ᠰᠤᠷᠪᠤᠯᠵᠢᠯᠠᠭ᠎ᠠ ᠵᠢᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ
ᠠᠭᠤᠯᠭ᠎ᠠ ᠵᠢᠨ ᠲᠣᠪᠴᠢ᠄ 《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠣᠨᠴᠠᠭ᠋ᠠᠶ᠋ᠢᠯᠠᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠠᠮᠵᠢᠯᠲᠠ᠎ᠪᠠᠨ ᠳ᠋ᠦᠩᠨᠡᠬᠦ᠂ ᠬᠠᠷᠠᠯᠲᠠ᠎ᠪᠠᠨ ᠲᠣᠭᠲᠠᠭ᠋ᠠᠬᠤ᠂ ᠠᠵᠢᠯ ᠵᠶ᠋ᠠᠨ ᠪᠠᠶ᠋ᠢᠷᠢᠯᠠᠭᠤᠯᠬᠤ᠎ᠳᠤ᠎ᠪᠠᠨ ᠴᠥᠮ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠪᠣᠯᠣᠨ ᠠᠵᠢᠯᠯᠠᠭ᠋ᠠᠨ᠎ᠤ ᠬᠥᠲᠥᠯᠪᠦᠷᠢ ᠵᠢᠨ ᠲᠣᠭᠤᠷᠢᠨ᠎ᠳᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ ᠳᠡᠯᠭᠡᠨ ᠪᠠᠶ᠋ᠢᠷᠢᠯᠠᠭᠤᠯᠪᠠ᠃ ᠡᠭᠦᠨ᠎ᠤ ᠬᠠᠮᠲᠤ᠂ ᠢᠯᠡᠳᠬᠡᠯ᠎ᠨᠢ ᠮᠠᠨ᠎ᠤ ᠣᠷᠣᠨ᠎ᠤ ᠣᠳᠣᠬᠠᠨ᠎ᠤ ᠬᠥᠭᠵᠢᠯᠲᠡ ᠵᠢᠨ ᠱᠠᠲᠤ ᠦᠶ᠎ᠡ᠂ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ᠂ ᠠᠷᠠᠳ᠎ᠤᠨ ᠬᠦᠰᠡᠯ ᠡᠷᠡᠮᠡᠯᠵᠡᠯ᠎ᠲᠠᠢ ᠨᠢᠭᠲᠠ ᠤᠶᠠᠯᠳᠤᠭᠤᠯᠵᠤ᠂ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠤ ᠬᠦᠰᠡᠯ ᠡᠷᠡᠮᠡᠯᠵᠡᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠲᠤᠰᠬᠠᠵᠤ᠂ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠭᠰᠠᠨ ᠪᠠᠶ᠋ᠢᠨ᠎ᠠ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄ ᠰᠦᠯᠵᠢᠶᠡᠨ᠎ᠤ ᠨᠠᠶ᠋ᠢᠵᠠ ᠨᠠᠷ᠂ ᠰᠠᠶ᠋ᠢᠨ ᠪᠠᠶ᠋ᠢᠵᠠᠭ᠋ᠠᠨ᠎ᠠ ᠦᠦ! ᠲᠣᠰ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢ ᠬᠦᠯᠢᠶᠡᠨ ᠦᠵᠡᠭᠰᠡᠨ᠎ᠳᠤ ᠪᠠᠶᠠᠷᠯᠠᠨ ᠤᠭᠲᠤᠵᠤ ᠪᠠᠶ᠋ᠢᠨ᠎ᠠ᠃ ᠲᠣᠰ ᠬᠤᠭᠤᠴᠠᠭ᠋ᠠᠨ᠎ᠳᠤ ᠮᠠᠨ᠎ᠤ ᠰᠣᠷᠪᠤᠯᠵᠢᠯᠠᠭ᠎ᠠ ᠵᠢ ᠬᠦᠯᠢᠶᠡᠬᠦ ᠬᠦᠨᠳᠦᠲᠦ ᠵᠣᠴᠢᠳ ᠪᠣᠯ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠲᠤᠭᠤᠷᠪᠢᠬᠤ ᠳᠤᠭᠤᠶ᠋ᠢᠯᠠᠩ᠎ᠤᠨ ᠭᠤᠣᠯ ᠪᠦᠷᠢᠯᠳᠦᠭᠦᠨ ᠪᠣᠯᠬᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠯᠢᠶᠠᠩ ᠢᠦᠢ ᠳ᠋ᠢᠩ ᠨᠥᠬᠦᠷ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ᠎ᠤᠨ ᠯᠢ ᠵᠢᠶᠠᠨ ᠵᠢᠶᠦ᠋ᠨ ᠨᠥᠬᠦᠷ ᠪᠣᠯᠣᠨ᠎ᠠ᠂ ᠪᠠᠶᠠᠷᠯᠠᠨ ᠤᠭᠲᠤᠶ᠎ᠠ!
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠬᠥᠲᠥᠯᠥᠭᠴᠢ ᠲᠠ ᠰᠠᠶ᠋ᠢᠨ ᠪᠠᠶ᠋ᠢᠨ᠎ᠠ ᠦᠦ᠂ ᠲᠠ ᠪᠦᠬᠦᠨ ᠰᠠᠶ᠋ᠢᠨ ᠪᠠᠶ᠋ᠢᠵᠠᠭ᠋ᠠᠨ᠎ᠠ ᠦᠦ! ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠫᠷᠣᠭ᠌ᠷᠠᠮ ᠵᠶ᠋ᠠᠷ ᠳᠠᠮᠵᠢᠭᠤᠯᠤᠨ ᠥᠷᠭᠡᠨ ᠤᠯᠠᠨ ᠰᠦᠯᠵᠢᠶᠡᠨ᠎ᠤ ᠨᠠᠶ᠋ᠢᠵᠠ ᠨᠠᠷ᠎ᠲᠤ ᠥᠨᠥᠳᠥᠷ᠎ᠤᠨ ᠭᠤᠣᠯ ᠰᠡᠳᠦᠪ ᠵᠶ᠋ᠠᠨ ᠬᠤᠪᠢᠶᠠᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠢ ᠪᠠᠶ᠋ᠢᠨ᠎ᠠ᠃
ᠬᠥᠲᠥᠯᠥᠭᠴᠢ᠄ 《ᠢᠯᠡᠳᠬᠡᠯ》᠎ᠳᠤ᠂ 《ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠭᠤᠣᠯ ᠡᠭᠦᠷᠭᠡ》 ᠵᠢᠨ ᠬᠡᠰᠡᠭ᠎ᠤᠨ ᠬᠠᠭᠤᠳᠠᠰᠤ ᠬᠡᠮᠵᠢᠶ᠎ᠡ᠎ᠨᠢ ᠬᠠᠮᠤᠭ᠎ᠤᠨ ᠤᠯᠠᠨ᠂ ᠠᠭᠤᠯᠭ᠎ᠠ᠎ᠨᠢ ᠪᠠᠶᠠᠯᠢᠭ ᠪᠠᠶ᠋ᠢᠵᠤ᠂ ᠤᠩᠰᠢᠬᠤ᠎ᠳᠤ ᠬᠦᠷᠲᠡᠭᠡᠮᠵᠢ᠎ᠪᠠᠷ ᠳᠦᠭᠦᠷᠡᠩ᠂ ᠬᠢᠯᠠᠰ ᠴᠡᠭ ᠤᠯᠠᠨ ᠪᠣᠢ᠂ ᠲᠠ ᠨᠠᠷ ᠪᠢᠳᠡᠨ᠎ᠳᠤ ᠶᠠᠮᠠᠷ ᠶᠠᠮᠠᠷ ᠰᠢᠨ᠎ᠡ ᠡᠭᠦᠷᠭᠡ ᠰᠢᠨ᠎ᠡ ᠠᠷᠭ᠎ᠠ ᠬᠡᠮᠵᠢᠶ᠎ᠡ ᠪᠠᠶ᠋ᠢᠬᠤ ᠵᠢ ᠲᠠᠨᠢᠯᠴᠠᠭᠤᠯᠤᠭ᠋ᠠᠳ ᠥᠭᠭᠦᠨ᠎ᠡ ᠦᠦ?
ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠪᠢᠳᠡ ᠠᠩᠬ᠎ᠠ ᠠᠯᠬᠤᠮ ᠡᠮᠬᠢᠯᠡᠨ ᠳᠢᠭᠯᠡᠭᠰᠡᠨ ᠵᠶ᠋ᠠᠷ᠂ ᠠᠵᠢᠯ᠎ᠤᠨ ᠪᠠᠶ᠋ᠢᠷᠢᠯᠠᠭᠤᠯᠤᠯᠲᠠ ᠵᠢᠨ 《ᠲᠤᠯᠤᠭ᠋ᠠᠨ ᠬᠦᠴᠦᠯᠡᠴᠡ》 ᠵᠢᠨ 160 ᠭᠠᠷᠤᠢ ᠥᠭᠦᠯᠡᠪᠦᠷᠢ ᠵᠢᠨ ᠳᠣᠲᠣᠷᠠᠬᠢ ᠦᠭᠡ ᠨᠢᠭᠡᠪᠦᠷᠢ᠎ᠨᠢ ᠴᠥᠮ ᠨᠢᠭᠡ ᠶᠡᠭᠡ ᠶᠠᠪᠤᠳᠠᠯ ᠪᠤᠶᠤ ᠬᠡᠳᠦᠨ ᠶᠡᠭᠡ ᠶᠠᠪᠤᠳᠠᠯ᠎ᠲᠠᠢ ᠬᠤᠯᠪᠣᠯᠳᠤᠵᠤ ᠪᠠᠶ᠋ᠢᠳᠠᠭ᠃ ᠦᠭᠡ ᠦᠰᠦᠭ᠎ᠠᠴᠠ᠎ᠨᠢ ᠦᠵᠡᠪᠡᠯ᠂ ᠪᠠᠶ᠋ᠢᠷᠢᠯᠠᠭᠤᠯᠤᠭᠰᠠᠨ ᠡᠭᠦᠷᠭᠡ ᠠᠷᠭ᠎ᠠ ᠬᠡᠮᠵᠢᠶ᠎ᠡ᠎ᠨᠢ ᠳᠠᠷᠤᠢ ᠶᠡᠭᠡ ᠪᠠᠭ᠎ᠠ 400 ᠭᠠᠷᠤᠢ ᠵᠦᠢ᠍ᠯ ᠪᠠᠶ᠋ᠢᠵᠤ᠂ ᠬᠡᠷᠪᠡ ᠨᠠᠷᠢᠨ ᠬᠤᠪᠢᠶᠠᠪᠠᠯ ᠮᠢᠩᠭ᠎ᠠ ᠭᠠᠷᠤᠢ ᠵᠦᠢ᠍ᠯ ᠪᠣᠢ᠃ ᠡᠳᠡᠭᠡᠷ ᠠᠷᠭ᠎ᠠ ᠬᠡᠮᠵᠢᠶ᠎ᠡ᠎ᠨᠢ ᠲᠡᠷᠡ ᠪᠦᠬᠦᠨ ᠵᠶ᠋ᠠᠷ ᠵᠶ᠋ᠠᠨ ᠡᠩ᠎ᠤᠨ ᠴᠢᠨᠠᠷᠲᠠᠢ ᠪᠠᠶ᠋ᠢᠩᠭᠤ ᠵᠢᠨ ᠠᠷᠭ᠎ᠠ ᠬᠡᠮᠵᠢᠶ᠎ᠡ ᠪᠢᠰᠢ᠂ ᠲᠡᠭᠦᠨ᠎ᠤ ᠳᠣᠲᠣᠷᠠᠬᠢ ᠣᠯᠠᠩᠬᠢ᠎ᠨᠢ ᠴᠥᠮ ᠰᠢᠨ᠎ᠡ ᠵᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ᠂ ᠨᠡᠭᠡᠭᠡᠯᠲᠡᠲᠤ ᠴᠢᠨᠠᠷᠲᠠᠢ ᠠᠷᠭ᠎ᠠ ᠬᠡᠮᠵᠢᠶ᠎ᠡ ᠪᠠᠶ᠋ᠢᠵᠤ᠂ ᠰᠢᠰᠲ᠋ᠧᠮᠴᠢ ᠦᠵᠡᠯᠲᠡ ᠵᠢ ᠪᠠᠷᠢᠮᠲᠠᠯᠠᠬᠤ᠂ ᠭᠤᠣᠯ ᠵᠥᠷᠢᠴᠡᠯ ᠪᠠ ᠵᠥᠷᠢᠴᠡᠯ᠎ᠤᠨ ᠭᠤᠣᠯ ᠲᠠᠯ᠎ᠠ ᠵᠢ ᠠᠳᠬᠤᠬᠤ᠂ ᠭᠤᠣᠯ ᠠᠵᠢᠯ ᠪᠠ ᠭᠤᠣᠯᠳᠠᠯᠭ᠎ᠠ᠎ᠲᠠᠢ ᠡᠭᠦᠷᠭᠡ ᠵᠢ ᠰᠠᠶ᠋ᠢᠲᠤᠷ ᠠᠳᠬᠤᠬᠤ ᠵᠡᠷᠭᠡ ᠵᠠᠰᠠᠭ ᠶᠠᠪᠤᠭᠤᠯᠬᠤ ᠣᠨᠣᠯᠵᠢᠬᠤᠨ ᠪᠠ ᠠᠵᠢᠯᠯᠠᠬᠤ ᠠᠷᠭ᠎ᠠ ᠵᠢ ᠭᠦᠢ᠍ᠴᠡᠳ ᠢᠯᠡᠷᠡᠭᠦᠯᠦᠭᠰᠡᠨ ᠪᠠᠶ᠋ᠢᠨ᠎ᠠ᠃
ᠬᠥᠲᠥᠯᠥᠭᠴᠢ᠄ ᠡᠨᠡ ᠵᠢᠯ᠎ᠤᠨ ᠢᠯᠡᠳᠬᠡᠯ᠎ᠤᠨ ᠠᠵᠢᠯ᠎ᠤᠨ ᠪᠠᠶ᠋ᠢᠷᠢᠯᠠᠭᠤᠯᠤᠯᠲᠠ᠎ᠳᠤ ᠮᠠᠰᠢ ᠣᠯᠠᠨ ᠰᠢᠨ᠎ᠡ ᠳᠤᠷᠠᠳᠤᠯᠭ᠎ᠠ ᠪᠠ ᠰᠢᠨ᠎ᠡ ᠠᠷᠭ᠎ᠠ ᠬᠡᠮᠵᠢᠶ᠎ᠡ ᠪᠣᠢ᠂ ᠲᠠ ᠨᠠᠷ ᠡᠳᠦᠢ ᠲᠡᠳᠦᠢ ᠵᠦᠢ᠍ᠯ᠎ᠢ ᠰᠣᠩᠭᠤᠨ ᠥᠷᠭᠡᠨ ᠣᠯᠠᠨ ᠰᠦᠯᠵᠢᠶᠡᠨ ᠨᠠᠶ᠋ᠢᠵᠠ ᠨᠠᠷ᠎ᠲᠠᠢ ᠬᠤᠪᠢᠶᠠᠯᠴᠠᠨ᠎ᠠ ᠦᠦ?
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠶᠠᠭ ᠬᠥᠲᠥᠯᠥᠭᠴᠢ ᠵᠢᠨ ᠬᠡᠯᠡᠭᠰᠡᠨᠴᠢᠯᠡᠨ᠂ ᠡᠨᠡ ᠵᠢᠯ᠎ᠤᠨ 《ᠢᠯᠡᠳᠬᠡᠯ》᠎ᠤᠨ ᠠᠵᠢᠯ᠎ᠤᠨ ᠪᠠᠶ᠋ᠢᠷᠢᠯᠠᠭᠤᠯᠤᠯᠲᠠ᠎ᠳᠠᠬᠢ ᠰᠢᠨ᠎ᠡ ᠳᠤᠷᠠᠳᠤᠯᠭ᠎ᠠ ᠰᠢᠨ᠎ᠡ ᠠᠷᠭ᠎ᠠ ᠬᠡᠮᠵᠢᠶ᠎ᠡ ᠦᠨᠡᠬᠡᠷ ᠮᠠᠰᠢ ᠤᠯᠠᠨ ᠪᠠᠶ᠋ᠢᠵᠤ᠂ 《ᠲᠤᠯᠤᠭ᠋ᠠᠨ ᠬᠦᠴᠦᠯᠡᠴᠡ》 ᠵᠢᠨ ᠳᠣᠲᠣᠷᠠᠬᠢ ᠵᠦᠢ᠍ᠯ ᠪᠦᠷᠢ᠎ᠳᠤ ᠴᠥᠮ ᠪᠠᠶ᠋ᠢᠨ᠎ᠠ᠃ ᠵᠢᠱ᠌ᠢᠶᠡᠯᠡᠪᠡᠯ ᠪᠡᠯᠡ ᠣᠷᠣᠭᠤᠯᠤᠯᠲᠠ ᠵᠢ ᠥᠷᠭᠡᠳᠬᠡᠬᠦ᠎ᠪᠠᠷ ᠠᠪᠴᠤ ᠬᠡᠯᠡᠪᠡᠯ᠂ 《ᠢᠯᠡᠳᠬᠡᠯ》᠎ᠳᠤ 《ᠨᠢᠭᠡ ᠬᠠᠷᠠᠯᠲᠠ ᠵᠢ ᠲᠣᠭᠲᠠᠭ᠋ᠠᠬᠤ᠂ ᠬᠤᠶᠠᠷ᠎ᠢ ᠠᠬᠢᠭᠤᠯᠬᠤ》 ᠵᠢ ᠳᠤᠷᠠᠳᠤᠨ ᠭᠠᠷᠭ᠋ᠠᠵᠠᠢ᠃ 《ᠨᠢᠭᠡ ᠬᠠᠷᠠᠯᠲᠠ ᠵᠢ ᠲᠣᠭᠲᠠᠭ᠋ᠠᠬᠤ》 ᠪᠣᠯ 5200 ᠳ᠋ᠦᠩᠰᠢᠭᠤᠷ ᠲᠥᠭᠦᠷᠢᠭ᠎ᠤᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠬᠠᠷᠠᠯᠲᠠ ᠵᠢ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠵᠦ᠂ ᠡᠭᠦᠨ᠎ᠢ ᠳᠤᠷ᠎ᠠ᠎ᠪᠠᠷ ᠵᠶ᠋ᠠᠨ ᠳᠤᠷᠠᠳᠤᠭᠰᠠᠨ ᠪᠢᠰᠢ᠂ ᠬᠠᠷᠢᠨ ᠡᠨᠡ ᠵᠢᠯ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠤᠨ ᠨᠡᠮᠡᠭᠳᠡᠯ᠎ᠤᠨ ᠵᠢᠱ᠌ᠢᠭᠰᠡᠨ ᠬᠠᠷᠠᠯᠲᠠ ᠵᠢᠨ ᠱᠠᠭ᠋ᠠᠷᠳᠠᠯᠭ᠎ᠠ ᠪᠠ ᠲᠥᠯᠥᠪᠯᠡᠭᠡ ᠵᠢ ᠬᠡᠷᠡᠭᠵᠢᠭᠦᠯᠬᠦ ᠣᠨ᠎ᠤ ᠭᠤᠣᠯᠳᠠᠯᠭ᠎ᠠ᠎ᠲᠠᠢ ᠲᠥᠷᠥᠯ ᠵᠦᠢ᠍ᠯ᠎ᠤᠨ ᠲᠤᠯᠭ᠋ᠠᠭᠤᠷᠢᠯᠠᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠲᠣᠭ᠋ᠠᠴᠠᠭ᠎ᠠ ᠰᠤᠳᠤᠯᠤᠯᠲᠠ ᠬᠢᠬᠦ᠂ ᠳᠠᠬᠢᠨ ᠳᠠᠪᠲᠠᠨ ᠶᠠᠷᠢᠯᠴᠠᠬᠤ᠎ᠪᠠᠷ ᠳᠠᠮᠵᠢᠨ ᠳᠤᠷᠠᠳᠤᠨ ᠭᠠᠷᠭ᠋ᠠᠪᠠ᠃ ᠡᠨᠡ ᠬᠦ᠌ ᠬᠠᠷᠠᠯᠲᠠ ᠵᠢ ᠪᠡᠶᠡᠯᠡᠭᠦᠯᠴᠢᠪᠡᠯ ᠡᠨᠡ ᠵᠢᠯ᠎ᠤᠨ ᠠᠵᠤ ᠠᠬᠤᠢ ᠵᠢᠨ ᠨᠡᠮᠡᠭᠳᠡᠯ ᠦᠨᠳᠦᠰᠦᠨ᠎ᠳᠤ᠎ᠪᠠᠨ ᠲᠣᠭᠲᠠᠭᠤᠨ ᠪᠣᠯᠴᠢᠬᠠᠨ᠎ᠠ ᠭᠡᠵᠦ ᠬᠡᠯᠡᠵᠦ ᠪᠣᠯᠣᠨ᠎ᠠ᠃ 《ᠬᠤᠶᠠᠷ᠎ᠢ ᠠᠬᠢᠭᠤᠯᠬᠤ》 ᠪᠣᠯ ᠠᠵᠤ ᠦᠢ᠍ᠯᠡᠳᠪᠦᠷᠢ ᠵᠢᠨ ᠮᠡᠷᠭᠡᠵᠢᠯ᠎ᠤᠨ ᠥᠭᠡᠷᠡᠴᠢᠯᠡᠯᠲᠡ᠂ ᠲᠡᠷᠢᠭᠦᠨ᠎ᠤ ᠦᠢ᠍ᠯᠡᠳᠬᠡᠯ᠎ᠤᠨ ᠦᠢ᠍ᠯᠡᠰ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠠ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠤᠯᠠᠷᠢᠭᠤᠯᠤᠯᠲᠠ᠎ᠳᠠᠬᠢ ᠪᠡᠯᠡ ᠣᠷᠣᠭᠤᠯᠤᠯᠲᠠ ᠵᠢᠨ ᠶᠡᠭᠡ ᠬᠡᠮᠵᠢᠶ᠎ᠡ᠎ᠪᠠᠷ ᠨᠡᠮᠡᠭᠳᠡᠭᠦᠯᠬᠦ ᠵᠢ ᠠᠬᠢᠭᠤᠯᠬᠤ ᠶᠠᠪᠤᠳᠠᠯ ᠪᠣᠯᠣᠨ᠎ᠠ᠂ ᠡᠨᠡ᠎ᠨᠢ ᠭᠤᠣᠯᠳᠠᠭᠤ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠎ᠪᠠᠷ ᠭᠤᠣᠯᠳᠠᠭᠤᠯᠵᠤ᠂ ᠪᠡᠯᠡ ᠣᠷᠣᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ᠎ᠪᠠᠷ ᠳᠠᠮᠵᠢᠭᠤᠯᠤᠨ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ ᠵᠢ ᠠᠬᠢᠭᠤᠯᠬᠤ ᠶᠠᠪᠤᠳᠠᠯ ᠪᠣᠯᠣᠨ᠎ᠠ᠃ ᠬᠤᠶᠠᠷ᠎ᠢ ᠠᠬᠢᠭᠤᠯᠬᠤ ᠪᠣᠯ ᠨᠡᠶ᠋ᠢᠭᠡᠮ᠎ᠤᠨ ᠬᠥᠷᠥᠩᠭᠡ ᠵᠢᠨ ᠪᠡᠯᠡ ᠣᠷᠣᠭᠤᠯᠤᠯᠲᠠ ᠵᠢ ᠠᠬᠢᠭᠤᠯᠬᠤ ᠪᠠ ᠣᠷᠣᠨ᠎ᠤ ᠭᠠᠳᠠᠨᠠᠬᠢ ᠪᠡᠯᠡ ᠣᠷᠣᠭᠤᠯᠤᠯᠲᠠ ᠵᠢ ᠣᠷᠣᠭᠤᠯᠤᠨ ᠠᠪᠴᠢᠷᠠᠵᠤ ᠶᠡᠭᠡ ᠬᠡᠮᠵᠢᠶ᠎ᠡ᠎ᠪᠠᠷ ᠨᠡᠮᠡᠭᠳᠡᠭᠦᠯᠬᠦ ᠶᠠᠪᠤᠳᠠᠯ ᠪᠣᠯᠣᠨ᠎ᠠ᠃ ᠡᠨᠡ ᠬᠤᠶᠠᠷ ᠠᠬᠢᠭᠤᠯᠤᠯᠲᠠ ᠪᠣᠯ ᠮᠠᠰᠢ ᠶᠡᠭᠡ ᠬᠠᠨᠳᠤᠯᠭ᠋ᠠᠲᠤ ᠴᠢᠨᠠᠷᠲᠠᠢ ᠶᠤᠮ᠂ ᠳᠠᠷᠤᠢ ᠣᠳᠣᠬᠠᠨ᠎ᠤ ᠮᠠᠨ᠎ᠤ ᠣᠷᠣᠨ᠎ᠤ ᠲᠥᠷᠥᠯ ᠵᠦᠢ᠍ᠯ᠎ᠤᠨ ᠨᠥᠭᠡᠴᠡ ᠬᠢᠭᠡᠳ ᠴᠢᠨᠠᠷᠯᠢᠭ ᠬᠥᠭᠵᠢᠯᠲᠡ ᠵᠢᠨ ᠵᠣᠯᠭ᠋ᠠᠯᠳᠤᠭᠤᠯᠬᠤ ᠴᠢᠨᠠᠷ ᠵᠶ᠋ᠠᠷ ᠴᠢᠩᠭ᠎ᠠ ᠪᠤᠰᠤ᠂ ᠲᠥᠷᠥᠯ ᠵᠦᠢ᠍ᠯ᠎ᠤᠨ ᠪᠦᠲᠦᠴᠡ ᠬᠢᠭᠡᠳ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢᠨ ᠵᠣᠬᠢᠴᠠᠯᠳᠤᠭᠤᠯᠬᠤ ᠬᠡᠮᠵᠢᠶ᠎ᠡ᠎ᠪᠠᠷ ᠥᠨᠳᠥᠷ ᠪᠢᠰᠢ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠴᠢᠩᠭ᠋ᠠᠷᠠᠭᠤᠯᠬᠤ᠎ᠪᠠᠷ ᠲᠥᠷᠥᠯ ᠵᠦᠢ᠍ᠯ᠎ᠤᠨ ᠨᠥᠭᠡᠴᠡ ᠵᠢ ᠨᠡᠮᠡᠭᠳᠡᠭᠦᠯᠵᠦ᠂ ᠲᠥᠷᠥᠯ ᠵᠦᠢ᠍ᠯ᠎ᠤᠨ ᠪᠦᠲᠦᠴᠡ ᠵᠢ ᠲᠣᠬᠢᠷᠠᠭᠤᠯᠬᠤ᠎ᠪᠠᠷ ᠪᠡᠯᠡ ᠣᠷᠣᠭᠤᠯᠤᠯᠲᠠ ᠵᠢᠨ ᠪᠦᠲᠦᠴᠡ ᠵᠢ ᠬᠥᠲᠥᠯᠥᠨ ᠰᠢᠯᠵᠢᠭᠦᠯᠵᠦ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠵᠢ ᠠᠬᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠲᠡᠶ᠋ᠢᠮᠦ ᠪᠠᠶ᠋ᠢᠨ᠎ᠠ᠂ ᠪᠠᠰᠠ ᠵᠢᠱ᠌ᠢᠶᠡᠯᠡᠪᠡᠯ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠪᠠᠷ ᠠᠪᠴᠤ ᠬᠡᠯᠡᠪᠡᠯ᠂ 《ᠢᠯᠡᠳᠬᠡᠯ》᠎ᠳᠤ ᠪᠦᠬᠦ ᠤᠯᠤᠰ᠎ᠢ ᠬᠤᠯᠪᠣᠨ ᠨᠡᠪᠲᠡᠷᠡᠭᠦᠯᠦᠭᠰᠡᠨ᠂ ᠪᠦᠬᠦ ᠣᠷᠣᠨ᠎ᠢ ᠬᠤᠯᠪᠣᠭᠰᠠᠨ ᠤᠳᠤ ᠦᠶ᠎ᠡ ᠵᠢᠨ ᠰᠠᠭᠤᠷᠢ ᠪᠡᠯᠡᠳᠬᠡᠮᠵᠢ ᠵᠢᠨ ᠲᠣᠣᠷ ᠰᠦᠯᠵᠢᠶᠡᠨ᠎ᠤ ᠰᠢᠰᠲ᠋ᠧᠮ᠎ᠢ ᠱᠠᠯᠠᠪᠳᠠᠨ ᠪᠠᠶ᠋ᠢᠭᠤᠯᠤᠨ᠎ᠠ ᠭᠡᠵᠦ ᠳᠤᠷᠠᠳᠪᠠ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠲᠤᠬᠠᠢ ᠬᠡᠯᠡᠬᠦ᠎ᠳᠤ᠎ᠪᠠᠨ᠂ ᠳᠣᠲᠣᠭ᠋ᠠᠳᠤ ᠭᠠᠳᠠᠭ᠋ᠠᠳᠤ ᠵᠢ ᠬᠤᠯᠪᠣᠭᠰᠠᠨ᠂ ᠡᠷᠭᠢᠨ ᠲᠣᠭᠤᠷᠢᠨ ᠵᠶ᠋ᠠᠨ ᠨᠥᠯᠥᠭᠡᠯᠡᠭᠰᠡᠨ᠂ ᠡᠬᠢ ᠪᠠᠶᠠᠯᠢᠭ᠎ᠢ ᠲᠥᠪᠯᠡᠷᠡᠭᠦᠯᠦᠨ ᠲᠠᠷᠬᠠᠭ᠋ᠠᠭᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ᠎ᠢ ᠪᠦᠷᠢᠯᠳᠦᠭᠦᠯᠬᠦ ᠬᠡᠷᠡᠭᠲᠡᠢ ᠭᠡᠵᠡᠢ᠃ ᠡᠭᠦᠨ᠎ᠳᠤ ᠪᠢᠳᠡ ᠡᠩ ᠲᠡᠷᠢᠭᠦᠨ᠎ᠳᠤ ᠡᠷᠬᠡᠪᠰᠢ ᠪᠦᠷᠢᠨ ᠲᠡᠭᠦᠯᠳᠡᠷ ᠰᠠᠭᠤᠷᠢ ᠪᠡᠯᠡᠳᠬᠡᠮᠵᠢ ᠵᠢᠨ ᠲᠤᠯᠭ᠋ᠠᠭᠤᠷᠢᠯᠠᠯ᠎ᠲᠠᠢ ᠪᠠᠶ᠋ᠢᠬᠤ ᠬᠡᠷᠡᠭᠲᠡᠢ᠂ ᠭᠡᠪᠡᠴᠦ ᠣᠳᠣᠬᠠᠨ᠎ᠳᠤ ᠮᠠᠨ᠎ᠤ ᠣᠷᠣᠨ ᠵᠠᠷᠢᠮ ᠭᠤᠣᠯᠯᠠᠭᠴᠢ ᠢᠨᠵᠧᠨᠧᠷᠢᠩ᠎ᠢ ᠪᠠᠰᠠ ᠪᠠᠶ᠋ᠢᠭᠤᠯᠵᠤ ᠳᠠᠭᠤᠰᠬᠠᠭ᠋ᠠᠳᠤᠢ᠂ ᠡᠶ᠋ᠢᠮᠦ᠎ᠠᠴᠠ ᠡᠷᠬᠡᠪᠰᠢ ᠤᠯᠤᠰ᠎ᠠᠴᠠ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ᠎ᠢ ᠠᠮᠵᠢᠵᠤ᠂ ᠮᠠᠨ᠎ᠤ ᠣᠷᠣᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠬᠤᠷᠳᠤᠨ᠎ᠤ ᠲᠡᠮᠦᠷ ᠵᠠᠮ ᠵᠶ᠋ᠠᠷ ᠠᠪᠴᠤ ᠬᠡᠯᠡᠪᠡᠯ᠂ ᠮᠠᠨ᠎ᠤ ᠣᠷᠣᠨ ᠬᠡᠳᠦᠶ᠋ᠢᠪᠡᠷ ᠬᠥᠭᠵᠢᠭᠰᠡᠨ ᠭᠠᠵᠠᠷ ᠣᠷᠣᠨ ᠰᠢᠭ᠋ ᠥᠨᠳᠥᠷ ᠨᠢᠭᠲᠠᠴᠠ᠎ᠲᠠᠢ ᠬᠤᠷᠳᠤᠨ᠎ᠤ ᠲᠡᠮᠦᠷ ᠵᠠᠮ᠎ᠤᠨ ᠱᠤᠭᠤᠮ᠎ᠢ ᠪᠠᠶ᠋ᠢᠷᠢᠰᠢᠭᠤᠯᠵᠤ ᠳᠡᠶ᠋ᠢᠯᠬᠦ ᠦᠭᠡᠢ ᠪᠣᠯᠪᠠᠴᠤ᠂ ᠪᠤᠭᠤᠲᠤ᠎ᠠᠴᠠ ᠢᠷᠭ᠋ᠠᠢ ᠬᠦᠷᠬᠦ ᠬᠤᠷᠳᠤᠨ᠎ᠤ ᠲᠡᠮᠦᠷ ᠵᠠᠮ᠂ ᠵᠢᠨᠢᠩ᠎ᠠᠴᠠ ᠳ᠋ᠠᠲ᠋ᠦ᠋ᠩᠢ ᠳᠠᠮᠵᠢᠵᠤ ᠶᠤᠸᠠᠨᠫᠢᠩ ᠬᠦᠷᠬᠦ ᠬᠤᠷᠳᠤᠨ᠎ᠤ ᠲᠡᠮᠦᠷ ᠵᠠᠮ᠂ ᠣᠷᠳᠣᠰ᠎ᠠᠴᠠ ᠢᠦᠢ ᠯᠢᠨ᠎ᠢ ᠳᠠᠮᠵᠢᠵᠤ ᠶᠠᠨ ᠠᠨ ᠬᠦᠷᠬᠦ ᠬᠤᠷᠳᠤᠨ᠎ᠤ ᠲᠡᠮᠦᠷ ᠵᠠᠮ ᠵᠡᠷᠭᠡ ᠪᠦᠬᠦ ᠤᠯᠤᠰ᠎ᠤᠨ ᠬᠤᠷᠳᠤᠨ᠎ᠤ ᠲᠡᠮᠦᠷ ᠵᠠᠮ᠎ᠤᠨ ᠲᠣᠣᠷ᠎ᠲᠤ ᠵᠠᠯᠭ᠋ᠠᠵᠤ ᠣᠷᠣᠭᠤᠯᠬᠤ ᠭᠤᠣᠯᠯᠠᠭᠴᠢ ᠢᠨᠵᠧᠨᠧᠷᠢᠩ ᠡᠷᠬᠡᠪᠰᠢ ᠪᠠᠶ᠋ᠢᠬᠤ ᠬᠡᠷᠡᠭᠲᠡᠢ ᠪᠥᠭᠡᠳ ᠡᠷᠲᠡᠬᠡᠨ ᠪᠠᠶ᠋ᠢᠭᠤᠯᠵᠤ ᠳᠠᠭᠤᠰᠬᠠᠬᠤ᠎ᠪᠠᠷ ᠴᠢᠷᠮᠠᠶ᠋ᠢᠬᠤ ᠬᠡᠷᠡᠭᠲᠡᠢ᠃ ᠪᠠᠰᠠ ᠵᠠᠰᠠᠮᠠᠯ ᠵᠠᠮ᠂ ᠨᠢᠰᠬᠡᠯ᠎ᠤᠨ ᠪᠠᠭᠤᠳᠠᠯ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦ᠂ ᠮᠡᠳᠡᠭᠡ ᠬᠤᠯᠪᠣᠭ᠎ᠠ᠂ ᠬᠤᠳᠠ ᠵᠢᠨ ᠶᠠᠪᠤᠳᠠᠯ ᠵᠡᠷᠭᠡ ᠲᠠᠯ᠎ᠠ ᠵᠢᠨ ᠳᠤᠲᠠᠭᠤᠳᠠᠯ᠎ᠢ ᠨᠥᠬᠦᠪᠦᠷᠢᠯᠡᠬᠦ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠬᠤ ᠠᠯᠬᠤᠴᠠ᠎ᠪᠠᠨ ᠲᠦᠷᠭᠡᠳᠬᠡᠬᠦ ᠬᠡᠷᠡᠭᠲᠡᠢ᠃ ᠢᠯᠠᠩᠭᠤᠶ᠎ᠠ ᠲᠣᠰ ᠤᠳᠠᠭ᠋ᠠᠨ᠎ᠤ 《ᠢᠯᠡᠳᠬᠡᠯ》᠎ᠳᠤ ᠠᠭ᠋ᠠᠷ᠎ᠤᠨ ᠠᠶᠠᠯᠠᠯ᠎ᠤᠨ ᠱᠤᠭᠤᠮ᠎ᠤᠨ ᠭᠤᠣᠯ ᠰᠠᠯᠪᠤᠷᠢ ᠱᠤᠭᠤᠮ᠎ᠢ ᠨᠡᠪᠲᠡᠷᠡᠭᠦᠯᠬᠦ᠂ ᠰᠠᠯᠪᠤᠷᠢ ᠰᠠᠯᠪᠤᠷᠢ ᠱᠤᠭᠤᠮ᠎ᠢ ᠨᠡᠪᠲᠡᠷᠡᠭᠦᠯᠬᠦ ᠪᠠ ᠪᠥᠬᠦ ᠰᠦᠯᠵᠢᠶ᠎ᠡ ᠵᠢ ᠬᠤᠯᠪᠣᠬᠤ ᠵᠢ ᠲᠣᠳᠣᠷᠬᠠᠢ ᠳᠤᠷᠠᠳᠤᠨ ᠭᠠᠷᠭ᠋ᠠᠪᠠ᠃ ᠤᠴᠢᠷ᠎ᠨᠢ ᠮᠠᠨ᠎ᠤ ᠣᠷᠣᠨ ᠭᠠᠵᠠᠷ ᠠᠭᠤᠳᠠᠮ ᠬᠥᠮᠥᠨ ᠴᠥᠭᠡᠨ ᠪᠣᠯᠬᠤᠷ ᠪᠣᠶ ᠪᠦᠬᠦᠢ ᠭᠠᠵᠠᠷ ᠣᠷᠣᠨ᠎ᠤ ᠶᠠᠪᠤᠵᠤ ᠰᠠᠭᠤᠬᠤ ᠠᠠᠰᠭᠤᠳᠠᠯᠢ ᠴᠥᠮ ᠭᠠᠵᠠᠷ ᠳᠡᠭᠡᠷᠡᠬᠢ ᠵᠠᠮ ᠬᠠᠷᠢᠯᠴᠠᠭ᠎ᠠ᠎ᠳᠤ ᠲᠦᠰᠢᠭᠯᠡᠨ ᠰᠢᠢ᠍ᠳᠪᠦᠷᠢᠯᠡᠵᠦ ᠪᠣᠯᠬᠤ ᠦᠭᠡᠢ᠂ ᠳᠠᠷᠤᠢ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠢ ᠬᠥᠭᠵᠢᠭᠦᠯᠵᠦ᠂ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠰᠦᠷᠦᠭᠵᠢᠯ᠎ᠢ ᠪᠠᠶ᠋ᠢᠭᠤᠯᠵᠤ᠂ ᠥᠷᠭᠡᠨ ᠳᠡᠯᠭᠡᠷ ᠨᠡᠪᠲᠡᠷᠡᠭᠰᠡᠨ᠂ ᠳᠥᠭᠦᠮ ᠳᠥᠲᠡ ᠥᠨᠳᠥᠷ ᠪᠦᠲᠦᠮᠵᠢᠲᠡᠶ ᠣᠯᠠᠨ ᠨᠡᠶ᠋ᠢᠲᠡ ᠵᠢᠨ ᠠᠭ᠋ᠠᠷ᠎ᠤᠨ ᠠᠶᠠᠯᠠᠯ᠎ᠤᠨ ᠲᠡᠭᠡᠭᠡᠪᠦᠷᠢ ᠵᠢᠨ ᠲᠣᠣᠷ᠎ᠢ ᠲᠦᠷᠭᠡᠪᠴᠢᠯᠡᠨ ᠪᠠᠶ᠋ᠢᠭᠤᠯᠬᠤ ᠬᠡᠷᠡᠭᠲᠡᠢ᠂ ᠡᠨᠡ᠎ᠨᠢ ᠰᠠᠶᠢ ᠥᠪᠥᠷ ᠮᠣᠩᠭᠤᠯ᠎ᠤᠨ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠶᠤᠮ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠪᠠᠰᠠ ᠬᠡᠷᠡᠭᠯᠡᠭᠡ ᠵᠢ ᠠᠬᠢᠭᠤᠯᠬᠤ ᠲᠠᠯ᠎ᠠ᠎ᠪᠠᠷ᠂ ᠣᠳᠣᠬᠠᠨ᠎ᠳᠤ ᠪᠢᠳᠡᠨ᠎ᠳᠤ ᠲᠤᠯᠭ᠋ᠠᠷᠠᠵᠤ ᠪᠠᠶ᠋ᠢᠭ᠎ᠠ ᠬᠠᠮᠤᠭ᠎ᠤᠨ ᠲᠣᠪᠣᠶ᠋ᠢᠮ᠎ᠠ ᠠᠰᠠᠭᠤᠳᠠᠯ ᠪᠣᠯ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠤ ᠬᠦᠷᠦᠯᠴᠡᠬᠦ ᠴᠢᠨᠠᠷᠲᠠᠢ ᠬᠡᠷᠡᠭᠯᠡᠭᠡ ᠵᠢᠨ ᠰᠡᠷᠭᠦᠯᠲᠡ ᠤᠳᠠᠭ᠋ᠠᠨ ᠪᠠᠶ᠋ᠢᠨ᠎ᠠ᠂ ᠡᠭᠦᠨ᠎ᠤ ᠲᠤᠬᠠᠢ 《ᠢᠯᠡᠳᠬᠡᠯ》᠎ᠳᠤ ᠨᠢᠭᠡᠨ ᠮᠠᠰᠢ ᠶᠡᠭᠡ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠂ ᠲᠤᠬᠠᠶ᠋ᠢᠯᠠᠪᠠᠯ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠦᠢ᠍ᠯᠡᠴᠢᠯᠡᠭᠡᠨ᠎ᠤ ᠠᠵᠢᠯᠯᠠᠭ᠋ᠠᠨ ᠡᠵᠡᠩᠨᠡᠯᠲᠡ ᠵᠢᠨ ᠳᠦᠷᠢᠮᠵᠢᠯ᠎ᠢ ᠠᠵᠢᠯ ᠳᠦᠷᠦᠯ ᠬᠤᠪᠢᠶᠠᠨ ᠲᠡᠭᠦᠯᠳᠡᠷᠵᠢᠭᠦᠯᠬᠦ ᠵᠢᠨ ᠬᠠᠮᠲᠤ ᠬᠡᠷᠡᠭᠯᠡᠭᠡ ᠵᠢᠨ ᠨᠡᠮᠡᠭᠳᠡᠯ᠎ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠪᠠ᠃ ᠪᠢᠳᠡᠨ᠎ᠤ ᠠᠪᠤᠭᠰᠠᠨ ᠠᠷᠭ᠎ᠠ ᠬᠡᠮᠵᠢᠶ᠎ᠡ ᠪᠣᠯ ᠠᠮᠠᠷᠠᠯᠲᠠ ᠵᠢᠨ ᠡᠳᠦᠷ᠎ᠤᠨ ᠬᠡᠷᠡᠭᠯᠡᠭᠡ᠂ ᠵᠡᠭᠡᠯᠢ ᠭᠤᠳᠤᠮᠵᠢ ᠵᠢᠨ ᠵᠠᠬ᠎ᠠ ᠳᠡᠯᠭᠡᠭᠦᠷ᠂ ᠳᠡᠯᠭᠡᠭᠦᠷ ᠫᠦᠰᠡ᠂ ᠰᠥᠨᠢ ᠵᠢᠨ ᠠᠵᠤ ᠠᠬᠤᠢ ᠵᠡᠷᠭᠡ ᠵᠢ ᠪᠦᠬᠦ ᠲᠠᠯ᠎ᠠ᠎ᠪᠠᠷ ᠬᠥᠭᠵᠢᠶᠡᠨ᠎ᠲᠠᠢ ᠪᠣᠯᠭ᠋ᠠᠬᠤ ᠶᠠᠪᠤᠳᠠᠯ ᠪᠣᠯᠣᠨ᠎ᠠ᠃ ᠲᠡᠷᠡ ᠮᠥᠷᠲᠡᠭᠡᠨ ᠥᠪᠥᠷ ᠮᠣᠩᠭᠤᠯ᠎ᠤᠨ ᠬᠡᠷᠡᠭᠯᠡᠭᠡ ᠵᠢᠨ ᠵᠠᠬ᠎ᠠ ᠳᠡᠯᠭᠡᠭᠦᠷ᠎ᠤᠨ ᠣᠨᠴᠠᠯᠢᠭ ᠵᠶ᠋ᠠᠷ ᠠᠪᠴᠤ ᠬᠡᠯᠡᠪᠡᠯ᠂ ᠮᠠᠨ᠎ᠤ ᠣᠷᠣᠨ᠎ᠤ ᠬᠡᠷᠡᠭᠯᠡᠭᠡᠨ᠎ᠢ ᠪᠥᠬᠦ ᠤᠯᠤᠰ᠎ᠤᠨ ᠲᠣᠮᠣ ᠵᠠᠬ᠎ᠠ ᠳᠡᠯᠭᠡᠭᠦᠷ᠂ ᠢᠯᠠᠩᠭᠤᠶ᠎ᠠ ᠵᠢᠭᠤᠯᠴᠢᠯᠠᠯ᠎ᠤᠨ ᠬᠡᠷᠡᠭᠯᠡᠭᠡ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠡᠷᠡᠭᠯᠡᠭᠡ᠎ᠳᠤ ᠨᠠᠩ ᠢᠯᠡᠭᠦᠦ ᠲᠦᠰᠢᠭᠯᠡᠬᠦ ᠴᠢᠬᠤᠯᠠᠲᠠᠢ ᠶᠤᠮ᠃ ᠵᠤᠭ᠋ᠠᠴᠠᠯ᠎ᠤᠨ ᠶᠠᠰᠤ ᠴᠢᠨᠠᠷ ᠪᠠ ᠵᠡᠷᠭᠡ ᠳᠡᠰ᠎ᠢ ᠳᠡᠭᠡᠭᠰᠢᠯᠡᠭᠦᠯᠵᠦ᠂ ᠣᠷᠣᠨ᠎ᠤ ᠭᠠᠳᠠᠨᠠᠬᠢ ᠪᠠ ᠭᠠᠳᠠᠭ᠋ᠠᠳᠤ ᠵᠢᠨ ᠨᠡᠩ ᠤᠯᠠᠨ ᠵᠤᠭ᠋ᠠᠴᠠᠭᠰᠠᠳ᠎ᠢ ᠲᠠᠲᠠᠵᠤ ᠮᠠᠨ᠎ᠤ ᠣᠷᠣᠨ᠎ᠳᠤ ᠢᠷᠡᠭᠦᠯᠵᠦ ᠬᠡᠷᠡᠭᠯᠡᠭᠡ ᠬᠢᠯᠭᠡᠬᠦ ᠬᠡᠷᠡᠭᠲᠡᠢ; ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠨᠠᠷᠠᠲᠤ ᠲᠥᠷᠥᠯ ᠲᠡᠮᠳᠡᠭᠲᠦ ᠵᠢ ᠡᠭᠦᠳᠴᠦ᠂ ᠨᠠᠩ ᠣᠯᠠᠨ ᠪᠣᠬᠢᠷᠳᠤᠯ ᠦᠭᠡᠢ ᠪᠥᠭᠡᠳ ᠴᠢᠨᠠᠷ ᠰᠠᠶ᠋ᠢᠲᠠᠢ ᠪᠦᠲᠦᠭᠡᠭᠳᠡᠬᠦᠨ᠎ᠢ ᠪᠥᠬᠦ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠬᠤ ᠬᠡᠷᠡᠭᠲᠡᠢ᠂ ᠡᠲᠡᠭᠡᠷ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ 《ᠢᠯᠡᠳᠬᠡᠯ》᠎ᠤᠨ ᠪᠤᠰᠤᠳ ᠬᠡᠰᠡᠭ᠎ᠲᠤ ᠴᠦ᠍ ᠪᠠᠶ᠋ᠢᠷᠢᠯᠠᠭᠤᠯᠪᠠ᠃
ᠬᠥᠲᠥᠯᠥᠭᠴᠢ᠄ ᠲᠡᠭᠡᠪᠡᠯ ᠠᠵᠤ ᠦᠢ᠍ᠯᠡᠰ᠎ᠤᠨ ᠰᠦᠷᠦᠭᠵᠢᠯ ᠪᠠ ᠠᠵᠤ ᠦᠢ᠍ᠯᠡᠰ᠎ᠤᠨ ᠬᠡᠯᠬᠢᠶ᠎ᠡ ᠵᠢ ᠪᠣᠶ ᠪᠣᠯᠭ᠋ᠠᠬᠤ ᠲᠠᠯ᠎ᠠ᠎ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶ᠋ᠢᠬᠤ ᠪᠣᠶ? ᠯᠢ ᠳᠠᠷᠤᠭ᠎ᠠ ᠪᠢᠳᠡᠨ᠎ᠳᠤ ᠲᠠᠨᠢᠯᠴᠠᠭᠤᠯᠤᠭ᠋ᠠᠳ ᠥᠭᠭᠦᠨ᠎ᠡ ᠦᠦ?
ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠲᠡᠭᠡᠶ᠎ᠡ᠂ ᠪᠢᠳᠡ ᠬᠡᠳᠦᠶ᠋ᠢᠪᠡᠷ ᠬᠡᠷᠡᠭᠴᠡᠭᠡ ᠱᠠᠭ᠋ᠠᠷᠳᠠᠯᠭ᠎ᠠ᠎ᠲᠠᠢ᠂ ᠨᠥᠬᠦᠴᠡᠯ᠎ᠲᠠᠢ ᠠᠵᠤ ᠦᠢ᠍ᠯᠡᠰ᠎ᠢ ᠪᠦᠷ ᠬᠢᠵᠦ ᠪᠣᠯᠣᠨ᠎ᠠ ᠭᠡᠳᠡᠭ᠎ᠢ ᠮᠡᠳᠡᠬᠦ ᠪᠣᠯᠪᠠᠴᠤ᠂ ᠣᠳᠣᠬᠠᠨ᠎ᠤ ᠱᠠᠲᠤᠨ᠎ᠳᠤ ᠠᠯᠢᠪᠠ ᠠᠵᠤ ᠦᠢ᠍ᠯᠡᠰ᠎ᠢ ᠪᠦᠷ ᠬᠢᠬᠦ ᠪᠣᠯᠣᠯᠴᠠᠭ᠎ᠠ ᠦᠭᠡᠢ ᠶᠤᠮ᠂ ᠲᠡᠭᠡᠪᠡᠯ ᠭᠤᠣᠯᠳᠠᠯᠭ᠎ᠠ ᠦᠭᠡᠢ ᠪᠣᠯᠬᠤ ᠪᠥᠭᠡᠳ ᠪᠡᠶᠡᠯᠡᠭᠦᠯᠵᠦ ᠴᠦ᠍ ᠳᠡᠶ᠋ᠢᠯᠬᠦ ᠦᠭᠡᠢ ᠪᠣᠯᠣᠨ᠎ᠠ᠃ ᠶᠡᠷᠦᠩᠬᠡᠢ ᠱᠦᠵᠢ ᠪᠢᠳᠡᠨ᠎ᠳᠤ ᠥᠪᠡᠷ᠎ᠤᠨ ᠳᠠᠪᠠᠭᠤᠯᠢᠭ ᠬᠦᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ᠎ᠪᠠᠨ ᠭᠦᠨᠵᠡᠭᠡᠢ ᠵᠠᠳᠠᠯᠵᠤ᠂ ᠠᠵᠤ ᠠᠬᠤᠢ ᠵᠢᠨ ᠬᠥᠭᠵᠢᠯᠲᠡ ᠵᠢᠨ ᠭᠤᠣᠯᠳᠠᠯᠭ᠎ᠠ᠎ᠲᠠᠢ ᠠᠵᠤ ᠦᠢ᠍ᠯᠡᠰ ᠪᠣᠯᠣᠨ ᠭᠤᠣᠯ ᠰᠢᠪᠲᠤᠯᠤᠯᠲᠠ ᠵᠢᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠰᠠᠶ᠋ᠢᠨᠲᠠᠢ ᠲᠠᠯ᠎ᠠ᠎ᠪᠠᠨ ᠪᠠᠳᠠᠷᠠᠭᠤᠯᠤᠨ ᠰᠠᠭ᠋ᠠᠷᠠᠤ ᠲᠠᠯ᠎ᠠ᠎ᠪᠠᠨ ᠲᠡᠪᠴᠢᠵᠦ᠂ ᠰᠢᠯᠢᠳᠡᠭ᠎ᠢ ᠪᠣᠶ᠋ᠢᠵᠢᠭᠤᠯᠤᠨ ᠦᠷ᠎ᠡ ᠠᠰᠢᠭ᠎ᠢ ᠨᠡᠮᠡᠭᠳᠡᠭᠦᠯᠬᠦ ᠬᠡᠷᠡᠭᠲᠡᠢ ᠭᠡᠵᠡᠢ᠃ ᠡᠶ᠋ᠢᠮᠦ᠎ᠠᠴᠠ ᠭᠦᠨᠵᠡᠭᠡᠢ ᠰᠤᠳᠤᠯᠤᠨ ᠶᠠᠷᠢᠯᠴᠠᠬᠤ᠎ᠪᠠᠷ ᠲᠠᠮᠵᠢᠨ᠂ 《ᠢᠯᠡᠳᠬᠡᠯ》᠎ᠳᠤ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ᠂ ᠰᠢᠨ᠎ᠡ ᠡᠨᠧᠷᠭᠢ ᠵᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠤᠳᠤ ᠦᠶ᠎ᠡ ᠵᠢᠨ ᠲᠤᠨᠤᠭ ᠲᠥᠬᠦᠭᠡᠷᠦᠮᠵᠢ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠲᠣᠭ᠋ᠠᠵᠢᠭᠤᠯᠤᠭᠰᠠᠨ ᠠᠵᠤ ᠠᠬᠤᠢ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠰᠦᠷᠦᠭᠵᠢᠯ᠎ᠢ ᠲᠥᠪᠯᠡᠷᠡᠭᠦᠯᠦᠨ ᠪᠤᠢ ᠪᠣᠯᠭ᠋ᠠᠵᠤ᠂ ᠲᠦᠷᠦᠭᠦᠦ ᠪᠦᠯᠦᠭ᠎ᠲᠤ 12 ᠵᠤᠷᠪᠤᠰ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠤᠢ ᠪᠣᠯᠭ᠋ᠠᠨ᠎ᠠ ᠭᠡᠵᠦ ᠲᠣᠳᠣᠷᠬᠠᠢ ᠳᠤᠷᠠᠳᠤᠨ ᠭᠠᠷᠭ᠋ᠠᠵᠠᠢ᠃
ᠬᠥᠲᠥᠯᠥᠭᠴᠢ᠄ ᠲᠡᠭᠡᠪᠡᠯ ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠ ᠰᠢᠨ᠎ᠡ ᠳᠤᠷᠠᠳᠤᠯᠭ᠎ᠠ ᠪᠠᠶ᠋ᠢᠬᠤ ᠪᠣᠶ?
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠮᠠᠨ᠎ᠤ ᠣᠷᠣᠨ ᠪᠣᠯ ᠪᠥᠬᠦ ᠤᠯᠤᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠲᠣᠮᠣ ᠣᠷᠣᠨ ᠪᠠᠶ᠋ᠢᠵᠤ᠂ ᠨᠢᠳᠤᠨᠤᠨ᠎ᠤ ᠠᠮᠤ ᠪᠤᠳᠠᠭ᠋ᠠᠨ᠎ᠤ ᠤᠨᠠᠯᠲᠠ 768 ᠳ᠋ᠦᠩᠰᠢᠭᠤᠷ ᠵᠢᠩ᠎ᠳᠤ ᠬᠦᠷᠴᠦ᠂ ᠪᠥᠬᠦ ᠤᠯᠤᠰ᠎ᠲᠤ ᠵᠢᠷᠭᠤᠳᠤᠭ᠋ᠠᠷ᠎ᠲᠤ ᠵᠢᠭᠰᠠᠭ᠋ᠠᠭᠳᠠᠪᠠ; ᠦᠨᠢᠶᠡᠨ ᠰᠦ ᠵᠢᠨ ᠭᠠᠷᠤᠯᠲᠠ 673 ᠲᠦᠮᠡᠨ ᠲᠣᠨ᠎ᠳᠤ ᠬᠦᠷᠴᠦ᠂ ᠪᠥᠬᠦ ᠤᠯᠤᠰ᠎ᠤᠨ ᠴᠣᠷ᠎ᠤᠨ ᠭᠠᠭᠴᠠ 600 ᠲᠦᠮᠡᠨ ᠲᠣᠨ᠎ᠢ ᠳᠠᠪᠠᠭᠰᠠᠨ ᠮᠤᠵᠢ ᠣᠷᠣᠨ ᠪᠣᠯᠵᠤ᠂ ᠪᠥᠬᠦ ᠤᠯᠤᠰ᠎ᠤᠨ ᠠᠷᠠᠳ ᠲᠦᠮᠡᠨ᠎ᠤ ᠤᠤᠭᠤᠬᠤ ᠦᠨᠢᠶᠡᠨ ᠰᠦ ᠵᠢᠨ 5 ᠴᠣᠮᠣ ᠪᠦᠷᠢ ᠵᠢᠨ 1 ᠴᠣᠮᠣ᠎ᠨᠢ ᠮᠠᠨ᠎ᠤ ᠣᠷᠣᠨ᠎ᠤ᠎ᠬᠢ ᠪᠣᠯᠣᠨ᠎ᠠ; ᠦᠬᠡᠷ᠎ᠤᠨ ᠮᠢᠬ᠎ᠠ᠂ ᠬᠤᠨᠢᠨ ᠮᠢᠬ᠎ᠠ᠂ ᠢᠮᠠᠭ᠋ᠠᠨ ᠨᠣᠣᠯᠣᠭᠤᠷ᠂ ᠲᠡᠵᠢᠭᠡᠯ ᠡᠪᠡᠰᠦᠨ᠎ᠤ ᠭᠠᠷᠤᠯᠲᠠ ᠵᠡᠷᠭᠡ᠎ᠨᠢ ᠴᠥᠮ ᠪᠦᠬᠦ ᠤᠯᠤᠰ᠎ᠤᠨ ᠲᠡᠷᠢᠭᠦᠨ᠎ᠳᠤ ᠣᠷᠣᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠬᠠᠮᠠᠭ᠋ᠠᠯᠠᠬᠤ ᠪᠠ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ᠎ᠳᠤ ᠴᠥᠮ ᠲᠤᠶ᠋ᠢᠯ᠎ᠤᠨ ᠴᠢᠬᠤᠯᠠ ᠪᠠᠶ᠋ᠢᠷᠢ ᠰᠠᠭᠤᠷᠢ᠎ᠲᠠᠢ ᠶᠤᠮ᠂ ᠡᠨᠡ ᠪᠣᠯ ᠥᠪᠥᠷ ᠮᠣᠩᠭᠤᠯ᠎ᠤᠨ ᠳᠠᠪᠠᠭᠤᠯᠢᠭ ᠲᠠᠯ᠎ᠠ ᠪᠣᠯᠣᠨ᠎ᠠ᠂ ᠮᠥᠨ ᠴᠦ᠍ ᠪᠢᠳᠡᠨ᠎ᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃ ᠡᠭᠦᠨ᠎ᠤ ᠬᠠᠮᠲᠤ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠣᠳᠣᠬᠠᠨ᠎ᠳᠤ᠎ᠪᠠᠨ ᠮᠥᠨ ᠬᠦ᠌ ᠪᠠᠰᠠ ᠳᠣᠣᠷ᠎ᠠ ᠲᠦᠪᠰᠢᠨ᠂ ᠪᠦᠳᠦᠭᠦᠯᠢᠭ ᠬᠥᠭᠵᠢᠯᠲᠡ ᠵᠢᠨ ᠱᠠᠲᠤᠨ᠎ᠳᠤ ᠣᠷᠣᠰᠢᠵᠤ ᠪᠠᠶ᠋ᠢᠬᠤ ᠵᠢ ᠰᠡᠷᠭᠡᠭ ᠵᠶ᠋ᠠᠷ ᠮᠡᠳᠡᠬᠦ ᠬᠡᠷᠡᠭᠲᠡᠢ᠂ ᠡᠬᠢ ᠪᠠᠶᠠᠯᠢᠭ ᠣᠷᠴᠢᠨ ᠲᠣᠭᠤᠷᠢᠨ ᠢᠯᠠᠩᠭᠤᠶ᠎ᠠ ᠤᠰᠤᠨ᠎ᠤ ᠡᠬᠢ ᠪᠠᠶᠠᠯᠢᠭ᠎ᠤᠨ ᠵᠠᠷᠤᠴᠠᠭᠤᠯᠬᠤ ᠦᠨ᠎ᠡ ᠥᠷᠲᠡᠭ᠎ᠨᠢ ᠬᠡᠲᠦ ᠶᠡᠭᠡ᠂ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠎ᠨᠢ ᠬᠡᠲᠦ ᠥᠨᠳᠥᠷ ᠪᠣᠯᠬᠤᠷ ᠡᠷᠬᠡᠪᠰᠢ ᠬᠡᠯᠪᠡᠷᠢ᠎ᠪᠠᠨ ᠲᠦᠷᠭᠡᠪᠴᠢᠯᠡᠨ ᠬᠤᠪᠢᠷᠠᠭᠤᠯᠬᠤ ᠬᠡᠷᠡᠭᠲᠡᠢ᠃ ᠡᠶ᠋ᠢᠮᠦ᠎ᠠᠴᠠ 《ᠢᠯᠡᠳᠬᠡᠯ》᠎ᠳᠤ ᠲᠥᠷᠥᠯ ᠵᠦᠢ᠍ᠯ᠎ᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠢ ᠨᠠᠩ ᠢᠯᠡᠭᠦᠦ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢ ᠡᠷᠴᠢᠮᠵᠢᠭᠦᠯᠬᠦ᠂ ᠬᠡᠪᠴᠢᠶᠡᠵᠢᠭᠦᠯᠬᠦ ᠪᠠ ᠳᠡᠭᠡᠳᠦ ᠲᠠᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠠᠷᠤᠯᠲᠠ ᠵᠢᠨ ᠶᠡᠭᠡ ᠣᠷᠣᠨ᠎ᠠᠴᠠ ᠲᠠᠷᠢᠶᠠᠯᠠᠩ ᠮᠠᠯ ᠠᠵᠤ ᠠᠬᠤᠢ ᠵᠢᠨ ᠶᠠᠰᠤ ᠴᠢᠨᠠᠷ ᠵᠶ᠋ᠠᠷ ᠬᠦᠴᠦᠷᠬᠡᠭ ᠣᠷᠣᠨ ᠲᠡᠶ᠋ᠢᠰᠢ ᠤᠷᠤᠭᠰᠢᠯᠠᠬᠤ ᠵᠢ ᠠᠬᠢᠭᠤᠯᠤᠨ᠎ᠠ ᠭᠡᠵᠦ ᠳᠤᠷᠠᠳᠤᠨ ᠭᠠᠷᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠪᠠᠰᠠ ᠵᠢᠱ᠌ᠢᠶᠡᠯᠡᠪᠡᠯ ᠰᠢᠨ᠎ᠡ ᠡᠨᠧᠷᠭᠢ ᠵᠢᠨ ᠰᠤᠷᠪᠤᠯᠵᠢ᠎ᠪᠠᠷ ᠠᠪᠴᠤ ᠬᠡᠯᠡᠪᠡᠯ᠂ ᠡᠨᠡ ᠵᠢᠯ ᠰᠢᠨ᠎ᠡ ᠡᠨᠧᠷᠭᠢ ᠵᠢᠨ ᠰᠤᠷᠪᠤᠯᠵᠢ ᠵᠢᠨ ᠲᠣᠣᠷ ᠰᠦᠯᠵᠢᠶ᠎ᠡ᠎ᠳᠤ ᠨᠡᠶ᠋ᠢᠯᠡᠭᠦᠯᠦᠨ ᠣᠷᠣᠭᠤᠯᠬᠤ ᠬᠡᠪᠴᠢᠶ᠎ᠡ ᠵᠢ 2000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠡᠭᠦᠰᠦᠮᠡᠯ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ ᠵᠢᠨ ᠬᠤᠪᠢ ᠵᠢᠨ ᠵᠢᠩ᠎ᠢ 40 %᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠢᠳᠡ ᠡᠨᠡ ᠬᠦ᠌ ᠬᠠᠷᠠᠯᠲᠠ ᠵᠢ ᠶᠠᠭ᠋ᠠᠬᠢᠭᠰᠠᠨ ᠴᠤ᠌ ᠪᠠᠰᠤᠵᠤ ᠪᠣᠯᠬᠤ ᠦᠭᠡᠢ᠂ ᠤᠴᠢᠷ᠎ᠨᠢ ᠮᠠᠨ᠎ᠤ ᠣᠷᠣᠨ᠎ᠤ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ ᠨᠢᠭᠡᠨᠲᠡ 1 ᠳ᠋ᠦᠩᠰᠢᠭᠤᠷ ᠺᠢᠯᠣᠸᠠᠲ᠎ᠲᠤ ᠬᠦᠷᠴᠦ᠂ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠨᠢ 1.5 ᠳ᠋ᠦᠩᠰᠢᠭᠤᠷ ᠺᠢᠯᠣᠸᠠᠲ᠎ᠢ ᠳᠠᠪᠠᠵᠤ᠂ ᠰᠠᠭᠤᠷᠢ ᠬᠡᠮᠵᠢᠶ᠎ᠡ᠎ᠨᠢ ᠮᠠᠰᠢ ᠥᠨᠳᠥᠷ ᠪᠠᠶ᠋ᠢᠵᠤ᠂ ᠪᠥᠬᠦ ᠤᠯᠤᠰ᠎ᠲᠤ ᠴᠤ᠌ ᠲᠡᠷᠢᠭᠦᠨ ᠪᠠᠶ᠋ᠢᠷᠢ᠎ᠳᠤ ᠣᠷᠣᠵᠤ ᠪᠠᠶ᠋ᠢᠨ᠎ᠠ᠂ ᠡᠶ᠋ᠢᠮᠦ᠎ᠠᠴᠠ ᠮᠠᠨ᠎ᠤ ᠣᠷᠣᠨ᠎ᠤ ᠡᠭᠦᠰᠦᠮᠡᠯ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ ᠵᠢᠨ ᠬᠤᠪᠢ ᠵᠢᠨ ᠵᠢᠩ᠎ᠢ 40% ᠪᠣᠯᠲᠠᠯ᠎ᠠ ᠳᠡᠭᠡᠭᠰᠢᠯᠡᠭᠦᠯᠬᠦ ᠪᠠ ᠪᠤᠰᠤᠳ ᠮᠤᠵᠢ ᠣᠷᠣᠨ᠎ᠤ 40% ᠬᠦᠷᠲᠡᠯ᠎ᠡ ᠳᠡᠭᠡᠭᠰᠢᠯᠡᠭᠦᠯᠬᠦ᠎ᠨᠢ ᠨᠢᠭᠡ ᠤᠬᠠᠭᠳᠠᠬᠤᠨ ᠪᠢᠰᠢ᠂ ᠨᠢᠭᠡ ᠬᠡᠮᠵᠢᠶ᠎ᠡ ᠵᠢᠨ ᠲᠠᠰ ᠴᠤ᠌ ᠪᠢᠰᠢ᠂ ᠪᠥᠬᠦ ᠤᠯᠤᠰ᠎ᠤᠨ ᠡᠨᠧᠷᠭᠢ ᠵᠢᠨ ᠰᠤᠷᠪᠤᠯᠵᠢ ᠵᠢᠨ ᠪᠦᠲᠦᠴᠡ ᠵᠢᠨ ᠬᠤᠪᠢᠷᠠᠯᠲᠠ᠎ᠳᠤ ᠴᠥᠮ ᠮᠠᠰᠢ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠭᠦᠨ᠎ᠠᠴᠠ ᠦᠵᠡᠬᠦ᠎ᠳᠤ᠂ ᠮᠠᠨ᠎ᠤ ᠣᠷᠣᠨ᠎ᠤ ᠰᠢᠨ᠎ᠡ ᠡᠨᠧᠷᠭᠢ ᠵᠢᠨ ᠬᠥᠭᠵᠢᠯᠲᠡ ᠵᠢᠨ ᠡᠷᠴᠢᠮ᠎ᠤᠨ ᠶᠡᠭᠡ᠂ ᠬᠠᠨᠳᠤᠰᠢ ᠵᠢᠨ ᠲᠦᠷᠭᠡᠨ᠎ᠨᠢ ᠤᠷᠢᠳ ᠡᠮᠦᠨ᠎ᠡ ᠪᠠᠶ᠋ᠢᠭ᠎ᠠ ᠦᠭᠡᠢ᠂ ᠡᠯ᠎ᠡ ᠮᠤᠵᠢ᠎ᠳᠤ ᠴᠦ᠍ ᠪᠠᠶ᠋ᠢᠭ᠎ᠠ ᠦᠭᠡᠢ ᠶᠤᠮ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠡᠭᠦᠨ᠎ᠠᠴᠠ ᠭᠠᠳᠠᠨ᠎ᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠨᠢ ᠮᠠᠨ᠎ᠤ ᠡᠨᠡ ᠵᠢᠯ᠎ᠤᠨ ᠢᠯᠡᠳᠬᠡᠯ᠎ᠳᠠᠬᠢ ᠪᠠᠰᠠ ᠨᠢᠭᠡᠨ ᠬᠢᠯᠠᠰ ᠴᠡᠭ ᠮᠥᠨ᠃ 《ᠢᠯᠡᠳᠬᠡᠯ》᠎ᠳᠤ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ᠂ ᠲᠡᠷᠢᠭᠦᠨ᠎ᠤ᠎ᠬᠢ᠎ᠠᠴᠠ ᠰᠤᠷᠤᠯᠴᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ ᠬᠡᠪ ᠵᠠᠭᠪᠤᠷ᠎ᠢ ᠪᠦᠬᠦ ᠬᠦᠴᠦᠨ ᠵᠶ᠋ᠠᠷ ᠵᠶ᠋ᠠᠨ ᠪᠤᠢ ᠪᠣᠯᠭ᠋ᠠᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭ᠋ᠠᠵᠠᠢ᠃ ᠥᠭᠡᠷ᠎ᠡ᠎ᠪᠠᠷ ᠬᠡᠯᠡᠪᠡᠯ ᠮᠠᠨ᠎ᠤ ᠥᠪᠡᠷᠲᠡᠭᠡᠨ ᠵᠠᠰᠠᠬᠤ ᠣᠷᠣᠨ ᠲᠡᠷᠢᠭᠦᠨ᠎ᠤ ᠭᠠᠵᠠᠷ ᠣᠷᠣᠨ᠎ᠠᠴᠠ ᠲᠡᠷᠢᠭᠦᠨ᠎ᠤ ᠬᠢᠳᠡᠯ᠂ ᠲᠡᠷᠢᠭᠦᠨ᠎ᠤ ᠲᠤᠷᠰᠢᠯᠭ᠎ᠠ ᠵᠢ ᠰᠤᠷᠤᠯᠴᠠᠬᠤ ᠬᠡᠷᠡᠭᠲᠡᠢ᠃ ᠢᠯᠡᠳᠬᠡᠯ᠎ᠳᠤ ᠳᠠᠷᠤᠢ ᠮᠠᠰᠢ ᠣᠯᠠᠨ ᠰᠢᠨ᠎ᠡ ᠵᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠂ ᠵᠢᠱ᠌ᠢᠶᠡᠯᠡᠪᠡᠯ ᠬᠥᠬᠡᠬᠤᠲᠠ ᠪᠤᠭᠤᠲᠤ ᠣᠷᠳᠣᠰ ᠦᠯᠠᠭ᠋ᠠᠨᠴᠠᠪᠲᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠷᠬᠡ ᠵᠢᠨ ᠵᠦᠢ᠍ᠯᠡᠰᠢᠢ ᠪᠥᠬᠦ ᠲᠠᠯ᠎ᠠ᠎ᠪᠠᠷ ᠳᠣᠷᠣᠭᠰᠢ ᠪᠠᠭᠤᠯᠭ᠋ᠠᠬᠤ ᠲᠤᠷᠰᠢᠯᠲᠠ ᠵᠢᠨ ᠴᠡᠭ᠎ᠢ ᠥᠷᠨᠢᠭᠦᠯᠬᠦ᠎ᠪᠠᠷ ᠳᠤᠷᠠᠳᠤᠨ ᠭᠠᠷᠭ᠋ᠠᠪᠠ; 《ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠵᠢ ᠡᠬᠢᠯᠡᠭᠦᠯᠬᠦ᠎ᠪᠠᠷ ᠳᠤᠷᠠᠳᠤᠨ ᠭᠠᠷᠭ᠋ᠠᠪᠠ; 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ 《ᠨᠢᠭᠡ ᠯᠡ ᠤᠲᠠᠰᠤ᠎ᠪᠠᠷ ᠨᠡᠪᠲᠡᠷᠡᠭᠦᠯᠬᠦ》 ᠵᠢ ᠠᠬᠢᠭᠤᠯᠬᠤ᠎ᠪᠠᠷ ᠳᠤᠷᠠᠳᠤᠨ ᠭᠠᠷᠭ᠋ᠠᠭᠰᠠᠨ᠎ᠨᠢ ᠳᠠᠷᠤᠢ ᠲᠡᠷᠢᠭᠦᠨ᠎ᠤ᠎ᠬᠢ ᠵᠶ᠋ᠠᠷ ᠪᠠᠷᠢᠮᠵᠢᠶᠠᠯᠠᠨ᠂ ᠬᠠᠷᠠᠯᠲᠠ᠎ᠪᠠᠨ ᠣᠨᠢᠯᠠᠵᠤ᠂ ᠡᠷᠡᠯᠬᠡᠭᠯᠡᠨ ᠤᠷᠤᠭᠰᠢᠯᠠᠵᠤ ᠱᠠᠯᠠᠮᠠᠭ᠋ᠠᠶ᠋ᠢᠯᠠᠨ ᠠᠵᠢᠯᠯᠠᠬᠤ ᠬᠡᠷᠡᠭᠲᠡᠢ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠨᠢ ᠵᠠᠬ᠎ᠠ ᠳᠡᠯᠭᠡᠭᠦᠷ᠎ᠤᠨ ᠭᠤᠣᠯ ᠴᠣᠭᠴᠠ᠎ᠳᠤ ᠨᠡᠩ ᠰᠠᠶ᠋ᠢᠨ ᠦᠢ᠍ᠯᠡᠴᠢᠯᠡᠬᠦ ᠵᠢᠨ ᠲᠥᠯᠥᠭᠡ ᠶᠤᠮ᠂ 《ᠢᠯᠡᠳᠬᠡᠯ》᠎ᠤᠨ ᠳᠣᠲᠣᠷᠠᠬᠢ ᠨᠢᠭᠡ ᠪᠠᠳᠠᠭ ᠦᠭᠡ᠎ᠨᠢ ᠨᠡᠶ᠋ᠢᠭᠡᠮ ᠳᠡᠭᠡᠷᠡᠬᠢ ᠶᠠᠷᠢᠯᠴᠠᠭ᠋ᠠᠨ᠎ᠤ ᠬᠠᠯᠠᠮᠰᠢᠯ᠎ᠢ ᠪᠤᠢ ᠪᠣᠯᠭ᠋ᠠᠵᠠᠢ᠂ ᠡᠨᠡ᠎ᠨᠢ ᠳᠠᠷᠤᠢ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠴᠤ᠌ ᠲᠡᠷᠡ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠴᠤ᠌ ᠲᠡᠷᠡ᠂ ᠤᠯᠠᠮ ᠬᠦᠴᠢᠷᠳᠡᠯ᠎ᠲᠠᠢ ᠦᠶ᠎ᠡ᠎ᠳᠤ ᠵᠠᠰᠠᠭ᠎ᠤᠨ ᠣᠷᠳᠣᠨ᠎ᠠᠴᠠ ᠤᠯᠠᠮ ᠢᠯᠡᠭᠦᠦ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠵᠠᠰᠠᠭ᠎ᠤᠨ ᠣᠷᠳᠣᠨ᠎ᠠᠴᠠ ᠬᠠᠤᠯᠢ ᠲᠣᠭᠲᠠᠭ᠋ᠠᠯ ᠳᠦᠷᠢᠮ ᠴᠤᠪᠤᠷᠠᠯ᠎ᠢ ᠵᠥᠷᠢᠴᠡᠬᠦ ᠦᠭᠡᠢ ᠤᠷᠢᠳᠠᠯ ᠳᠣᠣᠷ᠎ᠠ ᠡᠷᠡᠰ ᠰᠢᠭᠤᠷᠬᠠᠢ᠎ᠪᠠᠷ ᠳᠡᠳᠬᠦᠨ ᠳᠡᠮᠵᠢᠵᠦ ᠬᠥᠭᠵᠢᠭᠦᠯᠬᠦ ᠬᠡᠷᠡᠭᠲᠡᠢ᠃ ᠡᠨᠡ ᠦᠭᠡ᠎ᠨᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠠᠵᠤ ᠠᠬᠤᠶ᠋ᠢᠯᠠᠯ᠎ᠤᠨ 《ᠰᠡᠳᠬᠢᠯ᠎ᠢ ᠠᠮᠤᠷᠵᠢᠭᠤᠯᠵᠤ》᠂ ᠪᠠᠰᠠ ᠵᠠᠰᠠᠭ᠎ᠤᠨ ᠣᠷᠳᠣᠨ᠎ᠤ ᠣᠪᠣᠷ᠂ ᠵᠣᠷᠢᠭ ᠰᠠᠨᠠᠭ᠎ᠠ ᠵᠢ ᠲᠣᠳᠣᠷᠬᠠᠢ ᠬᠠᠷᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠪᠠᠰᠠ ᠵᠢᠱ᠌ᠢᠶᠡᠯᠡᠪᠡᠯ ᠣᠷᠣᠨ ᠪᠦᠰᠡ ᠵᠢ ᠵᠣᠬᠢᠴᠠᠩᠭᠤᠢ ᠬᠥᠭᠵᠢᠭᠦᠯᠬᠦ᠎ᠪᠠᠷ ᠠᠪᠴᠤ ᠬᠡᠯᠡᠪᠡᠯ᠂ ᠮᠠᠨ᠎ᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ᠂ ᠭᠠᠵᠠᠷ ᠣᠷᠣᠨ ᠨᠢᠭᠡ ᠪᠦᠷᠢ ᠵᠢᠨ ᠡᠬᠢ ᠪᠠᠶᠠᠯᠢᠭ᠎ᠤᠨ ᠳᠠᠪᠠᠭᠤᠯᠢᠭ ᠪᠠ ᠳᠤᠲᠠᠭᠤᠳᠠᠯ᠎ᠨᠢ ᠴᠥᠮ ᠠᠳᠠᠯᠢ ᠦᠭᠡᠢ ᠪᠠᠶ᠋ᠢᠳᠠᠭ᠃ ᠶᠡᠷᠦᠩᠬᠡᠢ ᠱᠦᠵᠢ ᠥᠪᠥᠷ ᠮᠣᠩᠭᠤᠯ᠎ᠤᠨ ᠲᠤᠬᠠᠢ ᠶᠠᠷᠢᠬᠤ᠎ᠳᠤ᠎ᠪᠠᠨ᠂ ᠵᠡᠭᠦᠨ᠂ ᠳᠤᠮᠳᠠ᠂ ᠪᠠᠷᠠᠭᠤᠨ ᠣᠷᠣᠨ᠎ᠢ ᠨᠢᠭᠡᠳᠦᠯᠲᠡᠢ ᠲᠥᠯᠥᠪᠵᠢᠭᠦᠯᠵᠦ᠂ ᠳᠠᠪᠠᠭᠤᠯᠢᠭ ᠵᠶ᠋ᠠᠨ ᠬᠠᠷᠢᠯᠴᠠᠨ ᠨᠥᠬᠦᠪᠦᠷᠢᠯᠡᠬᠦ ᠵᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠡᠢ᠃ ᠡᠶ᠋ᠢᠮᠦ᠎ᠠᠴᠠ ᠪᠢᠳᠡ ᠭᠤᠣᠯ ᠴᠣᠭᠴᠠᠲᠤ ᠴᠢᠳᠠᠮᠵᠢ ᠵᠢᠨ ᠣᠷᠣᠨ᠎ᠤ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠡᠯ᠎ᠡ ᠭᠠᠵᠠᠷ᠎ᠤᠨ ᠳᠠᠪᠠᠭᠤᠯᠢᠭ ᠣᠨᠴᠠᠯᠢᠭᠲᠤ ᠰᠠᠭᠤᠷᠢᠯᠠᠨ᠂ 《ᠢᠯᠡᠳᠬᠡᠯ》᠎ᠳᠤ 12 ᠠᠶ᠋ᠢᠮᠠᠭ ᠬᠤᠳᠠ ᠵᠢ ᠪᠦᠬᠦᠨ᠎ᠢ ᠨᠡᠷ᠎ᠡ ᠳᠤᠷᠠᠳᠤᠨ᠂ ᠡᠯ᠎ᠡ ᠠᠶ᠋ᠢᠮᠠᠭ ᠬᠤᠳᠠ ᠵᠢᠨ ᠲᠤᠰ ᠪᠡᠶ᠎ᠡ ᠵᠢᠨ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠪᠠᠶ᠋ᠢᠷᠢ ᠲᠣᠭᠲᠠᠭ᠋ᠠᠯᠲᠠ ᠪᠠ ᠴᠢᠭᠯᠡᠯ ᠲᠡᠶ᠋ᠢᠰᠢ ᠬᠥᠭᠵᠢᠬᠦ ᠵᠢ ᠲᠡᠮᠵᠢᠵᠤ᠂ ᠪᠦᠬᠦ ᠣᠷᠣᠨ᠎ᠤ ᠡᠯ᠎ᠡ ᠭᠠᠵᠠᠷ᠎ᠤᠨ ᠥᠷᠢᠰᠦᠯᠳᠦᠨ ᠬᠥᠭᠵᠢᠭᠰᠡᠨ ᠠᠮᠢᠳᠤᠯᠢᠭ ᠪᠠᠶ᠋ᠢᠳᠠᠯ᠎ᠢ ᠪᠤᠢ ᠪᠣᠯᠭ᠋ᠠᠨ᠎ᠠ᠃
ᠬᠥᠲᠥᠯᠥᠭᠴᠢ᠄ ᠪᠢᠳᠡᠨ᠎ᠤ ᠮᠡᠳᠡᠭᠡᠵᠢ᠎ᠪᠠᠷ ᠠᠷᠠᠳ᠎ᠤᠨ ᠠᠮᠢᠳᠤᠷᠠᠯ᠎ᠤᠨ ᠠᠵᠢᠯ ᠪᠣᠯ ᠨᠡᠶ᠋ᠢᠭᠡᠮ᠎ᠤᠨ ᠠᠩᠬᠠᠷᠤᠯ᠎ᠤᠨ ᠭᠤᠣᠯᠳᠠᠯᠭ᠎ᠠ ᠪᠣᠯᠣᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ᠎ᠤᠨ ᠠᠮᠢᠳᠤᠷᠠᠯ᠎ᠤᠨ ᠶᠠᠮᠠᠷ ᠶᠠᠮᠠᠷ ᠪᠣᠳᠠᠲᠠᠢ ᠶᠠᠪᠤᠳᠠᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠬᠦ᠎ᠪᠠᠷ ᠪᠡᠯᠡᠳᠬᠡᠵᠦ ᠪᠠᠶ᠋ᠢᠬᠤ ᠪᠤᠢ?
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠠᠵᠢᠯ᠎ᠢ ᠰᠠᠶ᠋ᠢᠲᠤᠷ ᠬᠢᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠨᠴᠠᠭ᠋ᠠᠶ᠋ᠢᠯᠠᠨ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠶ᠋ᠢᠭᠤᠯᠤᠯᠲᠠ ᠵᠢ ᠴᠢᠬᠤᠯᠠᠴᠢᠯᠠᠵᠤ᠂ ᠡᠨᠡ ᠵᠢᠯ ᠤᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠠᠯᠢ ᠤᠯᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠣᠨᠣᠪᠴᠢᠲᠠᠢ ᠥᠷᠨᠢᠭᠦᠯᠦᠨ᠎ᠡ᠃ ᠠᠵᠢᠯ ᠣᠯᠭᠤᠯᠲᠠ᠎ᠪᠠᠷ ᠠᠪᠴᠤ ᠬᠡᠯᠡᠪᠡᠯ᠂ ᠠᠵᠢᠯ ᠣᠯᠭᠤᠯᠲᠠ ᠪᠣᠯ ᠬᠠᠮᠤᠭ᠎ᠤᠨ ᠶᠡᠭᠡ ᠠᠷᠠᠳ᠎ᠤᠨ ᠠᠮᠢᠳᠤᠷᠠᠯ ᠮᠥᠨ᠂ ᠠᠵᠢᠯ ᠣᠯᠭᠤᠯᠲᠠ ᠪᠠ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠡᠩ ᠲᠡᠷᠢᠭᠦᠨ᠎ᠳᠤ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠪᠠᠲᠤᠯᠠᠬᠤ ᠬᠡᠷᠡᠭᠲᠡᠢ᠃ ᠡᠨᠡ ᠪᠣᠯ ᠡᠨᠡ ᠵᠢᠯ᠎ᠤᠨ 《ᠢᠯᠡᠳᠬᠡᠯ》᠎ᠳᠤ ᠳᠤᠷᠠᠳᠤᠭᠰᠠᠨ ᠢᠯᠡ ᠲᠣᠳᠣᠷᠬᠠᠢ ᠦᠵᠡᠯᠲᠡ ᠮᠥᠨ᠂ 《ᠢᠯᠡᠳᠬᠡᠯ》᠎ᠳᠤ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠬᠤ᠎ᠪᠠᠷ ᠠᠵᠢᠯ ᠣᠯᠭᠤᠯᠲᠠ ᠵᠢ ᠲᠣᠭᠲᠠᠪᠤᠷᠢᠵᠢᠭᠤᠯᠵᠤ᠂ ᠠᠵᠤ ᠠᠬᠤᠶ᠋ᠢᠯᠠᠯ᠎ᠢ ᠪᠠᠲᠤᠯᠠᠬᠤ᠎ᠪᠠᠷ ᠠᠵᠢᠯ ᠣᠯᠭᠤᠯᠲᠠ ᠵᠢ ᠪᠠᠲᠤᠯᠠᠵᠤ᠂ ᠢᠯᠠᠩᠭᠤᠶ᠎ᠠ ᠠᠵᠢᠯ ᠣᠯᠭᠤᠯᠲᠠ ᠵᠢᠨ ᠳᠠᠶ᠋ᠢᠴᠢᠯᠠᠬᠤ ᠬᠦᠴᠦᠨ ᠵᠶ᠋ᠠᠷ ᠴᠢᠩᠭ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠠᠵᠢᠯ ᠣᠯᠭᠤᠯᠲᠠ ᠵᠢᠨ ᠳᠠᠶ᠋ᠢᠴᠢᠯᠠᠬᠤ ᠬᠡᠪᠴᠢᠶ᠎ᠡ᠎ᠪᠠᠷ ᠥᠷᠭᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢ ᠶᠡᠭᠡ᠎ᠪᠠᠷ ᠲᠡᠳᠬᠦᠨ ᠲᠡᠮᠵᠢᠵᠤ᠂ ᠠᠵᠤ ᠠᠬᠤᠢ ᠵᠢᠨ ᠨᠡᠮᠡᠭᠳᠡᠯ᠎ᠤᠨ ᠠᠵᠢᠯ ᠣᠯᠭᠤᠯᠲᠠ ᠵᠢᠨ ᠳᠠᠶ᠋ᠢᠴᠢᠯᠠᠬᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ ᠭᠡᠰᠡᠨ ᠡᠶ᠋ᠢᠮᠦ ᠨᠢᠭᠡ ᠦᠭᠡ ᠪᠣᠢ᠃ ᠡᠭᠦᠨ᠎ᠤ ᠵᠡᠷᠭᠡ᠎ᠳᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠠᠴᠠ ᠬᠠᠯᠠᠭᠳᠠᠭᠰᠠᠳ᠂ ᠠᠵᠢᠯ ᠣᠯᠬᠤ᠎ᠳᠤ ᠬᠦᠴᠢᠷᠳᠡᠯᠲᠡᠢ ᠬᠥᠮᠥᠰ ᠵᠡᠷᠭᠡ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠭᠤᠯᠲᠠ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠠᠵᠢᠯ ᠣᠯᠭᠤᠯᠲᠠ ᠵᠢᠨ ᠰᠠᠭᠤᠷᠢᠨ ᠭᠠᠵᠠᠷ ᠪᠠ ᠠᠳᠠᠯ ᠦᠢ᠍ᠯᠡᠰ ᠴᠣᠭᠴᠠᠯᠠᠬᠤ ᠬᠦᠷᠢᠶᠡᠯᠡᠩ ᠲᠣᠭᠤᠷᠢᠭ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠵᠦ᠂ ᠣᠶᠤᠨᠴᠢ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠳᠡᠯᠭᠡᠷᠡᠭᠦᠯᠦᠨ ᠬᠡᠷᠡᠭᠯᠡᠵᠦ᠂ ᠬᠠᠩᠭ᠋ᠠᠯᠭ᠎ᠠ ᠬᠡᠷᠡᠭᠴᠡᠭᠡ ᠵᠢᠨ ᠵᠣᠯᠭ᠋ᠠᠯᠴᠠᠭ᠎ᠠ ᠵᠢ ᠪᠦᠲᠦᠮᠵᠢᠲᠡᠶ ᠵᠣᠬᠢᠶᠠᠨ ᠪᠠᠶ᠋ᠢᠭᠤᠯᠵᠤ᠂ ᠨᠠᠩ ᠣᠯᠠᠨ ᠬᠥᠳᠡᠯᠮᠦᠷᠢᠴᠢᠳ᠎ᠤᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠬᠠᠪᠰᠤᠷᠤᠨ᠎ᠠ᠃ ᠢᠯᠠᠩᠭᠤᠶ᠎ᠠ ᠬᠥᠮᠥᠰ᠎ᠤᠨ ᠠᠩᠬᠠᠷᠤᠯ᠎ᠢ ᠲᠠᠲᠠᠭᠰᠠᠨ ᠵᠦᠢ᠍ᠯ ᠭᠡᠪᠡᠯ᠂ 《ᠢᠯᠡᠳᠬᠡᠯ》᠎ᠳᠤ ᠲᠦᠷᠭᠡᠨ ᠬᠦᠷᠭᠡᠯᠲᠡ ᠵᠢᠨ ᠠᠵᠢᠯᠴᠢᠳ᠂ ᠬᠤᠭᠤᠯᠠ ᠬᠦᠷᠭᠡᠬᠦ ᠠᠵᠢᠯᠲᠠᠨ ᠵᠡᠷᠭᠡ ᠠᠮᠢᠳᠤᠯᠢᠭ ᠵᠶ᠋ᠠᠷ ᠠᠵᠢᠯ ᠣᠯᠣᠭᠰᠠᠳ᠎ᠢ ᠣᠨᠴᠠᠭ᠋ᠠᠶ᠋ᠢᠯᠠᠨ ᠠᠩᠬᠠᠷᠴᠤ᠂ ᠲᠡᠳᠡᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠴᠢᠷᠮᠠᠶ᠋ᠢᠨ ᠠᠵᠢᠯᠯᠠᠵᠤ ᠪᠠᠶ᠋ᠢᠭ᠎ᠠ ᠬᠥᠮᠥᠨ ᠨᠢᠭᠡ ᠪᠦᠷᠢ ᠵᠢ ᠴᠥᠮ ᠠᠵᠢᠯ᠎ᠳᠤ᠎ᠪᠠᠨ ᠨᠡᠷ᠎ᠡ ᠬᠦᠨᠳᠦᠲᠡᠢ᠂ ᠠᠮᠢᠳᠤᠷᠠᠯ᠎ᠳᠤ᠎ᠪᠠᠨ ᠪᠠᠲᠤᠯᠠᠭ᠎ᠠ᠎ᠲᠠᠢ᠂ ᠬᠦᠷᠲᠡᠭᠡᠮᠵᠢᠲᠦ ᠲᠥᠷᠥᠭᠳᠡᠯ᠎ᠲᠠᠢ ᠪᠣᠯᠭ᠋ᠠᠬᠤ ᠬᠡᠷᠡᠭᠲᠡᠢ᠃
ᠬᠥᠲᠥᠯᠥᠭᠴᠢ᠄ ᠲᠡᠭᠡᠪᠡᠯ ᠰᠤᠷᠭ᠋ᠠᠨ ᠬᠥᠮᠦᠵᠢᠯ᠎ᠤᠨ ᠠᠰᠠᠭᠤᠳᠠᠯ᠎ᠨᠢ? ᠮᠢᠨᠤ ᠪᠤᠳᠤᠬᠤ᠎ᠪᠠᠷ ᠥᠷᠭᠡᠨ ᠤᠯᠠᠨ ᠰᠦᠯᠵᠢᠶᠡᠨ᠎ᠤ ᠨᠠᠶ᠋ᠢᠵᠠ ᠨᠠᠷ᠎ᠤᠨ ᠬᠠᠮᠤᠭ᠎ᠠᠴᠠ ᠢᠯᠡᠭᠦᠦ ᠠᠩᠬᠠᠷᠴᠤ ᠪᠠᠶ᠋ᠢᠭ᠎ᠠ ᠰᠡᠳᠦᠪ ᠪᠣᠯᠣᠨ᠎ᠠ᠂ ᠤᠴᠢᠷ᠎ᠨᠢ ᠠᠶ᠋ᠢᠯ ᠪᠣᠯᠭ᠋ᠠᠨ ᠪᠦᠷ ᠪᠢᠴᠢᠭ ᠦᠵᠡᠵᠦ ᠪᠠᠶ᠋ᠢᠭ᠎ᠠ ᠬᠡᠦᠬᠡᠳ᠎ᠲᠠᠢ ᠶᠤᠮ᠃
ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠲᠡᠶ᠋ᠢᠮᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠣᠷᠣᠭᠤᠯᠤᠯᠲᠠ ᠪᠠ ᠠᠯᠪᠠᠨ᠎ᠠᠴᠠ ᠡᠷᠭᠢᠯᠡᠭᠰᠡᠨ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ ᠠᠷᠠᠳ᠎ᠠᠴᠠ ᠡᠷᠭᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠵᠢᠷᠤᠮᠵᠢᠭᠤᠯᠤᠨ᠂ ᠠᠷᠠᠳ᠎ᠠᠴᠠ ᠡᠷᠭᠢᠯᠡᠭᠰᠡᠨ ᠪᠠᠭ᠎ᠠ ᠰᠤᠷᠭ᠋ᠠᠭᠤᠯᠢ ᠪᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢᠳ᠎ᠤᠨ ᠬᠤᠪᠢ ᠵᠢᠨ ᠵᠢᠩ᠎ᠢ ᠠᠯᠬᠤᠮ ᠠᠯᠬᠤᠮ ᠵᠶ᠋ᠠᠷ 5% ᠵᠢᠨ ᠳᠣᠲᠣᠷ᠎ᠠ ᠬᠦᠷᠲᠡᠯ᠎ᠡ ᠪᠠᠭᠤᠷᠠᠭᠤᠯᠵᠤ᠂ 《ᠬᠤᠶᠠᠷ᠎ᠢ ᠬᠥᠩᠭᠡᠷᠡᠭᠦᠯᠬᠦ》 ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠯᠲᠡ ᠵᠢ ᠠᠬᠢᠭᠤᠯᠵᠤ᠂ ᠬᠡᠦᠬᠡᠳ ᠨᠢᠭᠡ ᠪᠦᠷᠢ ᠵᠢᠨ ᠴᠥᠮ ᠭᠡᠷ᠎ᠤᠨ ᠵᠶ᠋ᠠᠨ ᠣᠶ᠋ᠢᠷᠠᠯᠴᠠᠭ᠎ᠠ ᠰᠤᠷᠭ᠋ᠠᠭᠤᠯᠢ᠎ᠳᠤ ᠣᠷᠣᠬᠤ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠪᠠᠰᠠ ᠨᠢᠭᠡᠨ ᠭᠤᠣᠯᠳᠠᠯᠭ᠎ᠠ᠎ᠲᠠᠢ ᠢᠨᠵᠧᠨᠧᠷᠢᠩ ᠭᠡᠪᠡᠯ᠂ ᠶᠡᠭᠡ ᠳᠡᠭᠡᠳᠦ ᠰᠤᠷᠭ᠋ᠠᠭᠤᠯᠢ᠎ᠳᠤ ᠡᠯᠰᠡᠬᠦ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠡᠬᠢᠯᠡᠭᠦᠯᠵᠦ᠂ ᠳᠦᠷᠢᠮ᠎ᠤᠨ ᠬᠤᠪᠢᠷᠠᠯᠲᠠ᠎ᠪᠠᠷ ᠴᠢᠳᠠᠪᠤᠷᠢᠲᠠᠨ᠎ᠢ ᠰᠢᠨᠵᠢᠯᠡᠬᠦ ᠤᠬᠠᠭ᠋ᠠᠨᠴᠢ᠎ᠪᠠᠷ ᠬᠥᠮᠥᠵᠢᠭᠦᠯᠬᠦ᠂ ᠪᠦᠬᠦ ᠲᠠᠯ᠎ᠠ᠎ᠪᠠᠷ ᠬᠥᠭᠵᠢᠭᠦᠯᠬᠦ ᠵᠢ ᠠᠬᠢᠭᠤᠯᠤᠨ᠎ᠠ᠃ ᠮᠠᠨ᠎ᠤ ᠣᠷᠣᠨ᠎ᠤ ᠭᠤᠣᠯᠯᠠᠬᠤ ᠠᠵᠤ ᠦᠢ᠍ᠯᠡᠰ ᠪᠠ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠬᠥᠭᠵᠢᠭᠦᠯᠵᠦ᠂ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠬᠤ ᠵᠢ ᠨᠠᠩ ᠰᠠᠶ᠋ᠢᠲᠤᠷ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠯᠢᠶᠠᠩ ᠢᠦᠢ ᠳ᠋ᠢᠩ᠄ ᠪᠠᠰᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠠᠯ᠎ᠠ᠎ᠪᠠᠷ᠂ ᠡᠨᠡ ᠵᠢᠯ᠎ᠤᠨ ᠢᠯᠡᠳᠬᠡᠯ᠎ᠳᠤ ᠭᠤᠣᠯᠳᠠᠭᠤ ᠭᠤᠷᠪᠠᠨ ᠲᠠᠯ᠎ᠠ ᠵᠢᠨ ᠠᠷᠭ᠎ᠠ ᠬᠡᠮᠵᠢᠶ᠎ᠡ ᠵᠢ ᠲᠤᠪᠤᠶ᠋ᠢᠯᠭ᠋ᠠᠪᠠ᠃ ᠨᠢᠭᠡ᠎ᠳᠤ᠂ ᠨᠢᠳᠤᠨᠤᠨ ᠵᠢᠯ᠎ᠤᠨ ᠭᠡᠨᠡᠳᠲᠡ᠎ᠪᠠᠷ ᠡᠭᠦᠰᠦᠭᠰᠡᠨ ᠬᠢᠵᠢᠭ᠎ᠤᠨ ᠪᠠᠶ᠋ᠢᠳᠠᠯ᠎ᠤᠨ ᠰᠤᠷᠭ᠋ᠠᠮᠵᠢ ᠵᠢ ᠰᠢᠩᠭᠡᠭᠡᠨ ᠠᠪᠴᠤ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠵᠤ᠂ ᠦᠨᠳᠦᠰᠦᠨ ᠱᠠᠲᠤᠨ᠎ᠤ ᠬᠢᠵᠢᠭ᠎ᠤᠨ ᠪᠠᠶ᠋ᠢᠳᠠᠯ᠎ᠢ ᠪᠠᠶ᠋ᠢᠴᠠᠭ᠋ᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠠ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶᠠᠨ᠎ᠤ ᠠᠪᠤᠷᠠᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠤᠶᠠᠷ᠎ᠲᠤ᠂ ᠭᠠᠵᠠᠷ ᠨᠤᠲᠤᠭ ᠥᠷᠭᠡᠨ ᠠᠭᠤᠳᠠᠮ᠂ ᠬᠥᠮᠥᠨ ᠠᠮᠠ ᠴᠥᠭᠡᠨ ᠪᠠᠶ᠋ᠢᠬᠤ ᠬᠡᠷᠡᠭᠴᠡᠭᠡ ᠱᠠᠭ᠋ᠠᠷᠳᠠᠯᠭ᠎ᠠ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ ᠲᠦᠷᠭᠡᠳᠬᠡᠨ ᠪᠠᠶ᠋ᠢᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠦᠨ᠂ ᠰᠢᠶᠠᠨ᠎ᠤ ᠬᠡᠪᠴᠢᠶᠡᠨ᠎ᠤ ᠴᠢᠭᠵᠢᠭᠦᠦ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠪᠡᠭᠡᠵᠢᠩ ᠥᠪᠥᠷ ᠮᠣᠩᠭᠤᠯ᠂ ᠱᠠᠩᠬᠠᠢ ᠥᠪᠥᠷ ᠮᠣᠩᠭᠤᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠣᠷᠣᠨ᠎ᠤ ᠳᠣᠲᠣᠷᠠᠬᠢ ᠡᠮᠴᠢᠯᠡᠭᠡᠨ᠎ᠤ ᠮᠡᠷᠭᠡᠵᠢᠯ᠎ᠤᠨ ᠴᠢᠳᠠᠪᠤᠷᠢ ᠪᠠ ᠡᠮᠴᠢᠯᠡᠭᠡᠨ᠎ᠤ ᠶᠠᠰᠤ ᠴᠢᠨᠠᠷ᠎ᠤᠨ ᠬᠢᠷᠢ ᠲᠦᠪᠰᠢᠨ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠠᠷᠠᠳ ᠣᠯᠠᠨ᠎ᠤ ᠡᠪᠡᠳᠴᠢᠨ ᠵᠶ᠋ᠠᠨ ᠦᠵᠡᠭᠦᠯᠬᠦ᠎ᠳᠤ ᠣᠷᠣᠨ᠎ᠠᠴᠠ ᠥᠯᠥ ᠭᠠᠷᠬᠤ ᠵᠢ ᠪᠡᠶᠡᠯᠡᠭᠦᠯᠦᠨ᠎ᠡ᠃ ᠭᠤᠷᠪᠠ᠎ᠳᠤ᠂ ᠪᠠᠶ᠋ᠢᠩᠭᠤ ᠲᠣᠬᠢᠶᠠᠯᠳᠤᠬᠤ ᠡᠪᠡᠳᠴᠢᠨ᠎ᠤ ᠡᠮᠴᠢᠯᠡᠭᠡᠨ᠎ᠳᠤ ᠬᠡᠷᠡᠭᠯᠡᠬᠦ ᠡᠮ᠎ᠤᠨ ᠵᠦᠢ᠍ᠯ ᠪᠠ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠡᠷᠴᠢᠮ᠎ᠢ ᠴᠢᠩᠭ᠋ᠠᠷᠠᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠡᠪᠡᠳᠴᠢᠨ᠎ᠤ ᠲᠥᠷᠥᠯ ᠵᠦᠢ᠍ᠯ᠂ ᠡᠳᠦᠷ ᠪᠦᠷᠢ ᠵᠢᠨ ᠡᠪᠡᠳᠴᠢᠲᠡᠨ᠎ᠤ ᠣᠷᠣ ᠡᠵᠡᠯᠡᠬᠦ ᠲᠤᠭ᠎ᠠ᠂ ᠡᠪᠡᠳᠴᠢᠲᠡᠨ᠎ᠤ ᠲᠤᠭ᠎ᠠ ᠵᠡᠷᠭᠡ ᠣᠯᠠᠨ ᠡᠰᠢᠲᠦ ᠨᠡᠶ᠋ᠢᠯᠡᠮᠡᠯ ᠬᠡᠯᠪᠡᠷᠢ ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠬᠡᠷᠡᠭᠵᠢᠭᠦᠯᠵᠦ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠴᠢᠷᠮᠠᠶ᠋ᠢᠨ ᠬᠥᠩᠭᠡᠷᠡᠭᠦᠯᠦᠨ᠎ᠡ᠃ 《ᠢᠯᠡᠳᠬᠡᠯ》᠎ᠳᠤ ᠪᠠᠰᠠ ᠡᠮᠨᠡᠯᠭᠡ ᠵᠢᠨ ᠠᠵᠢᠯᠲᠠᠨ᠎ᠢ ᠬᠠᠮᠠᠭ᠋ᠠᠯᠠᠨ ᠬᠠᠯᠠᠮᠵᠢᠯᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠨᠠᠶ᠋ᠢᠳᠠᠪᠤᠷᠢᠵᠢᠭᠤᠯᠤᠨ᠎ᠠ ᠭᠡᠵᠦ ᠣᠨᠴᠠᠭ᠋ᠠᠶ᠋ᠢᠯᠠᠨ ᠳᠤᠷᠠᠳᠤᠭᠰᠠᠨ᠎ᠨᠢ ᠳᠠᠷᠤᠢ ᠡᠮᠨᠡᠯᠭᠡ ᠵᠢᠨ ᠠᠵᠢᠯᠲᠠᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠨᠡᠶ᠋ᠢᠭᠡᠮ ᠳᠠᠶᠠᠭ᠋ᠠᠷ᠎ᠲᠤ ᠡᠮᠴᠢ ᠵᠢ ᠬᠦᠨᠳᠦᠳᠬᠡᠨ ᠡᠷᠡᠭᠦᠯ ᠬᠠᠮᠠᠭ᠋ᠠᠯᠠᠯ᠎ᠢ ᠴᠢᠬᠤᠯᠠᠴᠢᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠠᠬᠢᠭᠤᠯᠬᠤ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠠᠰᠤᠭ ᠯᠢ ᠵᠢᠶᠠᠨ ᠵᠢᠶᠦ᠋ᠨ᠄ ᠬᠠᠮᠤᠭ᠎ᠤᠨ ᠰᠡᠭᠦᠯ᠎ᠳᠤ ᠪᠢᠳᠡ ᠨᠡᠶ᠋ᠢᠭᠡᠮ᠎ᠤᠨ ᠪᠠᠲᠤᠯᠠᠭ᠎ᠠ ᠵᠢᠨ ᠲᠠᠯ᠎ᠠ᠎ᠪᠠᠷ ᠠᠪᠴᠤ ᠦᠵᠡᠪᠡᠯ᠂ ᠡᠨᠡ ᠵᠢᠯ ᠪᠥᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠤᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠡᠨᠡ ᠵᠢᠯ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠤᠯᠴᠠᠬᠤ ᠬᠥᠮᠥᠨ᠎ᠤ ᠲᠤᠭ᠎ᠠ ᠵᠢ 40 ᠲᠦᠮᠡ ᠨᠡᠮᠡᠭᠳᠡᠭᠦᠯᠦᠨ᠂ ᠳᠠᠭ᠋ᠠᠳᠬᠠᠯ᠎ᠳᠤ ᠣᠷᠤᠯᠴᠠᠬᠤ ᠨᠣᠷᠮ᠎ᠠ ᠵᠢ 86%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠠᠰᠠ ᠲᠠᠷᠠᠭ᠋ᠠᠴᠢ ᠵᠢᠨ ᠭᠤᠷᠪᠠᠨ ᠵᠢᠯ᠎ᠳᠤ ᠵᠢᠯ ᠪᠦᠷᠢ 3 ᠵᠠᠭᠤᠨ᠎ᠤ ᠴᠡᠭ᠎ᠤᠨ ᠬᠤᠷᠳᠤᠴᠠ᠎ᠪᠠᠷ ᠳᠠᠭ᠋ᠠᠳᠬᠠᠯ᠎ᠳᠤ ᠣᠷᠤᠯᠴᠠᠬᠤ ᠨᠣᠷᠮ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ 2025 ᠣᠨ ᠪᠣᠯᠬᠤ᠎ᠳᠤ 95%᠎ᠳᠤ ᠬᠦᠷᠭᠡᠬᠦ᠎ᠪᠠᠷ ᠲᠥᠯᠥᠪᠯᠡᠵᠦ ᠪᠣᠢ᠂ ᠢᠩᠭᠢᠪᠡᠯ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠦᠨᠳᠦᠰᠦᠨ᠎ᠳᠤ᠎ᠪᠠᠨ ᠬᠦᠷᠬᠦ ᠪᠣᠯᠣᠨ᠎ᠠ᠃ ᠪᠢᠳᠡ 《ᠨᠢᠭᠡ ᠨᠠᠰᠤᠲᠠᠨ ᠨᠢᠭᠡ ᠨᠢᠯᠬ᠎ᠠ》 ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠴᠢᠬᠤᠯᠠᠴᠢᠯᠠᠵᠤ᠂ ᠣᠯᠠᠨ ᠲᠠᠯ᠎ᠠ ᠵᠢᠨ ᠬᠦᠴᠦᠨ᠎ᠢ ᠳᠠᠶ᠋ᠢᠴᠢᠯᠠᠨ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ ᠬᠥᠮᠦᠵᠢᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃ 《ᠨᠠᠰᠤᠲᠠᠨ᠎ᠢ ᠠᠰᠠᠷᠠᠬᠤ》 ᠲᠠᠯ᠎ᠠ᠎ᠪᠠᠷ᠂ ᠭᠡᠷᠳᠤ᠎ᠪᠠᠨ ᠰᠠᠭᠤᠬᠤ ᠪᠠ ᠨᠡᠶ᠋ᠢᠭᠡᠮ ᠲᠣᠭᠤᠷᠢᠭ᠎ᠤᠨ ᠪᠠᠶ᠋ᠢᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠪᠠᠶ᠋ᠢᠭᠤᠯᠵᠤ᠂ ᠨᠠᠰᠤᠲᠠᠶ᠋ᠢᠴᠤᠳ᠎ᠤᠨ ᠨᠥᠬᠦᠷᠰᠡᠭ ᠨᠡᠶ᠋ᠢᠭᠡᠮ ᠲᠣᠭᠤᠷᠢᠭ᠂ ᠨᠥᠬᠦᠷᠰᠡᠭ ᠡᠮᠴᠢᠯᠡᠭᠡᠨ᠎ᠤ ᠪᠠᠶ᠋ᠢᠭᠤᠯᠤᠮᠵᠢ᠂ ᠨᠠᠰᠤᠲᠠᠨ᠎ᠳᠤ ᠲᠣᠬᠢᠷᠠᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ; 《ᠨᠢᠯᠬᠠᠰ᠎ᠢ ᠬᠥᠮᠥᠵᠢᠭᠦᠯᠬᠦ》 ᠲᠠᠯ᠎ᠠ᠎ᠪᠠᠷ᠂ ᠬᠥᠩᠭᠡᠵᠢᠯ᠎ᠤᠨ ᠰᠢᠨ᠎ᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠵᠤ᠂ ᠬᠥᠩᠭᠡᠵᠢᠯᠲᠡ ᠵᠢᠨ ᠴᠢᠯᠦᠭᠡ᠂ ᠬᠥᠩᠭᠡᠵᠢᠯᠲᠡ᠎ᠳᠤ ᠪᠠᠷ᠎ᠠ ᠪᠣᠯᠬᠤ ᠴᠢᠯᠦᠭᠡ᠂ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠶ᠋ᠢᠯᠢ ᠵᠢ ᠰᠠᠭᠤᠳᠬᠠᠨ ᠬᠠᠰᠤᠬᠤ ᠵᠡᠷᠭᠡ ᠳᠦᠷᠢᠮ᠎ᠢ ᠨᠠᠶ᠋ᠢᠳᠠᠪᠤᠷᠢᠵᠢᠭᠤᠯᠤᠨ᠂ ᠨᠢᠷᠠᠢ ᠨᠢᠯᠬ᠎ᠠ ᠬᠡᠦᠬᠡᠳ᠎ᠤᠨ ᠠᠰᠠᠷᠠᠨ ᠰᠠᠭ᠋ᠠᠲᠠᠭᠤᠯᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠵᠤ᠂ ᠬᠡᠦᠬᠡᠳ ᠰᠠᠭ᠋ᠠᠲᠠᠭᠤᠯᠬᠤ ᠣᠷᠣᠨ ᠲᠤᠭ᠎ᠠ ᠵᠢ ᠨᠡᠮᠡᠭᠳᠡᠭᠦᠯᠦᠨ᠎ᠡ᠃ 《ᠰᠠᠭᠤᠬᠤ᠎ᠠᠴᠠ ᠣᠷᠣᠨ ᠰᠠᠭᠤᠴᠠ᠎ᠲᠠᠢ》 ᠪᠠᠶ᠋ᠢᠬᠤ ᠲᠠᠯ᠎ᠠ᠎ᠪᠠᠷ᠂ ᠬᠤᠳᠠ ᠪᠠᠯᠭ᠋ᠠᠰᠤᠨ᠎ᠤ 21.37 ᠲᠦᠮᠡᠨ ᠡᠷᠤᠭᠡ ᠵᠢᠨ ᠬᠠᠭᠤᠴᠢᠨ ᠣᠷᠣᠨ ᠰᠠᠭᠤᠴᠠ ᠵᠢᠨ ᠲᠣᠭᠤᠷᠢᠭ᠎ᠢ ᠥᠭᠡᠷᠡᠴᠢᠯᠡᠨ ᠵᠠᠰᠠᠬᠤ᠂ ᠲᠦᠮᠡᠨ ᠢᠵᠢ ᠲᠦᠬᠦᠮ ᠪᠦᠲᠦᠴᠡᠲᠦ ᠣᠷᠣᠨ ᠰᠠᠭᠤᠴᠠ ᠵᠢᠨ ᠲᠣᠭᠤᠷᠢᠭ᠎ᠢ ᠥᠭᠡᠷᠡᠴᠢᠯᠡᠨ ᠵᠠᠰᠠᠬᠤ᠂ 1.2 ᠲᠦᠮᠡᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠪᠦᠲᠦᠭᠡᠨ ᠪᠠᠶ᠋ᠢᠭᠤᠯᠬᠤ ᠵᠢ ᠬᠡᠷᠡᠭᠵᠢᠭᠦᠯᠵᠦ᠂ ᠡᠳᠡᠭᠡᠷ ᠪᠣᠳᠠᠲᠠᠢ ᠲᠤᠭ᠎ᠠ ᠪᠠᠷᠢᠮᠲᠠ᠎ᠪᠠᠷ ᠳᠠᠮᠵᠢᠭᠤᠯᠤᠨ ᠤᠯᠠᠨ ᠲᠦᠮᠡᠨ᠎ᠤ ᠦᠨᠳᠦᠰᠦᠨ ᠣᠷᠣᠨ ᠰᠠᠭᠤᠴᠠ ᠵᠢᠨ ᠬᠡᠷᠡᠭᠴᠡᠭᠡ ᠵᠢ ᠦᠨᠡᠨ ᠬᠦ᠌ ᠪᠠᠲᠤᠯᠠᠨ᠎ᠠ᠃ 《ᠬᠦᠴᠢᠷᠳᠡᠯ᠎ᠲᠠᠢ ᠪᠣᠯ ᠲᠤᠰᠠᠯᠠᠮᠵᠢ ᠣᠯᠭᠤᠬᠤ》 ᠲᠠᠯ᠎ᠠ᠎ᠪᠠᠷ᠂ ᠨᠡᠶ᠋ᠢᠭᠡᠮ᠎ᠤᠨ ᠠᠪᠤᠷᠠᠨ ᠲᠤᠰᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠲᠡᠭᠦᠯᠳᠡᠷᠵᠢᠭᠦᠯᠵᠦ᠂ ᠳᠣᠣᠷ᠎ᠠ ᠪᠠᠲᠤᠯᠠᠭ᠋ᠠᠲᠤ ᠡᠷᠦᠬᠡ᠂ ᠣᠨᠴᠠ ᠬᠦᠴᠢᠷᠳᠡᠯᠲᠡᠢ ᠬᠥᠮᠥᠰ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠵᠢᠨ ᠠᠪᠤᠷᠠᠨ ᠲᠤᠰᠠᠯᠠᠬᠤ ᠪᠠᠲᠤᠯᠠᠭ᠎ᠠ ᠵᠢᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠬᠦᠴᠢᠷᠳᠡᠯ᠎ᠲᠠᠢ ᠵᠢ ᠵᠠᠪᠠᠯ ᠬᠠᠪᠰᠤᠷᠬᠤ᠂ ᠬᠦᠴᠢᠷᠳᠡᠯ᠎ᠲᠠᠢ ᠵᠢ ᠵᠠᠪᠠᠯ ᠠᠪᠤᠷᠠᠬᠤ ᠵᠢ ᠦᠨᠡᠨ ᠬᠦ᠌ ᠪᠡᠶᠡᠯᠡᠭᠦᠯᠦᠨ᠎ᠡ᠃ ᠬᠥᠲᠥᠯᠥᠭᠴᠢ᠄ ᠮᠠᠨ᠎ᠤ ᠥᠨᠥᠳᠥᠷ᠎ᠤᠨ 《ᠰᠦᠯᠵᠢᠶᠡᠨ ᠳᠡᠭᠡᠷᠡᠬᠢ ᠰᠣᠷᠪᠤᠯᠵᠢᠯᠠᠭ᠎ᠠ》 ᠫᠷᠣᠭ᠌ᠷᠠᠮ᠎ᠳᠤ ᠬᠦᠷᠦᠯᠴᠡᠨ ᠢᠷᠡᠭᠰᠡᠨ ᠯᠢᠶᠠᠩ ᠢᠦᠢ ᠳ᠋ᠢᠩ ᠨᠥᠬᠦᠷ ᠪᠣᠯᠣᠨ ᠯᠢ ᠵᠢᠶᠠᠨ ᠵᠢᠶᠦ᠋ᠨ ᠨᠥᠬᠦᠷ᠎ᠲᠤ ᠲᠤᠶ᠋ᠢᠯ ᠵᠶ᠋ᠠᠷ ᠲᠠᠯᠠᠷᠬᠠᠵᠤ ᠪᠠᠶ᠋ᠢᠨ᠎ᠠ᠃ ᠵᠠ᠂ ᠥᠨᠥᠳᠥᠷ᠎ᠤᠨ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠬᠦ ᠪᠣᠯᠣᠯ᠎ᠠ᠂ ᠳᠠᠷᠠᠭ᠋ᠠᠴᠢ ᠵᠢᠨ ᠫᠷᠣᠭ᠌ᠷᠠᠮ᠎ᠳᠤ ᠪᠠᠶᠠᠷᠲᠠᠢ ᠠᠭᠤᠯᠵᠠᠶ᠎ᠠ᠃