ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠸᠠᠩ ᠵᠢᠶᠦ᠋ᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠰᠦᠭᠡᠶ
ᠨᠡᠶ᠋ᠢᠲᠡᠯᠡᠭᠰᠡᠨ ᠴᠠᠭ᠄ 2022-07-27

W020220719328983691739.jpg

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠪᠠᠢ᠌ᠩᠭᠤ ᠵᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠩ ᠵᠢᠶᠦ᠋ᠨ
  

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠠᠩᠬᠠᠳᠠᠭᠴᠢ ᠮᠤᠵᠢ ᠵᠢᠨ ᠲᠡᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠮᠥᠨ ᠪᠥᠭᠡᠳ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠲᠠᠢ ᠪᠠᠢ᠌ᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠬᠦᠷᠳᠡᠭᠰᠡᠨ ᠶᠤᠮ᠃ ᠢᠯᠠᠩᠭᠤᠶ᠎ᠠ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠶᠡᠷᠦᠩᠬᠡᠶ ᠱᠦᠵᠢ ᠵᠢᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠵᠶ᠋ᠠᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠦᠨᠳᠦᠰᠦᠲᠡᠨ᠎ᠨᠦᠭᠦᠳ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠬᠡᠷᠡᠯ ᠰᠠᠴᠤᠷᠠᠩᠭᠤᠶ ᠬᠠᠭᠤᠳᠠᠰᠤ ᠵᠢ ᠬᠠᠮᠲᠤ᠎ᠪᠠᠷ ᠪᠢᠴᠢᠭᠯᠡᠪᠡ᠃ ᠰᠢᠨ᠎ᠡ ᠴᠠᠭ ᠦᠶ᠎ᠡ᠎ᠳᠤ ᠣᠷᠣᠵᠤ᠂ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠲᠣᠭᠲᠠᠭᠤᠨ᠎ᠢ ᠬᠠᠮᠠᠭ᠋ᠠᠯᠠᠬᠤ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠶ ᠪᠥᠬᠥ ᠲᠠᠯ᠎ᠠ᠎ᠪᠠᠷ ᠡᠵᠡᠮᠳᠡᠨ ᠲᠤᠭᠤᠰᠢᠯᠠᠭᠤᠯᠵᠤ᠂ 《ᠤᠯᠤᠰ᠎ᠤᠨ ᠲᠤᠮᠤ ᠶᠠᠪᠤᠳᠠᠯ》᠎ᠢ ᠢᠮᠠᠭᠲᠠ ᠪᠠᠲᠤ ᠴᠡᠭᠡᠵᠢᠯᠡᠵᠦ᠂ ᠦᠵᠡᠯ ᠰᠠᠨᠠᠭ᠎ᠠ ᠲᠠᠨᠢᠯᠲᠠ᠂ ᠬᠠᠷᠠᠯᠲᠠ ᠡᠭᠦᠷᠭᠡ᠂ ᠠᠵᠢᠯ᠎ᠤᠨ ᠠᠷᠭ᠎ᠠ ᠬᠡᠮᠵᠢᠶ᠎ᠡ᠂ ᠪᠠᠳᠤᠯᠠᠪᠤᠷᠢ ᠵᠢᠨ ᠲᠣᠭᠲᠠᠴᠠ ᠵᠡᠷᠭᠡ ᠲᠠᠯ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ ᠳᠡᠭᠡᠷ᠎ᠠ ᠬᠦᠴᠦᠯᠡᠨ ᠳᠦᠪᠯᠡᠷᠡᠬᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃
      ᠨᠢᠭᠡ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠬᠦ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠵᠡᠯ ᠰᠠᠨᠠᠭ᠋ᠠᠨ᠎ᠤ ᠰᠠᠭᠤᠷᠢ ᠵᠢ ᠴᠢᠩᠭ᠋ᠠᠳᠬᠠᠬᠤ ᠲᠣᠭᠣᠷᠢᠨ᠎ᠳᠤ ᠨᠠᠢ᠌ᠳᠠᠪᠤᠷᠢᠵᠢᠭᠤᠯᠤᠯᠲᠠ ᠵᠢ ᠠᠳᠬᠤᠨ᠎ᠠ᠃
      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠡᠵᠡᠮᠰᠢᠨ ᠲᠤᠭᠤᠰᠢᠯᠠᠭᠤᠯᠵᠤ᠂ ᠡᠨᠡ ᠬᠦ᠌ ᠴᠢᠬᠤᠯᠠ ᠦᠵᠡᠯ ᠰᠠᠨᠠᠭ᠋ᠠᠨ᠎ᠤ ᠭᠣᠣᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠶᠡᠬᠡ ᠬᠦᠴᠦ ᠣᠷᠣᠭᠤᠯᠤᠨ ᠨᠡᠪᠲᠡᠷᠬᠡᠢ ᠣᠢ᠌ᠯᠠᠭ᠋ᠠᠵᠤ ᠭᠦᠨᠵᠡᠭᠡᠢ ᠣᠢ᠌ᠯᠠᠭ᠋ᠠᠵᠤ᠂ ᠤᠬᠠᠮᠰᠠᠷ᠎ᠠᠴᠠ᠎ᠪᠠᠨ ᠡᠨᠡ ᠬᠦ᠌ ᠴᠢᠬᠤᠯᠠ ᠦᠵᠡᠯ ᠰᠠᠨᠠᠭ᠎ᠠ ᠵᠢ ᠰᠠᠢ᠌ᠲᠤᠷ ᠰᠤᠷᠤᠯᠴᠠᠵᠤ ᠰᠠᠢ᠌ᠲᠤᠷ ᠬᠡᠷᠡᠭᠯᠡᠬᠦ ᠶᠠᠪᠤᠳᠠᠯ᠎ᠢ ᠦᠨᠳᠦᠰᠦᠨ ᠱᠠᠭ᠋ᠠᠷᠳᠠᠯᠭ᠎ᠠ ᠪᠠ 《ᠭᠠᠷᠮᠠᠭ᠋ᠠᠢ ᠴᠢᠳᠠᠪᠤᠷᠢ》 ᠪᠣᠯᠭ᠋ᠠᠵᠤ᠂ ᠡᠭᠦᠨ ᠵᠶ᠋ᠡᠷ ᠲᠠᠷᠢᠬᠢ ᠲᠣᠯᠣᠭ᠋ᠠᠢ᠎ᠪᠠᠨ ᠨᠡᠩ ᠰᠠᠢ᠌ᠲᠤᠷ ᠵᠡᠪᠰᠡᠭᠯᠡᠵᠦ᠂ ᠦᠢ᠍ᠯᠡᠳᠦᠯᠭᠡ᠎ᠪᠠᠨ ᠨᠡᠩ ᠰᠠᠢ᠌ᠲᠤᠷ ᠵᠢᠯᠣᠭᠣᠳᠣᠭᠤᠯᠵᠤ᠂ ᠠᠵᠢᠯ ᠵᠶ᠋ᠠᠨ ᠨᠡᠩ ᠰᠠᠢ᠌ᠲᠤᠷ ᠠᠬᠢᠭᠤᠯᠬᠤ ᠬᠡᠷᠡᠭᠲᠡᠢ᠃ ᠨᠠᠮ᠎ᠤᠨ ᠦᠨᠳᠦᠰᠦᠲᠡᠨ᠎ᠤ ᠠᠵᠢᠯ᠎ᠤᠨ ᠡᠨᠡ ᠬᠦ᠌ ᠤᠨᠤᠯ ᠪᠣᠯᠤᠨ ᠦᠢ᠍ᠯᠡᠳᠦᠯᠭᠡ ᠵᠢᠨ ᠤᠶᠤᠨ ᠤᠬᠠᠭ᠋ᠠᠨ᠎ᠤ ᠤᠬᠢ ᠪᠦᠲᠦᠭᠡᠯ ᠵᠶ᠋ᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠨᠳᠦᠰᠦᠨ ᠵᠢᠷᠤᠮᠯᠠᠯ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠎ᠲᠠᠢ ᠵᠥᠪ ᠵᠠᠮ ᠵᠶ᠋ᠠᠷ ᠵᠠᠮᠨᠠᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ᠎ᠢ ᠦᠨᠡᠨ ᠬᠦ᠌ ᠴᠢᠩᠭ᠋ᠠᠳᠬᠠᠵᠤ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠲᠠᠰᠤᠷᠠᠯᠳᠠ ᠦᠭᠡᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠲᠠᠢ ᠪᠥᠬᠥ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠣᠯᠤᠨ ᠵᠥᠷᠢᠶ᠎ᠡ ᠵᠢ ᠭᠦᠨᠵᠡᠭᠡᠶ ᠪᠠᠢ᠌ᠴᠠᠭ᠋ᠠᠨ ᠦᠵᠡᠬᠦ ᠪᠠ ᠲᠤᠩᠭ᠋ᠠᠨ ᠪᠣᠳᠣᠯᠬᠢᠯᠠᠵᠤ᠂ ᠲᠥᠪ᠎ᠤᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠦᠨᠳᠦᠰᠦᠲᠡᠨ᠎ᠤ ᠠᠵᠢᠯ᠎ᠢ ᠲᠤᠰᠬᠠᠶ ᠴᠡᠭᠴᠡᠯᠡᠨ ᠰᠠᠢ᠌ᠵᠢᠷᠠᠭᠤᠯᠬᠤ ᠵᠢ ᠴᠥᠬᠥᠷᠡᠰᠢ ᠥᠬᠡᠶ ᠰᠠᠢ᠌ᠲᠤᠷ ᠠᠳᠬᠤᠵᠤ᠂ ᠬᠡᠯᠪᠡᠢ᠌ᠭᠦᠦ ᠪᠠᠢ᠌ᠳᠠᠯ᠎ᠢ ᠵᠠᠯᠠᠷᠠᠭᠤᠯᠬᠤ ᠠᠵᠢᠯ᠎ᠢ ᠭᠦᠨᠵᠡᠭᠡᠶ ᠠᠬᠢᠭᠤᠯᠵᠤ᠂ ᠦᠨᠳᠦᠰᠦᠲᠡᠨ᠎ᠤ ᠠᠵᠢᠯ᠎ᠤᠨ ᠵᠥᠪ ᠤᠨᠤᠪᠴᠢᠳᠠᠢ ᠤᠯᠤᠰ ᠲᠥᠷᠥ ᠵᠢᠨ ᠴᠢᠭᠯᠡᠯ ᠵᠶ᠋ᠡᠷ ᠤᠷᠤᠭᠰᠢᠯᠠᠬᠤ ᠵᠢ ᠦᠨᠡᠨ ᠬᠦ᠌ ᠪᠠᠳᠤᠯᠠᠨ᠎ᠠ᠃
      ᠬᠣᠶᠠᠷ᠂ ᠬᠠᠷᠠᠯᠲᠠ ᠡᠭᠦᠷᠭᠡ ᠵᠢ ᠠᠬᠢᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠠᠪᠤᠨ ᠭᠣᠣᠯᠳᠠᠯᠭ᠎ᠠ᠎ᠲᠠᠢ ᠡᠭᠦᠷᠭᠡ ᠵᠢᠨ ᠲᠣᠭᠣᠷᠢᠨ᠎ᠳᠤ ᠨᠠᠢ᠌ᠳᠠᠪᠤᠷᠢᠵᠢᠭᠤᠯᠤᠯᠲᠠ ᠵᠢ ᠠᠳᠬᠤᠨ᠎ᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠵᠢ ᠭᠦᠨᠵᠡᠭᠡᠢ ᠲᠠᠨᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠶᠠᠪᠤᠳᠠᠯ᠎ᠢ ᠦᠨᠡᠨ ᠬᠦ᠌ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ ᠪᠦᠬᠦ ᠲᠠᠯ᠎ᠠ᠎ᠳᠤ ᠲᠤᠭᠤᠰᠢᠯᠠᠭᠤᠯᠵᠤ᠂ ᠠᠯᠢᠪᠠ ᠠᠵᠢᠯ᠎ᠢ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠳᠤ ᠲᠥᠪᠯᠡᠷᠡᠭᠦᠯᠦᠨ ᠬᠦᠴᠦ᠎ᠪᠠᠨ ᠨᠢᠭᠡᠳᠭᠡᠨ᠎ᠠ᠃
      ᠨᠢᠭᠡ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠭᠦᠨᠵᠡᠭᠡᠢ ᠪᠣᠢ᠌ᠵᠢᠭᠤᠯᠤᠨ ᠦᠢ᠍ᠯᠡᠳᠦᠯᠭᠡᠵᠢᠭᠦᠯᠵᠦ᠂ ᠤᠯᠤᠰ ᠵᠶ᠋ᠠᠨ ᠬᠠᠢ᠌ᠷᠠᠯᠠᠬᠤ ᠦᠵᠡᠯ ᠵᠶ᠋ᠡᠷ ᠭᠣᠣᠯ ᠪᠣᠯᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠳᠤᠮᠳᠠᠳᠤ ᠵᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠲᠦᠷᠢ ᠲᠥᠷᠬᠦ ᠵᠢ ᠲᠤᠪᠤᠢ᠍ᠢ᠍ᠯᠭ᠋ᠠᠵᠤ᠂ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠰᠣᠶᠣᠯ᠎ᠤᠨ ᠲᠤᠬᠠᠢ ᠮᠡᠳᠡᠷᠡᠬᠦᠢ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠵᠢ ᠡᠭᠦᠳᠦᠨ ᠠᠭᠤᠰᠤᠯᠴᠠᠬᠤ ᠵᠢ ᠠᠬᠢᠭᠤᠯᠤᠨ᠎ᠠ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠡᠰ ᠭᠤᠢ᠌ᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ ᠤᠨᠤᠯ᠎ᠤᠨ ᠰᠤᠳᠤᠯᠭ᠋ᠠᠨ᠎ᠤ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠥᠭᠵᠢᠯᠲᠡ ᠵᠢᠨ ᠲᠡᠦᠬᠡᠨ᠎ᠳᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ᠎ᠳᠤ ᠤᠨᠤᠯ᠎ᠤᠨ ᠲᠤᠯᠭ᠋ᠠᠭᠤᠷᠢᠯᠠᠯ ᠪᠠ ᠦᠢ᠍ᠯᠡᠳᠦᠯᠭᠡ ᠵᠢᠨ ᠵᠢᠱ᠌ᠢᠢ᠎ᠡ ᠬᠠᠩᠭ᠋ᠠᠨ᠎ᠠ᠃
      ᠬᠣᠶᠠᠷ᠎ᠲᠤ᠂ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠲᠡᠢ᠌ᠰᠢ ᠬᠠᠮᠲᠤ᠎ᠪᠠᠷ ᠤᠷᠤᠭᠰᠢᠯᠠᠬᠤ ᠵᠢ ᠬᠦᠴᠦᠯᠡᠨ ᠠᠬᠢᠭᠤᠯᠤᠨ᠎ᠠ᠃ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠬᠦ ᠲᠠᠯ᠎ᠠ᠎ᠪᠠᠷ ᠣᠨᠣᠪᠴᠢᠲᠠᠢ ᠪᠦᠷᠢᠨ ᠭᠦᠢ᠍ᠴᠡᠳ ᠤᠢ᠍ᠢ᠍ᠯᠠᠭ᠋ᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠢ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠪᠠᠢ᠌ᠳᠠᠯ᠎ᠢ ᠦᠨᠳᠦᠰᠦᠯᠡᠨ ᠲᠣᠭᠲᠠᠭ᠋ᠠᠭᠰᠠᠨ ᠪᠠᠢ᠌ᠯᠳᠤᠬᠤ ᠪᠤᠳᠤᠯᠭ᠎ᠠ ᠵᠢᠨ ᠪᠠᠢ᠌ᠷᠢ ᠲᠣᠭᠲᠠᠭ᠋ᠠᠯᠲᠠ ᠪᠣᠯᠤᠨ ᠠᠵᠢᠯᠯᠠᠭ᠋ᠠᠨ᠎ᠤ ᠬᠥᠲᠥᠯᠪᠦᠷᠢ ᠶᠣᠰᠣᠭ᠋ᠠᠷ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠪᠣᠯᠤᠨ 《ᠨᠢᠭᠡ ᠪᠡᠬᠢᠯᠡᠯᠲᠡ》 ᠵᠢ ᠲᠦᠷᠭᠡᠳᠬᠡᠨ ᠪᠦᠳᠦᠭᠡᠨ ᠪᠠᠢ᠌ᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠣᠯᠠᠨ ᠨᠡᠢ᠌ᠲᠡ ᠵᠢᠨ ᠦᠨᠳᠦᠰᠦᠨ ᠦᠢᠯᠡᠴᠢᠯᠡᠭᠡ ᠵᠢ ᠲᠡᠩᠴᠡᠭᠦᠷᠢᠰᠢᠭᠦᠯᠬᠦ ᠵᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂  ᠵᠤᠯ ᠵᠢᠷᠭ᠋ᠠᠯ᠎ᠤᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠮᠲᠤ᠎ᠪᠠᠷ ᠪᠠᠶᠠᠵᠢᠬᠤ ᠵᠢ ᠠᠬᠢᠭᠤᠯᠤᠨ᠎ᠠ᠃
      ᠭᠤᠷᠪᠠ᠎ᠳᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠵᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠨᠡᠢ᠌ᠭᠡᠮ᠎ᠤᠨ ᠲᠣᠭᠲᠠᠴᠠ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠣᠲᠠ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠣᠨ ᠪᠦᠰᠡ ᠠᠯᠤᠰᠯᠠᠨ᠂ ᠠᠵᠢᠯ ᠲᠥᠷᠥᠯ ᠠᠯᠤᠰᠯᠠᠨ ᠡᠮᠬᠢ ᠵᠢᠷᠤᠮ᠎ᠲᠠᠢ᠎ᠪᠠᠷ ᠨᠡᠭᠦᠳᠡᠯᠯᠡᠬᠦ ᠵᠢ ᠳᠡᠮᠵᠢᠵᠦ᠂ ᠦᠨᠳᠦᠰᠦᠲᠡᠨ᠎ᠨᠦᠭᠦᠳ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ  ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢ᠌ᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠬᠥᠭᠵᠢᠯᠲᠡ ᠵᠢᠨ ᠲᠥᠯᠥᠪᠵᠢᠭᠦᠯᠭᠡ (2021 — 2025 ᠣᠨ)》 ᠵᠢ ᠨᠠᠢ᠌ᠷᠠᠭᠤᠯᠤᠨ ᠵᠣᠬᠢᠶᠠᠵᠤ ᠬᠡᠷᠡᠭᠵᠢᠭᠦᠯᠦᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 ᠪᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠢ᠌ᠳᠬᠦ ᠠᠷᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃
      ᠳᠥᠷᠪᠡ᠎ᠳᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠬᠦᠴᠦᠯᠡᠨ ᠠᠬᠢᠭᠤᠯᠤᠨ᠎ᠠ᠃ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠲᠤᠬᠠᠢ ᠬᠠᠤᠯᠢ ᠴᠠᠭ᠋ᠠᠵᠠ ᠵᠢᠨ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯᠲᠡ᠎ᠪᠠᠨ ᠦᠨᠡᠨ ᠬᠦ᠌ ᠴᠢᠩᠭ᠋ᠠᠳᠬᠠᠵᠤ᠂ ᠦᠨᠳᠦᠰᠦᠨ ᠬᠠᠤᠯᠢ ᠪᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠤᠨ᠎ᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠯ᠎ᠡ ᠵᠦᠢᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠶ ᠨᠠᠷᠢᠯᠢᠭ  ᠨᠠᠢ᠌ᠳᠠᠪᠤᠷᠢᠵᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠨᠳᠦᠰᠦᠲᠡᠨ᠎ᠤ ᠠᠰᠠᠭᠤᠳᠠᠯ᠎ᠢ ᠵᠠᠳᠠᠯᠤᠨ ᠰᠢᠢ᠍ᠳᠪᠦᠷᠢᠯᠡᠬᠦ ᠵᠢᠨ ᠡᠭᠦᠰᠦᠯᠲᠡ ᠪᠠ ᠲᠤᠰᠤᠯᠲᠠ ᠪᠣᠯᠭ᠋ᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠦᠨ᠎ᠡ᠃
      ᠲᠠᠪᠤ᠎ᠳᠤ᠂ ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠭᠡᠮ ᠰᠤᠭᠤᠭ᠎ᠢ ᠡᠷᠡᠰ ᠰᠡᠷᠭᠡᠢ᠌ᠯᠡᠨ᠎ᠡ᠃ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠪᠠᠲᠤ ᠪᠣᠶ ᠪᠣᠯᠭ᠋ᠠᠵᠤ᠂ ᠬᠣᠷᠢᠭ᠎ᠠ ᠱᠤᠭᠤᠮ᠎ᠤᠨ ᠰᠡᠳᠬᠢᠬᠦᠶ ᠵᠢ ᠪᠠᠷᠢᠮᠲᠠᠯᠠᠨ᠂ ᠲᠦᠭᠰᠢᠭᠦᠷᠢ ᠵᠢᠨ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠡᠯ᠎ᠡ ᠲᠥᠷᠥᠯ᠎ᠤᠨ ᠨᠡᠪᠴᠢᠯᠲᠡ ᠬᠢᠬᠦ ᠡᠪᠳᠡᠯᠡᠭᠡ ᠬᠢᠬᠦ ᠠᠵᠢᠯᠯᠠᠭ᠎ᠠ ᠵᠢ ᠪᠦᠲᠦᠮᠵᠢᠲᠡᠶ ᠰᠡᠷᠭᠡᠢ᠌ᠯᠡᠨ ᠴᠣᠬᠢᠯᠲᠠ ᠥᠭᠭᠦᠨ᠎ᠡ᠃ ᠦᠨᠳᠦᠰᠦᠲᠡᠨ᠎ᠤ ᠡᠯᠧᠮᠧᠨ᠋ᠲ᠎ᠲᠤ ᠬᠣᠯᠪᠣᠭᠳᠠᠭᠰᠠᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠰᠤᠳᠤᠯᠤᠨ ᠮᠠᠭ᠋ᠠᠳᠯᠠᠵᠤ ᠰᠢᠢᠳᠪᠦᠷᠢᠯᠡᠬᠦ ᠵᠢ ᠴᠢᠩᠭ᠋ᠠᠳᠬᠠᠵᠤ᠂ ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠠᠬᠢ ᠦᠵᠡᠯ ᠤᠬᠠᠮᠰᠠᠷ᠎ᠤᠨ ᠬᠡᠯᠪᠡᠷᠢ ᠵᠢᠨ ᠪᠡᠬᠢᠯᠡᠯᠲᠡ ᠵᠢ ᠡᠷᠡᠰ ᠪᠠᠲᠤ ᠰᠠᠬᠢᠵᠤ᠂ ᠠᠮᠤᠷ ᠲᠦᠪᠰᠢᠨ ᠲᠣᠭᠲᠠᠭᠤᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠦᠨ᠎ᠡ᠃
      ᠭᠤᠷᠪᠠ᠂ ᠠᠵᠢᠯ᠎ᠤᠨ ᠠᠷᠭ᠎ᠠ ᠬᠡᠮᠵᠢᠢ᠎ᠡ᠎ᠪᠠᠨ ᠴᠢᠩᠭ᠋ᠠᠳᠬᠠᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠵᠦ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠣᠳᠠᠲᠠᠢ ᠨᠠᠷᠢᠯᠢᠭ ᠲᠣᠭᠣᠰᠢᠯᠠᠭᠤᠯᠬᠤ ᠵᠢᠨ ᠲᠣᠭᠣᠷᠢᠨ᠎ᠳᠤ ᠨᠠᠢ᠌ᠳᠠᠪᠤᠷᠢᠵᠢᠭᠤᠯᠤᠯᠲᠠ ᠵᠢ ᠠᠳᠬᠤᠨ᠎ᠠ᠃
      ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠳᠠᠷᠠᠭ᠋ᠠᠬᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠦᠨᠳᠦᠰᠦᠲᠡᠨ᠎ᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠳᠣᠬᠠᠨ᠎ᠤ ᠪᠥᠬᠥ ᠣᠷᠣᠨ᠎ᠤ ᠦᠨᠳᠦᠰᠦᠲᠡᠨ᠎ᠤ ᠠᠵᠢᠯ᠎ᠤᠨ ᠪᠠᠢ᠌ᠳᠠᠯ᠎ᠳᠤ ᠭᠦᠨᠵᠡᠭᠡᠶ ᠵᠠᠳᠠᠯᠤᠯᠲᠠ ᠬᠢᠵᠦ᠂ ᠡᠯ᠎ᠡ ᠵᠦᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠪᠥᠬᠥ ᠲᠠᠯ᠎ᠠ᠎ᠪᠠᠷ ᠪᠠᠢ᠌ᠷᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ᠎ᠢ ᠰᠤᠳᠤᠯᠤᠨ ᠲᠣᠭᠲᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠢᠯᠣᠭᠣᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠭᠡᠰᠢᠭᠦᠳ᠎ᠤᠨ ᠪᠥᠬᠥᠳᠡ ᠬᠤᠷᠠᠯ᠎ᠢ ᠴᠠᠭ ᠲᠤᠬᠠᠶ᠎ᠳᠤ᠎ᠨᠢ ᠬᠤᠷᠠᠯᠳᠤᠭᠤᠯᠵᠤ᠂  ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠭᠡᠰᠢᠭᠦᠨ᠎ᠤ ᠲᠦᠷᠢᠮ᠎ᠤᠨ ᠠᠵᠢᠯ᠎ᠤᠨ ᠲᠦᠷᠢᠮ᠎ᠳᠤ ᠳᠠᠬᠢᠨ ᠵᠠᠰᠠᠪᠤᠷᠢ ᠣᠷᠣᠭᠤᠯᠵᠤ᠂ ᠭᠡᠰᠢᠭᠦᠨ ᠨᠢᠭᠡᠴᠢ ᠵᠢᠴᠢ ᠲᠤᠰᠢᠶᠠᠯ ᠬᠠᠪᠰᠤᠷᠭ᠋ᠠᠭᠰᠠᠨ ᠭᠡᠰᠢᠭᠦᠨ᠎ᠤ ᠲᠤᠰᠢᠶᠠᠯ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠪᠥᠬᠥ ᠣᠷᠣᠨ᠎ᠤ ᠦᠨᠳᠦᠰᠦᠲᠡᠨ᠎ᠤ ᠠᠵᠢᠯ᠎ᠤᠨ 《ᠨᠢᠭᠡ ᠬᠥᠯᠭᠡ ᠰᠢᠲᠠᠷ᠎ᠠ ᠮᠡᠲᠦ ᠪᠠᠢ᠌ᠬᠤ》 ᠦᠵᠡᠯ ᠰᠠᠨᠠᠭ᠎ᠠ ᠵᠢ ᠪᠣᠶ ᠪᠣᠯᠭ᠋ᠠᠵᠤ᠂ ᠰᠢᠨ᠎ᠡ ᠴᠠᠭ ᠦᠶ᠎ᠡ᠎ᠳᠤ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠰᠦᠷ ᠳᠠᠯᠠᠢ᠌ᠴᠠᠲᠠᠶ ᠬᠦᠴᠦᠨ᠎ᠢ ᠨᠢᠭᠲᠠᠷᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠦᠨᠳᠦᠰᠦᠲᠡᠨ᠎ᠤ ᠠᠵᠢᠯ᠎ᠤᠨ ᠭᠣᠤᠯ ᠬᠠᠷᠢᠭᠤᠴᠠᠯᠭ᠋ᠠᠲᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠳᠠᠷᠤᠢ᠌ᠬᠠᠨ ᠲᠥᠰᠦᠯ ᠲᠣᠭᠲᠠᠭ᠋ᠠᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠪᠠᠢ᠌ᠷᠢᠯᠠᠭᠤᠯᠵᠤ᠂ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠺᠠᠳ᠋ᠷᠴᠤᠳ᠎ᠢ ᠵᠢᠯᠣᠭᠣᠳᠤᠨ ᠤᠷᠢᠳ ᠵᠶ᠋ᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠠᠵᠢᠯ᠎ᠢ ᠨᠠᠢ᠌ᠳᠠᠪᠤᠷᠢᠵᠢᠭᠤᠯᠬᠤ ᠲᠠᠯ᠎ᠠ᠎ᠪᠠᠷ  ᠳᠡᠷᠢᠬᠦᠨ᠎ᠳᠤ ᠶᠠᠪᠤᠵᠤ᠂ ᠥᠯᠢᠭᠡᠷ ᠳᠠᠭᠤᠷᠢᠶᠠᠯ ᠪᠣᠯᠪᠠ᠃ 《ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ 〈ᠶᠡᠬᠡ᠎ᠪᠠᠷ ᠰᠤᠷᠪᠤᠯᠵᠢᠯᠠᠭ᠎ᠠ ᠬᠢᠬᠦ᠂ ᠶᠡᠬᠡ᠎ᠪᠠᠷ ᠪᠠᠢ᠌ᠴᠠᠭ᠋ᠠᠨ ᠰᠤᠳᠤᠯᠬᠤ᠂ ᠲᠥᠷᠥ ᠵᠢᠨ ᠪᠣᠳᠣᠯᠭ᠎ᠠ ᠬᠦᠷᠭᠡᠬᠦ᠂ ᠬᠠᠢ᠌ᠷ᠎ᠠ ᠬᠠᠯᠠᠮᠵᠢ ᠬᠦᠷᠭᠡᠬᠦ᠂ ᠪᠦᠯᠬᠦᠮᠳᠡᠯ᠎ᠢ ᠠᠬᠢᠭᠤᠯᠬᠤ᠂ ᠬᠥᠭᠵᠢᠯᠲᠡ ᠵᠢ ᠠᠬᠢᠭᠤᠯᠬᠤ〉 ᠵᠠᠭᠤᠨ ᠡᠳᠦᠷ᠎ᠤᠨ ᠠᠵᠢᠯᠯᠠᠭ᠎ᠠ》 ᠵᠢ ᠭᠦᠨᠵᠡᠭᠡᠶ ᠥᠷᠨᠢᠭᠦᠯᠵᠦ᠂ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ᠎ᠤ ᠦᠨᠳᠦᠰᠦᠲᠡᠨ᠎ᠤ ᠠᠵᠢᠯ᠎ᠤᠨ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ᠎ᠳᠤ ᠵᠣᠬᠢᠴᠠᠬᠤ᠂ 《ᠡᠭᠦᠷᠭᠡ ᠴᠢᠳᠠᠪᠤᠷᠢ᠎ᠪᠠᠨ ᠬᠤᠪᠢᠷᠠᠭᠤᠯᠬᠤ᠂ ᠠᠷᠭ᠎ᠠ ᠬᠡᠯᠪᠡᠷᠢ᠎ᠪᠠᠨ ᠬᠤᠪᠢᠷᠠᠭᠤᠯᠬᠤ᠂ ᠰᠤᠷᠲᠠᠯ ᠵᠶ᠋ᠠᠨ ᠬᠤᠪᠢᠷᠠᠭᠤᠯᠬᠤ》 ᠴᠢᠬᠤᠯᠠ ᠠᠷᠭ᠎ᠠ ᠵᠠᠮ ᠪᠣᠯᠭ᠋ᠠᠵᠤ᠂ ᠪᠠᠢ᠌ᠭᠤᠯᠭ᠎ᠠ᠎ᠠᠴᠠ ᠭᠠᠷᠴᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠣᠯᠠᠨ ᠲᠦᠮᠡᠨ᠎ᠲᠠᠢ ᠣᠢ᠌ᠷᠠᠳᠴᠤ᠂ ᠦᠨᠡᠨ ᠦᠭᠡ ᠰᠣᠨᠣᠰᠴᠤ᠂ ᠪᠣᠳᠠᠲᠤ ᠪᠠᠢ᠌ᠳᠠᠯ᠎ᠢ ᠤᠢ᠌ᠯᠠᠭ᠋ᠠᠨ᠂ ᠪᠣᠳᠠᠲᠤ ᠶᠠᠪᠤᠳᠠᠯ ᠬᠢᠵᠦ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠠ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠲᠦᠭ ᠲᠦᠮᠡᠨ ᠠᠢ᠌ᠯ ᠡᠷᠦᠬᠡ᠎ᠳᠤ ᠤᠬᠠᠭᠤᠯᠪᠠ᠃ ᠵᠣᠬᠢᠶᠠᠨ ᠪᠠᠢ᠌ᠭᠤᠯᠤᠯᠲᠠ᠎ᠲᠠᠢ᠂ ᠠᠵᠢᠯ᠎ᠤᠨ ᠲᠦᠰᠦᠪ᠎ᠲᠠᠢ᠂ ᠲᠠᠩᠰᠠ ᠲᠡᠮᠳᠡᠭᠯᠡᠯ᠎ᠲᠠᠢ᠂ ᠲᠤᠰᠬᠠᠶ ᠬᠥᠮᠥᠰ᠎ᠲᠠᠢ᠂ ᠬᠢᠨᠠᠯᠲᠠ ᠵᠢᠯᠣᠭᠣᠳᠣᠮᠵᠢ᠎ᠲᠠᠢ᠂ ᠬᠢᠨᠠᠭᠰᠠᠨ ᠰᠢᠯᠭ᠋ᠠᠯᠲᠠ᠎ᠲᠠᠢ᠂ ᠦᠷ᠎ᠡ ᠪᠦᠲᠦᠮᠵᠢ᠎ᠲᠠᠢ᠂ ᠬᠤᠷᠢᠶᠠᠩᠭᠤᠢ ᠳ᠋ᠦᠩᠨᠡᠯᠲᠡ᠎ᠲᠠᠢ᠂ ᠰᠠᠨᠠᠯ ᠳᠤᠷᠠᠳᠤᠯᠭ᠎ᠠ᠎ᠲᠠᠢ᠂ ᠳᠡᠯᠭᠡᠷᠡᠭᠦᠯᠦᠭᠰᠡᠨ ᠬᠡᠷᠡᠭᠵᠢᠭᠦᠯᠦᠯᠲᠡ᠎ᠲᠠᠢ 《ᠠᠷᠪᠠ ᠪᠠᠢ᠌ᠬᠤ》 ᠠᠵᠢᠯ᠎ᠤᠨ ᠵᠠᠭᠪᠤᠷ ᠶᠣᠰᠣᠭ᠋ᠠᠷ᠂ ᠦᠨᠳᠦᠰᠦᠲᠡᠨ᠎ᠤ ᠠᠵᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠠᠬᠢᠭᠤᠯᠬᠤ ᠲᠥᠰᠦᠯ᠎ᠢ ᠲᠣᠭᠲᠠᠭ᠋ᠠᠵᠤ᠂ ᠡᠯ᠎ᠡ ᠵᠦᠢᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠨᠠᠷᠢᠯᠢᠬ᠍ᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠰᠢᠨ᠎ᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠪᠠ᠃
      ᠲᠦᠷᠪᠡ᠂ ᠪᠠᠳᠤᠯᠠᠪᠤᠷᠢ ᠵᠢᠨ ᠲᠣᠭᠲᠠᠴᠠ ᠵᠢ ᠲᠡᠭᠦᠯᠳᠡᠷᠵᠢᠭᠦᠯᠬᠦ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢᠨ ᠲᠣᠭᠣᠷᠢᠨ᠎ᠳᠤ ᠨᠠᠢ᠌ᠳᠠᠪᠤᠷᠢᠵᠢᠭᠤᠯᠤᠯᠲᠠ ᠵᠢ ᠠᠳᠬᠤᠨ᠎ᠠ᠃
      ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠡᠯ᠎ᠡ ᠵᠦᠢ᠍ᠯ᠎ᠤᠨ ᠪᠠᠳᠤᠯᠠᠪᠤᠷᠢ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠬᠤ ᠵᠢ ᠪᠠᠲᠤᠯᠠᠵᠤ᠂ ᠦᠨᠳᠦᠰᠦᠲᠡᠨ᠎ᠤ ᠠᠵᠢᠯ᠎ᠤᠨ ᠰᠢᠨᠵᠢᠯᠡᠬᠦ ᠤᠬᠠᠭ᠋ᠠᠨᠴᠢᠯᠠᠭᠰᠠᠨ᠂ ᠨᠠᠷᠢᠯᠢᠭᠵᠢᠭᠰᠠᠨ᠂ ᠵᠢᠷᠤᠮᠵᠢᠭᠰᠠᠨ ᠲᠦᠪᠰᠢᠨ᠎ᠢ ᠲᠠᠰᠤᠷᠠᠯᠲᠠ ᠦᠭᠡᠢ  ᠳᠡᠭᠡᠭᠰᠢᠯᠡᠬᠦᠯᠦᠨ᠎ᠠ᠃
      ᠨᠢᠭᠡ᠎ᠳᠤ᠂ ᠦᠨᠳᠦᠰᠦᠲᠡᠨ᠎ᠤ ᠵᠥᠪᠯᠡᠯ᠎ᠤᠨ ᠭᠡᠰᠢᠭᠦᠳ᠎ᠤᠨ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂ ᠭᠡᠰᠢᠭᠦᠨ᠎ᠤ ᠲᠦᠷᠢᠮ᠎ᠤᠨ ᠠᠵᠢᠯ᠎ᠤᠨ ᠲᠤᠰᠢᠶᠠᠯ ᠬᠠᠷᠢᠭᠤᠴᠠᠯᠭ᠎ᠠ᠎ᠳᠤ ᠵᠠᠰᠠᠪᠤᠷᠢ ᠣᠷᠣᠭᠤᠯᠵᠤ᠂ ᠠᠵᠢᠯ᠎ᠤᠨ ᠲᠦᠷᠢᠮ᠎ᠢ ᠲᠡᠭᠦᠯᠳᠡᠷᠵᠢᠭᠦᠯᠦᠨ᠂ ᠭᠡᠰᠢᠭᠦᠨ᠎ᠤ ᠲᠦᠷᠢᠮ᠎ᠤᠨ ᠳᠠᠪᠠᠭᠤᠯᠢᠭ ᠪᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠵᠤ᠂ ᠪᠦᠬᠦ ᠨᠡᠢ᠌ᠭᠡᠮ ᠵᠶ᠋ᠡᠷ ᠵᠶ᠋ᠡᠨ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠦᠨᠳᠦᠰᠦᠲᠡᠨ᠎ᠤ ᠠᠵᠢᠯ᠎ᠤᠨ ᠰᠠᠢ᠍ᠢ᠍ᠨ ᠰᠠᠢ᠌ᠬᠠᠨ ᠪᠠᠢ᠌ᠳᠠᠯ᠎ᠢ ᠪᠤᠢ ᠪᠣᠯᠭ᠋ᠠᠨ᠎ᠠ᠃
      ᠬᠣᠶᠠᠷ᠎ᠲᠤ᠂ ᠨᠠᠮ᠎ᠤᠨ ᠦᠨᠳᠦᠰᠦᠲᠡᠨ᠎ᠤ ᠠᠵᠢᠯ᠎ᠢ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠪᠠᠢ᠌ᠭᠤᠯᠤᠨ  ᠳᠡᠬᠦᠯᠳᠡᠷᠵᠢᠬᠦᠯᠦᠨ᠎ᠠ᠃ ᠬᠢᠨᠠᠨ ᠰᠢᠯᠭ᠋ᠠᠵᠤ ᠦᠨᠡᠯᠡᠬᠦ ᠡᠨᠡ ᠬᠦ᠌ ᠳᠣᠬᠢᠭᠤᠷ ᠪᠠ ᠳᠣᠬᠢᠶᠠᠨ ᠳ᠋ᠧᠩ᠎ᠢ ᠭᠦᠢᠴᠡᠳ ᠰᠠᠢ᠌ᠲᠤᠷ ᠬᠡᠷᠡᠭᠯᠡᠵᠦ᠂ ᠨᠠᠮ᠎ᠤᠨ ᠦᠨᠳᠦᠰᠦᠲᠡᠨ᠎ᠤ ᠠᠵᠢᠯ᠎ᠤᠨ ᠬᠢᠨᠠᠨ ᠰᠢᠯᠭ᠋ᠠᠯᠲᠠ ᠭᠡᠬᠦ ᠡᠨᠡ ᠬᠦ᠌ 《ᠵᠥᠭᠡᠯᠡᠨ ᠪᠠᠷᠢᠮᠵᠢᠶ᠎ᠠ》 ᠵᠢ 《ᠬᠠᠲᠠᠭᠤ ᠬᠢᠵᠠᠭ᠋ᠠᠷᠯᠠᠯ》 ᠪᠣᠯᠭ᠋ᠠᠨ ᠬᠤᠪᠢᠷᠠᠭᠤᠯᠤᠨ᠎ᠠ᠃ ᠰᠢᠨᠵᠢᠯᠡᠬᠦ ᠤᠬᠠᠭ᠋ᠠᠨᠴᠢ ᠪᠥᠭᠡᠳ ᠪᠦᠲᠦᠮᠵᠢᠲᠡᠶ ᠬᠢᠨᠠᠨ ᠰᠢᠯᠭ᠋ᠠᠬᠤ ᠰᠢᠰᠲᠸᠮ᠎ᠢ ᠪᠠᠢ᠌ᠭᠤᠯᠬᠤ᠎ᠪᠠᠷ ᠳᠠᠮᠵᠢᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ᠎ᠤ ᠦᠨᠳᠦᠰᠦᠲᠡᠨ᠎ᠤ ᠠᠵᠢᠯ᠎ᠢ ᠪᠤᠰᠤᠳᠴᠢ᠂ ᠲᠥᠪ ᠭᠣᠤᠯᠴᠢ᠂ ᠣᠨᠣᠪᠴᠢᠲᠠᠶ᠎ᠪᠠᠷ ᠦᠨᠡᠯᠡᠬᠦ ᠬᠡᠷᠡᠭᠲᠡᠶ᠃
      ᠭᠤᠷᠪᠠ᠎ᠳᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠤᠯᠤᠰ᠎ᠤᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠰᠢᠯᠭ᠋ᠠᠨ ᠲᠣᠭᠲᠠᠭ᠋ᠠᠬᠤ ᠪᠠᠷᠢᠮᠵᠢᠶ᠎ᠠ ᠪᠠ ᠰᠢᠯᠭ᠋ᠠᠨ ᠲᠣᠭᠲᠠᠭ᠋ᠠᠬᠤ ᠠᠷᠭ᠎ᠠ ᠵᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠶ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ᠎ᠠ᠃ ᠠᠢ᠌ᠮᠠᠭ ᠬᠣᠲᠠ ᠬᠣᠰᠢᠭᠤ ᠰᠢᠶᠠᠨ᠎ᠤ ᠪᠥᠬᠥ ᠤᠯᠤᠰ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠪᠤᠯᠬᠤ ᠤᠯᠤᠰ ᠲᠥᠷᠥ ᠵᠢᠨ ᠪᠣᠭᠣᠮᠲᠠ᠂ ᠬᠢᠨᠠᠨ ᠲᠣᠭᠲᠠᠭ᠋ᠠᠬᠤ ᠪᠣᠭᠣᠮᠲᠠ ᠵᠢ ᠰᠠᠢ᠌ᠲᠤᠷ ᠡᠵᠡᠮᠳᠡᠵᠦ᠂ ᠡᠷᠬᠡ ᠲᠡᠭᠰᠢ ᠲᠥᠪ ᠭᠣᠤᠯᠴᠢ᠂ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠪᠠᠢ᠌ᠬᠤ ᠵᠢ ᠪᠡᠶᠡᠯᠡᠭᠦᠯᠵᠦ᠂ ᠪᠥᠬᠥ ᠣᠷᠣᠨ᠎ᠤ ᠡᠭᠦᠳᠦᠨ ᠪᠠᠢ᠌ᠭᠤᠯᠬᠤ ᠠᠵᠢᠯ᠎ᠤᠨ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠠᠬᠢᠭᠤᠯᠤᠨ᠎ᠠ᠃
      ᠳᠥᠷᠪᠡ᠎ᠳᠤ᠂ ᠦᠨᠳᠦᠰᠦᠲᠡᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ  ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠨᠢᠭᠲᠠ ᠬᠠᠮᠲᠤᠷᠠᠯᠴᠠᠵᠤ᠂ ᠬᠢᠨᠠᠯᠲᠠ ᠲᠠᠯᠪᠢᠨ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠪᠣᠯᠵᠣᠨ ᠶᠠᠷᠢᠯᠴᠠᠬᠤ᠂ ᠰᠠᠨᠠᠭᠤᠯᠬᠤ᠂ ᠵᠠᠷᠯᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠷᠭ᠎ᠠ ᠪᠠᠷᠢᠯ᠎ᠢ ᠰᠠᠢ᠌ᠲᠤᠷ ᠠᠰᠢᠭᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠬᠤ ᠵᠢ ᠱᠠᠯᠠᠪᠳᠠᠭᠤᠯᠤᠨ ᠱᠠᠭ᠋ᠠᠷᠳᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ  ᠪᠠᠳᠤᠯᠠᠨ᠎ᠠ᠃
      ᠲᠠᠪᠤ᠎ᠳᠤ᠂ ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠠᠬᠢ ᠠᠶᠤᠯ ᠲᠦᠭᠰᠢᠭᠦᠷᠢ ᠭᠡᠮ ᠰᠤᠭᠤᠭ᠎ᠢ ᠰᠤᠳᠤᠯᠤᠨ ᠮᠠᠭ᠋ᠠᠳᠯᠠᠵᠤ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠲᠤᠷᠠᠨ᠂ ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠠᠬᠢ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ᠂ ᠡᠮᠵᠡᠭ ᠠᠰᠠᠭᠤᠳᠠᠯ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠤᠢ᠌ᠯᠠᠭ᠋ᠠᠨ ᠡᠵᠡᠮᠰᠢᠬᠦ ᠪᠠ ᠰᠤᠳᠤᠯᠤᠨ ᠮᠠᠭ᠋ᠠᠳᠯᠠᠵᠤ ᠰᠢᠢᠳᠪᠦᠷᠢᠯᠡᠬᠦ ᠠᠵᠢᠯ᠎ᠢ ᠰᠠᠢ᠌ᠲᠤᠷ ᠬᠢᠵᠦ᠂ ᠦᠨᠳᠦᠰᠦᠲᠡᠨ᠎ᠤ ᠠᠵᠢᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ ᠪᠠᠢ᠌ᠬᠤ 《ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ》᠎ᠢ ᠪᠠᠲᠤ ᠴᠣᠭᠴᠠᠯᠠᠨ᠎ᠠ᠃
    

ᠢᠷᠡᠯᠲᠡ᠄ ᠳᠤᠮᠳᠠᠳᠤ ᠵᠢᠨ ᠦᠨᠳᠦᠰᠦᠲᠡᠨ ᠰᠣᠨᠢᠨ