ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠦᠬᠦ ᠣᠷᠣᠨ᠎ᠤ ᠰᠢᠨ᠎ᠡ ᠨᠢᠭᠡ ᠵᠢᠯ᠎ᠤᠨ ᠬᠥᠭᠵᠢᠯᠲᠡ᠎ᠳᠤ ᠡᠭᠦᠷᠭᠡ ᠵᠢᠨ ᠪᠢᠴᠢᠭ᠎ᠢ ᠲᠤᠳᠤᠷᠬᠠᠢ᠌ᠯᠠᠵᠦ᠂ ᠪᠠᠢ᠌ᠷᠢᠰᠢᠭᠤᠯᠤᠯᠲᠠ ᠵᠢᠨ ᠵᠢᠷᠤᠭ᠎ᠢ ᠵᠢᠷᠤᠵᠤ᠂ ᠤᠷᠤᠭᠰᠢᠯᠠᠯᠳᠠ ᠵᠢᠨ ᠪᠦᠷᠢᠶ᠎ᠡ ᠵᠢ ᠬᠠᠩᠬᠢᠨᠠᠭᠤᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠵᠦ ᠡᠷᠡᠯᠬᠡᠭᠯᠡᠨ ᠤᠷᠤᠭᠰᠢᠯᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠤᠷᠤᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠯᠳᠠᠨ ᠦᠰᠦᠭᠲᠦ ᠫᠠᠢ᠌ᠰᠠ ᠵᠢ ᠤᠯᠠᠮ ᠭᠢᠯᠠᠯᠵᠠᠭᠤᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠬᠦᠴᠦᠯᠡᠨ ᠪᠢᠴᠢᠭᠯᠡᠨ᠎ᠡ᠃
ᠣᠢ᠌ᠷ᠎ᠠ ᠵᠢᠨ ᠡᠳᠦᠷ᠎ᠤᠳ᠎ᠲᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠺᠠᠳ᠋ᠷ ᠠᠵᠢᠯᠲᠠᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ᠎ᠠᠴᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠣᠶ ᠪᠣᠯᠭ᠋ᠠᠪᠠ᠃ ᠤᠯᠠᠨ ᠵᠶ᠋ᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠡᠬᠢᠯᠡᠮᠡᠭᠴᠡ ᠰᠢᠪᠲᠤᠯᠤᠯᠲᠠ ᠬᠢᠬᠦ ᠲᠡᠮᠡᠴᠡᠯ᠎ᠤᠨ ᠲᠦᠷᠰᠦ ᠪᠠᠢ᠌ᠳᠠᠯ ᠵᠶ᠋ᠠᠷ 《ᠲᠤᠪᠳᠤᠯᠵᠦ》᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠠᠵᠢᠯ᠎ᠤᠨ ᠰᠤᠷᠲᠠᠯ ᠵᠶ᠋ᠠᠷ ᠰᠢᠨ᠎ᠡ ᠬᠠᠷᠢᠭᠤᠯᠲᠠ ᠲᠤᠰᠢᠶᠠᠵᠤ᠂ ᠰᠠᠢ᠌ᠨ ᠰᠠᠢ᠌ᠬᠠᠨ ᠵᠢᠷᠤᠭ ᠲᠦᠰᠦᠪ᠎ᠢ ᠪᠣᠳᠠᠲᠤ ᠠᠬᠤᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠨ᠎ᠠ ᠭᠡᠵᠦ ᠢᠯᠡᠳᠬᠡᠵᠡᠭᠡᠪᠡ᠃
ᠠᠯᠪᠠᠨ ᠭᠡᠷ᠎ᠤᠨ ᠡᠷᠬᠢᠯᠡᠭᠴᠢ ᠯᠢᠦ ᠪᠢᠨ᠄ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠨᠡ ᠵᠢᠯ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠲᠤᠬᠠᠢ ᠪᠣᠳᠠᠲᠠᠢ ᠪᠠᠢ᠌ᠷᠢᠯᠠᠭᠤᠯᠤᠯᠲᠠ ᠬᠢᠵᠦ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠠᠯᠢ ᠣᠯᠠᠨ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠲᠤᠷᠠᠳᠴᠠᠢ᠃ ᠦᠨᠳᠦᠰᠦᠲᠡᠨ᠎ᠤ ᠠᠵᠢᠯ᠎ᠤᠨ ᠺᠠᠳ᠋ᠷ ᠪᠣᠯᠤᠭᠰᠠᠨ ᠪᠢ ᠬᠠᠷᠢᠭᠤᠴᠠᠯᠭ᠎ᠠ ᠬᠦᠨᠳᠦ᠂ ᠡᠭᠦᠷᠭᠡ ᠦᠩᠭᠡ ᠭᠡᠷᠡᠯᠳᠠᠢ ᠭᠡᠳᠡᠭ᠎ᠢ ᠭᠦᠨᠵᠡᠭᠡᠢ ᠣᠢ᠌ᠯᠠᠭ᠋ᠠᠵᠤ ᠪᠠᠢ᠌ᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ᠂ ᠲᠤᠬᠠᠢ᠌ᠯᠠᠭᠰᠠᠨ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠤᠰ ᠪᠡᠶ᠎ᠡ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠣᠯᠣᠨ ᠶᠡᠷᠦᠩᠭᠡᠢ᠌ᠯᠡᠭᠰᠡᠨ ᠬᠡᠪ ᠴᠢᠨᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠯᠠᠪᠳᠠᠭᠤᠨ ᠪᠠᠲᠤᠲᠠᠢ ᠠᠵᠢᠯ᠎ᠤᠨ ᠰᠤᠷᠲᠠᠯ ᠵᠶ᠋ᠠᠷ ᠦᠨᠳᠦᠰᠦᠲᠡᠨ᠎ᠤ ᠠᠵᠢᠯ᠎ᠳᠤ ᠢᠳᠡᠪᠬᠢᠲᠡᠢ ᠣᠷᠣᠯᠴᠠᠵᠤ᠂ 《ᠬᠦᠯᠢᠶᠡᠵᠦ ᠳᠡᠶ᠋ᠢᠯᠬᠦ ᠦᠭᠡᠢ》 ᠲᠤᠯᠭ᠋ᠠᠮ ᠰᠡᠳᠬᠢᠯᠭᠡ ᠪᠠ 《ᠤᠳᠠᠭ᠋ᠠᠰᠢᠷᠠᠭᠤᠯᠵᠤ ᠪᠤᠯᠤᠰᠢ ᠦᠭᠡᠢ》 ᠲᠦᠭᠰᠢᠭᠦᠷᠢᠲᠦ ᠰᠡᠳᠬᠢᠯᠭᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠤᠨ ᠲᠤᠭᠤᠷᠢᠨ᠎ᠳᠤ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠠᠬ᠎ᠠ ᠳᠡᠭᠦᠦ ᠨᠠᠷ ᠦᠢ᠍ᠯᠡᠳᠦᠯᠴᠡᠯ᠎ᠤᠨ ᠳᠤᠮᠳᠠ ᠣᠢ᠌ᠯᠠᠭ᠋ᠠᠯᠴᠠᠭ᠎ᠠ᠎ᠪᠠᠨ ᠨᠡᠮᠡᠭᠳᠡᠬᠦᠯᠵᠦ᠂ ᠬᠠᠢ᠌ᠷ᠎ᠠ ᠰᠡᠳᠬᠢᠯᠭᠡ᠎ᠪᠠᠨ ᠵᠤᠵᠠᠭ᠋ᠠᠳᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠲᠤ᠎ᠪᠠᠷ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠨᠢᠭᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠣᠭᠲᠠᠭᠤᠨ᠎ᠢ ᠬᠠᠮᠲᠤ᠎ᠪᠠᠷ ᠬᠠᠮᠠᠭ᠋ᠠᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯ ᠴᠡᠴᠡᠭᠯᠡᠯ ᠲᠣᠭᠲᠠᠭᠤᠨ᠎ᠳᠤ ᠥᠪᠡᠷ᠎ᠤᠨ ᠪᠥᠬᠥ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠭᠡᠪᠡ᠃
ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠭᠠᠵᠠᠷ (ᠠᠵᠢᠯᠲᠠᠨ᠎ᠤ ᠶᠠᠪᠤᠳᠠᠯ᠎ᠤᠨ ᠭᠠᠵᠠᠷ)᠎ᠤᠨ ᠲᠤᠰᠬᠠᠢ ᠲᠤᠰᠢᠶᠠᠯᠲᠤ ᠳᠡᠳ᠋ ᠱᠦᠵᠢ (ᠭᠠᠵᠠᠷ᠎ᠤᠨ ᠳᠠᠷᠤᠭ᠎ᠠ) ᠯᠢ ᠵᠢᠶᠠ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠠᠴᠠ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠦᠷᠬᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠵᠠᠮ ᠱᠤᠭᠤᠮ ᠪᠠ ᠵᠦᠭ ᠴᠢᠭᠯᠡᠯ᠎ᠢ ᠲᠣᠳᠣᠷᠬᠠᠢ ᠵᠢᠭ᠋ᠠᠪᠠ᠃ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠨᠠᠮ᠎ᠤᠨ ᠠᠵᠢᠯᠲᠠᠨ ᠪᠣᠯᠤᠭᠰᠠᠨ ᠪᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠢᠮᠠᠭᠲᠠ ᠪᠠᠷᠢᠮᠲᠠᠯᠠᠵᠤ᠂ ᠤᠨᠤᠯ ᠵᠶ᠋ᠠᠷ ᠵᠡᠪᠰᠡᠭᠯᠡᠬᠦ ᠵᠢ ᠬᠦᠴᠦᠯᠡᠨ ᠭᠦᠨᠵᠡᠭᠡᠢ᠌ᠷᠡᠭᠦᠯᠵᠦ᠂ ᠦᠨᠳᠦᠰᠦᠨ ᠱᠠᠲᠤᠨ᠎ᠤ ᠰᠠᠭᠤᠷᠢ ᠵᠢ ᠬᠦᠴᠦᠯᠡᠨ ᠪᠠᠲᠤᠳᠬᠠᠵᠤ᠂ ᠰᠤᠷᠲᠠᠯ᠎ᠢ ᠴᠡᠭᠴᠡᠯᠡᠵᠦ ᠰᠠᠬᠢᠯᠭ᠎ᠠ ᠪᠠᠲᠤ ᠵᠢ ᠴᠢᠩᠳᠠᠯᠠᠬᠤ ᠵᠢ ᠬᠦᠴᠦᠯᠡᠨ ᠠᠬᠢᠭᠤᠯᠵᠤ᠂ 《ᠨᠠᠮ᠎ᠤᠨ ᠪᠠᠢ᠌ᠭᠤᠯᠤᠯᠲᠠ + ᠦᠨᠳᠦᠰᠦᠲᠡᠨ᠎ᠤ ᠪᠦᠯᠬᠦᠮᠳᠡᠯ ᠲᠠᠪᠰᠢᠯᠳᠠ》 ᠵᠢᠨ ᠠᠵᠢᠯ᠎ᠤᠨ ᠵᠠᠭᠪᠤᠷ ᠵᠶ᠋ᠠᠷ ᠥᠭᠡᠷᠡᠴᠢᠯᠡᠯᠲᠡ ᠵᠢ ᠪᠦᠬᠦ ᠬᠦᠴᠦᠨ ᠵᠶ᠋ᠡᠷ ᠵᠶ᠋ᠡᠨ ᠠᠳᠬᠤᠵᠤ᠂ ᠬᠥᠭᠵᠢᠯᠲᠡ ᠵᠢ ᠠᠬᠢᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠨ᠎ᠠ ᠭᠡᠵᠦ ᠢᠯᠡᠳᠭᠡᠪᠡ᠃
ᠣᠨᠣᠯ᠎ᠤᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠵᠠᠩ ᠯᠢᠩ ᠯᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠠᠵᠢᠯ᠎ᠤᠨ ᠭᠣᠣᠯ ᠰᠢᠵᠢᠮ᠎ᠤᠨ ᠲᠤᠭᠤᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠰᠣᠳᠤᠯᠭ᠎ᠠ ᠪᠠ ᠤᠬᠠᠭᠤᠯᠭ᠎ᠠ ᠲᠠᠢ᠌ᠯᠪᠤᠷᠢᠯᠠᠯᠲᠠ ᠵᠢ ᠴᠢᠩᠭ᠋ᠠᠳᠬᠠᠵᠤ᠂ ᠠᠩᠬᠠᠷᠤᠯ ᠵᠶ᠋ᠡᠨ ᠲᠦᠪᠯᠡᠷᠡᠬᠦᠯᠦᠨ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠬᠦ ᠪᠠ 《ᠵᠢᠷᠭᠤᠭ᠋ᠠᠨ ᠢᠨᠵᠧᠨᠧᠷᠢᠩ》᠂ 《ᠵᠢᠷᠭᠤᠭ᠋ᠠᠨ ᠠᠵᠢᠯᠯᠠᠭ᠎ᠠ》 ᠵᠢ ᠠᠬᠢᠭᠤᠯᠤᠨ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠎ᠢ ᠥᠷᠨᠢᠭᠦᠯᠵᠦ᠂ ᠠᠯᠢᠪᠠ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠤᠯᠪᠤᠭᠳᠠᠯ》᠎ᠢ ᠢᠯᠡᠷᠡᠭᠦᠯᠬᠦ ᠲᠤᠰᠬᠠᠢ ᠰᠤᠳᠤᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠥᠪᠥᠷ ᠮᠣᠩᠭᠣᠯ᠎ᠤᠨ ᠦᠢ᠍ᠯᠡᠳᠦᠯᠭᠡ ᠵᠢᠨ ᠰᠤᠳᠤᠯᠭ᠋ᠠᠨ᠎ᠢ ᠦᠷᠨᠢᠬᠦᠯᠵᠦ᠂ 《ᠲᠠᠪᠤᠨ ᠶᠡᠬᠡ ᠲᠣᠭᠲᠠᠴᠠ ᠵᠢ ᠪᠦᠷᠢᠨᠰᠢᠭᠦᠯᠵᠦ᠂ ᠦᠷ᠎ᠡ ᠪᠦᠲᠦᠭᠡᠯ᠎ᠤᠨ ᠤᠯᠠᠷᠢᠭᠤᠯᠤᠯᠳᠠ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ (ᠪᠣᠢ᠌ᠵᠢᠭᠤᠯᠬᠤ)᠎ᠤ ᠰᠠᠭᠤᠷᠢᠨ ᠭᠠᠵᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡᠨ ᠮᠠᠲ᠋ᠧᠷᠢᠶᠠᠯ᠎ᠤᠨ ᠲᠤᠭᠲᠠᠯᠴᠠᠭ᠎ᠠ᠂ ᠦᠭᠡ ᠶᠠᠷᠢᠶᠠᠨ᠎ᠤ ᠲᠤᠭᠲᠠᠯᠴᠠᠭ᠎ᠠ᠂ ᠣᠨᠣᠯ᠎ᠤᠨ ᠲᠤᠭᠲᠠᠯᠴᠠᠭ᠎ᠠ ᠵᠢ ᠪᠠᠶ᠋ᠢᠭᠤᠯᠬᠤ ᠵᠢᠨ ᠲᠦᠯᠦᠭᠡ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠭᠡᠪᠡ᠃
ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠠᠷᠤᠭ᠎ᠠ ᠶᠠᠩ ᠹᠠᠩ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ 2024 ᠣᠨ᠎ᠤ ᠠᠵᠢᠯ᠎ᠢ ᠪᠥᠬᠥ ᠲᠠᠯ᠎ᠠ᠎ᠪᠠᠷ ᠳ᠋ᠦᠩᠨᠡᠭᠰᠡᠨ ᠪᠥᠭᠡᠳ 2025 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ ᠪᠠᠢ᠌ᠷᠢᠯᠠᠭᠤᠯᠪᠠ᠂ ᠢᠯᠠᠩᠭᠤᠶ᠎ᠠ ᠰᠢᠨ᠎ᠡ᠎ᠪᠠᠷ ᠳᠤᠷᠠᠳᠤᠭᠰᠠᠨ 《ᠵᠢᠷᠭᠤᠭ᠋ᠠᠨ ᠠᠵᠢᠯᠯᠠᠭ᠎ᠠ》᠎ᠳᠤ ᠥᠪᠥᠷ ᠮᠣᠩᠭᠣᠯ᠎ᠤᠨ ᠬᠥᠭᠵᠢᠯᠲᠡ ᠵᠢᠨ ᠠᠤᠭ᠎ᠠ ᠲᠥᠰᠥᠪ᠎ᠢ ᠵᠢᠷᠤᠬᠯᠠᠵᠤ ᠦᠭᠴᠡᠢ᠃ ᠰᠠᠶᠢᠬᠠᠨ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠨᠢ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠡᠩ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠶᠠᠪᠤᠳᠠᠯ᠎ᠢ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠵᠤ᠂ ᠠᠵᠤ ᠠᠬᠤᠢ ᠵᠢᠨ ᠪᠠᠢ᠌ᠭᠤᠯᠤᠯᠲᠠ᠂ ᠤᠯᠤᠰ ᠲᠥᠷᠥ ᠵᠢᠨ ᠪᠠᠢ᠌ᠭᠤᠯᠤᠯᠲᠠ᠂ ᠰᠣᠶᠣᠯ᠎ᠤᠨ ᠪᠠᠢ᠌ᠭᠤᠯᠤᠯᠲᠠ᠂ ᠨᠡᠢ᠌ᠭᠡᠮ᠎ᠤᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠨᠠᠮ᠎ᠤᠨ ᠪᠠᠢ᠌ᠭᠤᠯᠤᠯᠲᠠ ᠵᠢᠨ ᠪᠦᠬᠦ ᠶᠠᠪᠤᠴᠠ ᠵᠢᠨ ᠡᠯ᠎ᠡ ᠲᠠᠯ᠎ᠠ᠎ᠳᠤ ᠳᠠᠬᠢᠨ ᠪᠠᠢ᠌ᠷᠢᠯᠠᠭᠤᠯᠵᠤ᠂ ᠳᠠᠬᠢᠨ ᠳᠠᠶ᠋ᠢᠴᠢᠯᠠᠵᠤ᠂ ᠳᠠᠬᠢᠨ ᠠᠬᠢᠭᠤᠯᠵᠡᠢ᠃ ᠦᠨᠳᠦᠰᠦᠲᠡᠨ᠎ᠤ ᠠᠵᠢᠯᠲᠠᠨ ᠪᠣᠯᠤᠭᠰᠠᠨ᠎ᠤ ᠬᠤᠪᠢ᠎ᠳᠤ ᠪᠢ ᠬᠠᠷᠢᠭᠤᠴᠠᠯᠭ᠎ᠠ ᠵᠢ ᠡᠬᠦᠷᠭᠡᠯᠡᠵᠦ᠂ ᠡᠭᠦᠷᠭᠡ ᠲᠤᠰᠢᠶᠠᠯ᠎ᠢ ᠲᠡᠷᠢᠭᠦᠨ ᠪᠠᠢ᠌ᠷᠢᠨ᠎ᠳᠤ ᠲᠠᠯᠪᠢᠨ᠎ᠠ ᠭᠡᠳᠡᠭ᠎ᠢ ᠭᠦᠨᠵᠡᠭᠡᠢ ᠤᠢ᠌ᠯᠠᠭ᠋ᠠᠪᠠ᠃ ᠨᠢᠭᠡ ᠬᠤᠪᠢ ᠵᠢᠨ ᠪᠠᠢ᠌ᠷᠢᠯᠠᠭᠤᠯᠤᠯᠲᠠ ᠵᠢ ᠶᠢᠰᠦᠨ ᠬᠤᠪᠢ᠎ᠪᠠᠷ ᠨᠠᠢ᠌ᠳᠠᠪᠦᠷᠢᠵᠢᠭᠤᠯᠤᠨᠠ᠂ ᠪᠢᠳᠡ ᠪᠥᠬᠥᠳᠡ ᠬᠤᠷᠠᠯ ᠪᠠ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠪᠦᠷᠢᠨ ᠪᠦᠲᠦᠨ ᠪᠥᠬᠥ ᠲᠠᠯ᠎ᠠ᠎ᠪᠠᠷ ᠣᠨᠣᠪᠴᠢᠲᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠩ ᠪᠠᠲᠤ ᠴᠢᠩᠭ᠎ᠠ ᠢᠲᠡᠭᠡᠯ ᠵᠣᠷᠢᠭ᠂ ᠨᠠᠩ ᠯᠠᠪᠳᠠᠭᠤᠨ ᠪᠠᠲᠤᠲᠠᠢ ᠰᠤᠷᠲᠠᠯ᠂ ᠨᠠᠩ ᠰᠢᠯᠭ᠋ᠠᠷᠠᠭᠰᠠᠨ ᠴᠢᠳᠠᠪᠤᠷᠢ᠎ᠪᠠᠷ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠦᠢ᠍ᠯᠡᠳᠦᠯᠭᠡ᠎ᠳᠤ ᠣᠷᠣᠯᠴᠠᠵᠤ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠦ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ》 ᠳᠡᠭᠡᠷ᠎ᠡ ᠦᠨᠳᠦᠰᠦᠲᠡᠨ᠎ᠤ ᠠᠵᠢᠯᠲᠠᠳ᠎ᠤᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠬᠦ᠎ᠪᠠᠷ ᠴᠢᠷᠮᠠᠢ᠌ᠨ᠎ᠠ ᠭᠡᠵᠦ ᠢᠯᠡᠳᠭᠡᠪᠡ᠃
ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ᠎ᠤᠨ ᠳᠠᠷᠤᠭ᠎ᠠ ᠯᠢ ᠿᠸ ᠱᠤ᠌᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ 2025 ᠣᠨ᠎ᠤ ᠪᠦᠬᠦ ᠣᠷᠣᠨ᠎ᠤ ᠴᠢᠬᠤᠯᠠ ᠠᠵᠢᠯ᠎ᠤᠨ ᠬᠠᠷᠠᠯᠲᠠ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠠᠴᠠ ᠪᠠᠰᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ 《ᠳᠤᠯᠤᠭ᠋ᠠᠨ ᠵᠢᠱ᠌ᠢᠶᠡᠴᠢ ᠪᠣᠯᠬᠤ》 ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ》 ᠤᠯᠠᠨ ᠲᠦᠮᠡᠨᠴᠢ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ 《ᠵᠢᠷᠭᠤᠭ᠋ᠠᠨ ᠦᠭᠡ ᠵᠢᠨ ᠪᠣᠳᠠᠲᠤ ᠶᠠᠪᠤᠳᠠᠯ ᠪᠠ ᠶᠣᠰᠣ ᠤᠴᠢᠷ》᠎ᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠬᠤ ᠬᠡᠷᠡᠭᠲᠡᠢ ᠭᠡᠵᠦ ᠳᠠᠬᠢᠨᠲᠠ ᠲᠤᠷᠠᠳᠴᠡᠢ᠃ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠳᠣᠬᠠᠨ᠎ᠤ ᠠᠵᠤ ᠠᠬᠤᠢ ᠵᠢᠨ ᠪᠠᠢ᠌ᠳᠠᠯ᠎ᠤᠨ ᠲᠤᠬᠠᠢ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠠ 2025 ᠣᠨ᠎ᠤ ᠠᠵᠤ ᠠᠬᠤᠢ ᠵᠢᠨ ᠠᠵᠢᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠦ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ》 ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠦᠷᠬᠦᠯᠵᠢᠯᠡᠨ ᠭᠡᠷᠡᠭᠵᠢᠬᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠦᠷᠨᠢᠬᠦᠯᠬᠦ ᠭᠡᠷᠡᠭᠳᠡᠢ᠃ ᠲᠤᠰ ᠪᠡᠶ᠎ᠡ ᠵᠢᠨ ᠠᠵᠢᠯ᠎ᠤᠨ ᠡᠭᠦᠷᠭᠡ ᠴᠢᠳᠠᠪᠤᠷᠢ᠎ᠳᠤ᠎ᠪᠠᠨ ᠰᠠᠭᠤᠷᠢᠯᠠᠵᠤ᠂ 《ᠭᠤᠷᠪᠠᠨ ᠵᠦᠢ᠍ᠯ᠎ᠤᠨ ᠲᠥᠯᠥᠪᠯᠡᠭᠡ》 ᠵᠢ ᠬᠡᠷᠡᠭᠵᠢᠭᠦᠯᠬᠦ᠎ᠪᠠᠷ ᠲᠠᠮᠵᠢᠭᠤᠯᠵᠦ᠂ ᠨᠡᠢ᠌ᠲᠡᠯᠢᠭ ᠴᠢᠨᠠᠷ᠎ᠢ ᠨᠡᠮᠡᠭᠳᠡᠭᠦᠯᠬᠦ ᠤᠳᠤᠷᠢᠳᠤᠮᠵᠢ ᠵᠢ ᠬᠣᠢ᠌ᠰᠢᠳᠠ ᠵᠢᠨ ᠡᠯ᠎ᠡ ᠵᠦᠢ᠍ᠯ᠎ᠤᠨ ᠠᠵᠢᠯ᠎ᠤᠨ ᠪᠦᠬᠦ ᠶᠠᠪᠤᠴᠠ ᠪᠠ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ᠃ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠡᠯ᠎ᠡ ᠱᠠᠲᠤᠨ᠎ᠤ ᠺᠠᠳ᠋ᠷ ᠤᠯᠠᠨ ᠲᠦᠮᠡᠨ᠎ᠢ ᠬᠠᠪᠰᠤᠷᠴᠤ 《ᠭᠤᠷᠪᠠᠨ ᠲᠥᠯᠥᠪᠯᠡᠭᠡ》 ᠵᠢ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠤᠨ᠎ᠠ᠃ ᠬᠤᠯᠪᠤᠭ᠋ᠠᠯᠠᠨ ᠬᠠᠮᠵᠢᠯᠴᠠᠬᠤ ᠵᠢ ᠴᠢᠩᠭ᠋ᠠᠳᠬᠠᠵᠤ ᠠᠵᠢᠯ᠎ᠤᠨ ᠬᠠᠮᠲᠤᠷᠠᠯ᠎ᠤᠨ ᠬᠦᠴᠦᠨ᠎ᠢ ᠨᠡᠮᠡᠭᠳᠡᠬᠦᠯᠵᠦ᠂ 《ᠭᠤᠷᠪᠠᠨ ᠵᠦᠢ᠍ᠯ᠎ᠤᠨ ᠲᠥᠯᠥᠪᠯᠡᠭᠡ》 ᠵᠢ ᠪᠦᠬᠦ ᠨᠡᠢ᠌ᠭᠡᠮ ᠲᠠᠶᠠᠭ᠋ᠠᠷ᠎ᠲᠤ ᠥᠷᠭᠡᠨ ᠵᠶ᠋ᠡᠷ ᠥᠷᠨᠢᠭᠦᠯᠬᠦ ᠵᠢ ᠠᠬᠢᠭᠤᠯᠤᠨ᠎ᠠ᠃ ᠤᠬᠠᠭᠤᠯᠭ᠎ᠠ ᠬᠥᠮᠦᠵᠢᠯ᠎ᠤᠨ ᠭᠦᠨ ᠵᠤᠵᠠᠭ᠋ᠠᠨ ᠠᠬᠤᠢ ᠨᠦᠭᠦᠴᠡᠯ ᠢ ᠪᠣᠶ ᠪᠣᠯᠭ᠋ᠠᠬᠤ ᠵᠢ ᠴᠢᠩᠭ᠋ᠠᠳᠬᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠵᠢᠨ ᠪᠣᠳᠠᠲᠤ ᠬᠡᠷᠡᠭ ᠪᠠ ᠲᠡᠷᠢᠭᠦᠨ᠎ᠤ ᠬᠥᠮᠥᠨ᠂ ᠨᠡᠢ᠌ᠲᠡᠯᠢᠭ ᠪᠣᠳᠠᠲᠤ ᠵᠢᠱ᠌ᠢᠶ᠎ᠡ ᠵᠢ ᠠᠭᠤᠳᠠᠯᠤᠨ ᠡᠮᠬᠢᠯᠡᠵᠦ᠂ 《ᠠᠭᠤᠰᠤᠯᠴᠠᠭ᠎ᠠ》 ᠵᠢᠨ ᠣᠨᠣᠯᠵᠢᠬᠤᠨ᠎ᠢ ᠪᠣᠶ ᠪᠣᠯᠭ᠋ᠠᠵᠤ᠂ ᠠᠵᠢᠯ ᠵᠶ᠋ᠠᠨ ᠪᠤᠳᠠᠳᠠᠢ᠌ᠵᠢᠭᠤᠯᠤᠨ ᠨᠠᠷᠢᠯᠢᠬ᠍ᠵᠢᠭᠤᠯᠬᠤ ᠵᠢ ᠠᠬᠢᠭᠤᠯᠤᠨ᠎ᠠ ᠭᠡᠵᠦ ᠢᠯᠡᠳᠭᠡᠪᠡ᠃
ᠬᠠᠮᠲᠤ᠎ᠪᠠᠷ ᠬᠦᠭᠵᠢᠬᠦᠯᠬᠦ ᠭᠠᠵᠠᠷ᠎ᠤᠨ ᠳᠠᠷᠤᠭ᠎ᠠ ᠯᠢ ᡁᠢ ᠲᠢᠶᠠᠨ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠵᠢᠷᠤᠭᠯᠠᠭᠰᠠᠨ ᠵᠶ᠋ᠠᠷ ᠬᠥᠮᠥᠰ᠎ᠢ ᠵᠣᠷᠢᠭᠵᠢᠭᠤᠯᠤᠨ ᠤᠷᠤᠭᠰᠢᠯᠠᠭᠤᠯᠪᠠ᠃ ᠪᠢᠳᠡ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ ᠲᠡᠮᠡᠴᠡᠵᠦ ᠣᠯᠣᠭᠰᠠᠨ 《ᠤᠮᠠᠷᠠᠲᠤ ᠵᠢᠨ ᠭᠤᠷᠪᠠᠨ ᠣᠷᠣᠨ》᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠶᠡᠬᠡ ᠲᠠᠯ᠎ᠠ᠎ᠳᠤ ᠦᠢ᠍ᠯᠡᠴᠢᠯᠡᠵᠦ᠂ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠦᠭᠵᠢᠬᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠬᠢᠯᠢ ᠵᠢᠨ ᠠᠷᠠᠳ᠎ᠢ ᠪᠠᠶᠠᠵᠢᠭᠤᠯᠬᠤ᠂ ᠬᠢᠯᠢ ᠵᠢᠨ ᠪᠣᠭᠣᠮᠲᠠ ᠵᠢ ᠭᠤᠶᠤᠵᠢᠭᠤᠯᠬᠤ᠂ ᠬᠢᠯᠢ ᠬᠢᠵᠠᠭ᠋ᠠᠷ᠎ᠢ ᠲᠤᠭᠳᠠᠭᠤᠨ ᠪᠠᠢ᠌ᠯᠭ᠋ᠠᠬᠤ᠂ ᠬᠢᠯᠢ ᠵᠢᠨ ᠬᠠᠮᠠᠭ᠋ᠠᠯᠠᠯᠲᠠ ᠵᠢ ᠪᠡᠬᠢᠵᠢᠬᠦᠯᠬᠦ ᠵᠢ ᠴᠢᠷᠮᠠᠢ᠌ᠨ ᠪᠡᠶᠡᠯᠡᠭᠦᠯᠦᠨ᠎ᠡ᠃ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠪᠡᠯᠡ ᠮᠥᠩᠭᠥ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠨ᠎ᠠ᠃ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠦᠨᠳᠦᠰᠦᠳᠡᠨ᠎ᠤ ᠠᠷᠠᠯᠵᠢᠶ᠎ᠠ ᠠᠷᠠᠳ᠎ᠤᠨ ᠬᠡᠷᠡᠭᠯᠡᠭᠡᠨ᠎ᠤ ᠦᠢ᠍ᠯᠡᠳᠬᠦᠨ᠎ᠤ ᠠᠵᠤ ᠦᠢ᠍ᠯᠡᠰ᠎ᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠨᠢᠭᠦᠯᠦᠨ᠎ᠡ᠃ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠠᠵᠢᠯ ᠣᠯᠭᠣᠯᠲᠠ ᠵᠢ ᠠᠬᠢᠭᠤᠯᠬᠤ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠨ ᠵᠢᠯᠤᠭᠤᠳᠤᠨ᠎ᠠ᠃ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠬᠢᠯᠢ ᠬᠢᠵᠠᠭ᠋ᠠᠷ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢᠨ ᠤᠬᠠᠭᠤᠯᠭ᠎ᠠ ᠬᠥᠮᠦᠵᠢᠯ᠎ᠤᠨ ᠣᠷᠳᠣ ᠬᠣᠩᠭᠢᠯ᠎ᠢ ᠦᠷᠭᠦᠯᠵᠢᠯᠡᠨ ᠴᠣᠭᠴᠠᠯᠠᠵᠤ᠂ 《ᠲᠠᠪᠤ ᠮᠡᠳᠡᠷᠡᠬᠦᠢ》 ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠨ᠎ᠠ ᠬᠡᠵᠦ ᠢᠯᠡᠳᠭᠡᠪᠡ᠃
ᠰᠣᠶᠣᠯ ᠤᠬᠠᠭᠤᠯᠭ᠎ᠠ ᠵᠢᠨ ᠭᠠᠵᠠᠷ᠎ᠤᠨ ᠳᠠᠷᠤᠭ᠎ᠠ ᠯᠢ ᠶᠠᠨ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠰᠣᠶᠣᠯ ᠤᠬᠠᠭᠤᠯᠭ᠎ᠠ ᠵᠢᠨ ᠠᠵᠢᠯ᠎ᠤᠨ ᠪᠦᠬᠦ ᠶᠠᠪᠤᠴᠠ᠎ᠳᠤ ᠠᠭᠤᠰᠤᠯᠴᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠵᠢ ᠬᠦᠨᠵᠡᠭᠡᠢ᠌ᠷᠡᠬᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠠᠢ᠌ᠲᠤᠷ ᠡᠷᠭᠢᠯᠡᠵᠦ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠪᠦᠯᠬᠦᠮᠳᠡᠨ ᠨᠢᠭᠲᠠᠷᠠᠭᠰᠠᠨ ᠠᠮᠢᠳᠤᠯᠢᠭ ᠳᠦᠷᠢ ᠲᠥᠷᠬᠦ ᠵᠢ ᠭᠦᠢ᠍ᠴᠡᠳ ᠳᠡᠯᠭᠡᠨ ᠦᠵᠡᠭᠦᠯᠵᠦ᠂ ᠰᠣᠶᠣᠯ᠂ ᠪᠡᠶ᠎ᠡ ᠵᠢᠨ ᠲᠠᠮᠢᠷ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠠᠬᠢᠭᠤᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠭᠡᠪᠡ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ