ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠥᠷ ᠮᠣᠩᠭᠤᠯ ᠪᠣᠳᠠᠲᠤ ᠴᠣᠭᠴᠠᠵᠢᠭᠰᠠᠨ 《ᠳᠤᠮᠳᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠰᠤᠳᠤᠯᠭ᠋ᠠᠨ᠎ᠤ ᠲᠥᠪ᠎ᠢ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2024-10-11

      《ᠥᠪᠥᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠳᠤᠮᠳᠠᠲᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠲᠥᠪ》᠎ᠨᠢ ᠣᠢ᠌ᠷ᠎ᠠ᠎ᠳᠤ ᠥᠪᠥᠷ ᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠪᠠᠢ᠌ᠭᠤᠯᠤᠭᠳᠠᠪᠠ᠃ ᠲᠤᠰ ᠰᠤᠳᠤᠯᠭ᠋ᠠᠨ᠎ᠤ ᠲᠥᠪ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ  ᠵᠥᠪᠯᠡᠯ᠎ᠠᠴᠠ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ᠎ᠳᠤ ᠪᠠᠶ᠋ᠢᠭᠤᠯᠤᠭᠰᠠᠨ ᠪᠣᠳᠠᠲᠤ ᠴᠣᠭᠴᠠᠵᠢᠭᠰᠠᠨ᠂ ᠶᠡᠷᠦᠩᠬᠡᠶ᠋ᠢᠯᠡᠭᠰᠡᠨ ᠴᠢᠨᠠᠷᠲᠠᠢ ᠰᠤᠳᠤᠯᠭ᠋ᠠᠨ᠎ᠤ ᠪᠠᠶ᠋ᠢᠭᠤᠯᠤᠮᠵᠢ ᠪᠠᠶ᠋ᠢᠵᠤ᠂ ᠳᠣᠣᠷᠠᠬᠢ ᠡᠭᠦᠷᠭᠡ ᠴᠢᠳᠠᠪᠬᠢ ᠵᠢ ᠭᠤᠣᠯᠳᠠᠯᠭ᠎ᠠ᠎ᠲᠠᠢ ᠭᠦᠢ᠍ᠴᠡᠳᠬᠡᠨ᠎ᠡ᠄
      ᠨᠢᠭᠡ᠎ᠳᠤ ᠣᠨᠤᠯ᠎ᠤᠨ ᠰᠤᠳᠤᠯᠭ᠋ᠠᠨ ᠬᠢᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠨᠤᠯ᠎ᠤᠨ ᠰᠤᠳᠤᠯᠭ᠋ᠠᠨ᠎ᠤ ᠴᠢᠭᠯᠡᠯ ᠪᠣᠯᠤᠨ ᠭᠤᠣᠯᠳᠠᠯᠭ᠎ᠠ ᠵᠢ ᠣᠨᠣᠪᠴᠢᠲᠠᠢ ᠡᠵᠡᠮᠳᠡᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠢ᠌ᠳᠤᠷ ᠪᠡᠶᠡᠯᠡᠭᠦᠯᠬᠦ ᠪᠣᠯᠤᠨ ᠰᠢᠨ᠎ᠡ ᠵᠠᠮ ᠨᠡᠭᠡᠭᠡᠵᠦ ᠳᠤᠮᠳᠠ ᠲᠥᠪᠰᠢᠨ᠎ᠳᠤ ᠬᠦᠷᠬᠦ᠎ᠪᠠᠷ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠨᠤᠯ᠎ᠤᠨ ᠰᠤᠳᠤᠯᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
      ᠬᠤᠶᠠᠷ᠎ᠲᠤ ᠡᠷᠳᠡᠮ ᠰᠢᠨᠵᠢᠯᠡᠭᠡᠨ᠎ᠤ ᠰᠤᠯᠢᠯᠴᠠᠭ᠎ᠠ ᠦᠷᠨᠢᠭᠦᠯᠦᠨ᠎ᠡ᠃ 《ᠤᠷᠢᠵᠤ ᠠᠪᠴᠢᠷᠠᠬᠤ》 ᠪᠠ 《ᠭᠠᠷᠴᠤ ᠶᠠᠪᠤᠬᠤ》 ᠵᠢ ᠬᠠᠷᠢᠯᠴᠠᠨ ᠤᠶᠠᠯᠳᠤᠭᠤᠯᠬᠤ ᠴᠢᠭᠯᠡᠯᠲᠡ ᠵᠢ ᠪᠠᠷᠢᠮᠳᠠᠯᠠᠵᠤ᠂ ᠪᠦᠬᠦ ᠤᠯᠤᠰ᠎ᠤᠨ ᠡᠯ᠎ᠡ ᠶᠡᠬᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠬᠠᠮᠵᠢᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠪᠦᠬᠦᠢ ᠥᠨᠳᠥᠷ ᠬᠢᠷᠢ ᠲᠥᠪᠰᠢᠨ᠎ᠲᠠᠢ ᠡᠷᠳᠡᠮ ᠰᠢᠨᠵᠢᠯᠡᠭᠡᠨ᠎ᠤ ᠶᠠᠷᠢᠯᠴᠠᠭ᠋ᠠᠨ᠎ᠤ ᠲᠠᠪᠴᠠᠩ ᠪᠣᠯᠤᠨ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠨ᠎ᠡ᠃
      ᠭᠤᠷᠪᠠ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠳᠡᠪᠰᠢᠭᠦᠯᠦᠨ᠎ᠡ᠃ ᠥᠪᠥᠷ ᠮᠣᠩᠭᠤᠯ ᠣᠷᠣᠨ᠎ᠤ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠬᠤ ᠦᠢ᠍ᠯᠡᠳᠦᠯᠭᠡ ᠵᠢᠨ ᠬᠡᠷᠡᠭᠴᠡᠭᠡ ᠵᠢᠨ ᠲᠣᠭᠤᠷᠢᠨ᠎ᠳᠤ ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠶᠡᠭᠡ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠂ ᠴᠢᠬᠤᠯᠠ ᠶᠡᠭᠡ ᠰᠡᠳᠦᠪ᠎ᠤᠨ ᠪᠠᠶ᠋ᠢᠴᠠᠭ᠋ᠠᠨ ᠰᠤᠳᠤᠯᠤᠯᠲᠠ᠂ ᠴᠢᠬᠤᠯᠠ ᠶᠡᠭᠡ ᠲᠥᠷᠥᠯ ᠵᠦᠢ᠍ᠯ᠎ᠤᠨ ᠵᠥᠪᠯᠡᠯᠭᠡ ᠥᠭᠬᠦ᠂ ᠰᠢᠢ᠍ᠳᠪᠦᠷᠢᠲᠦ ᠪᠣᠳᠣᠯᠭ᠎ᠠ ᠵᠢᠨ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠭᠤᠤᠯ ᠰᠡᠳᠦᠪᠲᠦ ᠵᠢᠱ᠌ᠢᠶ᠎ᠡ ᠦᠵᠡᠭᠦᠯᠬᠦ ᠤᠬᠠᠭᠤᠯᠭ᠎ᠠ ᠲᠠᠢ᠌ᠯᠪᠤᠷᠢᠯᠠᠯᠲᠠ ᠵᠡᠷᠭᠡ ᠠᠵᠢᠯᠯᠠᠭ᠎ᠠ ᠵᠢ ᠥᠷᠨᠢᠭᠦᠯᠦᠨ᠎ᠡ᠃
      ᠲᠦᠷᠪᠡ᠎ᠳᠤ ᠴᠢᠳᠠᠪᠤᠷᠢᠲᠠᠨ᠎ᠢ ᠬᠦᠮᠦᠵᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠨᠤᠯ᠎ᠤᠨ ᠰᠤᠳᠤᠯᠭ᠋ᠠᠨ᠎ᠤ ᠲᠤᠰᠬᠠᠢ ᠮᠡᠷᠭᠡᠵᠢᠯᠲᠡᠨ᠎ᠤ ᠤᠶᠤᠨ᠎ᠤ ᠬᠥᠮᠥᠷᠭᠡ ᠪᠠ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠰᠠᠭᠤᠷᠢᠨ ᠭᠠᠵᠠᠷ᠎ᠤᠨ ᠴᠢᠳᠠᠪᠤᠷᠢᠲᠠᠨ᠎ᠤ ᠪᠣᠯᠪᠠᠰᠤᠷᠠᠯ ᠪᠠ ᠰᠣᠯᠢᠯᠴᠠᠭ᠎ᠠ ᠵᠢ ᠴᠢᠩᠭ᠋ᠠᠳᠬᠠᠵᠤ᠂ ᠤᠯᠤᠰ ᠲᠦᠷᠦ ᠵᠢᠨ ᠵᠣᠭᠰᠣᠯᠲᠠ ᠪᠠᠲᠤ ᠴᠢᠩᠭ᠎ᠠ᠂ ᠤᠨᠤᠯ᠎ᠤᠨ ᠬᠡᠪ ᠪᠣᠯᠪᠠᠰᠤᠷᠠᠯ ᠪᠠᠲᠤ ᠰᠠᠢ᠌ᠨ᠂ ᠡᠭᠦᠳᠦᠯᠲᠡ ᠨᠡᠬᠡᠬᠡᠯᠲᠡ᠎ᠳᠤ ᠴᠢᠳᠠᠮᠠᠭ᠋ᠠᠢ ᠨᠢᠭᠡ ᠪᠦᠯᠦᠭ ᠰᠢᠨᠵᠢᠯᠡᠭᠡᠨ᠎ᠤ ᠰᠠᠯᠠᠭ᠎ᠠ ᠵᠢᠨ ᠳᠠᠭ᠋ᠠᠭᠤᠯᠤᠭᠴᠢ ᠪᠠ ᠡᠷᠳᠡᠮ ᠰᠢᠨᠵᠢᠯᠡᠭᠡᠨ᠎ᠤ ᠢᠳᠡᠷ ᠵᠠᠯᠠᠭᠤ ᠭᠤᠣᠯᠯᠠᠭᠴᠢ ᠬᠦᠴᠦᠨ᠎ᠢ ᠬᠦᠴᠦᠯᠡᠨ ᠢᠯᠡᠷᠡᠭᠦᠯᠵᠦ᠂ ᠬᠥᠮᠦᠵᠢᠭᠦᠯᠵᠦ᠂ ᠲᠥᠪᠯᠡᠷᠡᠭᠦᠯᠦᠨ᠎ᠡ᠃
      ᠲᠠᠪᠤ᠎ᠳᠤ ᠦᠷ᠎ᠡ ᠪᠦᠲᠦᠭᠡᠯ᠎ᠤᠨ ᠤᠯᠠᠷᠢᠭᠤᠯᠤᠯᠲᠠ ᠬᠢᠨ᠎ᠡ᠃ ᠰᠤᠳᠤᠯᠭ᠋ᠠᠨ᠎ᠤ ᠦᠷ᠎ᠡ ᠪᠦᠲᠦᠭᠡᠯ᠎ᠢ ᠮᠡᠳᠡᠭᠦᠯᠦᠨ ᠬᠦᠷᠭᠡᠬᠦ᠂ ᠰᠣᠯᠢᠯᠴᠠᠬᠤ ᠲᠠᠪᠴᠠᠩ᠎ᠢ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠡᠷᠭᠡ ᠴᠢᠬᠤᠯᠠ ᠶᠡᠭᠡ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠠᠨᠠᠭᠤᠯᠭ᠎ᠠ ᠳᠤᠷᠠᠳᠴᠤ᠂ ᠯᠠᠪᠯᠠᠯᠲᠠ ᠬᠠᠩᠭ᠋ᠠᠵᠤ᠂ ᠦᠷ᠎ᠡ ᠪᠦᠲᠦᠭᠡᠯ᠎ᠢ ᠤᠯᠠᠷᠢᠭᠤᠯᠬᠤ ᠪᠠᠶ᠋ᠢᠩᠭᠤᠵᠢᠭᠰᠠᠨ ᠤᠷᠳᠤ ᠬᠤᠭᠤᠴᠠᠭ᠋ᠠᠨ᠎ᠤ ᠪᠦᠲᠦᠮᠵᠢᠲᠡᠢ  ᠲᠣᠭᠲᠠᠴᠠ ᠵᠢ ᠪᠦᠷᠢᠯᠳᠦᠭᠦᠯᠦᠨ᠎ᠡ᠃ ᠥᠪᠥᠷ ᠮᠣᠩᠭᠤᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠲᠥᠪ᠎ᠢ ᠪᠠᠢ᠌ᠭᠤᠯᠤᠭᠰᠠᠨ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠠᠴᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠣᠨᠣᠯ᠎ᠤᠨ ᠰᠤᠳᠤᠯᠭ᠋ᠠᠨ᠎ᠤ ᠲᠣᠭᠲᠠᠯᠴᠠᠭ᠎ᠠ ᠵᠢᠨ ᠲᠦᠷᠢᠮ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠢᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠭ᠋ᠠᠨ᠎ᠤ ᠰᠠᠭᠤᠷᠢᠨ ᠭᠠᠵᠠᠷ᠎ᠤᠨ ᠰᠤᠳᠤᠯᠭ᠋ᠠᠨ᠎ᠤ ᠬᠦᠴᠦᠨ᠎ᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ ᠪᠠ ᠵᠣᠬᠢᠴᠠᠭᠤᠯᠵᠤ᠂ 《ᠰᠤᠳᠤᠯᠭ᠋ᠠᠨ᠎ᠤ ᠲᠥᠪ+ ᠰᠠᠭᠤᠷᠢᠨ ᠭᠠᠵᠠᠷ᠎ᠤᠨ ᠬᠣᠯᠪᠤᠭ᠋ᠠᠯᠠᠯ+ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠠᠭᠤᠷᠢᠨ ᠭᠠᠵᠠᠷ》᠎ᠤᠨ ᠣᠨᠣᠯ᠎ᠤᠨ ᠰᠤᠳᠤᠯᠭ᠋ᠠᠨ᠎ᠤ ᠪᠣᠷᠣ ᠲᠥᠯᠥᠪ᠎ᠢ ᠠᠩᠬ᠎ᠠ ᠠᠯᠬᠤᠮ  ᠪᠠᠢ᠌ᠭᠤᠯᠤᠭᠰᠠᠨ ᠶᠠᠪᠤᠳᠠᠯ ᠪᠣᠯᠤᠨ᠎ᠠ᠃





        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ