12 ᠳ᠋ᠤᠭ᠋ᠠᠷ ᠰᠠᠷ᠎ᠠ ᠵᠢᠨ 10᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠴᠢ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠥᠶ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠣᠭ᠋ᠠᠳ ᠨᠠᠢ᠌ᠳᠠᠪᠦᠷᠢᠵᠢᠭᠤᠯᠤᠨ ᠠᠬᠢᠭᠤᠯᠬᠤ ᠲᠤᠬᠠᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ᠎ᠢ ᠡᠷᠬᠢᠯᠡᠪᠡ᠃
ᠬᠤᠷᠠᠯ ᠳᠡᠭᠡᠷ᠎ᠡ 12 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠤᠯᠤᠰ ᠲᠥᠷᠥ ᠵᠢᠨ ᠤᠬᠠᠮᠰᠠᠷ ᠪᠠ ᠶᠡᠬᠡ ᠲᠠᠯ᠎ᠠ ᠵᠢᠨ ᠦᠵᠡᠯᠲᠡ᠎ᠪᠠᠨ ᠤᠯᠠᠮ ᠨᠢᠭᠡ ᠠᠯᠬᠤᠮ ᠴᠢᠩᠭ᠋ᠠᠳᠬᠠᠵᠦ᠂ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠲᠤᠯᠭ᠋ᠠᠮ ᠰᠡᠳᠬᠢᠯᠭᠡ ᠪᠣᠯᠤᠨ ᠬᠠᠷᠢᠭᠤᠴᠠᠯᠭ᠋ᠠᠲᠤ ᠰᠡᠳᠬᠢᠯᠭᠡ᠎ᠪᠠᠨ ᠲᠠᠰᠤᠷᠠᠯᠲᠠ ᠥᠬᠡᠶ ᠴᠢᠩᠭ᠋ᠠᠳᠬᠠᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠤᠤᠯ ᠰᠢᠵᠢᠮ᠎ᠤᠨ ᠲᠣᠭᠣᠷᠢᠨ᠎ᠳᠤ 2024 ᠣᠨ᠎ᠤ ᠠᠵᠢᠯ᠎ᠢ ᠪᠦᠬᠦ ᠲᠠᠯ᠎ᠠ᠎ᠪᠠᠷ ᠨᠠᠷᠢᠨ ᠳ᠋ᠦᠩᠨᠡᠵᠦ᠂ ᠬᠠᠳᠠᠭᠤᠯᠵᠢᠲᠠᠢ ᠠᠮᠢᠳᠤᠷᠠᠬᠤ ᠱᠠᠭ᠋ᠠᠷᠳᠠᠯᠭ᠎ᠠ ᠪᠠ ᠥᠭᠡᠷᠡᠴᠢᠯᠡᠯᠲᠡ ᠵᠢᠨ ᠡᠭᠦᠷᠭᠡ᠎ᠲᠠᠢ ᠤᠶᠠᠯᠳᠤᠭᠤᠯᠵᠦ᠂ ᠳᠠᠷᠠᠭ᠎ᠠ ᠵᠢᠯ᠎ᠤᠨ ᠠᠵᠢᠯ᠎ᠢ ᠨᠠᠷᠢᠨ ᠬᠢᠨᠠᠮᠠᠭ᠋ᠠᠶ ᠰᠣᠳᠣᠯᠤᠨ ᠨᠢᠭᠡᠳᠦᠯᠲᠡᠶ ᠲᠥᠯᠥᠪᠵᠢᠭᠦᠯᠵᠦ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠦ᠂ ᠡᠯ᠎ᠡ ᠵᠦᠢ᠍ᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠤᠨᠤᠯ᠎ᠤᠨ ᠰᠣᠳᠤᠯᠭ᠎ᠠ ᠪᠣᠯᠤᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ 《ᠦᠨᠡᠨ》 ᠰᠡᠳᠬᠦᠯ᠎ᠳᠤ ᠨᠡᠶ᠋ᠢᠲᠡᠯᠡᠭᠰᠡᠨ 《ᠡᠷᠬᠡᠪᠰᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠤᠯᠤᠰ ᠲᠥᠷᠥ ᠵᠢᠨ ᠵᠥᠪ ᠣᠨᠣᠪᠴᠢᠲᠠᠢ ᠴᠢᠭᠯᠡᠯ᠎ᠢ ᠪᠠᠷᠢᠮᠲᠠᠯᠠᠵᠦ᠂ ᠠᠵᠢᠯ᠎ᠤᠨ ᠰᠡᠳᠬᠢᠴᠡ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠦᠵᠡᠯ ᠤᠬᠠᠮᠰᠠᠷ᠎ᠤᠨ ᠬᠡᠯᠪᠡᠷᠢ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠡᠷᠭᠡ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 2025 ᠣᠨ᠎ᠤ ᠲᠥᠰᠦᠪ᠎ᠤᠨ ᠲᠣᠬᠢᠷᠠᠭᠤᠯᠤᠯᠲᠠ ᠵᠢ ᠰᠤᠳᠤᠯᠵᠤ᠂ ᠲᠠᠷᠠᠭ᠋ᠠᠴᠢ ᠵᠢᠨ ᠠᠵᠢᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ