ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ — 《ᠪᠠᠳᠤᠳᠬᠠᠬᠤ》 ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠤᠨ ᠬᠦᠳᠦᠯᠪᠤᠷᠢ ᠵᠢ ᠳᠠᠷᠤᠮᠠᠯᠯᠠᠨ ᠳᠠᠷᠬᠠᠭ᠋ᠠᠪᠠ
ᠨᠡᠶ᠋ᠢᠲᠡᠯᠡᠭᠰᠡᠨ ᠴᠠᠭ᠄ 2024-11-25

      ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ 《ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ — ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠤᠨ ᠬᠦᠳᠦᠯᠪᠤᠷᠢ》 (ᠳᠣᠷᠣᠭᠰᠢ 《ᠠᠵᠢᠯ᠎ᠤᠨ ᠬᠦᠳᠦᠯᠪᠤᠷᠢ》 ᠭᠡᠵᠦ ᠲᠣᠪᠴᠢᠯᠠᠨ᠎ᠠ) ᠵᠢ ᠳᠠᠷᠤᠮᠠᠯᠯᠠᠨ ᠳᠠᠷᠬᠠᠭ᠋ᠠᠪᠠ᠂ ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ — 《ᠪᠠᠳᠤᠳᠬᠠᠬᠤ》 ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠢ ᠳᠥᠷᠢᠮᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠨᠡᠢ᠌ᠲᠡᠯᠡᠬᠦ᠎ᠳᠤ᠎ᠪᠠᠨ ᠴᠥᠮ ᠳᠤᠮᠳᠠᠳᠤ ᠵᠢᠨ ᠦᠨᠳᠦᠰᠦᠲᠡᠨ᠎ᠤ ᠨᠡᠢ᠌ᠲᠡᠯᠢᠭ ᠴᠢᠨᠠᠷ᠎ᠢ ᠴᠢᠩᠭ᠋ᠠᠳᠬᠠᠬᠤ᠎ᠠᠴᠠ ᠡᠭᠦᠰᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ ᠵᠢ ᠠᠬᠢᠭᠤᠯᠪᠠ᠃
      《ᠠᠵᠢᠯ᠎ᠤᠨ ᠬᠦᠳᠦᠯᠪᠤᠷᠢ》᠎ᠳᠤ 《ᠪᠠᠳᠤᠳᠬᠠᠬᠤ》 ᠵᠢᠨ ᠤᠷᠢᠳᠠᠴᠢ ᠬᠢᠨᠠᠨ ᠬᠠᠷᠭᠤᠭᠤᠯᠬᠤ ᠬᠦᠷᠢᠶ᠎ᠡ ᠬᠡᠪᠴᠢᠶ᠎ᠡ᠎ᠨᠢ ᠭᠡᠪᠡᠯ ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠨᠡᠢ᠌ᠲᠡᠯᠡᠬᠦ᠎ᠪᠠᠷ ᠪᠣᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠭᠤᠯᠭ᠎ᠠ᠎ᠲᠠᠢ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠡᠭᠦᠨ᠎ᠳᠤ 《ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ》 ᠬᠡᠬᠦ ᠴᠤᠬᠤᠯᠠᠪᠤᠷᠢ᠎ᠲᠠᠢ ᠪᠢᠴᠢᠭ ᠮᠠᠲ᠋ᠧᠷᠢᠶᠠᠯ᠎ᠢ ᠪᠠᠭᠲᠠᠭ᠋ᠠᠨ᠎ᠠ ᠬᠡᠵᠦ ᠲᠤᠳᠤᠷᠬᠠᠢ᠌ᠯᠠᠪᠠ᠃ 《ᠪᠠᠳᠤᠳᠬᠠᠬᠤ》 ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠢ 3 ᠠᠯᠬᠤᠮ ᠳᠠᠷᠠᠭ᠎ᠠ᠎ᠪᠠᠷ ᠥᠷᠨᠢᠭᠦᠯᠦᠨ᠎ᠡ᠃ ᠨᠢᠭᠡ᠎ᠳᠤ ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ ᠰᠠᠯᠠᠭ᠎ᠠ ᠮᠥᠴᠢᠷ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠭᠤᠯᠭ᠎ᠠ᠎ᠲᠠᠢ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠤᠷᠢᠳᠠᠴᠢ ᠬᠢᠨᠠᠨ ᠬᠠᠷᠭᠤᠭᠤᠯᠤᠯᠲᠠ ᠬᠢᠬᠦ ᠵᠢ ᠵᠥᠪᠳᠡᠯᠴᠡᠨ ᠭᠤᠶᠤᠴᠢᠯᠠᠬᠤ ᠵᠢᠨ ᠬᠠᠮᠲᠤ᠂ ᠪᠢᠴᠢᠭ ᠮᠠᠲ᠋ᠧᠷᠢᠶᠠᠯ᠎ᠤᠨ ᠬᠢᠨᠠᠭᠤᠯᠬᠤ ᠨᠣᠤᠷᠠᠭ᠂ ᠲᠥᠷᠥ ᠵᠢᠨ ᠪᠣᠳᠣᠯᠭ᠎ᠠ ᠵᠢᠨ ᠦᠨᠳᠦᠰᠦᠯᠡᠯ᠂ ᠰᠠᠨᠠᠯ ᠬᠤᠷᠢᠶᠠᠭᠰᠠᠨ ᠪᠠᠢ᠌ᠳᠠᠯ ᠵᠡᠷᠭᠡ ᠬᠠᠮᠢᠶ᠎ᠠ ᠪᠥᠬᠥᠶ ᠮᠠᠲ᠋ᠧᠷᠢᠶᠠᠯ᠎ᠢ ᠬᠠᠩᠭ᠋ᠠᠨ᠎ᠠ᠃ ᠬᠣᠶᠠᠷ᠎ᠲᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠪᠠᠳᠤᠳᠬᠠᠬᠤ》 ᠤᠷᠢᠳᠠᠴᠢ ᠬᠢᠨᠠᠨ ᠬᠠᠷᠭᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠵᠠᠰᠠᠭ ᠵᠠᠬᠢᠷᠭ᠋ᠠᠨ᠎ᠤ ᠳᠥᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠠᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠲᠠᠢ ᠬᠣᠯᠪᠣᠭᠳᠠᠭᠰᠠᠨ ᠠᠭᠤᠯᠭ᠎ᠠ ᠵᠢ ᠬᠢᠨᠠᠨ ᠬᠠᠷᠭᠤᠭᠤᠯᠤᠨ᠎ᠠ᠂ ᠬᠡᠷᠪᠡ ᠨᠠᠷᠢᠨ ᠪᠤᠳᠤᠯᠢᠶᠠᠨᠲᠠᠶ ᠬᠦᠴᠢᠷ ᠲᠦᠪᠡᠭᠲᠡᠶ ᠠᠰᠠᠭᠤᠳᠠᠯ ᠲᠤᠯᠭ᠋ᠠᠷᠠᠭᠰᠠᠨ ᠪᠥᠭᠡᠳ ᠠᠳᠠᠯᠢ ᠪᠤᠰᠤ ᠰᠠᠨᠠᠯ ᠣᠷᠣᠰᠢᠵᠤ ᠪᠠᠢ᠌ᠪᠠᠯ᠂ ᠤᠳᠤᠷᠢᠳᠬᠤ ᠳᠤᠭᠤᠢ᠌ᠯᠠᠩ᠎ᠨᠢ ᠨᠤᠤᠷᠠᠭᠯᠠᠭᠰᠠᠨ ᠰᠠᠯᠠᠭ᠎ᠠ ᠮᠥᠴᠢᠷ᠂ ᠬᠠᠮᠢᠶ᠎ᠠ ᠪᠥᠬᠥᠶ ᠰᠠᠯᠠᠭ᠎ᠠ ᠮᠥᠴᠢᠷ᠂ ᠲᠤᠰᠬᠠᠶ ᠮᠡᠷᠭᠡᠵᠢᠯᠲᠡᠨ ᠡᠷᠳᠡᠮᠲᠡᠨ᠂ ᠬᠠᠤᠯᠢ ᠴᠠᠭ᠋ᠠᠵᠠ ᠵᠢᠨ ᠵᠥᠪᠯᠡᠭᠴᠢ ᠵᠡᠷᠭᠡ ᠲᠤᠰᠬᠠᠶ ᠮᠡᠷᠭᠡᠵᠢᠯ᠎ᠤᠨ ᠬᠦᠴᠦᠨ᠎ᠲᠠᠢ ᠬᠠᠮᠲᠤᠷᠠᠨ ᠵᠥᠪᠳᠡᠯᠴᠡᠬᠦ ᠬᠡᠯᠪᠡᠷᠢ᠎ᠪᠠᠷ ᠬᠢᠨᠠᠨ ᠬᠠᠷᠭᠤᠭᠤᠯᠬᠤ ᠠᠵᠢᠯ᠎ᠢ ᠬᠠᠮᠲᠤ᠎ᠪᠠᠷ ᠥᠷᠨᠢᠭᠦᠯᠵᠦ ᠪᠣᠯᠤᠨ᠎ᠠ᠃ ᠭᠤᠷᠪᠠ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠦᠨᠳᠦᠰᠦᠯᠡᠵᠦ᠂ ᠪᠢᠴᠢᠭ᠎ᠤᠨ ᠬᠡᠯᠪᠡᠷᠢ᠎ᠪᠠᠷ ᠬᠢᠨᠠᠨ ᠬᠠᠷᠭᠤᠭᠤᠯᠤᠭᠰᠠᠨ ᠰᠠᠨᠠᠯ ᠭᠠᠷᠭ᠋ᠠᠨ᠎ᠠ᠃ 《ᠠᠵᠢᠯ᠎ᠤᠨ ᠬᠦᠳᠦᠯᠪᠤᠷᠢ》᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠬᠢᠨᠠᠨ ᠬᠠᠷᠭᠤᠭᠤᠯᠬᠤ ᠳᠤᠮᠳᠠ ᠢᠯᠡᠷᠡᠭᠦᠯᠦᠭᠰᠡᠨ ᠠᠰᠠᠭᠤᠳᠠᠯ ᠪᠠ ᠬᠦᠴᠢᠷᠳᠡᠯ᠎ᠢ ᠴᠠᠭ ᠲᠤᠬᠠᠶ᠎ᠳᠤ᠎ᠨᠢ ᠡᠮᠬᠢᠯᠡᠨ ᠳᠢᠭᠯᠡᠵᠦ᠂ ᠶᠡᠷᠦᠩᠬᠡᠢ᠌ᠯᠡᠨ ᠵᠠᠳᠠᠯᠤᠨ ᠠᠰᠢᠭᠯᠠᠬᠤ ᠵᠢ ᠡᠷᠴᠢᠮᠵᠢᠬᠦᠯᠵᠦ᠂ ᠲᠦᠷᠢᠮ᠎ᠢ ᠲᠡᠭᠦᠯᠳᠡᠷᠵᠢᠭᠦᠯᠬᠦ ᠵᠢ ᠠᠬᠢᠭᠤᠯᠵᠤ᠂ 《ᠪᠠᠳᠤᠳᠬᠠᠬᠤ》 ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠢ ᠰᠠᠢ᠌ᠵᠢᠷᠠᠭᠤᠯᠬᠤ ᠬᠡᠷᠡᠭᠲᠡᠶ ᠭᠡᠵᠦ ᠱᠠᠭ᠋ᠠᠷᠳᠠᠵᠠᠢ᠃

 





        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ





ᠢᠷᠡᠯᠲᠡ᠄ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ