ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠢ᠌ᠲᠤᠷ ᠶᠠᠷᠢᠰᠤᠭ᠋ᠠᠢ
2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 25 ᠣᠷᠴᠢᠮ᠎ᠢ ᠪᠠᠢ᠌ᠭᠤᠯᠬᠤ ᠵᠢ ᠳᠠᠮᠵᠢᠨ᠎ᠠ᠃
ᠰᠣᠶᠣᠯ ᠮᠦᠽᠸᠢ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠥᠲᠥᠭᠡᠨ ᠪᠠᠢ᠌ᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠥᠬᠥᠶ ᠳᠡᠳ᠋ ᠲᠡᠷᠢᠭᠦᠯᠡᠭᠴᠢ᠎ᠪᠠᠷ ᠬᠤᠤᠰ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠤᠨ᠎ᠠ᠃
ᠦᠢᠯᠡᠳᠦᠯᠭᠡ ᠵᠢᠨ ᠰᠠᠭᠤᠷᠢᠨ ᠭᠠᠵᠠᠷ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ 5 ᠵᠢᠯ ᠪᠦᠷᠢ᠎ᠳᠤ ᠨᠢᠭᠡ ᠤᠳᠠᠭ᠎ᠠ ᠰᠢᠯᠭ᠋ᠠᠨ ᠬᠢᠨᠠᠵᠤ ᠪᠠᠳᠤᠯᠠᠨ ᠲᠣᠭᠲᠠᠭ᠋ᠠᠨ᠎ᠠ᠃ ᠬᠣᠶᠠᠷ ᠵᠢᠯ ᠳᠠᠷᠠᠭ᠋ᠠᠯᠠᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠪᠠᠳᠤᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠭᠰᠡᠨ ᠥᠬᠡᠶ ᠪᠣᠯᠪᠠᠯ᠂ ᠨᠡᠷᠡᠢ᠌ᠳᠦᠯ᠎ᠢ᠎ᠨᠢ ᠬᠦᠴᠦᠨ ᠥᠬᠡᠶ ᠪᠣᠯᠭ᠋ᠠᠨ᠎ᠠ᠃
ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠤᠨ ᠲᠥᠰᠦᠯ (2023 —2027 ᠣᠨ)》 (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠲᠣᠭᠲᠠᠭ᠋ᠠᠨ ᠨᠡᠢ᠌ᠲᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠪᠠᠢ᠌ᠷᠢᠯᠠᠭᠤᠯᠪᠠ᠃
ᠲᠤᠰ ᠰᠣᠨᠢᠨ᠎ᠤ ᠰᠤᠷᠪᠤᠯᠵᠢᠯᠠᠭᠴᠢ 《ᠲᠥᠰᠦᠯ》᠎ᠢ ᠲᠣᠭᠲᠠᠭ᠋ᠠᠵᠤ ᠨᠡᠢ᠌ᠲᠡᠯᠡᠭᠰᠡᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ᠎ᠢ ᠰᠤᠷᠪᠤᠯᠵᠢᠯᠠᠪᠠ᠃
ᠰᠤᠷᠪᠤᠯᠵᠢᠯᠠᠭᠴᠢ᠄ ᠲᠠ 《ᠲᠥᠰᠦᠯ》᠎ᠢ ᠨᠡᠢ᠌ᠲᠡᠯᠡᠭᠰᠡᠨ ᠠᠬᠤᠶ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ ?
ᠭᠤᠤ ᠵᠠᠨ ᠱᠧᠩ᠄ 2021 ᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠭᠦᠨ᠎ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 2023 ᠣᠨ᠎ᠤ 6 ᠳ᠋ᠤᠭ᠋ᠠᠷ ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠤᠯ ᠰᠢᠵᠢᠮ ᠮᠥᠨ᠂ ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠤᠯ ᠰᠢᠵᠢᠮ ᠮᠥᠨ᠃ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠤᠯᠤᠰ ᠲᠦᠷᠦ ᠵᠢᠨ ᠪᠦᠳᠦᠭᠡᠨ ᠪᠠᠢ᠌ᠭᠤᠯᠤᠯᠲᠠ᠂ ᠰᠣᠶᠣᠯ᠎ᠤᠨ ᠪᠦᠳᠦᠭᠡᠨ ᠪᠠᠢ᠌ᠭᠤᠯᠤᠯᠲᠠ᠂ ᠨᠡᠢ᠌ᠭᠡᠮ᠎ᠤᠨ ᠪᠦᠳᠦᠭᠡᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠦᠳᠦᠭᠡᠨ ᠪᠠᠢ᠌ᠭᠤᠯᠤᠯᠲᠠ ᠪᠠ ᠨᠠᠮ᠎ᠤᠨ ᠪᠦᠳᠦᠭᠡᠨ ᠪᠠᠢ᠌ᠭᠤᠯᠤᠯᠲᠠ ᠵᠡᠷᠭᠡ ᠵᠢ ᠴᠥᠮ ᠡᠨᠡ ᠬᠦ᠌ ᠭᠣᠣᠯ ᠱᠤᠭᠤᠮ᠎ᠲᠠᠢ ᠨᠢᠬᠳᠠ ᠤᠶᠠᠯᠳᠤᠭᠤᠯᠵᠦ ᠥᠴᠦᠬᠡᠨ ᠴᠦ᠍ ᠬᠡᠯᠪᠡᠢ᠌ᠯᠭᠡᠯᠡᠬᠦ ᠦᠬᠡᠢ ᠪᠠᠢ᠌ᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠲᠤᠬᠠᠢ ᠲᠣᠭᠲᠠᠭ᠋ᠠᠯ》᠎ᠢ ᠬᠢᠨᠠᠨ ᠵᠦᠪᠯᠡᠨ ᠪᠠᠳᠤᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ》 ᠭᠡᠵᠦ ᠳᠤᠷᠠᠳᠴᠤ᠂ ᠪᠦᠬᠦ ᠣᠷᠣᠨ ᠳᠠᠶᠠᠭ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠲᠦᠷᠦᠯ᠎ᠤᠨ ᠠᠵᠢᠯ᠎ᠳᠤ᠎ᠪᠠᠨ ᠲᠤᠭᠤᠰᠢᠯᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠲᠥᠪ ᠵᠢᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠴᠢᠨᠠᠷ ᠰᠠᠢ᠌ᠲᠠᠶ ᠪᠡᠶᠡᠯᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠪᠦᠬᠦ ᠨᠡᠢ᠌ᠭᠡᠮ ᠪᠣᠯᠤᠨ ᠦᠨᠳᠦᠰᠦᠲᠡᠨ᠎ᠨᠦᠭᠦᠳ᠎ᠲᠤ ᠬᠠᠨᠳᠤᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠤᠳᠠᠲᠠᠢ ᠲᠦᠷᠦᠭᠳᠡᠯ᠎ᠲᠠᠢ ᠪᠦᠳᠦᠮᠵᠢᠳᠠᠢ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ 《ᠲᠥᠰᠦᠯ》᠎ᠢ ᠲᠣᠭᠲᠠᠭ᠋ᠠᠨ ᠨᠡᠢ᠌ᠳᠡᠯᠡᠵᠦ᠂ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠳᠤ ᠪᠠᠢ᠌ᠷᠢᠯᠠᠭᠤᠯᠤᠯᠲᠠ ᠬᠢᠪᠡ᠃
ᠰᠤᠷᠪᠤᠯᠵᠢᠯᠠᠭᠴᠢ᠄ 《ᠲᠥᠰᠦᠯ》᠎ᠳᠤ ᠶᠠᠮᠠᠷ ᠶᠠᠮᠠᠷ ᠭᠣᠤᠯ ᠠᠭᠤᠯᠭ᠎ᠠ ᠪᠠᠢ᠌ᠬᠤ ᠪᠣᠶ? ᠶᠠᠮᠠᠷ ᠶᠡᠷᠦᠩᠬᠡᠶ ᠬᠠᠷᠠᠯᠲᠠ᠎ᠳᠤ ᠬᠦᠷᠭᠡᠬᠦ ᠪᠣᠶ?
ᠭᠣᠤ ᠵᠠᠨ ᠱᠧᠩ᠄ 《ᠲᠥᠰᠦᠯ》᠎ᠳᠤ ᠭᠣᠤᠯᠳᠠᠭᠤ ᠵᠢᠯᠣᠭᠣᠳᠬᠤ ᠦᠵᠡᠯ ᠰᠠᠨᠠᠭ᠎ᠠ᠂ ᠠᠵᠢᠯ᠎ᠤᠨ ᠵᠠᠷᠴᠢᠮ᠂ ᠶᠡᠷᠦᠩᠬᠡᠶ ᠬᠠᠷᠠᠯᠲᠠ᠂ ᠲᠥᠷᠥᠯ ᠬᠤᠪᠢᠶᠠᠨ ᠠᠬᠢᠭᠤᠯᠬᠤ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠡᠷᠭᠡ ᠲᠤᠯᠤᠭ᠋ᠠᠨ ᠬᠡᠰᠡᠭ ᠠᠭᠤᠯᠭ᠎ᠠ ᠵᠢ ᠪᠠᠭᠲᠠᠭ᠋ᠠᠨ᠎ᠠ᠃ 《ᠲᠥᠰᠦᠯ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠴᠢᠩᠭ᠎ᠠ ᠮᠦᠷᠳᠡᠵᠦ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠰᠠᠭᠤᠷᠢᠨ ᠭᠠᠵᠠᠷ᠎ᠤᠨ ᠤᠬᠠᠭᠤᠯᠭ᠎ᠠ᠂ ᠬᠥᠮᠦᠵᠢᠯ᠂ ᠦᠢ᠍ᠯᠡᠳᠦᠯᠭᠡ᠂ ᠪᠣᠯᠪᠠᠰᠤᠷᠠᠭᠤᠯᠤᠯ ᠵᠡᠷᠭᠡ ᠭᠣᠣᠯᠯᠠᠬᠤ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠪᠣᠳᠠᠲᠤ ᠪᠦᠲᠦᠮᠵᠢ᠎ᠪᠠᠷ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠢᠨᠠᠬᠤ ᠭᠣᠣᠯ ᠪᠠᠷᠢᠮᠵᠢᠶ᠎ᠠ ᠪᠣᠯᠭ᠋ᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠳᠠᠯᠠᠵᠤ᠂ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠨ ᠰᠢᠯᠭ᠋ᠠᠬᠤ ᠪᠠᠷᠢᠮᠵᠢᠶ᠎ᠠ ᠵᠢ ᠨᠠᠷᠢᠯᠢᠭᠵᠢᠭᠤᠯᠵᠤ᠂ ᠦᠨᠡᠯᠡᠨ ᠵᠢᠱ᠌ᠢᠬᠦ ᠰᠢᠰᠲ᠋ᠧᠮ᠎ᠢ ᠰᠢᠯᠢᠳᠡᠭᠵᠢᠭᠦᠯᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠶ ᠳᠡᠬᠡᠭᠰᠢᠯᠡᠬᠦᠯᠬᠦ ᠪᠤᠯᠤᠨ᠎ᠠ᠃
《ᠲᠥᠰᠦᠯ》᠎ᠳᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠨᠢ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ᠎ᠲᠠᠭᠠᠨ ᠤᠷᠤᠭᠰᠢᠯᠠᠬᠤ᠂ ᠶᠡᠷᠦᠩᠬᠡᠢ ᠱᠦᠵᠢ ᠰᠢ ᠵᠢᠨ ᠫᠢᠩ ᠢ ᠳᠠᠭ᠋ᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠎ᠪᠠᠷ ᠦᠨᠳᠦᠰᠦᠨ ᠤᠯᠤᠰ ᠲᠦᠷᠦ ᠵᠢᠨ ᠤᠷᠢᠲᠠᠯ ᠪᠤᠯᠭ᠋ᠠᠵᠤ᠂ ᠭᠣᠣᠯ ᠰᠢᠵᠢᠮ᠎ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ᠎ᠤ ᠣᠳᠣ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠪᠣᠯᠤᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ᠂ ᠦᠵᠡᠰᠬᠦᠯᠡᠩ᠎ᠤᠨ ᠣᠷᠳᠣᠨ᠂ ᠭᠣᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ᠎ᠢ ᠬᠦᠢ᠍ᠴᠡᠳ ᠠᠰᠢᠭᠯᠠᠵᠤ᠂ ᠪᠣᠳᠠᠲᠤ ᠦᠵᠡᠬᠦᠯᠬᠡ᠂ ᠬᠦᠷᠦᠭ ᠵᠢᠷᠤᠭ ᠵᠢᠡᠷ ᠳᠠᠬᠢᠨ ᠢᠯᠡᠷᠡᠬᠦᠯᠬᠦ᠂ ᠦᠵᠡᠭᠳᠡᠯ᠎ᠢ ᠳᠠᠬᠢᠨ ᠰᠡᠷᠬᠦᠬᠡᠬᠦ᠂ ᠪᠡᠶᠡᠴᠢᠯᠡᠨ ᠤᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ᠎ᠪᠠᠷ ᠭᠦᠨᠵᠡᠭᠡᠶ ᠠᠭᠤᠳᠠᠯᠬᠤ᠂ ᠡᠮᠬᠢᠯᠡᠬᠦ᠂ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠰᠣᠶᠣᠯ᠎ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ᠎ᠢ ᠳᠡᠯᠭᠡᠨ ᠦᠵᠡᠬᠦᠯᠵᠦ᠂ ᠢᠳᠡᠪᠬᠢ ᠬᠦᠴᠦᠨ᠎ᠢ ᠪᠠᠳᠠᠷᠠᠭᠤᠯᠵᠤ᠂ ᠭᠣᠣᠯ ᠬᠦᠭ ᠠᠶᠠᠰ᠎ᠢ ᠴᠤᠤᠷᠢᠶᠠᠳᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠢ᠌ᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠠᠮᠢᠳᠤᠯᠢᠭ ᠦᠢ᠍ᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ᠎ᠢ ᠪᠦᠳᠦᠬᠡᠨ ᠪᠠᠢ᠌ᠭᠤᠯᠬᠤ ᠬᠡᠷᠡᠭᠳᠡᠢ ᠬᠡᠵᠦ ᠱᠠᠭ᠋ᠠᠷᠳᠠᠪᠠ᠃
《ᠲᠥᠰᠦᠯ》᠎ᠳᠤ᠂ 2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ 25 ᠣᠷᠴᠢᠮ ᠬᠥᠮᠦᠵᠢᠯ ᠦᠢᠯᠡᠳᠦᠯᠭᠡ ᠵᠢᠨ ᠰᠠᠭᠤᠷᠢᠨ᠎ᠢ ᠪᠠᠢ᠌ᠭᠤᠯᠬᠤ ᠵᠢ ᠳᠠᠮᠵᠢᠨ᠎ᠠ᠃ 2027 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 100 ᠢᠯᠡᠭᠦᠦ ᠪᠠᠢ᠌ᠭᠤᠯᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 500 ᠢᠯᠡᠭᠦᠤ ᠵᠢ ᠪᠠᠢ᠌ᠭᠤᠯᠵᠤ᠂ ᠪᠦᠬᠦ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲᠸᠮ᠎ᠢ ᠠᠩᠬ᠎ᠠ ᠠᠯᠬᠤᠮ ᠪᠠᠢ᠌ᠭᠤᠯᠤᠨ᠎ᠠ᠃ ᠡᠯ᠎ᠡ ᠰᠠᠭᠤᠷᠢᠨ ᠭᠠᠵᠠᠷ᠎ᠨᠢ ᠪᠦᠲᠦᠮᠵᠢᠲᠡᠶ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠬᠦ᠎ᠪᠠᠷ ᠳᠠᠮᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ 《ᠭᠤᠷᠪᠠᠨ ᠰᠠᠯᠵᠦ ᠪᠣᠯᠣᠰᠢ ᠦᠬᠡᠢ》᠂ 《ᠳᠥᠷᠪᠡ ᠵᠢ ᠬᠠᠮᠳᠤᠳᠬᠠᠬᠤ》᠂ 《ᠳᠠᠪᠤᠨ ᠢᠵᠢᠯᠢᠰᠢᠯ》 ᠵᠡᠷᠭᠡ ᠦᠵᠡᠯ ᠰᠠᠨᠠᠭ᠋ᠠᠨ᠎ᠤ ᠣᠢ᠌ᠯᠠᠭ᠋ᠠᠭᠳᠠᠬᠤᠨ᠎ᠢ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠡᠳᠬᠢᠯ᠎ᠤᠨ ᠭᠦᠨᠳᠤ ᠦᠨᠳᠦᠰᠦᠯᠡᠬᠦᠯᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ᠎ᠤ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠢ᠌ᠨ ᠰᠠᠢ᠌ᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠢ᠌ᠭᠤᠯᠤᠨ᠎ᠠ ᠬᠡᠵᠦ ᠲᠤᠳᠤᠷᠬᠠᠢ᠌ᠯᠠᠪᠠ᠃
ᠰᠤᠷᠪᠤᠯᠵᠢᠯᠠᠭᠴᠢ᠄ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠬᠡᠷᠬᠢᠨ ᠰᠠᠢ᠌ᠲᠤᠷ ᠲᠥᠷᠥᠯ ᠬᠤᠪᠢᠶᠠᠨ ᠠᠬᠢᠭᠤᠯᠬᠤ ᠪᠣᠶ?
ᠭᠣᠤ ᠵᠠᠨ ᠱᠧᠩ᠄ ᠪᠥᠬᠥ ᠣᠷᠣᠨ᠎ᠤ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠪᠢᠳᠡ ᠰᠣᠶᠣᠯ ᠮᠦᠽᠧᠶ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠥᠲᠥᠭᠡᠨ ᠪᠠᠢ᠌ᠭᠤᠯᠤᠨ᠎ᠠ᠃
ᠰᠣᠶᠣᠯ ᠮᠦᠽᠧᠶ ᠵᠢᠨ ᠲᠥᠷᠥᠯ᠎ᠤᠨ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠨᠢ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ᠂ ᠰᠣᠶᠣᠯ᠎ᠤᠨ ᠣᠷᠳᠣᠨ᠂ ᠤᠷᠠᠯᠢᠭ᠎ᠤᠨ ᠣᠷᠳᠣᠨ᠂ ᠰᠣᠶᠣᠯ ᠢᠷᠭᠡᠨᠰᠢᠯ᠎ᠤᠨ ᠦᠵᠡᠮᠵᠢ ᠵᠡᠷᠭᠡ ᠣᠯᠠᠨ ᠨᠡᠢ᠌ᠲᠡ ᠵᠢᠨ ᠰᠣᠶᠣᠯ᠎ᠤᠨ ᠲᠥᠬᠥᠭᠡᠷᠦᠮᠵᠢ᠎ᠳᠤ ᠲᠦᠰᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠣᠶᠣᠯ᠎ᠤᠨ ᠠᠭᠤᠯᠤᠭᠳᠠᠬᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠳᠡᠯᠭᠡᠨ ᠦᠵᠡᠭᠦᠯᠭᠡ᠂ ᠤᠷᠠᠨ ᠰᠠᠢ᠌ᠬᠠᠨ᠎ᠤ ᠲᠣᠭᠯᠠᠯᠲᠠ᠂ ᠰᠣᠶᠣᠯ᠎ᠤᠨ ᠲᠠᠢ᠌ᠯᠪᠤᠷᠢᠯᠠᠯᠲᠠ ᠵᠡᠷᠭᠡ ᠠᠷᠭ᠎ᠠ ᠬᠡᠯᠪᠡᠷᠢ ᠵᠢ ᠠᠰᠢᠭᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠵᠣᠷᠢᠭ ᠰᠠᠨᠠᠭ᠎ᠠ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠰᠠᠢ᠌ᠳᠤᠷ ᠶᠠᠷᠢᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠢ᠌ᠨ ᠬᠡᠪ ᠰᠤᠷᠲᠠᠯ᠎ᠢ ᠪᠠᠳᠠᠷᠠᠭᠤᠯᠤᠨ᠎ᠠ᠃
ᠬᠤᠪᠢᠰᠬᠠᠯ᠎ᠤᠨ ᠳᠤᠷᠠᠰᠬᠠᠯ᠎ᠤᠨ ᠲᠥᠷᠥᠯ᠎ᠤᠨ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ ᠨᠢ ᠬᠤᠪᠢᠰᠬᠠᠯ᠎ᠤᠨ ᠳᠤᠷᠠᠰᠬᠠᠯ᠎ᠤᠨ ᠣᠷᠳᠣᠨ᠂ ᠬᠤᠪᠢᠰᠬᠠᠯ᠎ᠤᠨ ᠪᠠᠭᠤᠷᠢ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ᠎ᠳᠤ ᠲᠦᠰᠢᠭᠯᠡᠵᠦ᠂ ᠤᠯᠤᠰ ᠵᠶ᠋ᠠᠨ ᠬᠠᠢ᠌ᠷᠠᠯᠠᠵᠤ ᠴᠡᠷᠢᠭ ᠵᠶ᠋ᠡᠨ ᠬᠦᠷᠢᠶᠡᠯᠡᠵᠦ᠂ ᠵᠠᠰᠠᠭ ᠵᠶ᠋ᠠᠨ ᠳᠠᠮᠵᠢᠵᠤ ᠢᠷᠬᠡᠳ ᠵᠢᠡᠨ ᠬᠠᠢ᠌ᠷᠠᠯᠠᠭᠰᠠᠨ ᠲᠡᠷᠢᠭᠦᠨ᠎ᠤ ᠨᠡᠢ᠌ᠲᠡᠯᠢᠭ ᠦᠢᠯᠡ ᠠᠵᠢᠯᠯᠠᠭ᠎ᠠ ᠵᠢ ᠥᠷᠭᠡᠨ ᠵᠶ᠋ᠡᠷ ᠤᠬᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠯᠤᠰ ᠵᠶ᠋ᠠᠨ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠵᠢ ᠬᠦᠭᠵᠢᠬᠡᠵᠦ᠂ ᠦᠨᠳᠦᠰᠦᠲᠡᠨ᠎ᠨᠦᠭᠦᠳ᠎ᠤᠨ ᠡᠬᠡ ᠤᠯᠤᠰ᠎ᠤᠨ ᠤᠮᠠᠷᠠᠲᠤ ᠬᠢᠯᠢ ᠵᠢ ᠬᠠᠮᠳᠤ᠎ᠪᠠᠷ ᠰᠠᠢ᠌ᠲᠤᠷ ᠰᠠᠬᠢᠨ ᠬᠠᠮᠠᠭ᠋ᠠᠯᠠᠳᠠᠭ ᠦᠨᠳᠦᠰᠦᠲᠡᠨ᠎ᠤ ᠪᠦᠯᠬᠦᠮᠳᠡᠯ᠎ᠤᠨ ᠣᠷᠳᠣ ᠴᠠᠭ᠋ᠠᠨ ᠬᠡᠷᠡᠮ᠎ᠢ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃
ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠲᠥᠷᠥᠯ᠎ᠤᠨ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠨᠢ ᠬᠣᠲᠠ ᠵᠢᠨ ᠨᠡᠢ᠌ᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠎ᠤ ᠭᠠᠴᠠᠭ᠎ᠠ ᠲᠣᠰᠬᠣᠨ᠂ ᠠᠵᠤ ᠠᠬᠤᠢ᠌ᠯᠠᠯ ᠠᠵᠢᠯ ᠦᠢᠯᠡᠰ᠎ᠤᠨ ᠨᠢᠬᠡᠴᠢ᠎ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠮᠳᠤ᠎ᠪᠠᠷ ᠠᠳᠠᠯ ᠦᠢᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠶ ᠵᠢ ᠲᠤᠰᠠᠯᠠᠨ ᠳᠡᠮᠵᠢᠬᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ (ᠨᠢᠬᠡᠴᠢ)᠎ᠢ ᠡᠭᠦᠳᠦᠨ ᠪᠠᠢ᠌ᠭᠤᠯᠤᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠳᠤ᠎ᠪᠠᠷ ᠣᠷᠣᠰᠢᠨ ᠰᠠᠭᠤᠷᠢᠰᠢᠬᠤ ᠬᠠᠮᠳᠤ᠎ᠪᠠᠷ ᠰᠤᠷᠤᠯᠴᠠᠬᠤ᠂ ᠬᠠᠮᠳᠤ᠎ᠪᠠᠷ ᠪᠠᠢ᠌ᠭᠤᠯᠬᠤ ᠬᠠᠮᠳᠤ᠎ᠪᠠᠷ ᠭᠥᠷᠳᠡᠬᠦ᠂ ᠬᠠᠮᠳᠤ᠎ᠪᠠᠷ ᠠᠵᠢᠯᠯᠠᠬᠤ ᠬᠠᠮᠳᠤ᠎ᠪᠠᠷ ᠵᠢᠷᠭ᠋ᠠᠬᠤ ᠨᠡᠢ᠌ᠭᠡᠮ᠎ᠤᠨ ᠤᠷᠴᠢᠨ ᠨᠥᠬᠥᠴᠡᠯ᠎ᠢ ᠪᠦᠷᠢᠯᠳᠦᠭᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠳᠠᠲᠠᠢ ᠲᠦᠷᠦᠭᠳᠡᠯ᠎ᠲᠠᠢ ᠪᠦᠲᠦᠮᠵᠢᠲᠡᠶ᠎ᠪᠠᠷ ᠪᠠᠳᠤᠳᠬᠠᠨ᠎ᠠ᠃
ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠲᠦᠯᠬᠢᠨ ᠠᠬᠢᠭᠤᠯᠬᠤ ᠶᠠᠪᠤᠴᠠ᠎ᠳᠤ᠂ ᠪᠢᠳᠡ ᠵᠦᠢ ᠵᠣᠬᠢᠰᠲᠠᠶ ᠪᠠᠢ᠌ᠷᠢᠯᠠᠭᠤᠯᠬᠤ ᠵᠢ ᠪᠣᠳᠣᠯᠬᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠵᠶ᠋ᠡᠷ ᠤᠬᠠᠭᠤᠯᠭ᠎ᠠ ᠬᠥᠮᠦᠵᠢᠯ ᠪᠣᠯᠤᠨ ᠦᠢ᠍ᠯᠡᠴᠢᠯᠡᠬᠦ ᠡᠲᠡᠭᠡᠳ ᠵᠶ᠋ᠡᠨ ᠪᠣᠯᠭ᠋ᠠᠵᠤ᠂ ᠣᠷᠣᠨ ᠪᠦᠰᠡ᠂ ᠠᠵᠢᠯ ᠲᠥᠷᠥᠯ᠂ ᠬᠥᠮᠦᠨ ᠠᠮᠠ ᠵᠢᠨ ᠲᠠᠷᠬᠠᠯᠲᠠ ᠵᠢᠨ ᠣᠨᠴᠠᠯᠢᠭ ᠪᠣᠯᠤᠨ ᠲᠡᠦᠬᠡ ᠰᠤᠶᠤᠯ᠎ᠤᠨ ᠡᠬᠢ ᠪᠠᠶᠠᠯᠢᠭ᠎ᠢ ᠭᠦᠢ᠍ᠴᠡᠳ ᠪᠤᠳᠤᠯᠬᠢᠯᠠᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠵᠦᠢ ᠵᠣᠬᠢᠰᠲᠠᠶ ᠪᠠᠢ᠌ᠷᠢᠯᠠᠭᠤᠯᠵᠤ᠂ ᠨᠢᠭᠡᠳᠦᠯᠲᠡᠶ ᠲᠦᠯᠦᠪᠵᠢᠬᠦᠯᠵᠦ᠂ ᠪᠦᠬᠦᠯᠢ ᠴᠣᠭᠴᠠ᠎ᠪᠠᠷ᠎ᠨᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠦᠬᠦ ᠣᠷᠣᠨ ᠪᠦᠰᠡ ᠵᠢ ᠬᠠᠮᠤᠷᠴᠦ᠂ ᠪᠦᠬᠦ ᠠᠷᠠᠳ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲᠸᠮ᠎ᠢ ᠪᠠᠢ᠌ᠭᠤᠯᠬᠤ ᠬᠡᠷᠡᠭᠲᠡᠶ ᠭᠡᠵᠦ ᠳᠤᠷᠠᠳᠪᠠ᠃ ᠡᠯ᠎ᠡ ᠭᠠᠵᠠᠷ᠎ᠤᠨ᠎ᠬᠢᠨ ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ ᠬᠦᠷᠦᠯᠴᠡᠬᠦ ᠦᠭᠡᠶ ᠲᠠᠯ᠎ᠠ᠎ᠪᠠᠨ ᠨᠥᠬᠥᠪᠥᠷᠢᠯᠡᠵᠦ᠂ ᠴᠢᠳᠠᠮᠵᠢ᠎ᠪᠠᠨ ᠳᠡᠬᠦᠯᠳᠡᠷᠵᠢᠬᠦᠯᠵᠦ᠂ ᠠᠳᠠᠯᠢ ᠪᠤᠰᠤ ᠲᠥᠷᠥᠯ ᠬᠡᠯᠪᠡᠷᠢ ᠵᠢᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠠᠷᠢᠯᠴᠠᠨ ᠨᠥᠬᠥᠪᠥᠷᠢᠯᠡᠬᠦ ᠪᠠᠢ᠌ᠷᠢᠰᠢᠯ᠎ᠢ ᠪᠣᠶ ᠪᠣᠯᠭ᠋ᠠᠬᠤ ᠬᠡᠷᠡᠭᠲᠡᠶ᠃ ᠡᠯ᠎ᠡ ᠲᠥᠷᠥᠯ᠎ᠤᠨ ᠰᠠᠭᠤᠷᠢᠨ ᠭᠠᠵᠠᠷ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠢ᠌ᠭᠤᠯᠤᠯᠲᠠ ᠵᠢ ᠠᠬᠢᠭᠤᠯᠵᠤ᠂ ᠣᠨᠴᠠᠯᠢᠭ᠎ᠲᠠᠢ᠂ ᠭᠢᠯᠠᠰ ᠴᠡᠭ᠎ᠲᠠᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠰᠢᠨ᠎ᠡ ᠵᠢ ᠡᠭᠦᠳᠴᠦ᠂ ᠨᠥᠯᠥᠭᠡᠯᠡᠬᠦ ᠬᠦᠴᠦᠨ᠎ᠢ᠎ᠨᠢ ᠬᠠᠮᠤᠭ᠎ᠤᠨ ᠶᠡᠬᠡ ᠬᠡᠮᠵᠢᠶ᠎ᠡ᠎ᠪᠠᠷ ᠨᠡᠮᠡᠭᠳᠡᠭᠦᠯᠦᠨ᠎ᠡ᠃
ᠰᠤᠷᠪᠤᠯᠵᠢᠯᠠᠭᠴᠢ᠄ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠬᠡᠯᠪᠡᠷᠢ ᠵᠢᠨ ᠲᠤᠷᠰᠢᠯᠭ᠎ᠠ ᠪᠤᠯᠤᠨ ᠠᠷᠭ᠎ᠠ ᠬᠢᠳᠠᠯ ᠪᠠᠢ᠌ᠬᠤ ᠪᠣᠶ?
ᠭᠤᠤ ᠵᠠᠨ ᠱᠧᠩ᠄ ᠠᠵᠢᠯ ᠵᠶ᠋ᠠᠨ ᠨᠡᠩ ᠰᠠᠢ᠌ᠲᠤᠷ ᠠᠬᠢᠭᠤᠯᠬᠤ ᠵᠢᠨ ᠲᠥᠯᠥᠭᠡ᠂ ᠪᠢᠳᠠ ᠲᠤᠰᠬᠠᠢ᠌ᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠲᠡᠷᠢᠭᠦᠯᠡᠭᠴᠢ᠎ᠪᠠᠷ ᠬᠤᠤᠰ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠳᠦᠭᠡᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠪᠠ᠃ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠦᠨᠳᠦᠰᠦᠲᠡᠨ᠎ᠤ ᠵᠥᠪᠯᠡᠯ ᠴᠦ᠍ ᠵᠣᠬᠢᠴᠠᠩᠭᠤᠶ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠪᠠᠢ᠌ᠭᠤᠯᠵᠤ᠂ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠵᠣᠬᠢᠶᠠᠨ ᠪᠠᠢ᠌ᠭᠤᠯᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠳᠠᠯᠠᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠵᠢᠯᠣᠭᠣᠳᠤᠨ ᠪᠦᠬᠦ ᠨᠡᠢ᠌ᠭᠡᠮ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠲᠡᠷᠢᠭᠦᠨ᠎ᠤ ᠨᠡᠢ᠌ᠲᠡᠯᠢᠭ ᠲᠤᠷᠰᠢᠯᠭ᠎ᠠ ᠵᠢ ᠪᠣᠢ᠌ᠵᠢᠭᠤᠯᠤᠨ ᠳᠡᠯᠭᠡᠷᠡᠭᠦᠯᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠣᠭᠣᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠦ ᠪᠤᠢ᠃
ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠠᠯᠬᠤᠮ ᠳᠠᠷᠠᠭ᠎ᠠ᠎ᠳᠤ ᠭᠣᠣᠯᠳᠠᠭᠤ᠂ ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭ᠋ᠠᠬᠤ᠂ ᠬᠢᠨᠠᠨ ᠲᠣᠭᠲᠠᠭ᠋ᠠᠬᠤ᠂ ᠨᠡᠷᠡᠢ᠌ᠳᠬᠦ ᠵᠡᠷᠭᠡ 4 ᠱᠠᠲᠤ ᠪᠠᠭᠲᠠᠨ᠎ᠠ᠃ ᠪᠢᠳᠡ ᠰᠠᠭᠤᠷᠢᠨ ᠭᠠᠵᠠᠷ᠎ᠢ ᠪᠠᠳᠤᠯᠠᠨ ᠲᠣᠭᠲᠠᠭ᠋ᠠᠬᠤ ᠨᠠᠷᠢᠨ ᠲᠣᠳᠣᠷᠬᠠᠶ ᠨᠥᠬᠥᠴᠡᠯ᠎ᠢ ᠲᠣᠭᠲᠠᠭ᠋ᠠᠵᠤ᠂ ᠠᠩᠬᠠᠨ᠎ᠤ ᠰᠢᠯᠭ᠋ᠠᠯᠲᠠ ᠵᠢ ᠥᠩᠭᠡᠷᠡᠭᠦᠯᠦᠭᠰᠡᠨ ᠰᠠᠭᠤᠷᠢᠨ ᠭᠠᠵᠠᠷ᠎ᠲᠤ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ ᠠᠭᠤᠯᠭ᠎ᠠ ᠵᠢ ᠴᠢᠩᠭ᠎ᠠ ᠠᠳᠬᠤᠵᠤ᠂ ᠬᠠᠮᠤᠭ ᠡᠴᠦᠰ᠎ᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠨᠡᠷᠡᠢ᠌ᠳᠬᠦ᠎ᠪᠠᠷ ᠪᠠᠢ᠌ᠭ᠎ᠠ ᠰᠠᠭᠤᠷᠢᠨ ᠭᠠᠵᠠᠷ᠎ᠲᠤ 《ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ》 ᠬᠡᠬᠦ ᠫᠠᠢ᠌ᠰᠠ ᠤᠯᠭᠤᠬᠤ ᠪᠤᠯᠤᠨ᠎ᠠ᠃
ᠦᠢᠯᠡᠳᠦᠯᠭᠡ ᠵᠢᠨ ᠰᠠᠭᠤᠷᠢᠨ ᠭᠠᠵᠠᠷ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ 5 ᠵᠢᠯ ᠪᠦᠷᠢ᠎ᠳᠤ ᠨᠢᠭᠡ ᠤᠳᠠᠭ᠎ᠠ ᠰᠢᠯᠭ᠋ᠠᠨ ᠬᠢᠨᠠᠵᠤ ᠪᠠᠳᠤᠯᠠᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ ᠵᠢᠯ ᠪᠦᠷᠢ ᠪᠦᠬᠦ ᠣᠷᠣᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠣᠨ᠎ᠤ ᠬᠢᠨᠠᠨ ᠰᠢᠯᠭ᠋ᠠᠯᠲᠠ ᠬᠢᠵᠦ᠂ ᠣᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠶ ᠪᠣᠯ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠨ᠎ᠠ; ᠬᠣᠶᠠᠷ ᠵᠢᠯ ᠳᠠᠷᠠᠭ᠋ᠠᠯᠠᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠪᠠᠳᠤᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠭᠰᠡᠨ ᠥᠬᠡᠶ ᠪᠣᠯᠪᠠᠯ ᠨᠡᠷᠡᠢ᠌ᠳᠦᠯ᠎ᠢ᠎ᠨᠢ ᠬᠦᠴᠦᠨ ᠥᠬᠡᠶ ᠪᠣᠯᠭ᠋ᠠᠨ᠎ᠠ᠃