ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ ᠶᠡᠬᠡ ᠶᠠᠪᠤᠳᠠᠯ》 ᠳᠤ ᠬᠦᠴᠦᠨ ᠵᠶ᠋ᠡᠨ ᠲᠦᠪᠯᠡᠷᠡᠭᠦᠯᠵᠦ᠂ ᠤᠬᠠᠭᠤᠯᠭ᠎ᠠ ᠬᠥᠮᠦᠵᠢᠯ᠎ᠤᠨ ᠠᠵᠢᠯ᠎ᠢ ᠪᠦᠲᠦᠮᠵᠢᠲᠡᠢ ᠠᠬᠢᠭᠤᠯᠬᠤ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠨᠡᠷ ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠶᠠᠷᠢᠯᠴᠠᠪᠠ᠃ ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠤᠷᠢᠶᠠᠨ ᠳᠠᠷᠤᠭ᠎ᠠ ᠯᠢᠦ ᠸᠧᠢ ᠶᠠᠷᠢᠯᠴᠠᠬᠤ ᠬᠤᠷᠠᠯ᠎ᠳᠤ ᠣᠷᠣᠯᠴᠠᠪᠠ᠃

ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠡᠩ ᠲᠡᠷᠢᠭᠦᠨ᠎ᠳᠤ ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶᠠᠨ᠎ᠤ ᠦᠵᠡᠭᠦᠯᠭᠡ ᠵᠢᠨ ᠲᠢᠩᠬᠢᠮ᠂ ᠨᠠᠮ᠎ᠤᠨ ᠪᠠᠶ᠋ᠢᠭᠤᠯᠤᠯᠲᠠ ᠵᠢᠨ ᠰᠣᠶᠣᠯ᠎ᠤᠨ ᠬᠤᠩᠬᠢᠯ ᠵᠢᠴᠢ ᠬᠤᠪᠢᠶᠠᠷᠢ ᠬᠣᠷᠢᠶᠠᠨ᠎ᠤ ᠲᠡᠦᠬᠡ ᠵᠢᠨ ᠳᠡᠯᠭᠡᠨ ᠦᠵᠡᠭᠦᠯᠭᠡ ᠵᠢᠨ ᠲᠠᠰᠤᠭ᠎ᠢ ᠲᠣᠭᠣᠷᠢᠨ ᠦᠵᠡᠵᠦ᠂ ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶᠠᠨ᠎ᠤ ᠨᠠᠮ᠎ᠤᠨ ᠤᠳᠤᠷᠢᠳᠤᠯᠭ᠎ᠠ ᠳᠣᠣᠷᠠᠬᠢ ᠬᠥᠭᠵᠢᠯᠲᠡ ᠵᠢᠨ ᠲᠡᠦᠬᠡᠨ ᠶᠠᠪᠤᠴᠠ ᠵᠢ ᠪᠦᠬᠦ ᠲᠠᠯ᠎ᠠ᠎ᠪᠠᠷ ᠣᠶ᠋ᠢᠯᠠᠭ᠋ᠠᠪᠠ᠃

ᠭᠤᠤ ᠵᠠᠨ ᠱᠧᠩ ᠡᠷᠬᠢᠯᠡᠭᠴᠢ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠡᠨᠡ ᠬᠦ᠌ ᠭᠤᠤᠯ ᠰᠢᠵᠢᠮ᠎ᠢ ᠴᠢᠩᠭ᠎ᠠ ᠡᠵᠡᠮᠳᠡᠵᠦ᠂ ᠲᠥᠪ᠎ᠤᠨ ᠦᠪᠦᠷ ᠮᠣᠩᠭᠤᠯ᠎ᠳᠤ ᠰᠠᠭᠤᠭ᠎ᠠ ᠵᠠᠭᠤᠴᠢᠯᠠᠭᠤᠷ᠎ᠲᠠᠢ ᠦᠷᠭᠦᠯᠵᠢᠯᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠤᠬᠠᠭᠤᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ 《ᠬᠣᠶᠠᠷ ᠶᠡᠬᠡ ᠶᠠᠪᠤᠳᠠᠯ》᠎ᠢ ᠬᠦᠴᠦᠯᠡᠨ ᠰᠠᠶ᠋ᠢᠲᠤᠷ ᠬᠢᠬᠦ ᠠᠵᠢᠯ᠎ᠤᠨ ᠡᠭᠦᠷᠭᠡ ᠵᠢ ᠣᠨᠢᠯᠠᠨ ᠲᠣᠭᠲᠠᠭ᠋ᠠᠵᠤ᠂ ᠤᠬᠠᠭᠤᠯᠭ᠎ᠠ ᠵᠢᠨ ᠰᠠᠨᠠᠭ᠋ᠠᠴᠢᠯᠠᠭ᠋ᠠᠲᠤ ᠴᠢᠨᠠᠷ ᠵᠶ᠋ᠠᠨ ᠴᠢᠩᠭ᠋ᠠᠳᠬᠠᠵᠤ᠂ ᠣᠨᠴᠠᠯᠢᠭᠲᠤ ᠤᠬᠠᠭᠤᠯᠭ᠎ᠠ ᠵᠢᠨ ᠠᠭᠤᠯᠭ᠎ᠠ ᠵᠢ ᠪᠣᠶ ᠪᠣᠯᠭ᠋ᠠᠨ᠎ᠠ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠬᠡᠷ᠎ᠢ ᠭᠦᠨᠵᠡᠭᠡᠢ ᠠᠭᠤᠳᠠᠯᠵᠤ᠂ ᠨᠡᠶ᠋ᠢᠲᠡᠯᠢᠭ ᠬᠥᠮᠦᠰ᠎ᠤᠨ ᠮᠡᠳᠡᠭᠡᠯᠡᠯ᠎ᠤᠨ ᠭᠦᠨᠴᠡ ᠪᠣᠯᠤᠨ ᠬᠡᠯᠪᠡᠷᠢ ᠵᠢ ᠥᠷᠭᠡᠳᠬᠡᠵᠦ᠂ ᠦᠨᠳᠦᠰᠦᠲᠡᠨ᠎ᠤ ᠪᠦᠯᠬᠦᠮᠳᠡᠯ᠎ᠤᠨ ᠰᠢᠨ᠎ᠡ ᠦᠯᠢᠬᠡᠷ᠎ᠢ ᠢᠯᠡᠷᠡᠭᠦᠯᠵᠦ᠂ ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ᠎ᠲᠠᠢ ᠬᠠᠮᠵᠢᠯᠴᠠᠨ ᠪᠣᠳᠠᠲᠠᠢ ᠲᠦᠷᠦᠭᠳᠡᠯ᠎ᠲᠠᠢ ᠪᠦᠲᠦᠮᠵᠢᠲᠡᠢ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠢ ᠴᠣᠭᠴᠠᠯᠠᠨ᠎ᠠ ᠭᠡᠪᠡ᠃
ᠬᠤᠷᠠᠯ᠎ᠳᠤ ᠣᠷᠣᠯᠴᠠᠭᠰᠠᠳ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠵᠤ ᠡᠷᠡᠮᠡᠬᠡᠶ᠋ᠢᠯᠡᠨ ᠤᠷᠤᠭᠰᠢᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ ᠪᠣᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠦᠷᠭᠦᠯᠵᠢᠯᠡᠨ ᠰᠠᠶ᠋ᠢᠲᠤᠷ ᠶᠠᠷᠢᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠤᠨ᠎ᠠ ᠭᠡᠵᠦ ᠢᠯᠡᠳᠬᠡᠵᠡᠭᠡᠪᠡ᠃
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠥᠸᠠᠢ ᠳ᠋ᠦᠩ