ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠯᠲᠡᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠦᠨᠳᠦᠰᠦᠯᠡᠵᠦ᠂ 1 ᠳ᠋ᠦ᠍ᠭᠡᠷ ᠰᠠᠷ᠎ᠠ ᠵᠢᠨ 22᠎ᠤᠨ ᠡᠳᠦᠷ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ᠎ᠬᠢᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠥᠷᠪᠡᠳᠦᠭᠡᠷ ᠱᠠᠭ᠋ᠠᠷᠳᠠᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ ᠵᠠᠩ ᠸᠸᠨ ᠵᠢᠶᠦ᠋ᠨ᠂ ᠬᠣᠯᠪᠣᠭ᠋ᠠᠴᠢᠨ ᠰᠢᠩ ᠯᠢ ᠹᠸᠩ᠂ ᠪᠦᠷᠢᠯᠳᠦᠬᠦᠨ ᠯᠢᠨ ᠹᠠᠩ ᠷᠦ᠋᠂ ᠵᠠᠩ ᠽᠢ ᠨᠢᠶᠠᠨ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ᠎ᠢ ᠡᠷᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ᠎ᠬᠢᠨ ᠲᠣᠰ ᠣᠳᠠᠭ᠋ᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠬᠤᠷᠠᠯ᠎ᠠᠴᠠ ᠡᠮᠦᠨ᠎ᠡ᠂ ᠤᠨᠤᠯ᠎ᠤᠨ ᠰᠤᠷᠤᠯᠴᠠᠯᠭ᠎ᠠ ᠪᠣᠯᠤᠨ ᠰᠣᠯᠢᠯᠴᠠᠭ᠎ᠠ᠂ ᠰᠤᠳᠤᠯᠤᠨ ᠶᠠᠷᠢᠯᠴᠠᠭ᠎ᠠ ᠵᠢ ᠨᠠᠷᠢᠨ ᠬᠢᠨᠠᠮᠠᠭ᠋ᠠᠢ ᠥᠷᠨᠢᠭᠦᠯᠵᠦ᠂ ᠥᠷᠭᠡᠨ ᠵᠶ᠋ᠠᠷ ᠰᠠᠨᠠᠯ ᠰᠠᠨᠠᠭᠤᠯᠭ᠎ᠠ ᠬᠤᠷᠢᠶᠠᠵᠤ᠂ ᠴᠢᠩ ᠦᠨᠡᠨᠴᠢ᠎ᠪᠠᠷ ᠰᠡᠳᠬᠢᠯ᠎ᠤᠨ ᠦᠭᠡ᠎ᠪᠠᠨ ᠶᠠᠷᠢᠯᠴᠠᠵᠤ᠂ 《ᠲᠦᠷᠪᠡᠨ ᠳᠠᠭ᠋ᠠᠭᠤᠯᠭ᠎ᠠ》 ᠵᠢ ᠴᠢᠩᠭ᠎ᠠ ᠡᠵᠡᠮᠳᠡᠵᠦ᠂ ᠠᠰᠠᠭᠤᠳᠠᠯ᠎ᠢ ᠪᠦᠬᠦ ᠲᠠᠯ᠎ᠠ᠎ᠪᠠᠷ ᠡᠮᠬᠢᠯᠡᠨ ᠪᠠᠶ᠋ᠢᠴᠠᠭ᠋ᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠭᠦᠨᠵᠡᠭᠡᠢ ᠵᠠᠳᠠᠯᠤᠯᠲᠠ ᠬᠢᠵᠦ᠂ ᠬᠠᠷᠢᠴᠠᠭᠤᠯᠤᠨ ᠪᠠᠶ᠋ᠢᠴᠠᠭ᠋ᠠᠬᠤ ᠮᠠᠲ᠋ᠧᠷᠢᠶᠠᠯ᠎ᠢ ᠨᠢᠮᠪᠠᠢ ᠪᠢᠴᠢᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠢᠬᠦ᠎ᠳᠤ ᠭᠦᠢ᠍ᠴᠡᠳ ᠪᠡᠯᠡᠳᠬᠡᠯ ᠬᠢᠵᠡᠢ᠃
ᠬᠤᠷᠠᠯ᠎ᠠᠴᠠ ᠡᠩ ᠲᠡᠷᠢᠭᠦᠨ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠦᠮᠦᠵᠢᠯ᠎ᠤᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠣᠯᠤᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠢᠴᠢ ᠲᠣᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭᠰᠠᠨ ᠪᠠᠶ᠋ᠢᠳᠠᠯ᠎ᠢ ᠵᠠᠷᠯᠠᠨ ᠮᠡᠳᠡᠭᠳᠡᠪᠡ᠃ ᠭᠤᠤ ᠵᠠᠨ ᠱᠧᠩ ᠤᠳᠤᠷᠢᠳᠬᠤ ᠪᠠᠭ᠎ᠢ ᠲᠥᠯᠥᠭᠡᠯᠡᠨ ᠬᠠᠷᠢᠴᠠᠭᠤᠯᠤᠨ ᠪᠠᠶ᠋ᠢᠴᠠᠭ᠋ᠠᠵᠤ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠰᠢᠯᠲᠠᠭ᠋ᠠᠨ᠎ᠢ ᠭᠦᠨᠵᠡᠭᠡᠢ ᠵᠠᠳᠠᠯᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠭᠰᠠᠨ ᠪᠥᠭᠡᠳ ᠲᠦᠷᠦᠭᠦᠯᠡᠨ ᠬᠤᠪᠢ ᠬᠥᠮᠦᠨ᠎ᠤ ᠬᠠᠷᠢᠴᠠᠭᠤᠯᠤᠨ ᠪᠠᠢ᠌ᠴᠠᠭ᠋ᠠᠯᠲᠠ ᠭᠢᠭᠰᠡᠨ ᠪᠦᠭᠡᠳ ᠪᠤᠰᠤᠳ ᠤᠳᠤᠷᠢᠳᠬᠤ ᠪᠠᠭ᠎ᠤᠨ ᠪᠦᠷᠢᠯᠳᠦᠬᠦᠨ ᠨᠢᠭᠡᠳ ᠨᠢᠭᠡ᠎ᠪᠠᠷ ᠬᠠᠷᠢᠴᠠᠭᠤᠯᠤᠨ ᠪᠠᠶ᠋ᠢᠴᠠᠭ᠋ᠠᠵᠤ ᠬᠠᠷᠢᠯᠴᠠᠨ ᠰᠢᠭᠦᠮᠵᠢᠯᠡᠯ ᠬᠢᠪᠡ᠃ ᠣᠯᠠᠨ ᠵᠶ᠋ᠠᠷ ᠵᠶ᠋ᠠᠨ ᠬᠤᠷᠠᠯ᠎ᠤᠨ ᠭᠤᠤᠯ ᠰᠡᠳᠦᠪ᠎ᠲᠠᠢ ᠨᠢᠭᠲᠠ ᠤᠶᠠᠯᠳᠤᠭᠤᠯᠤᠨ ᠶᠠᠷᠢᠶ᠎ᠠ ᠲᠠᠯᠪᠢᠵᠦ᠂ ᠬᠤᠪᠢ ᠪᠡᠶ᠎ᠡ᠂ ᠲᠤᠰᠢᠶᠠᠯ ᠬᠠᠷᠢᠭᠤᠴᠠᠯᠭ᠎ᠠ ᠪᠠ ᠠᠵᠢᠯ᠎ᠤᠨ ᠵᠶ᠋ᠠᠨ ᠲᠤᠭᠤᠷᠢᠨ᠎ᠳᠤ ᠥᠪᠡᠷ᠎ᠤᠨ ᠰᠢᠭᠦᠮᠵᠢᠯᠡᠯ ᠬᠢᠵᠦ᠂ ᠰᠢᠭᠤᠳ ᠠᠰᠠᠭᠤᠳᠠᠯ᠎ᠳᠤ ᠬᠠᠨᠳᠤᠨ ᠦᠨᠡᠨ᠎ᠠᠴᠠ ᠵᠥᠪ᠎ᠢ ᠡᠷᠢᠵᠦ᠂ ᠬᠥᠮᠦᠨ ᠤᠴᠢᠷ ᠶᠠᠪᠤᠳᠠᠯ ᠦᠵᠡᠯ ᠰᠠᠨᠠᠭ᠋ᠠᠨ᠎ᠤ ᠲᠠᠯ᠎ᠠ᠎ᠪᠠᠷ ᠰᠢᠭᠤᠳ ᠰᠢᠯᠤᠭᠤᠨ᠂ ᠦᠨᠡᠨᠴᠢ ᠰᠢᠳᠤᠷᠭᠤ ᠬᠠᠷᠢᠭᠤᠴᠠᠯᠭ᠎ᠠ᠎ᠲᠠᠢ᠎ᠪᠠᠷ ᠬᠠᠷᠢᠯᠴᠠᠨ ᠰᠢᠭᠦᠮᠵᠢᠯᠡᠯ ᠬᠢᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠲᠥᠪ ᠴᠢᠩᠭ᠎ᠠ ᠨᠠᠷᠢᠨ ᠬᠢᠨᠠᠮᠠᠭ᠋ᠠᠶ ᠶᠠᠪᠤᠭᠳᠠᠵᠤ᠂ ᠵᠢᠱ᠌ᠢᠭᠰᠡᠨ ᠦᠷ᠎ᠡ ᠪᠦᠲᠦᠮᠵᠢ ᠤᠯᠪᠠ᠃
ᠵᠠᠩ ᠸᠸᠨ ᠵᠢᠶᠦ᠋ᠨ ᠦᠨᠡᠯᠡᠯᠲᠡ᠎ᠳᠤ᠎ᠪᠠᠨ ᠡᠨᠡ ᠤᠳᠠᠭ᠋ᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠭᠦᠢ᠍ᠴᠡᠳ ᠨᠤᠲᠠᠯᠠᠪᠠ᠃ ᠲᠡᠷᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ᠎ᠬᠢᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠵᠦ᠂ ᠰᠡᠳᠬᠢᠯ ᠵᠶ᠋ᠠᠨ ᠳᠡᠯᠭᠡᠨ ᠠᠭᠤᠵᠢᠷᠠᠲᠠᠯ᠎ᠠ ᠶᠠᠷᠢᠯᠴᠠᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠴᠢᠩᠭ᠎ᠠ ᠪᠣᠳᠠᠲᠠᠶ ᠦᠷᠨᠢᠭᠦᠯᠦᠭᠰᠡᠨ᠎ᠠᠴᠠ ᠨᠢᠭᠡ ᠤᠳᠠᠭ᠋ᠠᠨ᠎ᠤ ᠪᠦᠬᠦ ᠲᠠᠯ᠎ᠠ ᠵᠢᠨ ᠤᠯᠤᠰ ᠲᠥᠷᠥ ᠵᠢᠨ ᠪᠠᠶ᠋ᠢᠴᠠᠭ᠋ᠠᠯᠲᠠ ᠪᠠ ᠭᠦᠨ ᠭᠦᠨᠵᠡᠭᠡᠶ ᠦᠵᠡᠯ ᠰᠠᠨᠠᠭ᠋ᠠᠨ᠎ᠤ ᠰᠢᠯᠭ᠋ᠠᠯᠲᠠ ᠵᠢ ᠦᠩᠭᠡᠷᠡᠭᠡᠵᠦ᠂ 《ᠬᠣᠶᠠᠷ᠎ᠢ ᠲᠤᠭᠳᠠᠭ᠋ᠠᠭᠰᠠᠨ》᠎ᠢ ᠡᠷᠡᠰ ᠬᠠᠮᠠᠭ᠋ᠠᠯᠠᠬᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠦ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠵᠢᠷᠤᠮᠯᠠᠬᠤ ᠰᠠᠬᠢᠯᠭ᠎ᠠ ᠪᠠᠲᠤ ᠵᠢᠨ ᠲᠣᠭᠲᠠᠯ ᠬᠦᠴᠦᠨ᠎ᠢ ᠨᠡᠮᠡᠭᠳᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠳᠤᠳᠬᠠᠨ ᠠᠬᠢᠭᠤᠯᠬᠤ ᠡᠭᠦᠷᠭᠡ ᠬᠠᠷᠢᠭᠤᠴᠠᠯᠭ᠎ᠠ ᠵᠢ ᠴᠢᠩᠭ᠋ᠠᠳᠬᠠᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠬᠠᠷᠢᠭᠤᠴᠠᠯᠭ᠋ᠠᠲᠤ ᠤᠬᠠᠮᠰᠠᠷ᠎ᠢ ᠨᠡᠮᠡᠭᠳᠡᠭᠦᠯᠵᠦ᠂ ᠪᠦᠯᠬᠦᠮᠳᠡᠯ᠎ᠢ ᠨᠢᠭᠲᠠᠷᠠᠭᠤᠯᠬᠤ᠂ ᠠᠵᠢᠯ ᠵᠶ᠋ᠠᠨ ᠰᠠᠶ᠋ᠢᠵᠢᠷᠠᠭᠤᠯᠬᠤ᠂ ᠦᠵᠡᠯ ᠰᠠᠨᠠᠭ᠎ᠠ᠎ᠪᠠᠨ ᠨᠢᠭᠡᠳᠬᠡᠬᠦ᠂ ᠬᠠᠷᠢᠭᠤᠴᠠᠯᠭ᠎ᠠ ᠡᠭᠦᠷᠭᠡᠯᠡᠬᠦ ᠵᠣᠷᠢᠯᠭ᠎ᠠ᠎ᠳᠤ᠎ᠪᠠᠨ ᠬᠦᠷᠴᠡᠢ᠃ ᠵᠠᠩ ᠸᠸᠨ ᠵᠢᠶᠦ᠋ᠨ ᠠᠮᠵᠢᠯᠲᠠ ᠪᠦᠲᠦᠮᠵᠢ ᠵᠢ ᠨᠤᠲᠠᠯᠠᠬᠤ ᠵᠢᠨ ᠬᠠᠮᠲᠤ᠂ ᠲᠠᠷᠠᠭ᠋ᠠᠴᠢ ᠵᠢᠨ ᠠᠵᠢᠯ᠎ᠳᠤ ᠰᠠᠨᠠᠯ ᠰᠠᠨᠠᠭᠤᠯᠭ᠎ᠠ ᠲᠣᠷᠠᠳᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ᠎ᠬᠢᠨ ᠲᠦᠷᠦᠭᠦᠯᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠲᠠᠷᠠᠭᠤᠯᠵᠤ ᠰᠦᠭ ᠰᠦᠨᠡᠰᠦ᠎ᠪᠠᠨ ᠱᠤᠭᠤᠵᠦ᠂ ᠰᠤᠷᠤᠯᠴᠠᠬᠤ ᠰᠡᠳᠬᠢᠬᠦ ᠬᠡᠷᠡᠭᠯᠡᠬᠦ ᠵᠢ ᠨᠡᠪᠲᠡᠷᠡᠯᠴᠡᠭᠦᠯᠵᠦ᠂ ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠬᠡᠷᠡᠭᠲᠡᠶ ᠭᠡᠵᠦ ᠱᠠᠭ᠋ᠠᠷᠳᠠᠪᠠ; ᠨᠠᠮ᠎ᠤᠨ ᠤᠯᠤᠰ ᠲᠦᠷᠦ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠤᠭᠤᠳᠤᠭᠤᠯᠬᠤ ᠵᠢ ᠪᠠᠷᠢᠮᠲᠠᠯᠠᠵᠤ᠂ ᠤᠳᠤᠷᠢᠳᠬᠤ ᠪᠠᠭ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ; ᠰᠡᠳᠬᠢᠯ ᠲᠠᠯᠪᠢᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠵᠶ᠋ᠠᠨ ᠰᠠᠶ᠋ᠢᠲᠤᠷ ᠭᠦᠢ᠍ᠴᠡᠳᠬᠡᠵᠦ᠂ ᠠᠵᠢᠯ᠎ᠤᠨ ᠰᠡᠳᠬᠢᠮᠵᠢ᠎ᠪᠠᠨ ᠲᠠᠰᠤᠷᠠᠯᠲᠠ ᠥᠬᠡᠶ ᠰᠢᠨᠡᠴᠢᠯᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ; ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠭᠦᠢ᠍ᠴᠡᠳᠬᠡᠵᠦ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠠᠴᠠ ᠰᠤᠷᠭ᠋ᠠᠮᠵᠢ ᠬᠦᠷᠳᠡᠵᠦ᠂ ᠰᠠᠢ᠍ᠢ᠍ᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠢ ᠭᠡᠪᠡ᠃
ᠭᠤᠤ ᠵᠠᠨ ᠱᠧᠩ ᠣᠪᠣᠷ ᠵᠶ᠋ᠠᠨ ᠢᠯᠡᠳᠬᠡᠬᠦ ᠶᠠᠷᠢᠶᠠᠨ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ᠎ᠬᠢᠨ ᠲᠤᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠶ᠋ᠠᠷ ᠰᠢᠨ᠎ᠡ ᠭᠠᠷᠤᠭ᠎ᠠ ᠪᠣᠯᠭ᠋ᠠᠵᠤ᠂ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠢ ᠳᠠᠭ᠋ᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠳᠤ ᠠᠩᠬᠠᠷᠤᠯ ᠵᠶ᠋ᠠᠨ ᠬᠠᠨᠳᠤᠭᠤᠯᠵᠦ᠂ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃ ᠡᠭᠦᠨ᠎ᠤ ᠬᠠᠮᠲᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠳᠤᠮᠳᠠ ᠦᠵᠡᠯ ᠰᠠᠨᠠᠭ᠎ᠠ ᠲᠠᠨᠢᠯᠲᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ ᠭᠡᠬᠦ ᠤᠬᠠᠮᠰᠠᠷ᠎ᠢ ᠪᠠᠲᠤ ᠪᠣᠶ ᠪᠣᠯᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠴᠡᠭᠴᠡᠯᠡᠨ ᠰᠠᠶ᠋ᠢᠵᠢᠷᠠᠭᠤᠯᠬᠤ᠎ᠪᠠᠷ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ᠂ ᠳᠤᠲᠠᠭᠤᠳᠠᠯ ᠪᠠᠭᠤᠷᠠᠶ ᠲᠠᠯ᠎ᠠ᠎ᠪᠠᠨ ᠨᠥᠬᠥᠪᠥᠷᠢᠯᠡᠬᠦ ᠴᠢᠬᠤᠯᠠ ᠭᠠᠷᠳᠠᠴᠠ ᠪᠣᠯᠭ᠋ᠠᠵᠤ᠂ 《ᠡᠪᠡᠳᠴᠢᠨ ᠡᠮᠭᠡᠭ》 ᠪᠣᠯᠤᠨ 《ᠡᠪᠡᠳᠴᠢᠨ᠎ᠤ ᠰᠢᠯᠲᠠᠭ᠋ᠠᠨ》᠎ᠢ ᠵᠡᠷᠭᠡ ᠪᠠᠷ ᠪᠠᠶ᠋ᠢᠴᠠᠭ᠋ᠠᠵᠤ ᠵᠡᠷᠭᠡ᠎ᠪᠠᠷ ᠵᠠᠰᠠᠬᠤ ᠵᠢ ᠪᠠᠷᠢᠮᠲᠠᠯᠠᠵᠤ᠂ ᠳᠡᠭᠡᠳᠦ ᠬᠡᠮᠵᠢᠶᠡᠨ᠎ᠤ ᠤᠬᠠᠮᠰᠠᠷᠲᠤ ᠤᠯᠤᠰ ᠲᠥᠷᠥ ᠵᠢᠨ ᠣᠪᠣᠷ᠂ ᠦᠨᠡᠨ ᠬᠦ᠌ ᠪᠤᠲᠠᠲᠠᠢ ᠴᠡᠭᠴᠡᠯᠡᠨ ᠰᠠᠢ᠌ᠵᠢᠷᠠᠭᠤᠯᠬᠤ ᠪᠣᠳᠠᠲᠤ ᠠᠵᠢᠯᠯᠠᠭ᠎ᠠ᠂ ᠪᠦᠬᠦᠨ᠎ᠢ ᠴᠡᠭᠴᠡᠯᠡᠨ ᠰᠠᠢ᠌ᠵᠢᠷᠠᠭᠤᠯᠵᠦ ᠳᠠᠭᠤᠰᠬᠠᠭᠰᠠᠨ ᠦᠷ᠎ᠡ ᠪᠦᠲᠦᠮᠵᠢ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠤᠯᠤᠰ ᠲᠥᠷᠥ ᠵᠢᠨ ᠦᠨᠡᠨᠴᠢ ᠰᠢᠳᠤᠷᠭᠤ ᠣᠪᠤᠷ ᠪᠠ ᠡᠭᠦᠷᠭᠡ ᠬᠠᠷᠢᠭᠤᠴᠠᠯᠭ᠎ᠠ᠎ᠪᠠᠨ ᠤᠢ᠌ᠯᠡᠳᠦᠯᠭᠡᠵᠢᠭᠦᠯᠦᠨᠡ᠃ ᠶᠡᠬᠡ ᠲᠠᠯ᠎ᠠ᠎ᠳᠤ ᠦᠢ᠍ᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠨ᠎ᠠ᠃ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠪᠠᠷ ᠰᠢᠪᠲᠤᠯᠤᠯᠲᠠ ᠵᠢᠨ ᠴᠡᠭ ᠪᠣᠯᠭ᠋ᠠᠵᠤ᠂ ᠪᠦᠬᠦ ᠲᠠᠯ᠎ᠠ ᠵᠢᠨ 《ᠤᠯᠤᠰ ᠲᠦᠷᠦ ᠵᠢᠨ ᠪᠠᠶ᠋ᠢᠴᠠᠭ᠋ᠠᠯᠲᠠ》 ᠬᠢᠵᠦ᠂ ᠪᠦᠬᠦ ᠨᠠᠮ᠎ᠤᠨ ᠭᠡᠰᠢᠭᠦᠨ ᠺᠠᠳ᠋ᠷ᠎ᠤᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠴᠢᠨᠠᠭᠰᠢᠳᠠ ᠪᠡᠬᠢᠵᠢᠭᠦᠯᠵᠦ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ ᠳᠡᠭᠡᠷ᠎ᠡ ᠨᠢᠭᠡᠳᠬᠡᠵᠦ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠣᠪᠣᠷ ᠪᠠᠶ᠋ᠢᠳᠠᠯ᠂ ᠴᠠᠭ ᠮᠦᠴᠡ᠎ᠲᠠᠢ ᠤᠷᠤᠯᠳᠤᠨ ᠲᠡᠮᠡᠴᠡᠬᠦ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠯ᠎ᠡ ᠵᠦᠢ᠍ᠯ᠎ᠤᠨ ᠠᠵᠢᠯ ᠡᠭᠦᠷᠭᠡ ᠵᠢ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠠᠬᠢᠭᠤᠯᠤᠨ᠎ᠠ᠃ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠬᠤ ᠳᠤᠮᠳᠠ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠎ᠡ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠥᠪᠡᠷ᠎ᠢ᠎ᠪᠠᠨ ᠱᠠᠭ᠋ᠠᠷᠳᠠᠬᠤ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠤᠨ᠎ᠠ᠃ ᠶᠣᠰᠣ ᠳᠦᠷᠢᠮ᠎ᠤᠨ ᠤᠬᠠᠮᠰᠠᠷ᠂ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠲᠥᠪ ᠭᠣᠣᠯᠴᠢ᠎ᠪᠠᠷ ᠡᠷᠬᠡ᠎ᠪᠠᠨ ᠬᠡᠷᠡᠭᠯᠡᠬᠦ᠂ ᠬᠠᠤᠯᠢ ᠶᠣᠰᠣᠭ᠋ᠠᠷ ᠡᠷᠬᠡ᠎ᠪᠠᠨ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠠᠨ ᠬᠡᠷᠡᠭᠯᠡᠬᠦ᠂ ᠠᠷᠢᠭᠤᠨ ᠴᠢᠬᠡᠴᠢ᠎ᠪᠠᠷ ᠡᠷᠬᠡ ᠪᠠᠨ ᠬᠡᠷᠡᠭᠯᠡᠬᠦ ᠵᠢ ᠪᠡᠶᠡᠯᠡᠭᠦᠯᠦᠨ᠎ᠡ᠃ ᠰᠤᠷᠲᠠᠯ᠎ᠤᠨ ᠪᠠᠶ᠋ᠢᠭᠤᠯᠤᠯᠲᠠ ᠵᠢ ᠰᠢᠨᠲᠠᠷᠠᠰᠢ ᠥᠬᠡᠶ ᠠᠳᠬᠤᠵᠤ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠪᠠ 《ᠤᠳᠠᠭ᠋ᠠᠨ᠂ ᠪᠦᠳᠦᠭᠦᠯᠢᠭ᠂ ᠬᠡᠶ᠋ᠢᠰᠪᠦᠷᠢ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠲᠦᠷᠭᠡᠳᠬᠡᠬᠦ᠂ ᠦᠷ᠎ᠡ ᠪᠦᠲᠦᠮᠵᠢ ᠵᠢ ᠰᠠᠢ᠌ᠵᠢᠷᠠᠭᠤᠯᠬᠤ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠵᠣᠷᠢᠭᠲᠠᠶ ᠡᠭᠦᠷᠭᠡᠯᠡᠬᠦ᠂ ᠪᠣᠳᠠᠲᠠᠶ ᠠᠵᠢᠯᠯᠠᠬᠤ᠂ ᠶᠣᠰᠣ ᠲᠦᠷᠢᠮ᠎ᠢ ᠰᠠᠬᠢᠬᠤ ᠰᠠᠶ᠋ᠢᠨ ᠰᠠᠶ᠋ᠢᠬᠠᠨ ᠠᠬᠤᠢ ᠨᠦᠭᠦᠴᠡᠯ᠎ᠢ ᠪᠣᠶ ᠪᠣᠯᠭ᠋ᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠠᠴᠠ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠲᠤ ᠲᠤᠮᠢᠯᠠᠨ ᠠᠵᠢᠯᠯᠠᠭᠤᠯᠵᠦ ᠪᠠᠢ᠌ᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠎ᠤᠨ ᠬᠣᠯᠪᠣᠭᠳᠠᠯ ᠪᠦᠬᠦᠢ ᠬᠥᠮᠦᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠢᠭᠡᠳᠦᠭᠡᠷ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠠᠯᠪᠠᠨ ᠭᠡᠷ᠂ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ (ᠠᠵᠢᠯᠳᠠᠨ᠎ᠤ ᠶᠠᠪᠤᠳᠠᠯ᠎ᠤᠨ ᠭᠠᠵᠠᠷ) ᠵᠢᠨ ᠬᠣᠯᠪᠣᠭᠳᠠᠯ ᠪᠦᠬᠦᠢ ᠬᠥᠮᠦᠰ ᠬᠤᠷᠠᠯ᠎ᠳᠤ ᠰᠤᠯᠠ ᠣᠷᠣᠯᠴᠠᠪᠠ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ