ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠴᠢᠬᠤᠯᠠ ᠶᠡᠬᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠶ᠎ᠡ
ᠨᠡᠶ᠋ᠢᠲᠡᠯᠡᠭᠰᠡᠨ ᠴᠠᠭ᠄ 2022-04-15

      — ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠶ᠋ᠢᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠭᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠸᠠᠩ ᠵᠢᠶᠦ᠋ᠨ᠎ᠢ ᠰᠤᠷᠪᠤᠯᠵᠢᠯᠠᠭᠰᠠᠨ᠎ᠨᠢ


                                                  ᠳᠠᠳᠤᠯᠭ᠎ᠠ ᠵᠢᠨ ᠰᠤᠷᠪᠤᠯᠵᠢᠯᠠᠭᠴᠢ   ᠯᠢ ᠼᠦᠨ ᠰᠢᠶᠠ


      ᠣᠶ᠋ᠢᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠡᠷᠬᠢᠨ ᠭᠦᠨᠵᠡᠭᠡᠶ ᠰᠤᠷᠤᠯᠴᠠᠨ ᠣᠶ᠋ᠢᠯᠠᠭ᠋ᠠᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠶ᠋ᠢᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠭᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠸᠠᠩ ᠵᠢᠶᠦ᠋ᠨ᠎ᠢ ᠰᠤᠷᠪᠤᠯᠵᠢᠯᠠᠪᠠ᠃
      ᠸᠠᠩ ᠵᠢᠶᠦ᠋ᠨ ᠬᠡᠯᠡᠭᠦ᠎ᠳᠤ᠎ᠪᠠᠨ᠂ ᠶᠡᠷᠦᠩᠬᠡᠶ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ᠎ᠨᠢ ᠪᠥᠬᠥ ᠲᠠᠯ᠎ᠠ ᠪᠠ ᠠᠯᠤᠰ ᠬᠡᠲᠦ ᠵᠢᠨ ᠬᠥᠭᠵᠢᠯᠲᠡ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠭᠦᠨᠵᠡᠭᠡᠶ ᠲᠣᠳᠣᠷᠬᠠᠶ᠋ᠢᠯᠠᠨ ᠥᠭᠦᠯᠡᠵᠦ᠂ 《ᠲᠠᠪᠤᠨ ᠵᠠᠪᠠᠯ ᠶᠠᠪᠤᠬᠤ ᠵᠠᠮ》᠎ᠤᠨ ᠰᠢᠨᠵᠢᠯᠡᠬᠦ ᠤᠬᠠᠭ᠋ᠠᠨᠴᠢ ᠨᠤᠲᠠᠯᠠᠯᠲᠠ ᠵᠢ ᠪᠦᠲᠦᠭᠡᠯᠴᠢ᠎ᠪᠠᠷ ᠳᠤᠷᠠᠳᠴᠤ᠂ 《ᠥᠩᠭᠡᠷᠡᠭᠰᠡᠨ᠎ᠳᠤ ᠪᠢᠳᠡ ᠶᠠᠭ᠋ᠠᠬᠢᠭ᠋ᠠᠳ ᠠᠮᠵᠢᠯᠲᠠ ᠣᠯᠤᠭᠰᠠᠨ》᠎ᠢ ᠵᠠᠳᠠᠯᠤᠭᠰᠠᠨ ᠪᠥᠭᠡᠳ ᠨᠠᠩ ᠴᠤ᠌ 《ᠢᠷᠡᠭᠡᠳᠦᠶ᠎ᠳᠤ ᠪᠢᠳᠡ ᠶᠠᠭ᠋ᠠᠬᠢᠪᠠᠯ ᠰᠠᠶᠢ ᠦᠷᠭᠦᠯᠵᠢᠯᠡᠨ ᠠᠮᠵᠢᠯᠲᠠ ᠤᠯᠬᠤ》 ᠵᠢ ᠲᠣᠳᠣᠷᠬᠠᠶ ᠵᠢᠭ᠋ᠠᠵᠤ᠂ ᠪᠢᠳᠡᠨ᠎ᠤ ᠰᠢᠨ᠎ᠡ ᠠᠶᠠᠨ᠎ᠳᠤ ᠡᠷᠡᠮᠡᠭᠡᠢ᠌ᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ᠎ᠳᠤ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠃ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠲᠤᠬᠠᠶ ᠴᠢᠬᠤᠯᠠ ᠵᠢᠭ᠋ᠠᠪᠤᠷᠢ ᠱᠠᠭ᠋ᠠᠷᠳᠠᠯᠭ᠎ᠠ ᠵᠢ ᠲᠤᠷᠠᠳᠴᠤ᠂ ᠪᠢᠳᠡᠨ᠎ᠤ ᠨᠠᠮ᠎ᠤᠨ ᠦᠨᠳᠦᠰᠦᠲᠡᠨ᠎ᠤ ᠣᠨᠣᠯ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠦᠷᠢᠨ ᠪᠦᠲᠦᠨ ᠵᠦᠪ ᠣᠨᠣᠪᠴᠢᠲᠠᠶ ᠣᠶ᠋ᠢᠯᠠᠭ᠋ᠠᠬᠤ ᠪᠠ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠬᠠᠩᠭ᠋ᠠᠪᠠ᠃ ᠦᠨᠳᠦᠰᠦᠲᠡᠨ᠎ᠤ ᠠᠵᠢᠯ᠎ᠤᠨ ᠭᠣᠣᠯ ᠬᠠᠷᠢᠭᠤᠴᠠᠯᠭ᠋ᠠᠲᠤ ᠰᠠᠯᠠᠭ᠎ᠠ ᠮᠥᠴᠢᠷ᠎ᠤᠨ ᠬᠤᠪᠢ᠎ᠳᠤ᠂ ᠡᠭᠦᠷᠭᠡ ᠬᠠᠷᠢᠭᠤᠴᠠᠯᠭ᠎ᠠ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨ ᠮᠡᠳᠡᠷᠡᠵᠦ ᠪᠠᠶ᠋ᠢᠨ᠎ᠠ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ 《ᠬᠣᠶᠠᠷ᠎ᠢ ᠲᠣᠭᠲᠠᠭ᠋ᠠᠬᠤ》 ᠵᠢ ᠰᠢᠳᠤᠷᠭᠤ᠎ᠪᠠᠷ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠨᠳᠦᠰᠦᠲᠡᠨ᠎ᠤ ᠪᠦᠯᠬᠦᠮᠳᠡᠯ ᠪᠣᠯᠤᠨ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠬᠦᠨᠳᠦ ᠶᠡᠬᠡ ᠬᠠᠷᠢᠭᠤᠴᠠᠯᠭ᠎ᠠ ᠵᠢ ᠨᠡᠩ ᠤᠬᠠᠮᠰᠠᠷ᠎ᠠᠴᠠ᠎ᠪᠠᠨ ᠡᠭᠦᠷᠭᠡᠯᠡᠨ ᠰᠠᠶ᠋ᠢᠲᠤᠷ ᠭᠦᠢ᠍ᠴᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠡᠯ᠎ᠡ ᠵᠦᠢ᠍ᠯ᠎ᠤᠨ ᠠᠵᠢᠯ᠎ᠢ ᠪᠤᠳᠠᠳᠠᠢ ᠲᠥᠷᠥᠭᠳᠡᠯ᠎ᠲᠠᠢ᠂ ᠪᠦᠲᠦᠮᠵᠢᠲᠡᠢ᠎ᠪᠠᠷ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ ᠵᠶ᠋ᠡᠨ ᠡᠷᠡᠰ ᠰᠠᠶ᠋ᠢᠲᠤᠷ ᠬᠠᠮᠠᠭ᠋ᠠᠯᠠᠬᠤ᠎ᠪᠠᠷ ᠴᠢᠷᠮᠠᠢ᠌ᠨ᠎ᠠ᠃
      ᠨᠢᠭᠡ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠪᠤᠳᠤᠯ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠂ ᠦᠨᠳᠦᠰᠦᠲᠡᠨ᠎ᠤ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠮᠥᠨ᠃ ᠮᠠᠨ᠎ᠤ ᠣᠷᠣᠨ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠤ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠨᠢ ᠡᠬᠡ ᠤᠯᠤᠰ᠎ᠤᠨ ᠨᠢᠭᠡᠳᠦᠯ ᠪᠠ ᠬᠢᠯᠢ ᠬᠢᠵᠠᠭ᠋ᠠᠷ᠎ᠤᠨ ᠪᠡᠬᠢᠵᠢᠯ᠎ᠲᠠᠢ ᠬᠣᠯᠪᠣᠭᠳᠠᠬᠤ᠂ ᠦᠨᠳᠦᠰᠦᠲᠡᠨ᠎ᠤ ᠪᠦᠯᠬᠦᠮᠳᠡᠯ ᠪᠠ ᠨᠡᠶ᠋ᠢᠭᠡᠮ᠎ᠤᠨ ᠲᠣᠭᠲᠠᠭᠤᠨ᠎ᠲᠠᠢ ᠬᠣᠯᠪᠣᠭᠳᠠᠬᠤ᠂ ᠤᠯᠤᠰ᠎ᠤᠨ ᠥᠨᠢ ᠤᠳᠠᠭ᠋ᠠᠨ᠎ᠤ ᠠᠮᠤᠷ ᠲᠣᠭᠲᠠᠭᠤᠨ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭᠳᠠᠬᠤ ᠵᠢ ᠡᠷᠬᠡᠪᠰᠢ ᠢᠮᠠᠭᠲᠠ ᠪᠠᠲᠤ ᠴᠡᠭᠡᠵᠢᠯᠡᠬᠦ᠎ᠨᠢ 《ᠤᠯᠤᠰ᠎ᠤᠨ ᠲᠤᠮᠤ ᠶᠠᠪᠤᠳᠠᠯ》 ᠮᠥᠨ᠂ ᠮᠥᠨ ᠴᠤ᠌ ᠥᠪᠡᠷᠲᠡᠭᠡᠨ ᠵᠠᠰᠠᠬᠤ ᠣᠷᠣᠨ᠎ᠤ ᠬᠥᠭᠵᠢᠯ ᠴᠡᠴᠡᠭᠯᠡᠯ᠎ᠤᠨ ᠰᠠᠭᠤᠷᠢ ᠮᠥᠨ᠃ ᠪᠢᠳᠡ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ ᠪᠣᠯᠤᠨ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠨᠠᠮ᠎ᠤᠨ ᠦᠨᠳᠦᠰᠦᠲᠡᠨ᠎ᠤ ᠠᠵᠢᠯ᠎ᠢ ᠢᠮᠠᠭᠲᠠ ᠤᠯᠤᠰ ᠲᠦᠷᠦ ᠵᠢᠨ ᠲᠠᠯ᠎ᠠ᠎ᠠᠴᠠ ᠦᠵᠡᠵᠦ᠂ ᠢᠮᠠᠭᠲᠠ ᠤᠯᠤᠰ ᠲᠦᠷᠦ ᠵᠢᠨ ᠲᠠᠯ᠎ᠠ᠎ᠠᠴᠠ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠭᠤᠷᠪᠠᠨ ᠤᠬᠳᠤ ᠪᠤᠯᠬᠤ ᠦᠭᠡᠢ》᠂ 《ᠨᠢᠭᠡ ᠦᠯᠦ ᠪᠤᠯᠬᠤ》 ᠤᠯᠤᠰ ᠲᠦᠷᠦ ᠵᠢᠨ ᠱᠠᠭ᠋ᠠᠷᠳᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠦᠨᠳᠦᠰᠦᠲᠡᠨ᠎ᠤ ᠠᠵᠢᠯ᠎ᠢ ᠠᠳᠬᠤᠬᠤ ᠰᠠᠢ᠍ᠢ᠍ᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ᠃
      ᠬᠣᠶᠠᠷ᠎ᠲᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ᠂ ᠪᠦᠷᠢᠨ ᠪᠦᠲᠦᠨ᠂ ᠵᠦᠪ ᠣᠨᠣᠪᠴᠢᠲᠠᠢ ᠤᠢ᠍ᠢ᠍ᠯᠠᠭ᠋ᠠᠨ ᠡᠵᠡᠮᠰᠢᠭᠦ ᠬᠡᠷᠡᠭᠲᠡᠢ᠃ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠤᠶᠤᠨ ᠰᠠᠨᠠᠭ᠎ᠠ᠎ᠪᠠᠨ ᠵᠡᠪᠰᠡᠭᠯᠡᠬᠦ ᠵᠢ ᠴᠥᠬᠥᠷᠡᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠤᠶ᠋ᠢᠯᠠᠭ᠋ᠠᠨ ᠡᠵᠡᠮᠰᠢᠵᠦ᠂ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠡᠵᠡᠮᠰᠢᠨ ᠪᠣᠳᠠᠲᠠᠶ᠋ᠢᠵᠢᠭᠤᠯᠬᠤ ᠳᠡᠭᠡᠷ᠎ᠡ ᠦᠨᠡᠨ ᠬᠦ᠌ ᠬᠦᠴᠦ᠎ᠪᠠᠨ ᠲᠠᠯᠪᠢᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠦᠨᠡᠨ ᠬᠦ᠌ ᠪᠡᠶᠡᠯᠡᠭᠦᠯᠬᠦ ᠬᠡᠷᠡᠭᠲᠡᠶ᠃ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠳᠠᠬᠢ ᠦᠨᠳᠦᠰᠦᠲᠡᠨ᠎ᠤ ᠠᠵᠢᠯ᠎ᠤᠨ ᠲᠤᠰᠬᠠᠶ ᠴᠡᠭᠴᠡᠯᠡᠨ ᠵᠠᠰᠠᠬᠤ ᠵᠢ ᠦᠷᠭᠦᠯᠵᠢᠯᠡᠨ ᠰᠠᠶ᠋ᠢᠲᠤᠷ ᠠᠳᠬᠤᠬᠤ ᠬᠡᠷᠡᠭᠲᠡᠢ᠃ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠳᠤ 《ᠴᠢᠳᠠᠪᠤᠷᠢ ᠪᠤᠯᠪᠠᠰᠤᠷᠠᠯ ᠵᠶ᠋ᠠᠨ ᠳᠡᠭᠡᠭᠰᠢᠯᠡᠭᠦᠯᠬᠦ ᠣᠨ》᠎ᠤ ᠪᠠᠶ᠋ᠢᠭᠤᠯᠤᠯᠲᠠ ᠵᠢᠨ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠣᠨᠣᠯ᠎ᠤᠨ ᠶᠡᠬᠡ ᠰᠤᠷᠤᠯᠴᠠᠯᠭ᠎ᠠ᠂ ᠪᠥᠬᠥ ᠠᠵᠢᠯᠲᠠᠨ᠎ᠤ ᠶᠡᠬᠡ ᠪᠣᠯᠪᠠᠰᠤᠷᠠᠯ ᠵᠶ᠋ᠠᠷ  ᠳᠠᠮᠵᠢᠭᠤᠯᠵᠤ᠂ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠺᠠᠳ᠋ᠷᠴᠤᠳ᠎ᠤᠨ ᠤᠯᠤᠰ ᠲᠥᠷᠥ ᠵᠢᠨ ᠬᠡᠪ ᠪᠤᠯᠪᠠᠰᠤᠷᠠᠯ᠂ ᠰᠣᠶᠣᠯ᠎ᠤᠨ ᠬᠡᠪ ᠪᠣᠯᠪᠠᠰᠤᠷᠠᠯ᠂ ᠠᠵᠢᠯ᠎ᠤᠨ ᠴᠢᠳᠠᠪᠤᠷᠢ ᠪᠠ ᠣᠶᠤᠨ ᠰᠠᠨᠠᠭ᠋ᠠᠨ᠎ᠤ ᠪᠠᠶ᠋ᠢᠳᠠᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠭᠦ ᠬᠡᠷᠡᠭᠲᠡᠢ᠃
     ᠭᠤᠷᠪᠠ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠯ᠎ᠡ ᠵᠦᠢ᠍ᠯ᠎ᠤᠨ ᠠᠵᠢᠯ᠎ᠢ ᠪᠤᠳᠠᠳᠠᠢ ᠲᠥᠷᠥᠭᠳᠡᠯ᠎ᠲᠠᠢ᠂ ᠪᠦᠲᠦᠮᠵᠢᠲᠡᠢ ᠰᠠᠶ᠋ᠢᠲᠤᠷ ᠬᠢᠬᠦ ᠬᠡᠷᠡᠭᠲᠡᠢ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠬᠦᠰᠡᠯ ᠨᠠᠶ᠋ᠢᠳᠠᠯᠭ᠎ᠠ ᠵᠢ ᠴᠠᠭ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠯ᠎ᠡ ᠵᠦᠢ᠍ᠯ᠎ᠤᠨ ᠠᠵᠢᠯ᠎ᠢ ᠪᠣᠳᠠᠲᠠᠢ ᠠᠳᠬᠤᠵᠤ ᠨᠠᠷᠢᠯᠢᠭ ᠬᠢᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠥᠵᠢᠯ᠎ᠤᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠠ ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠢᠯᠢ ᠬᠢᠵᠠᠭ᠋ᠠᠷ᠎ᠤᠨ ᠠᠶᠠᠯᠠᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ (ᠥᠪᠥᠷ ᠮᠣᠩᠭᠣᠯ᠎ᠤᠨ ᠪᠣᠲᠢ)》᠎ᠢ ᠨᠠᠶ᠋ᠢᠷᠠᠭᠤᠯᠤᠨ ᠲᠤᠭᠤᠷᠪᠢᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠨᠠᠮᠢᠷᠠᠭ᠎ᠠ ᠬᠤᠷ᠎ᠠ᠎ᠪᠠᠷ ᠠᠮᠤᠷᠯᠢᠩᠭᠤᠢ ᠤᠮᠳᠠᠯᠠᠬᠤ ᠮᠡᠲᠦ ᠠᠮᠢᠳᠤᠯᠢᠭ ᠪᠣᠳᠠᠲᠠᠢ ᠰᠠᠶ᠋ᠢᠲᠤᠷ ᠠᠳᠬᠤᠬᠤ ᠬᠡᠷᠡᠭᠲᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ 《ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ》᠂ 《ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠢᠬᠢᠳᠭᠡᠯᠲᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ》᠂ 《ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ》 ᠵᠡᠷᠭᠡ ᠲᠤᠰᠬᠠᠶ ᠠᠵᠢᠯᠯᠠᠭ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠬᠣᠲᠠ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠬᠡᠷᠡᠭᠲᠡᠢ᠃ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠪᠥᠬᠥ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠪᠣᠶ ᠪᠤᠯᠭ᠋ᠠᠬᠤ ᠬᠡᠷᠡᠭᠲᠡᠢ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠶᠠᠰᠤ ᠴᠢᠨᠠᠷ᠎ᠢ ᠳᠡᠭᠡᠭᠰᠢᠯᠡᠭᠦᠯᠬᠦ ᠲᠥᠯᠥᠪᠯᠡᠭᠡ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠬᠢᠩᠭ᠋ᠠᠨ ᠠᠶ᠋ᠢᠮᠠᠭ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ᠎ᠤᠨ ᠵᠢᠱ᠌ᠢᠶ᠎ᠡ ᠦᠵᠡᠭᠦᠯᠬᠦ ᠠᠶ᠋ᠢᠮᠠᠭ᠎ᠢ ᠲᠠᠬᠢᠨᠳᠠ ᠡᠭᠦᠳᠦᠨ ᠪᠠᠢ᠌ᠭᠤᠯᠤᠬᠰᠠᠨ ᠠᠮᠵᠢᠯᠲᠠ᠎ᠲᠠᠢ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠦᠨᠳᠦᠰᠦᠲᠡᠨ᠎ᠤ ᠶᠡᠬᠡ ᠬᠡᠷ ᠪᠦᠯᠢ᠎ᠳᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠵᠤ᠂ ᠠᠭᠤᠤ ᠶᠡᠬᠡ ᠡᠬᠡ ᠤᠯᠤᠰ ᠵᠶ᠋ᠠᠨ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠰᠠᠶ᠋ᠢᠨ ᠰᠠᠶ᠋ᠢᠬᠠᠨ ᠠᠮᠢᠳᠤᠷᠠᠯ ᠵᠶ᠋ᠠᠨ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠬᠳᠤᠨ᠎ᠠ ᠬᠡᠪᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ