ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠷᠰᠢᠯᠭ᠎ᠠ ᠰᠣᠯᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ ᠸᠠᠩ ᠬᠤ᠌ ᠨᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-12-31

      ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠷᠰᠢᠯᠭ᠎ᠠ ᠰᠣᠯᠢᠯᠴᠠᠬᠤ ᠬᠤᠷᠠᠯ 18 ᠎ᠤ ᠡᠳᠦᠷ ᠪᠡᠭᠡᠵᠢᠩ᠎ᠳᠤ ᠬᠤᠷᠠᠯᠳᠤᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠡ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ ᠵᠡᠷᠭᠡ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠦ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠰᠡᠳᠬᠢᠯᠭᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠪᠡ᠃ 
       ᠸᠠᠩ ᠬᠤ᠌ ᠨᠢᠩ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠵᠦ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠋ᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠤᠨ ᠢᠯᠡᠳᠲᠡ ᠳᠠᠪᠠᠭᠤᠯᠢᠭ᠎ᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠬᠥᠭᠵᠢᠭᠰᠡᠨ ᠲᠡᠦᠬᠡ ᠵᠢᠨ ᠶᠡᠬᠡ ᠬᠠᠨᠳᠤᠰᠢ ᠵᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠵᠥᠪ ᠴᠢᠭᠯᠡᠯ᠎ᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠪᠦᠯᠬᠦᠮᠳᠡᠯ᠎ᠤᠨ ᠰᠠᠢ᠌ᠨ ᠰᠠᠢ᠌ᠬᠠᠨ ᠪᠠᠢ᠌ᠳᠠᠯ᠎ᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃ 
      ᠸᠠᠩ ᠬᠤ᠌ ᠨᠢᠩ ᠶᠠᠷᠢᠶᠠᠨ᠎ᠳᠤ᠎ᠪᠠᠨ 2021 ᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠠᠴᠠ ᠨᠠᠭ᠋ᠠᠰᠢᠬᠢ ᠦᠨᠳᠦᠰᠦᠲᠡᠨ᠎ᠤ ᠠᠵᠢᠯ᠎ᠤᠨ ᠣᠯᠣᠭᠰᠠᠨ ᠠᠮᠵᠢᠯᠲᠠ ᠵᠢ ᠭᠦᠢ᠍ᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠪᠣᠯᠪᠠᠰᠤᠨ᠎ᠤ ᠲᠣᠪᠣᠢ᠌ᠮ᠎ᠠ ᠣᠨᠴᠠᠯᠢᠭ᠎ᠢ ᠪᠠᠳᠠᠷᠠᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠲᠦᠷᠭᠡᠳᠭᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠢ ᠮᠡᠳᠡᠷᠡᠬᠦᠢ ᠵᠢ ᠢᠮᠠᠭᠲᠠ ᠪᠠᠲᠤᠳᠬᠠᠬᠤ ᠬᠡᠷᠡᠭᠲᠡᠢ᠃ ᠬᠠᠮᠲᠤ᠎ᠪᠠᠷ ᠴᠢᠨᠡᠭᠡᠯᠢᠭᠵᠢᠬᠦ ᠵᠢ ᠪᠠᠷᠢᠮᠲᠠᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠴᠢ ᠬᠣᠯᠪᠣᠭᠳᠠᠯ᠎ᠢ ᠢᠯᠡᠷᠡᠭᠦᠯᠵᠦ᠂ ᠮᠠᠨ᠎ᠤ ᠤᠯᠤᠰ᠎ᠤᠨ ᠪᠣᠳᠠᠲᠠᠢ᠎ᠳᠤ ᠨᠡᠢ᠌ᠴᠡᠭᠰᠡᠨ ᠴᠢᠨᠠᠷ ᠰᠠᠢ᠌ᠲᠠᠢ ᠬᠥᠭᠵᠢᠯᠲᠡ ᠵᠢᠨ ᠵᠠᠮ᠎ᠢ ᠨᠡᠭᠡᠭᠡᠬᠦ ᠬᠡᠷᠡᠭᠲᠡᠢ᠃ ᠬᠠᠷᠢᠯᠴᠠᠨ ᠰᠢᠭᠢᠳᠴᠦ ᠬᠠᠮᠲᠤ᠎ᠪᠠᠷ ᠠᠭᠤᠰᠤᠯᠴᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ᠌ᠷᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠃ ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠳᠦᠷᠢᠮ ᠲᠣᠭᠲᠠᠴᠠ ᠵᠢ  ᠪᠦᠷᠢᠨᠰᠢᠬᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠴᠢᠳᠠᠪᠤᠷᠢ ᠪᠣᠯᠣᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
       ᠱ᠌ᠢ᠎ᠲᠠᠢ ᠹᠧᠩ ᠬᠤᠷᠠᠯ᠎ᠢ ᠡᠷᠭᠢᠯᠡᠵᠦ᠂ ᠴᠧᠨ ᠢ ᠴᠢᠨ ᠬᠤᠷᠠᠯ᠎ᠳᠤ ᠣᠷᠣᠯᠴᠠᠵᠠᠢ᠃
      ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠬᠤᠯᠪᠤᠭᠳᠠᠯ ᠪᠦᠬᠦᠢ ᠠᠷᠠᠳ᠎ᠤᠨ ᠪᠦᠯᠬᠦᠮ ᠪᠣᠯᠣᠨ ᠲᠥᠪ᠎ᠤᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠵᠠᠰᠠᠭ᠎ᠤᠨ ᠣᠷᠳᠣᠨ᠎ᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃ ᠬᠠᠷᠠᠮᠥ᠋ᠷᠡᠨ᠂ ᠵᠧᠵᠢᠶᠠᠩ᠂ ᠭᠦᠢ᠍ᠵᠧᠦ᠂ ᠭᠠᠨᠰᠤ᠂ ᠰᠢᠨᠵᠢᠶᠠᠩ ᠪᠣᠯᠣᠨ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠶᠠᠷᠢᠶ᠎ᠠ ᠲᠠᠯᠪᠢᠪᠠ᠃



        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

ᠢᠷᠡᠯᠲᠡ᠄ ᠰᠢᠨᠬᠤᠸᠠ ᠬᠣᠷᠢᠶ᠎ᠠ