ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠨᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠢᠴᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-14

      1 ᠳ᠋ᠦ᠍ᠭᠡᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠨᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠢᠴᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠵᠢᠭ᠋ᠠᠪᠤᠷᠢ᠂ ᠵᠣᠬᠢᠶᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠥᠶ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ᠎ᠢ ᠡᠷᠬᠢᠯᠡᠪᠡ᠃

W020250110559079815807 (1).jpg

      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ 《ᠦᠨᠡᠨ》 ᠰᠡᠳᠬᠦᠯ᠎ᠳᠤ ᠨᠡᠶ᠋ᠢᠲᠡᠯᠡᠭᠰᠡᠨ ᠴᠢᠬᠤᠯᠠ ᠵᠣᠬᠢᠶᠠᠯ 《ᠨᠠᠮ᠎ᠤᠨ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠢ ᠭᠦᠨᠵᠡᠭᠡᠢ ᠠᠬᠢᠭᠤᠯᠤᠶ᠎ᠠ》 ᠵᠢᠴᠢ 《ᠨᠠᠮ᠎ᠤᠨ ᠲᠦᠷᠢᠮ》᠂ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭ᠋ᠠᠬᠤ ᠵᠢ ᠠᠬᠢᠭᠤᠯᠬᠤ ᠲᠤᠬᠠᠢ ᠲᠤᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 ᠵᠡᠷᠭᠡ ᠠᠭᠤᠯᠭ᠎ᠠ ᠵᠢ ᠤᠯᠠᠮᠵᠢᠯᠠᠨ ᠰᠤᠷᠤᠯᠴᠠᠪᠠ᠃ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠎ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠬᠥᠭᠵᠢᠭᠦᠯᠬᠦ᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭ᠋ᠠᠯᠠᠬᠤ᠂ ᠨᠠᠮ᠎ᠤᠨ ᠪᠦᠲᠦᠭᠡᠯᠴᠢ ᠬᠦᠴᠦᠨ ᠨᠢᠭᠲᠠᠷᠠᠯ᠎ᠤᠨ ᠬᠦᠴᠦᠨ ᠲᠠᠢ᠍ᠢ᠍ᠴᠢᠨ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠭᠡᠳᠡᠭ᠎ᠢ ᠭᠦᠨᠵᠡᠭᠡᠢ ᠲᠠᠨᠢᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠤᠯᠤᠰ ᠲᠦᠷᠦ ᠵᠢᠨ ᠵᠣᠭᠰᠣᠴᠠ᠎ᠪᠠᠨ ᠤᠯᠠᠮ ᠴᠠᠭ᠋ᠠᠰᠢᠲᠠ ᠳᠡᠭᠡᠭᠰᠢᠯᠡᠭᠦᠯᠵᠦ᠂ ᠤᠯᠤᠰ ᠲᠦᠷᠦ ᠵᠢᠨ ᠡᠭᠦᠷᠭᠡᠯᠡᠯ ᠵᠶ᠋ᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠲᠦᠷᠢᠮ ᠲᠣᠭᠲᠠᠭ᠋ᠠᠯ᠎ᠢ ᠵᠢᠷᠤᠮᠯᠠᠬᠤ ᠰᠠᠬᠢᠯᠭ᠎ᠠ ᠪᠠᠲᠤ ᠵᠢ ᠰᠠᠬᠢᠬᠤ᠎ᠪᠠᠷ ᠠᠵᠢᠯ ᠬᠢᠵᠦ ᠦᠢ᠍ᠯᠡᠰ ᠴᠣᠭᠴᠠᠯᠠᠬᠤ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠨ᠎ᠡ ᠨᠢᠭᠡ ᠵᠢᠯ᠎ᠤᠨ ᠠᠵᠢᠯ᠎ᠤᠨ ᠰᠠᠢ᠍ᠢ᠍ᠨ ᠡᠬᠢᠯᠡᠯᠲᠡ᠂ ᠰᠠᠢ᠍ᠢ᠍ᠨ ᠭᠠᠷᠤᠭ᠎ᠠ ᠠᠪᠬᠤ᠎ᠳᠤ ᠰᠠᠢ᠍ᠢ᠍ᠨ ᠰᠠᠶ᠋ᠢᠬᠠᠨ ᠣᠷᠴᠢᠨ ᠲᠣᠭᠣᠷᠢᠨ ᠪᠠ ᠠᠬᠤᠢ ᠨᠥᠭᠥᠴᠡᠯ᠎ᠢ ᠪᠤᠢ ᠪᠣᠯᠭ᠋ᠠᠬᠤ ᠬᠡᠷᠡᠭᠲᠡᠢ ᠭᠡᠵᠦ ᠪᠦᠬᠦ ᠨᠠᠮ᠎ᠤᠨ ᠭᠡᠰᠢᠭᠦᠨ ᠺᠠᠳ᠋ᠷ᠎ᠢ  ᠱᠠᠭ᠋ᠠᠷᠳᠠᠪᠠ᠃
    ᠬᠤᠷᠠᠯ ᠳᠡᠭᠡᠷ᠎ᠡ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠠᠷ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠦᠵᠡᠯ ᠰᠠᠨᠠᠭ᠎ᠠ ᠲᠠᠨᠢᠯᠲᠠ ᠪᠣᠯᠤᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ  ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠬᠤᠷᠠᠯ᠎ᠠᠴᠠ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ ᠪᠣᠯ ᠤᠳᠤᠷᠢᠳᠬᠤ ᠺᠠᠳ᠋ᠷᠴᠤᠳ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠨᠢᠭᠡ ᠤᠳᠠᠭ᠋ᠠᠨ᠎ᠤ ᠪᠣᠳᠠᠲᠠᠶ ᠰᠢᠯᠭ᠋ᠠᠯᠲᠠ ᠮᠥᠨ᠂ 《ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ》 ᠪᠠ 《ᠳᠥᠷᠪᠡᠨ ᠵᠦᠢ᠍ᠯ᠎ᠤᠨ ᠳᠠᠭ᠋ᠠᠭᠤᠯᠤᠭᠴᠢ》᠎ᠲᠠᠢ ᠬᠠᠷᠢᠴᠠᠭᠤᠯᠵᠦ᠂ ᠥᠪᠡᠷ᠎ᠤᠨ ᠪᠡᠶ᠎ᠡ᠎ᠪᠠᠷ ᠵᠶ᠋ᠠᠨ ᠣᠷᠣᠯᠴᠠᠵᠤ᠂ ᠲᠤᠰᠢᠶᠠᠯ ᠬᠠᠷᠢᠭᠤᠴᠠᠯᠭ᠎ᠠ ᠪᠠ ᠠᠵᠢᠯ ᠵᠶ᠋ᠠᠨ ᠪᠠᠭᠲᠠᠭ᠋ᠠᠨ ᠣᠷᠣᠭᠤᠯᠵᠤ᠂ ᠵᠣᠷᠢᠭᠲᠠᠶ᠎ᠪᠠᠷ ᠬᠢᠲᠤᠭ᠋ᠠᠨ᠎ᠤ ᠢᠷ ᠵᠶ᠋ᠠᠨ ᠳᠣᠲᠣᠭᠰᠢ ᠬᠠᠨᠳᠤᠭᠤᠯᠵᠤ᠂ ᠠᠰᠠᠭᠤᠳᠠᠯ᠎ᠢ ᠭᠦᠨᠵᠡᠭᠡᠶ ᠪᠠᠶ᠋ᠢᠴᠠᠭ᠋ᠠᠨ ᠳᠡᠯᠭᠡᠵᠦ᠂ ᠦᠨᠳᠦᠰᠦ ᠰᠤᠷᠪᠤᠯᠵᠢ ᠵᠢ᠎ᠨᠢ ᠭᠦᠨᠵᠡᠭᠡᠶ ᠵᠠᠳᠠᠯᠵᠤ᠂ ᠬᠥᠮᠦᠨ ᠶᠠᠪᠤᠳᠠᠯ ᠦᠵᠡᠯ ᠰᠠᠨᠠᠭ᠎ᠠ ᠵᠢ ᠣᠶ᠋ᠢᠯᠠᠭ᠋ᠠᠵᠤ᠂ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠬᠤ᠎ᠳᠤ ᠵᠢᠱ᠌ᠢᠭᠰᠡᠨ ᠦᠷ᠎ᠡ ᠪᠦᠲᠦᠮᠵᠢ᠎ᠲᠠᠢ ᠪᠣᠯᠭ᠋ᠠᠵᠤ᠂ ᠰᠠᠬᠢᠯᠭ᠎ᠠ ᠪᠠᠲᠤ ᠵᠢ ᠮᠡᠳᠡᠵᠦ ᠰᠠᠬᠢᠯᠭ᠎ᠠ ᠪᠠᠲᠤ ᠵᠢ ᠣᠶ᠋ᠢᠯᠠᠭ᠋ᠠᠵᠤ᠂ ᠬᠠᠷᠠᠭ᠋ᠠᠰᠦ᠎ᠪᠠᠨ ᠲᠡᠯᠡᠵᠦ ᠦᠵᠡᠯ ᠰᠠᠨᠠᠭ᠎ᠠ᠎ᠪᠠᠨ ᠨᠢᠭᠡᠳᠬᠡᠵᠦ᠂ ᠪᠦᠯᠬᠦᠮᠳᠡᠯ ᠵᠶ᠋ᠠᠨ ᠴᠢᠩᠭ᠋ᠠᠳᠬᠠᠨ ᠠᠵᠢᠯ᠎ᠤᠨ ᠰᠤᠷᠲᠠᠯ ᠵᠶ᠋ᠠᠨ ᠬᠤᠪᠢᠷᠠᠭᠤᠯᠵᠤ᠂ ᠠᠵᠢᠯ ᠵᠶ᠋ᠠᠨ ᠰᠠᠶ᠋ᠢᠵᠢᠷᠠᠭᠤᠯᠬᠤ ᠵᠣᠷᠢᠯᠭ᠎ᠠ᠎ᠳᠤ᠎ᠪᠠᠨ ᠬᠦᠷᠬᠦ ᠬᠡᠷᠡᠭᠲᠡᠶ ᠭᠡᠵᠡᠶ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
         ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ



ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠭᠠᠵᠠᠷ)