ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ 34 ᠳ᠋ᠦ᠍ᠭᠡᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠢᠴᠢ 28 ᠳ᠋ᠤᠭ᠋ᠠᠷ ᠤᠳᠠᠭ᠋ᠠᠨ᠎ᠤ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ — ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠷᠪᠠᠳᠤᠭ᠋ᠠᠷ ᠬᠤᠭᠤᠴᠠᠭ᠋ᠠᠨ᠎ᠤ ᠨᠣᠮ ᠤᠩᠰᠢᠬᠤ ᠠᠩᠭᠢ ᠵᠢ ᠡᠷᠬᠢᠯᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠬᠠᠢ᠌ᠨᠠᠨ ᠭᠤᠸᠠᠩᠳᠦ᠋ᠩ ᠵᠡᠷᠭᠡ ᠭᠠᠵᠠᠷ᠎ᠤᠨ ᠲᠠᠢ᠌ᠹᠧᠩ ᠰᠠᠯᠬᠢᠨ᠎ᠤ ᠭᠠᠮᠰᠢᠭ᠎ᠤᠨ ᠲᠤᠬᠠᠶ ᠴᠢᠬᠤᠯᠠ ᠵᠢᠭ᠋ᠠᠪᠤᠷᠢ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠡᠭᠦᠨ᠎ᠤ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠤᠷᠢᠨ᠎ᠳᠤ ᠰᠤᠷᠤᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ᠎ᠢ ᠡᠷᠬᠢᠯᠡᠪᠡ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠤᠷᠢᠨ᠎ᠳᠤ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠬᠢ᠎ᠲᠠᠢ᠎ᠪᠠᠨ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠶᠡᠬᠡ᠎ᠪᠠᠷ ᠤᠬᠠᠭᠤᠯᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ ᠪᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠤ》 ᠵᠢ ᠳᠡᠯᠭᠡᠷᠡᠭᠦᠯᠦᠨ ᠬᠡᠷᠡᠭᠯᠡᠬᠦ ᠵᠡᠷᠭᠡ ᠬᠣᠯᠪᠣᠭᠳᠠᠯ ᠪᠦᠬᠦᠢ ᠠᠵᠢᠯ᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠨᠳᠦᠰᠦᠨ ᠪᠣᠳᠣᠯᠭ᠎ᠠ ᠴᠢᠭᠯᠡᠯᠲᠡ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
3 ᠳ᠋ᠤᠭ᠋ᠠᠷ ᠬᠤᠭᠤᠴᠠᠭ᠋ᠠᠨ᠎ᠤ ᠨᠣᠮ ᠤᠩᠰᠢᠬᠤ ᠠᠩᠭᠢ ᠳᠡᠭᠡᠷ᠎ᠡ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠳᠣᠯᠤᠭ᠎ᠠ᠎ᠠᠴᠠ ᠶᠢᠰᠦᠳᠦᠭᠡᠷ ᠪᠦᠯᠦᠭ᠎ᠢ ᠰᠤᠷᠤᠯᠴᠠᠵᠤ᠂ ᠭᠣᠤᠯ ᠳᠤᠭᠤᠢ᠌ᠯᠠᠩ᠎ᠤᠨ 2 ᠪᠦᠷᠢᠯᠳᠦᠬᠦᠨ ᠥᠪᠡᠷ ᠥᠪᠡᠷ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠪᠠ᠃ ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠨᠢᠮᠪᠠᠢ ᠣᠢ᠌ᠯᠠᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠᠬᠢ ᠥᠭᠡᠷᠡᠴᠢᠯᠡᠯᠲᠡ ᠬᠥᠭᠵᠢᠯᠲᠡ ᠵᠢᠨ ᠴᠢᠬᠤᠯᠠ ᠶᠡᠬᠡ ᠦᠢᠯᠡᠳᠦᠯ ᠪᠠ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠤᠯᠤᠰ᠎ᠤᠨ ᠦᠨᠳᠦᠰᠦᠲᠡᠨ᠎ᠤ ᠵᠥᠪᠯᠡᠯ ᠵᠢᠴᠢ ᠮᠠᠨ᠎ᠤ ᠵᠥᠪᠯᠡᠯ᠎ᠤᠨ ᠪᠣᠳᠠᠲᠠᠶ ᠠᠵᠢᠯ᠎ᠤᠨ ᠬᠤᠪᠢᠶᠠᠷᠢᠯᠠᠯ ᠡᠭᠦᠷᠭᠡ ᠵᠢ ᠲᠡᠷᠡ ᠬᠡᠪ ᠵᠶ᠋ᠡᠷ᠎ᠨᠢ ᠨᠠᠢ᠌ᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠂ ᠪᠦᠲᠦᠮᠵᠢ᠎ᠲᠠᠢ ᠪᠣᠳᠠᠲᠠᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠴᠢᠨᠠᠭᠰᠢᠳᠠ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠡᠨ ᠬᠦ᠌ ᠪᠠᠲᠤᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ