ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠥᠷ ᠮᠣᠩᠭᠣᠯ᠎ᠤᠨ ᠦᠨᠳᠦᠰᠦᠲᠡᠨ᠎ᠤ ᠵᠥᠪᠯᠡᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠦᠮᠦᠵᠢᠯ᠎ᠤᠨ ᠠᠵᠢᠯ᠎ᠢ ᠠᠬᠢᠭᠤᠯᠤᠨ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2024-10-25

      10 ᠳ᠋ᠤᠭ᠋ᠠᠷ ᠰᠠᠷ᠎ᠠ ᠵᠢᠨ 12᠎ᠤᠨ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲᠸᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠭᠦᠨᠵᠡᠭᠡᠢ ᠥᠷᠨᠢᠭᠦᠯᠬᠦ ᠲᠤᠬᠠᠢ ᠪᠣᠳᠠᠲᠠᠢ ᠠᠷᠭ᠎ᠠ ᠬᠡᠮᠵᠢᠶ᠎ᠡ》 (ᠳᠣᠷᠣᠭᠰᠢ 《ᠪᠣᠳᠠᠲᠠᠢ ᠠᠷᠭ᠎ᠠ ᠬᠡᠮᠵᠢᠶ᠎ᠡ》 ᠭᠡᠵᠦ ᠳᠥᠭᠥᠮᠴᠢᠯᠡᠨ᠎ᠡ) ᠵᠢ ᠳᠠᠷᠤᠮᠠᠯᠯᠠᠨ ᠲᠠᠷᠬᠠᠭ᠋ᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠺᠠᠳ᠋ᠷ᠎ᠤᠨ ᠬᠥᠮᠦᠵᠢᠯ ᠪᠣᠯᠣᠨ ᠨᠠᠮ᠎ᠤᠨ ᠭᠡᠰᠢᠭᠦᠨ᠎ᠤ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠎ᠤ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠬᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠳᠤ ᠠᠭᠤᠰᠤᠯᠴᠠᠭᠤᠯᠬᠤ ᠵᠢ ᠦᠷᠭᠦᠯᠵᠢᠯᠡᠨ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠨᠡᠢ᠌ᠭᠡᠮ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢ ᠦᠷᠨᠢᠬᠦᠯᠬᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠴᠤᠭᠴᠠᠯᠠᠯᠳᠠ ᠵᠢ ᠪᠦᠬᠦ ᠲᠠᠯ᠎ᠠ᠎ᠪᠠᠷ ᠠᠬᠢᠭᠤᠯᠬᠤ ᠵᠡᠷᠭᠡ 6 ᠲᠠᠯ᠎ᠠ᠎ᠪᠠᠷ ᠥᠪᠥᠷ ᠮᠣᠩᠭᠣᠯ᠎ᠤᠨ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠠᠢ᠌ᠩᠭᠤᠵᠢᠭᠤᠯᠬᠤ ᠲᠣᠭᠲᠠᠴᠠ ᠵᠢ ᠪᠠᠶ᠋ᠢᠭᠤᠯᠬᠤ ᠲᠤᠬᠠᠢ ᠪᠠᠢ᠌ᠷᠢᠯᠠᠭᠤᠯᠤᠯᠲᠠ ᠬᠢᠭᠰᠡᠨ᠎ᠢ ᠤᠢ᠌ᠯᠠᠭ᠋ᠠᠭᠰᠠᠨ ᠪᠠᠢ᠌ᠨ᠎ᠠ᠃
       《ᠪᠣᠳᠠᠲᠠᠢ ᠠᠷᠭ᠎ᠠ ᠬᠡᠮᠵᠢᠶ᠎ᠡ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠣᠶᠠᠳᠤᠭ᠋ᠠᠷ ᠪᠥᠬᠥᠳᠡ ᠬᠤᠷᠠᠯ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠪᠠᠢ᠌ᠩᠭᠤᠵᠢᠭᠤᠯᠬᠤ ᠲᠣᠭᠲᠠᠴᠠ ᠵᠢ ᠪᠠᠢ᠌ᠭᠤᠯᠵᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ᠂ ᠳᠤᠮᠳᠠᠳᠤ ᠵᠢᠨ ᠦᠨᠳᠦᠰᠦᠲᠡᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠲᠠᠢ ᠭᠠᠷ ᠵᠶ᠋ᠠᠨ ᠬᠣᠯᠪᠣᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠶᠡᠬᠡ᠎ᠪᠠᠷ ᠤᠬᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ  ᠣᠨᠤᠯᠵᠢᠬᠤᠨ᠎ᠢ ᠪᠠᠬᠢᠵᠢᠬᠦᠯᠦᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠠᠭᠤᠷᠢ᠂ ᠨᠡᠢ᠌ᠭᠡᠮ᠎ᠤᠨ ᠰᠠᠭᠤᠷᠢ᠂ ᠬᠠᠢ᠌ᠷ᠎ᠠ ᠰᠡᠳᠬᠢᠯᠭᠡ ᠵᠢᠨ ᠰᠠᠭᠤᠷᠢ᠂ ᠰᠣᠶᠣᠯ᠎ᠤᠨ ᠰᠠᠭᠤᠷᠢ ᠵᠢ ᠲᠠᠰᠤᠷᠠᠯᠳᠠ ᠦᠭᠡᠢ ᠪᠠᠳᠤᠵᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠨᠢᠭᠡᠳᠦᠭᠡᠷ ᠵᠢᠭᠰᠠᠭ᠋ᠠᠯ᠎ᠤᠨ ᠡᠩᠨᠡᠭᠡ᠎ᠳᠤ ᠡᠷᠡᠰ ᠪᠠᠲᠤ ᠰᠠᠢ᠌ᠲᠤᠷ ᠵᠠᠮᠨᠠᠬᠤ ᠬᠡᠷᠡᠭᠲᠡᠢ ᠭᠡᠵᠦ ᠱᠠᠭ᠋ᠠᠷᠳᠠᠭᠰᠠᠨ᠎ᠢ ᠣᠢ᠌ᠯᠠᠭ᠋ᠠᠪᠠ᠃
      《ᠪᠣᠳᠠᠲᠠᠢ ᠠᠷᠭ᠎ᠠ ᠬᠡᠮᠵᠢᠶ᠎ᠡ》᠎ᠠᠴᠠ ᠡᠯ᠎ᠡ ᠱᠠᠲᠤᠨ᠎ᠤ ᠦᠨᠳᠦᠰᠦᠲᠡᠨ᠎ᠤ ᠵᠦᠪᠯᠡᠯ᠎ᠨᠢ ᠡᠯ᠎ᠡ ᠱᠠᠲᠤᠨ᠎ᠤ ᠨᠠᠮ᠎ᠤᠨ ᠬᠤᠷᠢᠶ᠎ᠡ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠭᠡᠰᠢᠭᠦᠨ ᠨᠢᠭᠡᠴᠢ᠎ᠲᠠᠢ ᠬᠠᠷᠢᠯᠴᠠᠵᠤ ᠦᠢ᠍ᠯᠡᠴᠢᠯᠡᠬᠦ ᠪᠠ ᠬᠠᠮᠵᠢᠯᠴᠠᠵᠦ ᠬᠤᠯᠪᠤᠭ᠋ᠠᠯᠠᠨ ᠠᠵᠢᠯᠯᠠᠬᠤ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠦᠨᠳᠦᠰᠦᠲᠡᠨ᠎ᠤ ᠵᠦᠪᠯᠡᠯ᠎ᠤᠨ ᠭᠡᠰᠢᠭᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ᠎ᠳᠤ ᠵᠢᠭᠰᠠᠭ᠋ᠠᠨ ᠣᠷᠣᠭᠤᠯᠵᠤ᠂ ᠦᠨᠳᠦᠰᠦᠲᠡᠨ᠎ᠤ ᠠᠵᠢᠯ᠎ᠤᠨ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠥᠷᠨᠢᠭᠦᠯᠦᠭᠰᠡᠨ ᠪᠠᠢ᠌ᠳᠠᠯ᠎ᠢ ᠤᠯᠤᠰ ᠲᠦᠷᠦ ᠵᠢᠨ ᠬᠡᠪ ᠪᠣᠯᠪᠠᠰᠤᠷᠠᠯ᠎ᠤᠨ ᠬᠢᠨᠠᠨ ᠪᠠᠢ᠌ᠴᠠᠭ᠋ᠠᠯᠲᠠ᠂ ᠲᠣᠭᠣᠷᠢᠨ ᠪᠠᠢ᠌ᠴᠠᠭ᠋ᠠᠯᠲᠠ ᠬᠢᠨᠠᠨ ᠪᠠᠢ᠌ᠴᠠᠭ᠋ᠠᠯᠲᠠ᠂ ᠵᠠᠰᠠᠭ᠎ᠤᠨ ᠠᠵᠢᠯ᠎ᠤᠨ ᠪᠦᠳᠦᠮᠵᠢ ᠵᠢ ᠬᠢᠨᠠᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠬᠤ ᠵᠢ ᠢᠳᠡᠪᠬᠢᠲᠡᠢ᠎ᠪᠠᠷ ᠠᠬᠢᠭᠤᠯᠬᠤ ᠭᠡᠷᠡᠭᠳᠡᠢ᠃ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠳᠠ᠂ ᠲᠥᠷᠥᠯ ᠵᠦᠢ᠍ᠯᠵᠢᠬᠦᠯᠦᠨ ᠠᠬᠢᠭᠤᠯᠬᠤ ᠵᠢ ᠬᠡᠷᠡᠭᠵᠢᠭᠦᠯᠵᠦ᠂ ᠦᠷ᠎ᠡ ᠪᠦᠲᠦᠮᠵᠢ ᠵᠢ ᠮᠥᠷᠳᠡᠨ ᠳᠠᠭ᠋ᠠᠵᠤ ᠠᠰᠠᠭᠤᠬᠤ ᠵᠢ ᠴᠢᠩᠭ᠋ᠠᠳᠬᠠᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠳᠤᠷᠠᠵᠦ ᠨᠠᠢ᠌ᠳᠠᠪᠤᠷᠢᠵᠢᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠵᠢ ᠱᠠᠭ᠋ᠠᠷᠳᠠᠭᠰᠠᠨ᠎ᠢ ᠤᠢ᠌ᠯᠠᠭ᠋ᠠᠭᠰᠠᠨ ᠪᠠᠢ᠌ᠨ᠎ᠠ᠃





        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ



 

ᠢᠷᠡᠯᠲᠡ᠄ ᠲᠠᠯ᠎ᠠ ᠨᠤᠲᠤᠭ᠎ᠤᠨ ᠡᠭᠦᠯᠡ