠵᠢᠶ᠎ᠠ᠎ᠳᠤ ᠴᠠᠭ ᠲᠤᠬᠠᠢ᠎ᠳᠤ᠎ᠨᠢ ᠲᠣᠬᠢᠷᠠᠭᠤᠯᠤᠯᠲᠠ ᠬᠢᠨ᠎ᠡ᠃ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠮᠠᠨ᠎ᠤ ᠣᠷᠣᠨ ᠨᠡᠶ᠋ᠢᠲᠡ ᠨᠠᠢ᠍ᠮᠠ ᠤᠳᠠᠭ᠎ᠠ ᠲᠣᠬᠢᠷᠠᠭᠤᠯᠤᠯᠲᠠ ᠬᠢᠵᠦ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠠᠩᠬ᠎ᠠ ᠡᠬᠢᠨ᠎ᠤ 55 ᠲᠥᠭᠦᠷᠢᠭ᠎ᠠᠴᠠ ᠣᠳᠣᠬᠠᠨ᠎ᠤ 140 ᠲᠥᠭᠦᠷᠢᠭ ᠪᠣᠯᠭ᠋ᠠᠨ ᠲᠣᠬᠢᠷᠠᠭᠤᠯᠵᠤ᠂ ᠬᠤᠶᠠᠷ ᠳᠠᠬᠢᠨ ᠢᠯᠡᠭᠦᠦ ᠳᠡᠭᠡᠭᠰᠢᠯᠡᠭᠦᠯᠪᠡ᠃ ᠮᠠᠨ᠎ᠤ ᠣᠷᠣᠨ᠎ᠤ 7 ᠠᠶ᠋ᠢᠮᠠᠭ ᠬᠤᠲᠠ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠪᠠᠶ᠋ᠢᠳᠠᠯ ᠵᠶ᠋ᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠬᠡᠮᠵᠢᠶ᠎ᠡ᠎ᠪᠠᠷ ᠪᠠᠷᠢᠮᠵᠢᠶ᠎ᠠ᠎ᠪᠠᠨ ᠳᠡᠭᠡᠭᠰᠢᠯᠡᠭᠦᠯᠪᠡ᠃ ᠣᠯᠭᠤᠮᠵᠢ ᠬᠠᠷᠠᠭ᠋ᠠᠯᠵᠠᠯ᠎ᠢ ᠬᠡᠳᠦᠢ᠎ᠪᠠᠷ ᠲᠠᠰᠤᠷᠠᠯᠲᠠ ᠦᠭᠡᠢ ᠲᠣᠬᠢᠷᠠᠭᠤᠯᠵᠤ ᠪᠠᠶ᠋ᠢᠭ᠎ᠠ ᠪᠣᠯᠪᠠᠴᠤ ᠬᠡᠪ᠎ᠤᠨ ᠲᠣᠬᠢᠷᠠᠭᠤᠯᠤᠯᠲᠠ ᠬᠢᠬᠦ ᠲᠣᠭᠲᠠᠴᠠ ᠦᠭᠡᠢ ᠤᠴᠢᠷ᠎ᠠᠴᠠ ᠲᠣᠬᠢᠷᠠᠭᠤᠯᠤᠯᠲᠠ ᠵᠢᠨ ᠲᠠᠰᠢᠷᠠᠮ᠎ᠤᠨ ᠴᠢᠨᠠᠷ᠎ᠨᠢ ᠨᠡᠯᠢᠶᠡᠳ ᠶᠡᠭᠡ ᠪᠠᠶ᠋ᠢᠳᠠᠭ᠃ ᠡᠨᠡ ᠬᠦ᠌ ᠲᠣᠭᠲᠠᠴᠠ ᠵᠢ ᠪᠠᠶ᠋ᠢᠭᠤᠯᠤᠭᠰᠠᠨ᠎ᠠᠴᠠ ᠬᠤᠶ᠋ᠢᠰᠢᠳᠠ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠲᠣᠬᠢᠷᠠᠭᠤᠯᠤᠯᠲᠠ᠎ᠨᠢ ᠳᠠᠷᠤᠢ ᠪᠠᠲᠤᠯᠠᠭ᠎ᠠ᠎ᠲᠠᠢ ᠪᠣᠯᠪᠠ᠃ ᠭᠤᠷᠪᠠ᠎ᠳᠤ᠂ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠲᠠᠰ ᠪᠠ ᠨᠥᠬᠦᠪᠦᠷᠢ ᠵᠢ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠪᠠ᠃ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠪᠠᠶ᠋ᠢᠳᠠᠯ᠎ᠢ ᠦᠨᠳᠦᠰᠦᠯᠡᠨ᠂ ᠰᠦᠢ᠍ᠳᠬᠡᠯ ᠲᠤᠰᠢᠶᠠᠬᠤ ᠲᠠᠰ᠎ᠢ ᠵᠣᠬᠢᠰᠲᠠᠢ ᠲᠣᠭᠲᠠᠭ᠋ᠠᠬᠤ ᠪᠠ ᠴᠠᠭ ᠲᠤᠬᠠᠢ᠎ᠳᠤ᠎ᠨᠢ ᠲᠣᠬᠢᠷᠠᠭᠤᠯᠤᠨ᠎ᠠ᠃ 《ᠬᠤᠶᠠᠷ ᠲᠣᠭᠲᠠᠴᠠ》 ᠵᠢᠨ ᠪᠢᠴᠢᠭ ᠮᠠᠲ᠋ᠧᠷᠢᠶᠠᠯ᠎ᠢ ᠨᠡᠶ᠋ᠢᠲᠡᠯᠡᠭᠰᠡᠨ᠎ᠤ ᠳᠠᠭ᠋ᠠᠤ᠎ᠳᠤ᠂ ᠪᠢᠳᠡ ᠰᠦᠢ᠍ᠳᠬᠡᠯ ᠲᠤᠰᠢᠶᠠᠬᠤ ᠲᠠᠰ᠎ᠲᠤ ᠲᠣᠬᠢᠷᠠᠭᠤᠯᠤᠯᠲᠠ ᠬᠢᠪᠡ᠃ ᠬᠠᠮᠤᠭ᠎ᠤᠨ ᠳᠣᠣᠷ᠎ᠠ ᠰᠦᠢ᠍ᠳᠬᠡᠯ ᠲᠤᠰᠢᠶᠠᠬᠤ ᠲᠡᠰ᠎ᠢ ᠤᠤᠯ᠎ᠤᠨ 100 ᠲᠥᠭᠦᠷᠢᠭ ᠪᠠᠶ᠋ᠢᠭᠰᠠᠨ᠎ᠠᠴᠠ 200 ᠲᠥᠭᠦᠷᠢᠭ ᠪᠣᠯᠭ᠋ᠠᠨ ᠳᠡᠭᠡᠭᠰᠢᠯᠡᠭᠦᠯᠵᠦ᠂ ᠬᠠᠮᠤᠭ᠎ᠤᠨ ᠥᠨᠳᠥᠷ᠎ᠲᠤ᠎ᠪᠠᠨ 3000 ᠲᠥᠭᠦᠷᠢᠭ᠎ᠤᠨ ᠲᠡᠰ᠎ᠤᠨ ᠰᠠᠭᠤᠷᠢᠨ ᠳᠡᠭᠡᠷ᠎ᠡ 5000 ᠲᠥᠭᠦᠷᠢᠭ᠂ 7000 ᠲᠥᠭᠦᠷᠢᠭ᠎ᠤᠨ ᠬᠤᠶᠠᠷ ᠲᠡᠰ᠎ᠢ ᠨᠡᠮᠡᠪᠡ᠃ ᠲᠤᠰᠢᠶᠠᠬᠤ ᠶᠣᠰᠣᠲᠠᠢ ᠲᠠᠰ᠎ᠤᠨ ᠵᠠᠰᠠᠭ᠎ᠤᠨ ᠣᠷᠳᠣᠨ᠎ᠠᠴᠠ ᠣᠯᠭᠤᠬᠤ ᠨᠥᠬᠦᠪᠦᠷᠢ᠎ᠳᠤ ᠴᠦ᠍ ᠲᠣᠬᠢᠷᠠᠭᠤᠯᠤᠯᠲᠠ ᠬᠢᠵᠦ᠂ ᠤᠤᠯ᠎ᠤᠨ ᠬᠠᠮᠤᠭ᠎ᠤᠨ ᠥᠨᠳᠥᠷ ᠨᠥᠬᠦᠪᠦᠷᠢ ᠵᠢ 85 ᠲᠥᠭᠦᠷᠢᠭ ᠪᠠᠶ᠋ᠢᠭᠰᠠᠨ᠎ᠠᠴᠠ 100 ᠲᠥᠭᠦᠷᠢᠭ ᠪᠣᠯᠭ᠋ᠠᠨ ᠲᠣᠬᠢᠷᠠᠭᠤᠯᠵᠠᠢ᠃ ᠳᠥᠷᠪᠡ᠎ᠳᠤ᠂ ᠬᠤᠪᠢ ᠬᠥᠮᠥᠨ᠎ᠤ ᠲᠠᠩᠰᠠᠨ ᠡᠷᠦᠬᠡ ᠵᠢᠨ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠪᠡᠶᠡᠯᠡᠭᠦᠯᠬᠦ᠎ᠳᠤ ᠱᠠᠭ᠋ᠠᠷᠳᠠᠯᠭ᠎ᠠ ᠳᠤᠷᠠᠳᠪᠠ᠃ 《ᠬᠤᠶᠠᠷ ᠲᠣᠭᠲᠠᠴᠠ》 ᠵᠢᠨ ᠪᠢᠴᠢᠭ ᠮᠠᠲ᠋ᠧᠷᠢᠶᠠᠯ᠎ᠳᠤ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠦ᠎ᠳᠤ ᠪᠡᠯᠡ ᠣᠷᠣᠭᠤᠯᠤᠨ ᠡᠵᠡᠩᠨᠡᠯᠲᠡ ᠬᠢᠵᠦ᠂ ᠰᠠᠭᠤᠷᠢ ᠮᠥᠩᠭᠦ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠪᠡᠶᠡᠯᠡᠭᠦᠯᠵᠦ᠂ ᠬᠤᠪᠢ ᠬᠥᠮᠥᠨ᠎ᠤ ᠳᠠᠩᠰᠠ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢᠨ ᠲᠦᠪᠰᠢᠨ ᠪᠠ ᠰᠠᠭᠤᠷᠢ ᠮᠥᠩᠭᠦ ᠵᠢᠨ ᠳᠥᠯᠥᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃ 2020 ᠣᠨ᠎ᠳᠤ᠂ ᠮᠠᠨ᠎ᠤ ᠣᠷᠣᠨ᠎ᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠨᠡᠶ᠋ᠢᠲᠡ 52.59 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠨ ᠡᠵᠡᠩᠨᠡᠵᠦ᠂ ᠲᠣᠰ ᠵᠢᠯ᠎ᠤᠨ ᠡᠵᠡᠩᠨᠡᠯᠲᠡ ᠵᠢᠨ ᠠᠰᠢᠭ ᠣᠷᠣᠯᠭ᠎ᠠ᠎ᠨᠢ 1.19 ᠳ᠋ᠦᠩᠰᠢᠭᠤᠷ ᠲᠥᠭᠦᠷᠢᠭ᠎ᠲᠤ ᠬᠦᠷᠴᠡᠢ᠃ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂ ᠲᠠᠷᠠᠭ᠋ᠠᠴᠢ ᠵᠢᠨ ᠠᠯᠬᠤᠮ᠎ᠳᠤ ᠪᠢᠳᠡ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠨᠠᠶ᠋ᠢᠳᠠᠯᠭ᠎ᠠ᠎ᠪᠠᠷ ᠪᠡᠯᠡ ᠣᠷᠣᠭᠤᠯᠵᠤ ᠡᠵᠡᠩᠨᠡᠬᠦ ᠵᠢ ᠦᠷᠭᠦᠯᠵᠢᠯᠡᠨ ᠠᠬᠢᠭᠤᠯᠤᠨ᠎ᠠ᠃
         ᠬᠥᠲᠥᠯᠥᠭᠴᠢ᠄ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠨᠢᠭᠡᠨᠲᠡ ᠪᠡᠶᠡᠯᠡᠭᠦᠯᠵᠡᠢ᠂ ᠲᠡᠭᠡᠪᠡᠯ ᠬᠤᠶ᠋ᠢᠰᠢᠳᠠ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠠᠰᠠᠷᠠᠮᠵᠢ ᠵᠢᠨ ᠳᠠᠭ᠋ᠠᠳᠬᠠᠯ᠎ᠤᠨ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠬᠦ ᠠᠵᠢᠯ᠎ᠢ ᠬᠡᠷᠬᠢᠨ ᠦᠷᠭᠦᠯᠵᠢᠯᠡᠭᠦᠯᠬᠦ ᠪᠤᠶ?
          ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠄ ᠨᠢᠭᠡ᠎ᠳᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠶ᠋ᠢᠭ᠎ᠠ᠂ ᠣᠨᠴᠠ ᠬᠦᠴᠢᠷᠳᠡᠯᠲᠡᠢ᠂ ᠬᠦᠨᠳᠦ ᠵᠡᠮᠳᠡᠭ ᠬᠥᠮᠥᠨ᠂ ᠨᠥᠬᠦᠴᠡᠯ᠎ᠳᠤ ᠨᠡᠶ᠋ᠢᠴᠡᠬᠦ ᠲᠥᠯᠥᠪᠯᠡᠭᠡᠲᠦ ᠦᠷᠡᠵᠢᠯ᠎ᠤᠨ ᠣᠨᠴᠠᠭ᠋ᠠᠢ ᠭᠡᠷ ᠪᠦᠯᠢ ᠵᠡᠷᠭᠡ ᠰᠦᠢ᠍ᠳᠬᠡᠯ ᠲᠤᠰᠢᠶᠠᠬᠤ᠎ᠳᠤ ᠬᠦᠴᠢᠷᠲᠡᠢ ᠬᠥᠮᠥᠰ᠎ᠲᠤ ᠳᠠᠭ᠋ᠠᠳᠬᠠᠯ᠎ᠤᠨ ᠰᠦᠢ᠍ᠳᠬᠡᠯ᠎ᠢ ᠦᠷᠭᠦᠯᠵᠢᠯᠡᠨ ᠣᠷᠣᠯᠠᠨ ᠲᠤᠰᠢᠶᠠᠭᠰᠠᠨ ᠰᠠᠭᠤᠷᠢᠨ ᠳᠡᠭᠡᠷ᠎ᠡ᠂ ᠳᠠᠬᠢᠨ ᠶᠠᠳᠠᠭᠤᠷᠠᠭᠰᠠᠳ ᠪᠠ ᠶᠠᠳᠠᠭᠤᠷᠠᠭᠰᠠᠳ᠎ᠢ ᠣᠷᠣᠯᠠᠨ ᠲᠤᠰᠢᠶᠠᠬᠤ ᠬᠡᠪᠴᠢᠶᠡᠨ᠎ᠳᠤ ᠣᠷᠣᠭᠤᠯᠵᠤ᠂ 100 ᠲᠥᠭᠦᠷᠢᠭ᠎ᠤᠨ ᠪᠠᠷᠢᠮᠵᠢᠶ᠎ᠠ᠎ᠪᠠᠷ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠵᠤ ᠥᠭᠭᠦᠨ᠎ᠡ᠃ ᠬᠤᠶᠠᠷ᠎ᠲᠤ᠂ 《14 · 5》 ᠵᠢᠨ ᠬᠤᠭᠤᠴᠠᠭ᠋ᠠᠨ᠎ᠳᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠥᠮᠥᠰ ᠪᠠ ᠣᠨᠴᠠ ᠬᠦᠴᠢᠷᠳᠡᠯᠲᠡᠢ ᠬᠥᠮᠥᠰ᠎ᠢ ᠦᠨᠡᠮᠰᠢᠬᠦ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠭᠡᠷ ᠪᠦᠯᠢ ᠵᠢᠨ ᠣᠷᠣᠯᠭ᠎ᠠ᠎ᠳᠤ᠎ᠨᠢ ᠪᠤᠳᠤᠵᠤ ᠣᠷᠣᠭᠤᠯᠬᠤ ᠦᠭᠡᠢ᠃ ᠭᠤᠷᠪᠠ᠎ᠳᠤ᠂ ᠪᠢᠳᠡ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠳᠡᠰ᠎ᠢ ᠳᠡᠭᠡᠭᠰᠢᠯᠡᠭᠦᠯᠬᠦ ᠦᠶ᠎ᠡ᠎ᠳᠤ ᠰᠦᠢ᠍ᠳᠬᠡᠯ ᠲᠤᠰᠢᠶᠠᠬᠤ᠎ᠳᠤ ᠬᠦᠴᠢᠷᠲᠡᠢ ᠬᠥᠮᠥᠰ᠎ᠲᠤ 100 ᠲᠥᠭᠦᠷᠢᠭ᠎ᠤᠨ ᠳᠡᠰ᠎ᠢ ᠦᠯᠡᠳᠡᠭᠡᠵᠦ ᠥᠭᠭᠦᠨ᠎ᠡ᠃
          ᠬᠥᠲᠥᠯᠥᠭᠴᠢ᠄ ᠵᠠ᠂ ᠾᠧ ᠳᠠᠷᠤᠭ᠎ᠠ ᠵᠢᠨ ᠲᠠᠶ᠋ᠢᠯᠪᠤᠷᠢᠯᠠᠭᠰᠠᠨ᠎ᠳᠤ ᠲᠠᠯᠠᠷᠬᠠᠵᠤ ᠪᠠᠶ᠋ᠢᠨ᠎ᠠ᠂ ᠪᠠᠰᠠ ᠥᠷᠭᠡᠨ ᠣᠯᠠᠨ ᠰᠦᠯᠵᠢᠶᠡᠨ᠎ᠤ ᠨᠠᠶ᠋ᠢᠵᠠ ᠨᠠᠷ᠎ᠤᠨ ᠲᠣᠰ ᠬᠤᠭᠤᠴᠠᠭ᠋ᠠᠨ᠎ᠤ ᠫᠷᠣᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ᠂ ᠴᠠᠭ᠎ᠤᠨ ᠬᠠᠷᠠᠭ᠎ᠠ᠎ᠠᠴᠠ ᠪᠣᠯᠵᠤ᠂ ᠲᠣᠰ ᠤᠳᠠᠭ᠋ᠠᠨ᠎ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠢ ᠵᠣᠯᠭ᠋ᠠᠶ᠎ᠠ!
          ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠹᠧᠩ᠄ ᠪᠠᠶᠠᠷᠲᠠᠢ!
  

   

 

ᠢᠷᠡᠯᠲᠡ᠄ ᠳᠤᠳᠤᠷᠬᠠᠢ ᠦᠭᠡᠢ