ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠪᠦᠬᠦ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠡᠷᠬᠢᠯᠡᠭᠴᠢᠳ᠎ᠤᠨ ᠬᠤᠷᠠᠯ ᠪᠡᠭᠡᠵᠢᠩ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-01-17

      1 ᠳ᠋ᠤᠬᠡᠷ ᠰᠠᠷ᠎ᠠ ᠵᠢᠨ 15᠎ᠤ ᠡᠳᠦᠷ᠂ ᠪᠦᠬᠦ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠡᠷᠬᠢᠯᠡᠭᠴᠢᠳ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠫᠠᠨ ᠶᠤᠸᠠᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ  ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ᠎ᠢ ᠲᠤᠭᠳᠠᠭ᠋ᠠᠰᠠᠨ》᠎ᠢ ᠡᠷᠡᠰ ᠬᠦᠷᠢᠶᠠᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠬᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠬᠡᠵᠦ᠂ ᠵᠡᠮ ᠨᠡᠭᠡᠭᠡᠨ ᠰᠢᠨ᠎ᠡ ᠵᠢ ᠡᠬᠦᠳᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠤᠨ ᠲᠤᠭᠤᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ ᠵᠶ᠋ᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠵᠤ᠂ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠤᠨ ᠦᠨᠳᠦᠰᠦᠲᠡᠨ᠎ᠤ ᠠᠵᠢᠯ᠎ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃

_cgi-bin_mmwebwx-bin_webwxgetmsgimg__&MsgID=2688823180288646672&skey=@crypt_dfa71234_f336899a55ed644824c2631d37e4ebb7&mmweb_appid=wx_webfilehelper.jpg

      ᠬᠤᠷᠠᠯ᠎ᠠᠴᠠ᠂ 2024 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠠᠩᠭᠢᠯᠠᠭ᠎ᠠ ᠵᠢᠨ ᠵᠢᠯ ᠪᠣᠯᠤᠨ᠎ᠠ᠂ ᠪᠠᠰᠠ ᠴᠤ᠌ ᠦᠨᠳᠦᠰᠦᠲᠡᠨ᠎ᠤ ᠠᠵᠢᠯ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠤᠭᠰᠠᠨ ᠨᠢᠭᠡ ᠵᠢᠯ ᠪᠣᠯᠤᠨ᠎ᠠ᠃ ᠪᠦᠬᠦ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠢ ᠪᠡᠯᠡᠳᠬᠡᠨ ᠬᠤᠷᠠᠯᠳᠤᠭᠤᠯᠵᠤ᠂ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠪᠡ᠃ 《ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠋ᠠᠨ᠎ᠤ ᠰᠤᠷᠤᠯᠴᠠᠯᠭ᠎ᠠ ᠵᠢᠨ ᠤᠩᠰᠢᠬᠤ ᠪᠢᠴᠢᠭ》᠎ᠢ ᠨᠠᠢ᠌ᠷᠠᠭᠤᠯᠤᠨ ᠬᠡᠪᠯᠡᠭᠦᠯᠵᠦ᠂ ᠦᠨᠳᠦᠰᠦᠲᠡᠨ᠎ᠤ ᠬᠦᠷᠢᠶᠡᠨ᠎ᠳᠠᠬᠢ ᠰᠠᠭᠤᠷᠢ ᠴᠢᠨᠠᠷᠲᠠᠢ ᠤᠨᠤᠯ᠎ᠤᠨ ᠠᠰᠠᠭᠤᠳᠠᠯ᠎ᠤᠨ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ》 ᠵᠢ ᠨᠠᠢ᠌ᠷᠠᠭᠤᠯᠤᠨ ᠲᠤᠭᠤᠷᠪᠢᠬᠤ ᠵᠢ ᠬᠦᠴᠦᠯᠡᠨ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠵᠢᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠣᠯᠪᠣᠭᠳᠠᠯ ᠪᠦᠬᠦᠢ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢ ᠲᠦᠷᠭᠡᠳᠬᠡᠵᠦ᠂  《ᠳᠤᠮᠳᠠᠳᠤ ᠤᠯᠤᠰ᠎ᠤᠨ ᠰᠢᠨᠵᠢᠶᠠᠩ᠎ᠤᠨ ᠲᠡᠦᠬᠡ ᠪᠠ ᠢᠷᠡᠭᠡᠳᠦᠢ》 ᠵᠢᠨ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠢ ᠡᠷᠬᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠤᠨ ᠪᠠᠢ᠌ᠭᠤᠯᠤᠯᠲᠠ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠥᠷᠭᠡᠨ ᠳᠡᠯᠭᠡᠷ ᠭᠦᠨᠵᠡᠭᠡᠢ ᠥᠷᠨᠢᠭᠦᠯᠵᠦ᠂ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ 《ᠠᠵᠢᠨᠠᠶ ᠱᠠᠩᠨᠠᠯ》᠎ᠤᠨ ᠰᠢᠯᠭ᠋ᠠᠷᠠᠭᠤᠯᠤᠯᠲᠠ ᠵᠢ ᠬᠠᠮᠲᠤᠷᠠᠨ ᠡᠷᠬᠢᠯᠡᠵᠦ᠂ ᠦᠨᠳᠦᠰᠦᠲᠡᠨ᠎ᠤ ᠭᠠᠵᠠᠷ ᠣᠷᠣᠨ᠎ᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠵᠢ ᠭᠦᠨᠵᠡᠭᠡᠢ᠌ᠷᠡᠭᠦᠯᠵᠦ᠂ 《ᠭᠤᠷᠪᠠᠨ ᠲᠦᠷᠦᠯ᠎ᠤᠨ ᠲᠥᠯᠥᠪᠯᠡᠭᠡ》 ᠵᠢ ᠭᠦᠨᠵᠡᠭᠡᠶ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠳᠤ ᠰᠢᠨ᠎ᠡ ᠳᠦᠷᠰᠦ ᠪᠠᠢ᠌ᠳᠠᠯ ᠢᠯᠡᠷᠡᠬᠦ ᠵᠢ ᠠᠬᠢᠭᠤᠯᠪᠠ᠃ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠦᠷᠢᠮ ᠲᠤᠭᠳᠠᠯᠴᠠᠭ᠎ᠠ ᠵᠢ ᠬᠠᠢ᠌ᠨ ᠰᠦᠪᠡᠭᠴᠢᠯᠡᠵᠦ᠂ ᠨᠡᠢ᠌ᠲᠡᠯᠢᠭ ᠴᠢᠨᠠᠷ᠎ᠢ ᠨᠡᠮᠡᠭᠳᠡᠭᠦᠯᠬᠦ ᠴᠢᠭᠯᠡᠯ ᠶᠣᠰᠣᠭ᠋ᠠᠷ ᠦᠨᠳᠦᠰᠦᠲᠡᠨ᠎ᠤ ᠬᠦᠷᠢᠶᠡᠨ᠎ᠳᠠᠬᠢ ᠠᠵᠤ ᠠᠬᠤᠶ ᠵᠢᠨ ᠲᠥᠷᠥ ᠵᠢᠨ ᠪᠣᠳᠣᠯᠭ᠎ᠠ᠎ᠳᠤ ᠰᠢᠨ᠎ᠡ ᠠᠭᠤᠯᠤᠭᠳᠠᠬᠤᠨ ᠣᠯᠭᠣᠵᠤ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠨᠡᠢ᠌ᠭᠡᠮ ᠵᠢᠷᠤᠮ᠎ᠤᠨ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠰᠢᠨ᠎ᠡ ᠠᠬᠢᠴᠠ᠎ᠲᠠᠢ ᠪᠣᠯᠬᠤ ᠵᠢ ᠠᠬᠢᠭᠤᠯᠪᠠ᠃ ᠦᠨᠳᠦᠰᠦᠲᠡᠨ᠎ᠤ ᠬᠦᠷᠢᠶᠡᠨ᠎ᠳᠠᠬᠢ ᠬᠠᠤᠯᠢ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠵᠤ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠯᠠᠪᠳᠠᠭᠤᠨ ᠪᠣᠯᠭᠣᠮᠵᠢᠲᠠᠶ ᠠᠬᠢᠭᠤᠯᠵᠤ᠂ ᠦᠨᠳᠦᠰᠦᠲᠡᠨ᠎ᠤ ᠬᠡᠷᠡᠭ ᠡᠷᠭᠢᠯᠡᠬᠦ ᠵᠢ ᠵᠠᠰᠠᠬᠤ ᠰᠢᠰᠲᠸᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ ᠰᠢᠨ᠎ᠡ ᠠᠬᠤᠶ ᠪᠠᠢ᠌ᠳᠠᠯ᠎ᠢ ᠨᠡᠬᠡᠬᠡᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠷᠲᠡᠨ᠎ᠤ ᠰᠤᠳᠤᠷ ᠪᠢᠴᠢᠭ᠎ᠤᠨ ᠦᠵᠡᠭᠦᠯᠭᠡ ᠵᠢ ᠰᠢᠯᠢᠳᠡᠭᠵᠢᠬᠦᠯᠵᠦ᠂ 《ᠲᠤᠮᠳᠠᠳᠤ ᠵᠢ ᠦᠬᠦᠯᠡᠬᠦᠢ》 ᠰᠣᠶᠣᠯ ᠤᠬᠠᠭᠤᠯᠭ᠎ᠠ ᠵᠢᠨ ᠲᠦᠷᠦᠯ ᠲᠡᠮᠳᠡᠭ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠢ᠌ᠲᠤᠷ ᠶᠠᠷᠢᠵᠤ ᠰᠢᠨ᠎ᠡ ᠪᠠᠢ᠌ᠳᠠᠯ᠎ᠢ ᠨᠡᠬᠡᠬᠡᠪᠠ᠃ ᠮᠡᠳᠡᠭᠡ ᠵᠠᠩᠭᠢ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠰᠠᠢ᠌ᠲᠤᠷ ᠰᠠᠬᠢᠵᠤ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠵᠢᠨ ᠲᠠᠯᠳᠠ ᠭᠡᠮ᠎ᠢ ᠰᠡᠷᠭᠡᠢ᠌ᠯᠡᠨ ᠠᠷᠢᠯᠭ᠋ᠠᠵᠤ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠦᠨᠡᠨ ᠬᠦ᠌ ᠬᠠᠮᠠᠭ᠋ᠠᠯᠠᠵᠡᠢ ᠬᠡᠵᠦ ᠵᠢᠭ᠋ᠠᠨ ᠭᠠᠷᠭ᠋ᠠᠪᠠ᠃
      ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ 2024 ᠣᠨ᠎ᠤ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠶᠡᠷᠦᠩᠬᠡᠶ ᠱᠠᠭ᠋ᠠᠷᠳᠠᠯᠭ᠎ᠠ ᠵᠢ ᠲᠣᠳᠣᠷᠬᠠᠶ ᠳᠤᠷᠠᠳᠴᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠃ ᠪᠦᠬᠦ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠭᠦᠨᠵᠡᠭᠡᠢ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢᠨ ᠴᠢᠬᠤᠯᠠ ᠶᠡᠬᠡ ᠤᠨᠤᠯ᠎ᠤᠨ ᠰᠢᠨ᠎ᠡ ᠡᠭᠦᠳᠦᠯᠲᠡ ᠵᠢ ᠭᠦᠨᠵᠡᠭᠡᠢ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠬᠥᠭᠵᠢᠬᠦ ᠦᠨᠳᠦᠰᠦᠨ ᠵᠢᠮ᠎ᠡ ᠶᠣᠰᠣ ᠵᠢ ᠭᠦᠨᠵᠡᠭᠡᠢ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠴᠢᠬᠤᠯᠠ ᠶᠡᠬᠡ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠬᠤ ᠬᠡᠷᠡᠭᠲᠡᠢ᠃ 《ᠠᠷᠪᠠᠨ ᠬᠣᠶᠠᠷ ᠡᠷᠬᠡᠪᠰᠢ》 ᠭᠡᠬᠦ ᠦᠨᠳᠦᠰᠦᠨ ᠵᠢᠷᠤᠮᠯᠠᠯ᠎ᠢ ᠢᠮᠠᠭᠲᠠ ᠪᠠᠷᠢᠮᠲᠠᠯᠠᠵᠤ᠂ 《ᠬᠣᠶᠠᠷ᠎ᠢ ᠤᠶᠠᠯᠳᠤᠭᠤᠯᠬᠤ》 ᠭᠡᠬᠦ ᠶᠡᠬᠡ ᠶᠤᠰᠤ ᠤᠴᠢᠷ᠎ᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠡᠬᠦ ᠦᠨᠳᠦᠰᠦᠨ ᠱᠠᠭ᠋ᠠᠷᠳᠠᠯᠭ᠎ᠠ ᠵᠢ ᠢᠮᠠᠭᠲᠠ ᠪᠠᠷᠢᠮᠲᠠᠯᠠᠵᠤ᠂ ᠠᠵᠢᠯ᠎ᠤᠨ ᠬᠠᠮᠲᠤᠷᠠᠯ ᠬᠦᠴᠦᠨ᠎ᠢ ᠨᠢᠭᠲᠠᠷᠠᠭᠤᠯᠬᠤ ᠬᠡᠬᠦ ᠦᠨᠳᠦᠰᠦᠨ ᠠᠷᠭ᠎ᠠ ᠵᠠᠮ᠎ᠢ ᠢᠮᠠᠭᠲᠠ ᠪᠠᠷᠢᠮᠲᠠᠯᠠᠵᠤ᠂ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠦᠵᠡᠯ ᠰᠠᠨᠠᠭ᠋ᠠᠨ᠎ᠤ ᠬᠤᠷᠴᠠ ᠵᠡᠪᠰᠡᠭ᠎ᠢ ᠢᠮᠠᠭᠲᠠ ᠪᠠᠷᠢᠮᠲᠠᠯᠠᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠶᠣᠰᠣᠭ᠋ᠠᠷ᠎ᠨᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃
      ᠬᠤᠷᠠᠯ᠎ᠠᠴᠠ᠂ 2025 ᠣᠨ᠎ᠤ ᠪᠥᠬᠥ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠢᠰᠲ᠋ᠧᠮ ᠪᠠ ᠪᠠᠢ᠌ᠭᠤᠯᠤᠯ ᠲᠤᠭᠳᠠᠯᠴᠠᠭ᠎ᠠ ᠵᠢ ᠪᠠᠢ᠌ᠭᠤᠯᠬᠤ ᠵᠢ ᠪᠣᠳᠣᠯᠬᠢᠯᠠᠵᠤ᠂ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠪᠠ ᠤᠶᠤᠨ᠎ᠤ ᠬᠥᠮᠥᠷᠭᠡ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠮᠠᠲ᠋ᠧᠷᠢᠶᠠᠯ᠂ ᠦᠭᠡ ᠶᠠᠷᠢᠶ᠎ᠠ ᠪᠠ ᠤᠨᠤᠯ᠎ᠤᠨ ᠰᠢᠰᠲ᠋ᠧᠮ᠎ᠢ ᠲᠦᠷᠭᠡᠪᠴᠢᠯᠡᠨ ᠪᠦᠷᠢᠯᠳᠦᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ ᠵᠢ ᠪᠤᠳᠤᠯᠬᠢᠯᠠᠵᠤ᠂ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠎ᠤᠨ ᠲᠤᠭᠳᠠᠯᠴᠠᠭ᠎ᠠ ᠵᠢ ᠪᠠᠢ᠌ᠭᠤᠯᠤᠨ ᠪᠦᠷᠢᠨᠰᠢᠬᠦᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠲᠤᠪᠤᠢ᠍ᠢ᠍ᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠬᠠᠤᠯᠢ᠎ᠪᠠᠷ ᠵᠠᠰᠠᠬᠤ ᠰᠢᠰᠲ᠋ᠧᠮ ᠪᠠ ᠲᠤᠭᠳᠠᠯᠴᠠᠭ᠎ᠠ ᠵᠢ ᠪᠠᠢ᠌ᠭᠤᠯᠬᠤ ᠵᠢ ᠪᠤᠳᠤᠯᠬᠢᠯᠠᠵᠤ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠪᠦᠷᠢᠨᠰᠢᠬᠦᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠬᠠᠤᠯᠢ᠎ᠪᠠᠷ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠬᠠᠷᠢᠯᠴᠠᠨ ᠰᠢᠬᠢᠳᠬᠡᠯᠳᠦ ᠮᠠᠶᠢᠭ᠎ᠤᠨ ᠪᠠᠢ᠌ᠭᠤᠯᠤᠮᠵᠢ ᠲᠤᠭᠳᠠᠯᠴᠠᠭ᠎ᠠ ᠵᠢ ᠪᠦᠷᠢᠨᠰᠢᠬᠦᠯᠬᠦ᠎ᠪᠠᠷ ᠭᠣᠣᠯᠳᠠᠭᠤᠯᠵᠤ᠂ ᠡᠭᠦᠳᠦᠨ ᠪᠠᠢ᠌ᠭᠤᠯᠬᠤ ᠠᠵᠢᠯ᠎ᠤᠨ ᠤᠳᠤᠷᠢᠳᠤᠮᠵᠢ ᠵᠢᠨ ᠦᠢ᠍ᠯᠡᠳᠦᠯ᠎ᠢ ᠤᠯᠠᠮ ᠴᠢᠨᠠᠭᠰᠢᠳᠠ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠠᠪᠴᠠᠩ ᠪᠣᠯᠤᠨ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠬᠤᠳᠠ ᠵᠢᠨ ᠦᠨᠳᠦᠰᠦᠲᠡᠨ᠎ᠤ ᠠᠵᠢᠯ᠎ᠤᠨ ᠰᠢᠨ᠎ᠡ ᠠᠷᠭ᠎ᠠ ᠵᠠᠮ᠎ᠢ ᠰᠦᠪᠡᠭᠴᠢᠯᠡᠬᠦ ᠬᠡᠷᠡᠭᠲᠡᠢ᠃ 《ᠭᠤᠷᠪᠠᠨ ᠠᠴᠢ ᠬᠣᠯᠪᠣᠭᠳᠠᠯ》᠎ᠢ ᠠᠬᠢᠭᠤᠯᠬᠤ ᠲᠤᠭᠳᠠᠯᠴᠠᠭ᠎ᠠ ᠵᠢ ᠪᠠᠢ᠌ᠭᠤᠯᠤᠨ ᠪᠦᠷᠢᠨᠰᠢᠬᠦᠯᠬᠦ ᠵᠢ ᠪᠣᠳᠣᠯᠬᠢᠯᠠᠵᠤ᠂ 《ᠪᠠᠳᠤᠳᠬᠠᠬᠤ》 ᠤᠳᠤᠷᠢᠳᠤᠮᠵᠢ ᠵᠢ ᠦᠨᠳᠦᠰᠦᠲᠡᠨ᠎ᠤ ᠭᠠᠵᠠᠷ ᠣᠷᠣᠨ᠎ᠤ ᠥᠭᠡᠷᠡᠴᠢᠯᠡᠯᠲᠡ ᠬᠥᠭᠵᠢᠯᠲᠡ ᠵᠢᠨ ᠪᠦᠬᠦ ᠶᠠᠪᠤᠴᠠ ᠡᠯ᠎ᠡ ᠲᠠᠯ᠎ᠠ᠎ᠳᠤ ᠢᠯᠡ ᠲᠣᠳᠣ ᠣᠷᠣᠭᠤᠯᠬᠤ ᠬᠡᠷᠡᠭᠲᠡᠢ᠃ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠤᠨ ᠳᠠᠪᠠᠭᠤᠯᠢᠭ᠎ᠢ ᠪᠠᠳᠠᠷᠠᠭᠤᠯᠬᠤ ᠵᠢ ᠪᠤᠳᠤᠯᠬᠢᠯᠠᠵᠤ᠂ ᠦᠨᠳᠦᠰᠦᠲᠡᠨ᠎ᠤ ᠠᠵᠢᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠬᠥᠮᠦᠰ᠎ᠤᠨ ᠰᠡᠳᠬᠢᠯ ᠪᠠ ᠬᠦᠴᠦᠨ ᠴᠢᠳᠠᠯ᠎ᠤᠨ ᠰᠠᠭᠤᠷᠢ ᠵᠢ ᠪᠡᠬᠢᠵᠢᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
      ᠬᠤᠷᠠᠯ᠎ᠠᠴᠠ 《2024 ᠣᠨ᠎ᠳᠤ ᠤᠯᠤᠰ᠎ᠤᠨ ᠦᠨᠳᠦᠰᠦᠲᠡᠨ᠎ᠤ ᠵᠥᠪᠯᠡᠯ᠎ᠳᠤ ᠮᠡᠳᠡᠭᠡ ᠵᠠᠩᠭᠢ ᠬᠦᠷᠭᠡᠭᠰᠡᠨ ᠲᠡᠷᠢᠭᠦᠨ᠎ᠤ ᠬᠠᠮᠲᠤ ᠨᠢᠬᠡᠴᠢ ᠪᠣᠯᠤᠨ ᠲᠡᠷᠢᠭᠦᠨ᠎ᠤ ᠬᠤᠪᠢ ᠬᠥᠮᠦᠨ᠎ᠢ ᠵᠠᠷᠯᠠᠨ ᠨᠡᠢ᠌ᠲᠡᠯᠡᠵᠦ ᠬᠥᠬᠢᠭᠦᠯᠦᠨ ᠰᠠᠢ᠌ᠰᠢᠶᠠᠬᠤ ᠲᠤᠬᠠᠶ ᠲᠣᠭᠲᠠᠭ᠋ᠠᠯ》᠎ᠢ ᠤᠩᠰᠢᠨ ᠨᠡᠢ᠌ᠲᠡᠯᠡᠭᠰᠡᠨ ᠪᠥᠭᠡᠳ ᠬᠥᠬᠢᠭᠦᠯᠦᠯ ᠭᠥᠷᠳᠡᠭᠰᠡᠨ ᠲᠥᠯᠥᠭᠡᠯᠡᠭᠴᠢᠳ᠎ᠲᠤ ᠢᠯᠡᠷᠬᠡᠢ᠌ᠯᠡᠯ ᠭᠠᠷᠳᠠᠭᠤᠯᠪᠠ᠃ ᠬᠠᠷᠠᠮᠥ᠋ᠷᠡᠨ᠂ ᠵᠢᠶᠠᠩᠰᠦ᠂ ᠬᠤᠪᠸᠢ᠂ ᠭᠤᠸᠠᠩᠰᠢ᠂ ᠶᠦᠨᠨᠠᠨ᠂ ᠨᠢᠩᠰᠢᠶᠠ ᠵᠡᠷᠭᠡ 6 ᠮᠤᠵᠢ ᠣᠷᠣᠨ᠎ᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠭᠣᠤᠯ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃

_cgi-bin_mmwebwx-bin_webwxgetmsgimg__&MsgID=3760293537366390782&skey=@crypt_dfa71234_f336899a55ed644824c2631d37e4ebb7&mmweb_appid=wx_webfilehelper.jpg

      ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠢ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠲᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢᠦ ᠵᠢᠶᠦ᠋ᠨ ᠴᠤᠸᠠᠨ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠤᠰᠬᠠᠢ ᠲᠤᠰᠢᠶᠠᠯᠳᠤ ᠭᠡᠰᠢᠭᠦᠨ ᠬᠤᠷᠠᠯ᠎ᠳᠤ ᠣᠷᠣᠯᠴᠠᠪᠠ᠃ ᠲᠥᠪ᠎ᠤᠨ ᠪᠠ ᠲᠥᠷᠥ ᠵᠢᠨ ᠪᠠᠢ᠌ᠭᠤᠯᠭ᠎ᠠ ᠨᠢᠬᠡᠴᠢ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠡᠯ᠎ᠡ ᠪᠠᠢ᠌ᠭᠤᠯᠭ᠎ᠠ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠨᠥᠬᠥᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢ᠌ᠭᠤᠯᠤᠯᠲᠠ ᠵᠢᠨ ᠪᠢᠩᠲ᠋ᠤᠸᠠᠨ᠂ ᠳᠡᠳ᠋ ᠮᠤᠵᠢ ᠵᠢᠨ ᠲᠠᠰ᠎ᠤᠨ ᠬᠣᠲᠠ ᠵᠢᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠭᠣᠤᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃ ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠦᠨᠳᠦᠰᠦᠲᠡᠨ᠎ᠤ ᠰᠣᠶᠣᠯ᠎ᠤᠨ ᠣᠷᠳᠣᠨ᠎ᠳᠤ ᠬᠦᠷᠴᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠷᠲᠡᠨ᠎ᠤ ᠳᠤᠷᠠᠰᠬᠠᠯᠲᠤ ᠵᠦᠢ᠍ᠯᠡᠰ᠎ᠤᠨ ᠦᠵᠡᠰᠬᠦᠯᠡᠩ᠎ᠢ ᠲᠣᠭᠣᠷᠢᠨ ᠦᠵᠡᠪᠡ᠃




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠤᠯᠤᠰ᠎ᠤᠨ ᠦᠨᠳᠦᠰᠦᠲᠡᠨ᠎ᠤ ᠵᠦᠪᠯᠡᠯ