ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠪᠠᠭ᠎ᠠ ᠳᠡᠭᠡᠷ᠎ᠡ᠎ᠨᠢ ᠰᠡᠷᠭᠡᠢ᠌ᠯᠡᠵᠦ ᠬᠣᠷᠢᠭ᠎ᠠ ᠱᠤᠭᠤᠮ᠎ᠢ ᠰᠠᠬᠢᠵᠤ ᠠᠷᠢᠭᠤᠨ ᠴᠢᠬᠡᠴᠢ ᠠᠵᠢᠯᠴᠢ ᠬᠢᠴᠢᠶᠡᠩᠭᠦᠶ᠎ᠪᠠᠷ ᠵᠠᠰᠠᠭ ᠪᠠᠷᠢᠬᠤ ᠦᠯᠢᠭᠡᠷ ᠳᠠᠭᠤᠷᠢᠶᠠᠯ ᠪᠤᠯᠤᠨᠠᠮ — ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-11-15

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠴᠢᠭᠯᠡᠯᠲᠡ ᠵᠢ ᠡᠷᠡᠰ ᠭᠤᠢ᠌ᠪᠢᠰᠢ ᠥᠬᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠪᠠᠢ᠌ᠭᠤᠯᠭ᠎ᠠ ᠵᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢ᠌ᠬᠠᠨ ᠤᠯᠤᠰ ᠲᠥᠷᠥ ᠵᠢᠨ ᠠᠮᠢ ᠠᠬᠤᠶ ᠵᠢ ᠪᠣᠶ ᠪᠣᠯᠭ᠋ᠠᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 8᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠳᠡᠳ᠋ ᠱᠦᠵᠢ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠬᠣᠷᠢᠶ᠎ᠠ ᠵᠢᠨ ᠱᠦᠵᠢ ᠹᠠᠩ ᠶᠢᠩ ᠨᠥᠬᠥᠷ᠎ᠢ ᠤᠷᠢᠵᠤ ᠬᠢᠴᠢᠶᠡᠯ ᠣᠷᠣᠭᠤᠯᠪᠠ᠃

      图片1.png

      ᠹᠠᠩ ᠶᠢᠩ ᠱᠦᠵᠢ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠣᠯᠤᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠰᠢᠰᠲ᠋ᠧᠮ᠎ᠲᠠᠢ ᠲᠠᠢ᠌ᠯᠪᠤᠷᠢᠯᠠᠭᠰᠠᠨ ᠪᠥᠭᠡᠳ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠣᠨᠤᠴᠠᠲᠠᠢ ᠰᠠᠨᠠᠭᠤᠯᠭ᠎ᠠ ᠪᠠ ᠵᠢᠯᠤᠭᠤᠳᠤᠯᠭ᠎ᠠ ᠥᠭᠴᠡᠢ᠃

      图片2.png

      ᠬᠤᠷᠠᠯ᠎ᠤᠨ ᠲᠠᠷᠠᠭ᠎ᠠ ᠤᠯᠠᠨ ᠵᠶ᠋ᠠᠷ ᠵᠶ᠋ᠠᠨ ᠲᠤᠰ ᠤᠳᠠᠭ᠎ᠠ ᠵᠢᠨ ᠲᠤᠰᠬᠠᠢ ᠰᠡᠳᠦᠪᠲᠦ ᠲᠠᠢ᠌ᠯᠤᠮᠵᠢ᠎ᠪᠠᠷ ᠲᠠᠮᠵᠢᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠴᠢᠬᠤᠯᠠ ᠶᠡᠬᠡ ᠠᠴᠢ ᠬᠣᠯᠪᠣᠭᠳᠠᠯ᠎ᠤᠨ ᠲᠤᠬᠠᠢ ᠨᠡᠩ ᠭᠦᠨᠵᠡᠭᠡᠢ ᠲᠠᠨᠢᠯᠲᠠ᠎ᠲᠠᠢ ᠪᠤᠯᠵᠤ᠂ ᠨᠠᠮ᠎ᠤᠨ ᠲᠦᠷᠢᠮ ᠵᠶ᠋ᠡᠷ ᠦᠨᠳᠦᠰᠦᠨ ᠵᠢᠷᠤᠮᠯᠠᠯ ᠪᠣᠯᠭ᠋ᠠᠵᠤ᠂ ᠨᠠᠮ᠎ᠤᠨ ᠰᠠᠬᠢᠯᠭ᠎ᠠ ᠪᠠᠲᠤ᠎ᠪᠠᠷ ᠦᠨᠳᠦᠰᠦᠨ ᠪᠠᠷᠢᠮᠵᠢᠶ᠎ᠠ ᠪᠣᠯᠭ᠋ᠠᠵᠤ᠂ ᠲᠥᠪ ᠴᠢᠩᠭ᠎ᠠ ᠰᠠᠬᠢᠯᠭ᠎ᠠ ᠪᠠᠲᠤ᠎ᠪᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠲᠦᠷᠦᠯ᠎ᠤᠨ ᠦᠢ᠍ᠯᠡᠰ᠎ᠤᠨ ᠠᠯᠤᠰ ᠢᠷᠡᠬᠡᠳᠦᠢ ᠵᠢ ᠪᠠᠲᠤᠯᠠᠬᠤ ᠲᠤᠬᠠᠢ ᠨᠡᠩ ᠭᠦᠨᠵᠡᠭᠡᠢ ᠣᠢ᠌ᠯᠠᠭ᠋ᠠᠯᠲᠠ᠎ᠲᠠᠢ ᠪᠣᠯᠵᠠᠢ᠃ ᠬᠣᠢ᠌ᠰᠢᠳᠠ ᠵᠢᠨ ᠠᠵᠢᠯ ᠰᠤᠷᠤᠯᠴᠠᠯᠭ᠎ᠠ ᠳᠤᠮᠳᠠ᠂ 《ᠮᠡᠳᠡᠬᠦ》 ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂  ᠰᠠᠬᠢᠯᠭ᠎ᠠ ᠪᠠᠲᠦ ᠵᠢ ᠤᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠦᠨᠡᠨ ᠬᠦ᠌ ᠰᠡᠳᠬᠢᠯ ᠵᠢᠷᠦᠬᠡᠨ᠎ᠳᠤ᠎ᠪᠠᠨ ᠬᠠᠳᠠᠩᠰᠢᠭᠤᠯᠵᠤ᠂ ᠠᠵᠢᠯᠯᠠᠭ᠎ᠠ᠎ᠳᠤ᠎ᠪᠠᠨ ᠨᠠᠢ᠌ᠳᠠᠪᠤᠷᠢᠵᠢᠭᠤᠯᠵᠤ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠬᠣᠷᠢᠭ᠎ᠠ ᠱᠤᠭᠤᠮ᠎ᠢ ᠪᠠᠲᠤ ᠰᠠᠬᠢᠬᠤ᠂ ᠤᠯᠠᠭ᠋ᠠᠨ ᠱᠤᠭᠤᠮ᠎ᠢ ᠬᠢᠰᠬᠢᠬᠦ ᠦᠭᠡᠢ᠂ ᠤᠯᠤᠰ ᠲᠦᠷᠦ ᠵᠢᠨ ᠰᠠᠬᠢᠯᠭ᠎ᠠ ᠲᠦᠷᠢᠮ᠎ᠢ ᠵᠦᠷᠢᠴᠡᠬᠦ ᠦᠭᠡᠢ ᠪᠠᠢ᠌ᠬᠤ ᠵᠢ ᠦᠨᠡᠨ ᠬᠦ᠌ ᠪᠡᠶᠡᠯᠡᠭᠦᠯᠵᠦ᠂ ᠰᠡᠳᠬᠢᠯ᠎ᠳᠤ᠎ᠪᠠᠨ ᠴᠡᠬᠡᠷ᠎ᠲᠠᠢ᠂ ᠠᠵᠢᠯᠯᠠᠭ᠎ᠠ᠎ᠳᠤ᠎ᠪᠠᠨ ᠴᠢᠭᠯᠡᠯ᠎ᠲᠠᠢ ᠪᠠᠢ᠌ᠬᠤ ᠵᠢ ᠪᠡᠶᠡᠯᠡᠬᠦᠯᠵᠦ᠂ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠰᠠᠢ᠌ᠵᠢᠷᠠᠭᠤᠯᠵᠤ᠂ ᠵᠣᠷᠢᠭᠲᠠᠶ᠎ᠪᠠᠷ ᠰᠢᠨ᠎ᠡ ᠵᠢ ᠡᠭᠦᠳᠴᠦ᠂ ᠢᠳᠡᠪᠬᠢᠲᠡᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠨᠠᠩ ᠶᠡᠬᠡ ᠬᠦᠴᠦᠨ ᠴᠢᠳᠠᠯ ᠵᠶ᠋ᠠᠨ ᠡᠷᠬᠦᠨ᠎ᠠ ᠭᠡᠵᠦ ᠢᠯᠡᠳᠬᠡᠵᠡᠭᠡᠪᠡ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠨᠢᠭᠡᠳᠦᠭᠡᠷ ᠳᠡᠰ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠣᠯᠤᠨ ᠪᠠᠢ᠌ᠭᠤᠯᠭ᠎ᠠ ᠵᠢᠴᠢ ᠵᠥᠪᠯᠡᠯ᠎ᠤᠨ ᠬᠠᠷᠢᠶ᠎ᠠ ᠨᠢᠭᠡᠴᠢ ᠵᠢᠨ ᠪᠦᠬᠦ ᠨᠠᠮ᠎ᠤᠨ ᠭᠡᠰᠢᠭᠦᠨ ᠺᠠᠳ᠋ᠷ ᠲᠠᠢ᠌ᠯᠤᠮᠵᠢ᠎ᠳᠤ ᠣᠷᠣᠯᠴᠠᠪᠠ᠃

 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠭᠠᠵᠠᠷ)