ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠵᠦ᠂ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ ᠵᠢ ᠲᠦᠷᠬᠡᠳᠬᠡᠵᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠵᠢ ᠲᠡᠮᠵᠢᠭᠰᠡᠨ ᠪᠠᠢ᠌ᠨ᠎ᠠ᠃ ᠣᠶ᠋ᠢᠷ᠎ᠠ ᠵᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠡᠷᠬᠢᠯᠡᠭᠴᠢ ᠭᠤᠤ ᠵᠠᠨ ᠱᠧᠩ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ᠎ᠬᠢᠨ 《ᠰᠠᠨᠠᠯ》᠎ᠢ ᠬᠡᠷᠬᠢᠨ ᠳᠣᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠎ᠠ ᠬᠦᠯᠢᠶᠡᠪᠡ᠃

2019 ᠣᠨ᠎ᠤ 7 ᠳ᠋ᠤᠭ᠋ᠠᠷ ᠰᠠᠷ᠎ᠠ ᠵᠢᠨ15᠎ᠤ ᠡᠳᠦᠷ ᠰᠡᠭᠦᠳᠡᠷᠯᠡᠭᠰᠡᠨ ᠤᠯᠠᠭ᠋ᠠᠨᠬᠠᠳᠠ ᠬᠣᠲᠠ ᠵᠢᠨ ᠰᠦᠩ ᠱᠠᠨ ᠲᠣᠭᠤᠷᠢᠭ᠎ᠤᠨ ᠬᠢᠩᠭ᠋ᠠᠨ ᠵᠡᠭᠡᠯᠢ ᠭᠤᠳᠤᠮᠵᠢ ᠵᠢᠨ ᠯᠢᠨ ᠬᠤᠸᠠᠩ ᠵᠢᠶᠠ ᠶᠤᠸᠠᠨ ᠨᠡᠢ᠌ᠭᠡᠮ ᠲᠣᠭᠤᠷᠢᠭ᠎ᠤᠨ ᠦᠨᠳᠦᠰᠦᠲᠡᠨ᠎ᠤ ᠠᠭᠤᠰᠤᠯᠴᠠᠭ᠎ᠠ ᠵᠢᠨ ᠪᠢᠴᠢᠬᠠᠨ ᠬᠢᠴᠢᠶᠡᠯ᠎ᠤᠨ ᠰᠢᠷᠡᠭᠡ᠃ ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠯᠢᠦ ᠯᠸᠢ ᠰᠡᠭᠦᠳᠡᠷᠯᠡᠪᠡ
ᠰᠤᠷᠪᠤᠯᠵᠢᠯᠠᠭᠴᠢ᠄ ᠲᠠ 《ᠰᠠᠨᠠᠯ》᠎ᠢ ᠨᠡᠶ᠋ᠢᠲᠡᠯᠡᠭᠰᠡᠨ ᠴᠢᠬᠤᠯᠠ ᠠᠴᠢ ᠬᠣᠯᠪᠣᠭᠳᠠᠯ᠎ᠤᠨ ᠲᠤᠬᠠᠶ ᠶᠠᠷᠢᠨ᠎ᠡ ᠦᠦ?
ᠭᠤᠤ ᠵᠠᠨ ᠱᠧᠩ᠄ ᠥᠪᠥᠷ ᠮᠣᠩᠭᠣᠯ ᠪᠣᠯ ᠮᠠᠨ᠎ᠤ ᠨᠠᠮ᠎ᠤᠨ ᠤᠳᠤᠷᠢᠳᠤᠨ ᠪᠠᠶ᠋ᠢᠭᠤᠯᠤᠭᠰᠠᠨ ᠠᠩᠬᠠᠳᠠᠭᠴᠢ ᠮᠤᠵᠢ ᠵᠢᠨ ᠲᠡᠰ᠎ᠤᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠨ᠎ᠠ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠳᠤᠮᠰᠢᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ 4 ᠤᠳᠠᠭ᠎ᠠ ᠥᠪᠥᠷ ᠮᠣᠩᠭᠣᠯ᠎ᠳᠤ ᠢᠷᠡᠨ ᠲᠤᠭᠤᠷᠢᠨ ᠪᠠᠶ᠋ᠢᠴᠠᠭ᠋ᠠᠵᠤ᠂ 5 ᠵᠢᠯ ᠳᠠᠷᠠᠭ᠋ᠠᠯᠠᠨ ᠪᠦᠬᠦ ᠤᠯᠤᠰ᠎ᠤᠨ ᠬᠣᠶᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠵᠤ᠂ ᠤᠳᠠᠭ᠎ᠠ ᠪᠦᠷᠢ ᠵᠢᠨ ᠴᠢᠬᠤᠯᠠ ᠶᠠᠷᠢᠶᠠᠨ᠎ᠳᠤ᠎ᠪᠠᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠵᠦ᠂ ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠪᠢᠳᠠ ᠨᠠᠷ᠎ᠲᠤ ᠴᠢᠩ ᠰᠡᠳᠬᠢᠯ᠎ᠠᠴᠠ᠎ᠪᠠᠨ ᠵᠠᠬᠢᠨ ᠵᠢᠭ᠋ᠠᠪᠤᠷᠢᠯᠠᠭᠰᠠᠨ ᠶᠤᠮ᠃ ᠡᠨᠡ ᠵᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠭᠤᠷᠢᠨ ᠪᠠᠶ᠋ᠢᠴᠠᠭ᠋ᠠᠬᠤ᠎ᠳᠤ᠎ᠪᠠᠨ ᠶᠡᠷᠦᠩᠬᠡᠶ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠨᠢ ᠦᠨᠳᠦᠰᠦᠲᠡᠨ᠎ᠤ ᠠᠵᠢᠯ᠎ᠤᠨ ᠭᠤᠤᠯ ᠰᠢᠵᠢᠮ ᠶᠤᠮ᠂ ᠮᠥᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠶᠤᠮ᠃ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠦᠷᠦ ᠵᠢᠨ ᠪᠦᠲᠦᠭᠡᠨ ᠪᠠᠶ᠋ᠢᠭᠤᠯᠤᠯᠲᠠ᠂ ᠰᠣᠶᠣᠯ᠎ᠤᠨ ᠪᠦᠲᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠯᠲᠠ ᠪᠠ ᠨᠠᠮ᠎ᠤᠨ ᠪᠦᠲᠦᠭᠡᠨ ᠪᠠᠶ᠋ᠢᠭᠤᠯᠤᠯᠲᠠ ᠵᠡᠷᠭᠡ᠎ᠨᠢ ᠴᠥᠮ ᠡᠨᠡ ᠬᠦ᠌ ᠭᠣᠣᠯ ᠰᠢᠵᠢᠮ᠎ᠤᠨ ᠵᠶ᠋ᠠᠨ ᠲᠤᠭᠤᠷᠢᠨ᠎ᠳᠤ ᠪᠠᠢ᠌ᠬᠤ ᠭᠡᠷᠡᠭᠳᠡᠢ ᠪᠦᠭᠡᠳ ᠲᠡᠬᠦᠨ᠎ᠠᠴᠠ ᠥᠴᠦᠬᠡᠨ ᠴᠦ᠍ ᠬᠡᠯᠪᠡᠢ᠌ᠬᠦ ᠦᠭᠡᠢ ᠪᠠᠶ᠋ᠢᠬᠤ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠨᠡᠶ᠋ᠢᠲᠡᠯᠡᠭᠰᠡᠨ ᠴᠦ᠍ ᠲᠡᠷᠡ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠨᠡᠶ᠋ᠢᠲᠡᠯᠡᠭᠰᠡᠨ ᠴᠦ᠍ ᠲᠡᠷᠡ᠂ ᠴᠥᠮ ᠳᠤᠮᠳᠠᠳᠤ ᠵᠢᠨ ᠦᠨᠳᠦᠰᠦᠲᠡᠨ᠎ᠤ ᠨᠡᠶ᠋ᠢᠲᠡᠯᠢᠭ ᠴᠢᠨᠠᠷ᠎ᠢ ᠴᠢᠩᠭ᠋ᠠᠳᠬᠠᠬᠤ ᠵᠢ ᠪᠣᠳᠣᠯᠬᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ ᠬᠡᠷᠡᠭᠲᠡᠢ ᠬᠡᠵᠤ ᠬᠡᠯᠡᠭᠰᠡᠨ᠃ ᠡᠳᠡᠭᠡᠷ᠎ᠨᠢ ᠪᠢᠳᠡᠨ᠎ᠤ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠴᠢᠭᠯᠡᠯ᠎ᠢ ᠵᠢᠭ᠋ᠠᠵᠤ ᠥᠭᠭᠦᠭᠰᠡᠨ ᠶᠠᠪᠤᠳᠠᠯ ᠪᠣᠯᠤᠨ᠎ᠠ᠃
ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 7 ᠲᠠᠯ᠎ᠠ᠎ᠠᠴᠠ ᠥᠪᠥᠷ ᠮᠣᠩᠭᠣᠯ᠎ᠤᠨ ᠬᠥᠭᠵᠢᠯᠲᠡ ᠵᠢ ᠳᠡᠮᠵᠢᠬᠦ ᠵᠢᠯᠣᠭᠣᠳᠬᠤ ᠰᠠᠨᠠᠯ᠎ᠢ ᠪᠠᠶ᠋ᠢᠷᠢᠯᠠᠭᠤᠯᠪᠠ᠃ ᠡᠨᠡ ᠬᠦ᠌ 《ᠰᠠᠨᠠᠯ》᠎ᠳᠤ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠠᠵᠢᠯ᠎ᠢ ᠬᠡᠷᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠳᠠᠭ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠡᠷᠬᠢᠨ ᠬᠠᠢ᠌ᠷᠠᠯᠠᠵᠤ ᠬᠠᠯᠠᠮᠵᠢᠯᠠᠵᠤ ᠪᠠᠢ᠌ᠳᠠᠭ ᠪᠠ ᠥᠪᠥᠷ ᠮᠣᠩᠭᠣᠯ᠎ᠤᠨ ᠬᠥᠭᠵᠢᠯᠲᠡ᠎ᠳᠤ ᠬᠡᠳᠦᠢ ᠶᠡᠭᠡ ᠬᠦᠰᠡᠯ ᠨᠠᠢ᠌ᠳᠠᠯᠭ᠎ᠠ ᠲᠠᠯᠪᠢᠵᠤ ᠪᠠᠢ᠌ᠳᠠᠭ ᠵᠡᠷᠭᠡ ᠤᠳᠬ᠎ᠠ ᠰᠠᠨᠠᠭ᠎ᠠ ᠬᠦᠨ ᠠᠭᠤᠯᠤᠭᠳᠠᠵᠤ ᠪᠤᠢ᠂ ᠮᠦᠨ ᠴᠦ᠍ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠡᠷᠭᠡ ᠬᠣᠶᠠᠷ ᠶᠡᠬᠡ ᠶᠠᠪᠤᠳᠠᠯ᠎ᠢ ᠳᠣᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠵᠠᠭ᠋ᠠᠭ ᠲᠡᠮᠳᠡᠭ᠎ᠤᠨ ᠠᠴᠢ ᠬᠣᠯᠪᠣᠭᠳᠠᠯ᠎ᠲᠠᠢ ᠶᠤᠮ᠂ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ ᠥᠷᠭᠡᠨ ᠣᠯᠠᠨ ᠺᠠᠳ᠋ᠷ ᠠᠵᠢᠯᠲᠠᠨ ᠲᠤᠶ᠋ᠢᠯ ᠵᠶ᠋ᠠᠷ ᠤᠷᠮᠠᠰᠢᠨ ᠵᠣᠷᠢᠭᠵᠢᠵᠤ ᠪᠠᠶ᠋ᠢᠨ᠎ᠠ᠃
ᠰᠤᠷᠪᠤᠯᠵᠢᠯᠠᠭᠴᠢ᠄ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠲᠡᠭᠡᠷᠡᠬᠢ 《ᠰᠠᠨᠠᠯ》᠎ᠢ ᠬᠡᠷᠬᠢᠨ ᠳᠣᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠶ?
ᠭᠤᠤ ᠵᠠᠨ ᠱᠧᠩ᠄ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠳᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠤ᠎ᠪᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠲᠡᠭᠡᠷᠡᠭᠢ 《ᠰᠠᠨᠠᠯ》᠎ᠢ ᠳᠣᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠪᠤᠯᠭ᠋ᠠᠵᠤ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠨ ᠬᠦᠴᠦᠯᠡᠨ ᠴᠢᠷᠮᠠᠢ᠌ᠵᠤ ᠡᠷᠡᠮᠡᠬᠡᠶ᠋ᠢᠯᠡᠨ ᠤᠷᠤᠭᠰᠢᠯᠠᠭᠰᠠᠨ ᠠᠮᠢᠳᠤᠯᠢᠭ ᠦᠢ᠍ᠯᠡᠳᠦᠯᠭᠡ᠎ᠪᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠡ᠎ᠳᠤ ᠬᠦᠨᠳᠦᠳᠭᠡᠨ ᠲᠠᠯᠠᠷᠬᠠᠬᠤ ᠪᠣᠯᠣᠨ᠎ᠠ᠃
ᠨᠢᠭᠡ᠎ᠳᠤ᠂ ᠰᠢᠨᠵᠢᠯᠡᠬᠦ ᠤᠬᠠᠭ᠋ᠠᠨᠴᠢ ᠪᠦᠭᠡᠳ ᠪᠦᠷᠢᠨ ᠲᠡᠭᠦᠯᠳᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠢ ᠪᠦᠷᠢᠳᠦᠬᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶᠡᠴᠢ ᠣᠷᠣᠨ᠎ᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠣᠰᠢᠭᠤ ᠰᠢᠶᠠᠨ ᠭᠤᠷᠪᠠᠨ ᠱᠠᠲᠤᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠎ᠤ ᠰᠢᠰᠲ᠋ᠧᠮ᠎ᠢ ᠪᠠᠶ᠋ᠢᠭᠤᠯᠵᠤ᠂ ᠦᠨᠳᠦᠰᠦᠲᠡᠨ᠎ᠤ ᠠᠵᠢᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠵᠢ ᠡᠭᠦᠳᠬᠦ ᠤᠨᠤᠯ᠎ᠤᠨ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠴᠢᠬᠤᠯᠠ ᠴᠢᠬᠤᠯᠠ ᠦᠨᠳᠦᠰᠦᠨ ᠠᠰᠠᠭᠤᠳᠠᠯ ᠤᠳᠤᠨ ᠰᠤᠳᠤᠯᠭ᠋ᠠᠨ᠎ᠢ ᠭᠦᠨᠵᠡᠭᠡᠶ᠋ᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠪᠠ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
ᠬᠣᠶᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠤᠨ᠎ᠠ᠃ ᠬᠣᠶᠠᠳᠤᠭ᠋ᠠᠷ ᠱᠠᠳᠤᠨ᠎ᠤ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠦᠨᠳᠦᠰᠦᠨ ᠱᠠᠲᠤᠨ᠎ᠳᠤ ᠶᠠᠪᠤᠭᠳᠠᠭᠤᠯᠵᠤ᠂ ᠭᠣᠣᠯ ᠰᠡᠳᠦᠪᠲᠦ ᠤᠬᠠᠭᠤᠯᠭ᠎ᠠ ᠪᠠ ᠲᠠᠶ᠋ᠢᠯᠪᠤᠷᠢᠯᠠᠯᠲᠠ ᠵᠢ ᠥᠷᠨᠢᠭᠦᠯᠵᠦ᠂ ᠬᠠᠮᠲᠤ ᠵᠢᠨ ᠬᠦᠰᠡᠯ ᠵᠤᠷᠢᠯᠳᠠ ᠢᠲᠡᠭᠡᠯ ᠪᠢᠰᠢᠷᠡᠯ ᠵᠶ᠋ᠠᠷ ᠨᠡᠢ᠌ᠳᠠ ᠠᠷᠠᠳ᠎ᠤᠨ ᠰᠡᠳᠬᠢᠯ ᠰᠠᠨᠠᠭ᠎ᠠ ᠤᠬᠠᠭ᠋ᠠᠨ ᠪᠤᠳᠤᠯ᠎ᠢ ᠨᠢᠭᠲᠠᠷᠠᠭᠤᠯᠵᠤ᠂ ᠡᠯ᠎ᠡ ᠦᠨᠳᠦᠰᠦᠲᠡᠨ᠎ᠤ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠨᠡᠩ ᠢᠯᠡᠬᠦᠦ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠳᠠᠭ ᠪᠣᠯᠭ᠋ᠠᠨ᠎ᠠ᠃ ᠦᠨᠳᠦᠰᠦᠲᠡᠨ᠎ᠤ ᠠᠵᠢᠯ᠎ᠤᠨ ᠤᠬᠠᠭᠤᠯᠭ᠎ᠠ ᠵᠢᠨ ᠠᠷᠭ᠎ᠠ ᠬᠡᠯᠪᠡᠷᠢ᠎ᠪᠠᠨ ᠰᠢᠨᠡᠴᠢᠯᠡᠵᠦ᠂ ᠠᠭᠤᠯᠭ᠎ᠠ ᠵᠢ᠎ᠨᠢ ᠪᠠᠶᠠᠯᠢᠭᠵᠢᠭᠤᠯᠵᠤ᠂ ᠠᠷᠭ᠎ᠠ ᠵᠠᠮ᠎ᠢ᠎ᠨᠢ ᠥᠷᠭᠡᠳᠬᠡᠵᠦ᠂ 《ᠬᠣᠶᠠᠷ ᠰᠠᠷ᠎ᠠ ᠨᠢᠭᠡ ᠭᠠᠷᠠᠭ》᠂ 《ᠠᠨᠠᠷ᠎ᠤᠨ ᠬᠡᠯᠬᠢᠶ᠎ᠡ》 ᠵᠡᠷᠭᠡ ᠦᠨᠳᠦᠰᠦᠲᠡᠨ᠎ᠤ ᠠᠵᠢᠯ᠎ᠤᠨ ᠤᠬᠠᠭᠤᠯᠭ᠎ᠠ ᠵᠢᠨ ᠨᠡᠷᠡᠳᠦ ᠲᠡᠮᠳᠡᠭ᠎ᠢ ᠡᠭᠦᠳᠴᠦ᠂ ᠰᠣᠨᠢᠨ᠂ ᠰᠡᠳᠬᠦᠯ᠂ ᠰᠦᠯᠵᠢᠶ᠎ᠡ᠂ ᠭᠠᠷ ᠤᠳᠠᠰᠤ᠂ ᠸᠢᠴᠠᠲ᠎ᠢ ᠨᠢᠭᠡ ᠴᠤᠬ᠍ᠴᠠᠵᠢᠭᠤᠯᠤᠬᠰᠠᠨ ᠤᠬᠠᠭᠤᠯᠭ᠎ᠠ ᠬᠥᠮᠦᠵᠢᠯ᠎ᠤᠨ ᠡᠩᠨᠡᠭᠡ ᠵᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠬᠡᠷ᠎ᠢ ᠪᠣᠳᠠᠲᠠᠢ ᠲᠦᠷᠦᠭᠳᠡᠯ᠎ᠲᠠᠢ ᠪᠦᠲᠦᠮᠵᠢᠲᠡᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ 《ᠪᠦᠬᠦᠳᠠ᠎ᠳᠤ ᠬᠦᠷᠳᠡᠭᠡᠨ᠎ᠡ》᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠡᠰ ᠭᠤᠶ᠋ᠢᠪᠢᠰᠢ ᠦᠭᠡᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠡᠯ᠎ᠡ ᠦᠨᠳᠦᠰᠦᠲᠡᠨ᠎ᠤ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠡᠵᠡᠮᠰᠢᠨ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠦᠭᠡ ᠬᠡᠯᠡ᠎ᠪᠠᠷ ᠨᠡᠪᠲᠡᠷᠡᠯᠴᠡᠬᠦ᠎ᠪᠠᠷ ᠲᠠᠮᠵᠢᠨ ᠤᠶᠤᠨ ᠰᠠᠨᠠᠭ᠎ᠠ᠎ᠪᠠᠷ ᠵᠶ᠋ᠠᠨ ᠨᠡᠪᠳᠡᠷᠡᠯᠴᠡᠵᠤ᠂ ᠬᠤᠪᠢ ᠵᠠᠶᠠᠭ᠎ᠠ ᠪᠠᠨ ᠬᠤᠯᠪᠤᠯᠴᠠᠬᠤ ᠵᠢ ᠠᠬᠢᠭᠤᠯᠤᠨ᠎ᠠ᠃
ᠭᠤᠷᠪᠠ᠎ᠳᠤ᠂ ᠰᠢᠨ᠎ᠠ ᠵᠢ ᠡᠬᠦᠳᠦᠭᠰᠡᠨ ᠲᠤᠭᠳᠠᠯᠴᠠᠭ᠋ᠠᠨᠤ ᠠᠴᠢᠶᠠᠯᠠᠪᠤᠷᠢ ᠵᠢ ᠪᠦᠷᠢᠨᠰᠢᠬᠦᠯᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠵᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠭ᠎ᠠ ᠵᠢ ᠠᠬᠢᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠠᠵᠢᠯ ᠲᠥᠷᠥᠯ᠎ᠤᠨ ᠵᠢᠱ᠌ᠢᠶ᠎ᠡ ᠦᠵᠡᠬᠦᠯᠦᠯᠳᠠ ᠪᠠ ᠨᠡᠶ᠋ᠢᠲᠡᠯᠢᠭ ᠵᠢᠱ᠌ᠢᠶ᠎ᠡ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠠᠵᠢᠯ ᠲᠥᠷᠥᠯ᠎ᠤᠨ᠎ᠬᠢᠨ᠎ᠤ ᠬᠠᠮᠳᠤᠷᠠᠨ ᠪᠠᠢ᠌ᠭᠤᠯᠵᠤ ᠬᠠᠮᠳᠤᠷᠠᠨ ᠡᠭᠦᠳᠬᠦ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠡᠯ᠎ᠡ ᠴᠠᠷᠠᠭ᠎ᠠ ᠬᠦᠷᠢᠶᠡᠨ᠎ᠳᠤ ᠭᠦᠨᠵᠡᠭᠡᠶ ᠥᠷᠨᠢᠭᠦᠯᠤᠨ᠎ᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ 《ᠭᠤᠷᠪᠠᠨ ᠵᠦᠢ᠍ᠯ᠎ᠤᠨ ᠲᠥᠯᠥᠪᠯᠡᠭᠡ》 ᠵᠢ ᠦᠷᠭᠦᠯᠵᠢᠯᠡᠨ ᠥᠷᠨᠢᠭᠦᠯᠵᠦ᠂ ᠲᠡᠬᠦᠨ᠎ᠢ ᠬᠡᠷᠡᠭᠵᠢᠭᠦᠯᠬᠦ ᠪᠦᠳᠦᠴᠠ ᠲᠤᠭᠳᠠᠯᠴᠠᠭ᠎ᠠ ᠵᠢ ᠲᠡᠭᠦᠯᠳᠡᠷᠵᠢᠭᠦᠯᠤᠨ ᠠᠬ᠎ᠠ ᠳᠡᠭᠦᠦ ᠮᠤᠵᠢ ᠬᠣᠲᠠ᠎ᠯᠤᠭ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠨᠢᠭᠡ ᠪᠦᠯᠦᠭ ᠴᠢᠨᠠᠷ ᠰᠠᠶ᠋ᠢᠲᠠᠶ ᠲᠤᠰᠬᠠᠶ ᠰᠡᠳᠦᠪᠲᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠦ᠂ ᠪᠥᠬᠥ ᠣᠷᠣᠨ᠎ᠳᠤ ᠵᠢᠱ᠌ᠢᠶ᠎ᠡ ᠦᠵᠡᠬᠦᠯᠬᠦᠢ᠌ᠴᠠ ᠨᠢᠭᠡ ᠪᠦᠯᠦᠭ ᠲᠥᠷᠥᠯ ᠵᠦᠢ᠍ᠯ᠎ᠢ ᠲᠣᠳᠤᠷᠠᠭᠤᠯᠵᠤ᠂ 《ᠭᠤᠷᠪᠠᠨ ᠵᠦᠢ᠍ᠯ᠎ᠤᠨ ᠲᠥᠯᠥᠪᠯᠡᠭᠡ》 ᠵᠢᠨ ᠨᠡᠶ᠋ᠢᠭᠡᠮ᠎ᠤᠨ ᠦᠷ᠎ᠡ ᠠᠰᠢᠭ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠡᠯ᠎ᠡ ᠦᠨᠳᠦᠰᠦᠲᠡᠨ᠎ᠤ ᠬᠥᠮᠦᠨ ᠠᠮᠠ ᠵᠢᠨ ᠨᠡᠬᠦᠳᠡᠯ ᠰᠢᠯᠵᠢᠯᠳᠠ ᠪᠤᠯᠤᠨ ᠬᠤᠯᠢᠯᠳᠤᠨ ᠰᠠᠭᠤᠷᠢᠰᠢᠬᠤ ᠵᠢ ᠲᠦᠯᠬᠢᠨ ᠠᠬᠢᠭᠤᠯᠵᠤ᠂ ᠬᠠᠷᠢᠯᠴᠠᠨ ᠠᠭᠤᠰᠤᠯᠴᠠᠭᠰᠠᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠣᠷᠢᠭ᠎ᠤᠨ ᠣᠷᠴᠢᠨ ᠨᠥᠬᠥᠴᠡᠯ᠎ᠢ ᠪᠦᠷᠢᠯᠳᠦᠭᠦᠯᠵᠦ᠂ ᠡᠯ᠎ᠡ ᠦᠨᠳᠦᠰᠦᠲᠡᠨ᠎ᠤ ᠤᠯᠠᠨ ᠲᠦᠮᠡᠨ ᠬᠠᠮᠲᠤ᠎ᠪᠠᠷ ᠰᠠᠭᠤᠷᠢᠰᠢᠬᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠠᠤ ᠬᠠᠮᠲᠤ᠎ᠪᠠᠷ ᠵᠢᠷᠭ᠋ᠠᠬᠤ ᠨᠡᠶ᠋ᠢᠭᠡᠮ᠎ᠤᠨ ᠨᠥᠬᠥᠴᠡᠯ᠎ᠢ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠤᠨ᠎ᠠ᠃
ᠳᠥᠷᠪᠡ᠎ᠳᠤ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠦᠨᠳᠦᠰᠦᠲᠡᠨ᠎ᠨᠦᠭᠦᠳ ᠨᠡᠶ᠋ᠢᠭᠡᠮ ᠵᠢᠷᠤᠮᠳᠤ ᠣᠳᠣᠬᠢᠴᠢᠯᠠᠯᠲᠠ ᠳᠠᠰᠢ ᠬᠠᠮᠲᠤ᠎ᠪᠠᠷ ᠤᠷᠤᠭᠰᠢᠯᠠᠬᠤ ᠰᠠᠭᠤᠷᠢ ᠵᠢ ᠪᠡᠬᠢᠵᠢᠭᠦᠯᠦᠨ᠎ᠡ᠃ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠵᠢ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠬᠢᠯᠡᠯ᠎ᠤᠨ ᠴᠡᠭ ᠪᠠ ᠲᠡᠭᠦᠰᠬᠡᠯ᠎ᠤᠨ ᠴᠡᠭ ᠪᠣᠯᠭ᠋ᠠᠵᠤ᠂ ᠬᠢᠯᠢ ᠬᠢᠵᠠᠭ᠋ᠠᠷ ᠣᠷᠣᠨ᠎ᠳᠤ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠦᠨ ᠭᠦᠨᠵᠡᠭᠡᠶ ᠥᠷᠨᠢᠭᠦᠯᠵᠦ᠂ ᠭᠣᠣᠯᠳᠠᠯᠭ᠎ᠠ᠎ᠲᠠᠢ ᠬᠣᠲᠠ ᠪᠠᠯᠭ᠋ᠠᠰᠤᠨ᠎ᠳᠤ ᠲᠤᠷᠰᠢᠯᠲᠠ ᠵᠢᠨ ᠴᠡᠭ ᠪᠠᠢ᠌ᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠬᠡᠪ ᠳᠠᠭᠤᠷᠢᠶᠠᠯ᠎ᠢ ᠪᠣᠶ ᠪᠣᠯᠭ᠋ᠠᠵᠤ᠂ ᠬᠢᠯᠢ ᠬᠢᠵᠠᠭ᠋ᠠᠷ ᠣᠷᠣᠨ᠎ᠢ ᠵᠢᠱ᠌ᠢᠶ᠎ᠡ ᠦᠵᠡᠭᠦᠯᠦᠨ ᠳᠠᠶ᠋ᠢᠴᠢᠯᠠᠵᠤ ᠪᠠᠶ᠋ᠢᠭ᠋ᠠᠳ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠭᠤᠯᠤᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠠᠯᠠ ᠮᠥᠩᠭᠥ ᠵᠢ ᠵᠦᠪ ᠵᠤᠬᠢᠰᠳᠠᠢ ᠬᠡᠷᠡᠭᠯᠡᠵᠦ᠂ ᠥᠭᠡᠷᠡᠴᠢᠯᠡᠯᠲᠡ ᠬᠥᠭᠵᠢᠯᠲᠡ ᠵᠢᠨ ᠪᠦᠬᠦᠢ ᠯᠠ ᠠᠵᠢᠯ᠎ᠳᠤ 《ᠭᠤᠷᠪᠠᠨ ᠠᠴᠢ ᠬᠣᠯᠪᠣᠭᠳᠠᠯ》᠎ᠢ ᠠᠭᠤᠰᠬᠠᠨ᠎ᠠ᠃ ᠬᠢᠯᠢ ᠵᠢᠨ 《ᠳᠥᠷᠪᠡᠨ ᠬᠠᠮᠳᠤ᠎ᠪᠠᠷ》 ᠬᠡᠬᠦ ᠤᠷᠳᠤ ᠬᠣᠩᠭᠢᠯ᠎ᠤᠨ ᠪᠥᠲᠥᠭᠡᠨ ᠪᠠᠶ᠋ᠢᠭᠤᠯᠤᠯᠲᠠ ᠵᠢ ᠬᠠᠮᠳᠤ᠎ᠪᠠᠷ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠤᠭᠳᠠᠪᠤᠷᠢᠲᠠᠢ ᠬᠠᠯᠬᠠᠪᠴᠢ ᠵᠢ ᠴᠤᠭᠴᠠᠯᠠᠨ ᠪᠠᠶ᠋ᠢᠭᠤᠯᠤᠨ᠎ᠠ᠃ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ 《ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠬᠢᠯᠢ ᠬᠢᠵᠠᠭ᠋ᠠᠷ ᠣᠷᠣᠨ᠎ᠳᠤ ᠣᠷᠤᠬᠤ》 ᠠᠵᠢᠯᠯᠠᠭ᠎ᠠ ᠵᠢ ᠥᠷᠨᠢᠭᠦᠯᠵᠦ᠂ ᠪᠣᠳᠠᠲᠤ ᠬᠦᠴᠦᠨ ᠴᠢᠳᠠᠯ᠎ᠲᠠᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠳ ᠪᠥᠬᠥ ᠣᠷᠣᠨ᠎ᠤ ᠬᠢᠯᠢ ᠬᠢᠵᠠᠭ᠋ᠠᠷ ᠣᠷᠣᠨ᠎ᠳᠤ ᠪᠠᠯᠠ ᠣᠷᠣᠭᠤᠯᠤᠨ ᠦᠢ᠍ᠯᠡᠰ ᠪᠤᠰᠬᠠᠬᠤ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠠᠵᠤ ᠦᠢ᠍ᠯᠡᠰ᠎ᠨᠢ ᠬᠦᠭᠵᠢᠵᠤ᠂ ᠬᠦᠮᠦᠨ ᠠᠷᠠᠳ᠎ᠨᠢ ᠨᠡᠮᠡᠭᠳᠡᠬᠦ᠎ᠳᠤ ᠬᠦᠴᠦᠨ ᠨᠡᠮᠡᠷᠢᠯᠡᠵᠦ᠂ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ ᠲᠤᠬᠠᠶ ᠵᠢᠨ ᠭᠠᠵᠠᠷ᠎ᠲᠤ᠎ᠪᠠᠨ ᠣᠶ᠋ᠢᠷ᠎ᠠ ᠬᠠᠪᠢ᠎ᠳᠤ᠎ᠪᠠᠨ ᠠᠵᠢᠯ ᠤᠯᠬᠤ ᠪᠠ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢ ᠠᠬᠢᠭᠤᠯᠤᠨ᠎ᠠ᠃
ᠲᠠᠪᠤ᠎ᠳᠤ᠂ ᠦᠨᠳᠦᠰᠦᠲᠡᠨ᠎ᠤ ᠠᠵᠢᠯ᠎ᠤᠨ ᠪᠦᠳᠦᠴᠠ ᠲᠤᠭᠳᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠤᠬᠠᠮᠰᠠᠷ᠎ᠠᠴᠠ᠎ᠪᠠᠨ ᠦᠨᠳᠦᠰᠦᠲᠡᠨ᠎ᠤ ᠠᠵᠢᠯ᠎ᠢ ᠨᠢᠭᠡᠳᠦᠮᠡᠯ ᠹᠷᠣᠨᠲ᠎ᠤᠨ ᠠᠵᠢᠯ᠎ᠤᠨ ᠶᠡᠬᠡ ᠴᠠᠷᠠᠭ᠎ᠠ ᠬᠦᠷᠢᠶᠡᠨ᠎ᠳᠤ ᠬᠠᠮᠤᠷᠤᠭᠤᠯᠤᠨ ᠨᠢᠭᠡᠳᠦᠯᠲᠡᠢ ᠲᠥᠯᠥᠪᠵᠢᠭᠦᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠭᠡᠰᠢᠭᠦᠨ᠎ᠤ ᠲᠦᠷᠢᠮ᠎ᠤᠨ ᠠᠵᠢᠯ᠎ᠤᠨ ᠲᠦᠷᠢᠮ᠎ᠳᠤ ᠵᠠᠰᠠᠪᠤᠷᠢ ᠣᠷᠣᠭᠤᠯᠵᠤ᠂ ᠭᠡᠰᠢᠭᠦᠨ ᠨᠢᠭᠡᠴᠢ ᠵᠢᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠲᠠᠢ᠍ᠢ᠍ᠴᠢᠯᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠢ ᠬᠢᠨᠠᠨ ᠦᠨᠡᠯᠡᠬᠦ ᠪᠠᠷᠢᠮᠵᠢᠶ᠎ᠠ ᠪᠠ ᠠᠷᠭ᠎ᠠ ᠪᠠᠷᠢᠯ᠎ᠢ ᠲᠡᠭᠦᠯᠳᠡᠷᠵᠢᠭᠦᠯᠵᠦ᠂ ᠦᠨᠳᠦᠰᠦᠲᠡᠨ᠎ᠤ ᠠᠵᠢᠯ᠎ᠤᠨ ᠭᠤᠷᠪᠠᠨ ᠱᠠᠲᠤᠨ᠎ᠤ ᠰᠢᠯᠭ᠋ᠠᠨ ᠦᠨᠡᠯᠡᠬᠦ ᠲᠤᠭᠳᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠠᠬᠢᠭᠤᠯᠵᠤ᠂ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠬᠦᠨᠳᠦ ᠨᠣᠴᠢᠲᠠᠢ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠶ᠋ᠢᠯᠡᠨ ᠠᠷᠢᠯᠭ᠋ᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠣᠷᠴᠢᠭᠤᠯᠤᠭᠴᠢ᠄ ᠵᠢᠷᠤᠮᠲᠤ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ