ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠠᠮ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-10-25

      10 ᠳ᠋ᠤᠭ᠋ᠠᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠬᠦ ᠳᠠᠶ᠋ᠢᠯᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ 《ᠲᠥᠪ᠎ᠤᠨ ᠪᠠ ᠲᠥᠷᠥ ᠵᠢᠨ ᠪᠠᠢ᠌ᠭᠤᠯᠭ᠎ᠠ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠣᠷᠢᠶ᠎ᠠ)᠎ᠳᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠡ ᠵᠢᠨ ᠠᠯᠪᠠᠨ ᠲᠢᠩᠬᠢᠮ᠎ᠤᠨ ᠰᠠᠨᠠᠯ》᠎ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ ᠡᠷᠬᠢᠯᠡᠵᠦ ᠶᠠᠷᠢᠶ᠎ᠠ ᠲᠠᠯᠪᠢᠪᠠ᠃

_cgi-bin_mmwebwx-bin_webwxgetmsgimg__&MsgID=1934540373770762373&skey=@crypt_dfa71234_623f11b8effde7481219a2486d82af8c&mmweb_appid=wx_webfilehelper.jpg

      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ ᠳᠠᠶ᠋ᠢᠯᠠᠯᠭ᠎ᠠ ᠳᠡᠭᠡᠷᠡᠬᠢ ᠴᠢᠬᠤᠯᠠ ᠶᠠᠷᠢᠶ᠎ᠠ᠎ᠨᠢ ᠮᠠᠨ᠎ᠤ ᠨᠠᠮ᠎ᠤᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠣᠯᠣᠭᠰᠠᠨ ᠠᠭᠤᠤ ᠶᠡᠬᠡ ᠠᠮᠵᠢᠯᠲᠠ ᠵᠢ ᠭᠦᠨᠵᠡᠭᠡᠢ ᠳ᠋ᠦᠩᠨᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ 《ᠳᠥᠷᠪᠡ ᠵᠢ ᠡᠷᠬᠡᠪᠰᠢ ᠪᠠᠷᠢᠮᠲᠠᠯᠠᠬᠤ》 ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠪᠢᠳᠡᠨ᠎ᠤ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠵᠤ᠂ ᠭᠡᠷᠡᠯ ᠰᠠᠴᠤᠷᠠᠩᠭᠤᠢ ᠰᠢᠨ᠎ᠡ ᠠᠮᠵᠢᠯᠳᠠ ᠵᠢ ᠳᠠᠬᠢᠨᠲᠠ ᠡᠭᠦᠳᠬᠦ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠪᠦᠬᠦ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠢᠨ᠎ᠡ ᠲᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢ ᠣᠯᠣᠭᠰᠠᠨ ᠠᠭᠤᠤ ᠶᠡᠬᠡ ᠲᠡᠦᠬᠡᠲᠦ ᠴᠢᠨᠠᠷᠲᠠᠢ ᠠᠮᠵᠢᠯᠲᠠ ᠵᠢ ᠭᠦᠨᠵᠡᠭᠡᠢ ᠲᠠᠨᠢᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠡ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠤᠬᠠᠮᠰᠠᠷ᠎ᠠᠴᠠ᠎ᠪᠠᠨ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠬᠰᠠᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠢᠳᠡᠪᠬᠢᠳᠦ ᠬᠦᠳᠡᠯᠦᠭᠴᠢ ᠪᠠ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠨᠠᠮ᠎ᠤᠨ ᠥᠪᠡᠷ᠎ᠲᠤ᠎ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ 《ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢ ᠠᠳᠬᠤᠬᠤ ᠪᠣᠯ ᠲᠤᠬᠠᠢ᠌ᠯᠠᠭᠰᠠᠨ ᠠᠵᠢᠯ ᠮᠥᠨ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢ ᠠᠳᠬᠤᠬᠤ ᠦᠭᠡᠢ ᠪᠣᠯ ᠬᠠᠷᠢᠭᠤᠴᠠᠯᠭ᠎ᠠ᠎ᠪᠠᠨ ᠠᠯᠳᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠬᠤ ᠦᠭᠡᠢ ᠪᠣᠯ ᠲᠤᠰᠢᠶᠠᠯ ᠵᠶ᠋ᠠᠨ ᠭᠤᠲᠤᠭ᠋ᠠᠭᠰᠠᠨ ᠶᠠᠪᠤᠳᠠᠯ ᠮᠥᠨ》 ᠭᠡᠬᠦ ᠣᠢ᠌ᠯᠠᠭ᠋ᠠᠭᠳᠠᠬᠤᠨ᠎ᠢ ᠪᠠᠳᠤᠵᠢᠭᠤᠯᠵᠦ᠂ ᠨᠠᠮ᠎ᠤᠨ ᠤᠳᠤᠷᠢᠳᠬᠤ ᠳᠤᠭᠤᠢ᠌ᠯᠠᠩ ᠲᠦᠷᠦᠬᠦᠯᠡᠵᠦ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠵᠢ ᠪᠠᠷᠢᠮᠲᠠᠯᠠᠵᠤ᠂ ᠬᠠᠷᠢᠭᠤᠴᠠᠯᠭ᠎ᠠ ᠨᠢᠭᠲᠠ ᠬᠤᠯᠪᠤᠯᠳᠤᠭᠰᠠᠨ᠂ ᠬᠠᠷᠢᠭᠤᠴᠠᠯᠭ᠎ᠠ ᠱᠠᠲᠤ ᠱᠠᠲᠤ᠎ᠪᠠᠷ ᠡᠭᠦᠷᠭᠡᠯᠡᠭᠳᠡᠭᠰᠡᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠦᠷᠢᠯᠳᠦᠬᠦᠯᠬᠦ ᠬᠡᠷᠡᠭᠲᠡᠢ᠃ ᠦᠵᠡᠯ ᠰᠠᠨᠠᠭ᠋ᠠᠨ᠎ᠤ ᠪᠠᠢ᠌ᠭᠤᠯᠤᠯᠲᠠ᠂ ᠡᠩᠨᠡᠭᠡᠨ᠎ᠤ ᠪᠠᠢ᠌ᠭᠤᠯᠤᠯᠲᠠ᠂ ᠲᠤᠬᠠᠢ᠌ᠯᠠᠭᠰᠠᠨ ᠠᠵᠢᠯ᠎ᠤᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠴᠢᠩᠭ᠎ᠠ ᠱᠠᠭ᠋ᠠᠷᠳᠠᠯᠭ᠎ᠠ ᠵᠢ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠪᠦᠬᠦ ᠶᠠᠪᠤᠴᠠ ᠡᠯ᠎ᠡ ᠭᠣᠭᠴᠣᠭ᠎ᠠ᠎ᠳᠤ ᠢᠯᠡᠷᠡᠭᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠦ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠷᠭᠦᠯᠵᠢᠯᠡᠨ ᠬᠥᠭᠵᠢᠭᠡᠵᠦ᠂ ᠴᠢᠭᠯᠡᠯ᠎ᠢ ᠤᠨᠤᠪᠴᠢᠳᠠᠢ ᠡᠵᠡᠮᠰᠢᠵᠦ᠂ ᠲᠥᠪ ᠶᠤᠰᠤ ᠵᠢ ᠪᠠᠷᠢᠮᠳᠠᠯᠠᠨ ᠰᠢᠨ᠎ᠡ ᠵᠢ ᠡᠭᠦᠳᠴᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠴᠢᠨᠠᠷ ᠰᠠᠢ᠌ᠲᠠᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠦᠨᠳᠦᠰᠦᠲᠡᠨ᠎ᠤ ᠵᠥᠪᠯᠡᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠱᠠᠭ᠋ᠠᠷᠳᠠᠪᠠ᠃
       ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠪᠠ᠃




        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ




 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)