ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠦᠬᠦ ᠣᠷᠣᠨ᠎ᠤ ᠰᠢᠨ᠎ᠡ ᠨᠢᠭᠡ ᠵᠢᠯ᠎ᠤᠨ ᠬᠥᠭᠵᠢᠯᠲᠡ᠎ᠳᠤ ᠡᠭᠦᠷᠭᠡ ᠵᠢᠨ ᠪᠢᠴᠢᠭ᠎ᠢ ᠲᠤᠳᠤᠷᠬᠠᠢ᠌ᠯᠠᠵᠦ᠂ ᠪᠠᠢ᠌ᠷᠢᠰᠢᠭᠤᠯᠤᠯᠲᠠ ᠵᠢᠨ ᠵᠢᠷᠤᠭ᠎ᠢ ᠵᠢᠷᠤᠵᠤ᠂ ᠤᠷᠤᠭᠰᠢᠯᠠᠯᠳᠠ ᠵᠢᠨ ᠪᠦᠷᠢᠶ᠎ᠡ ᠵᠢ ᠬᠠᠩᠬᠢᠨᠠᠭᠤᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠵᠦ ᠡᠷᠡᠯᠬᠡᠭᠯᠡᠨ ᠤᠷᠤᠭᠰᠢᠯᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠤᠷᠤᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠠᠯᠳᠠᠨ ᠦᠰᠦᠭᠲᠦ ᠫᠠᠢ᠌ᠰᠠ ᠵᠢᠨ ᠭᠡᠷᠡᠯ ᠭᠢᠯᠪᠠᠭ᠎ᠠ ᠵᠢ ᠤᠯᠠᠮ ᠭᠢᠯᠠᠯᠵᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠬᠦᠴᠦᠯᠡᠨ ᠪᠢᠴᠢᠭᠯᠡᠨ᠎ᠡ᠃
ᠣᠢ᠌ᠷ᠎ᠠ ᠵᠢᠨ ᠡᠳᠦᠷ᠎ᠤᠳ᠎ᠲᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠺᠠᠳ᠋ᠷ ᠠᠵᠢᠯᠲᠠᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ᠎ᠠᠴᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠣᠶ ᠪᠣᠯᠭ᠋ᠠᠪᠠ᠃ ᠤᠯᠠᠨ ᠵᠶ᠋ᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠡᠬᠢᠯᠡᠮᠡᠭᠴᠡ ᠰᠢᠪᠲᠤᠯᠤᠯᠲᠠ ᠬᠢᠬᠦ ᠲᠡᠮᠡᠴᠡᠯ᠎ᠤᠨ ᠲᠦᠷᠰᠦ ᠪᠠᠢ᠌ᠳᠠᠯ ᠵᠶ᠋ᠠᠷ 《ᠲᠤᠪᠳᠤᠯᠵᠦ》᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠠᠵᠢᠯ᠎ᠤᠨ ᠰᠤᠷᠲᠠᠯ ᠵᠶ᠋ᠠᠷ ᠰᠢᠨ᠎ᠡ ᠬᠠᠷᠢᠭᠤᠯᠲᠠ ᠲᠤᠰᠢᠶᠠᠵᠤ᠂ ᠰᠠᠢ᠌ᠨ ᠰᠠᠢ᠌ᠬᠠᠨ ᠵᠢᠷᠤᠭ ᠲᠦᠰᠦᠪ᠎ᠢ ᠪᠣᠳᠠᠲᠤ ᠠᠬᠤᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠨ᠎ᠠ ᠭᠡᠵᠦ ᠢᠯᠡᠳᠬᠡᠵᠡᠭᠡᠪᠡ᠃
ᠰᠤᠷᠭ᠋ᠠᠨ ᠬᠥᠮᠦᠵᠢᠯ᠎ᠤᠨ ᠭᠠᠵᠠᠷ᠎ᠤᠨ ᠳᠠᠷᠤᠭ᠎ᠠ ᠢᠯᠢᠨ᠎ᠡ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠳᠤ 《ᠲᠠᠪᠤᠨ ᠶᠡᠬᠡ ᠡᠭᠦᠷᠭᠡ》 ᠵᠢ ᠭᠦᠨᠵᠡᠭᠡᠢ ᠨᠠᠢ᠌ᠳᠠᠪᠤᠷᠢᠵᠢᠭᠤᠯᠵᠤ᠂ 《ᠵᠢᠷᠭᠤᠭ᠋ᠠᠨ ᠢᠨᠵᠧᠨᠧᠷᠢᠩ》 ᠢ ᠦᠷᠭᠦᠯᠵᠢᠯᠡᠨ ᠰᠠᠢ᠌ᠲᠤᠷ ᠠᠳᠬᠤᠵᠤ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ ᠭᠡᠵᠦ ᠲᠣᠳᠣᠷᠬᠠᠢ ᠲᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠥᠩᠭᠡᠷᠡᠭᠰᠡᠨ ᠨᠢᠭᠡ ᠵᠢᠯ᠎ᠤᠨ ᠠᠵᠢᠯ ᠵᠶ᠋ᠠᠨ ᠡᠷᠭᠢᠴᠡᠭᠦᠯᠵᠦ᠂ ᠡᠨᠡ ᠵᠢᠯ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠥᠪᠥᠷ ᠮᠣᠩᠭᠣᠯ᠎ᠤᠨ ᠤᠴᠢᠷ ᠶᠠᠪᠤᠳᠠᠯ᠎ᠢ ᠨᠡᠩ ᠰᠠᠢ᠌ᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠢ ᠤᠷᠠᠮᠰᠢᠭᠤᠯᠪᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠡᠷᠡᠰ ᠲᠤᠭᠤᠰᠢᠯᠠᠭᠤᠯᠵᠦ᠂ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠶ᠋ᠢᠭᠤᠯᠬᠤ ᠲᠠᠯ᠎ᠠ᠎ᠪᠠᠷ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠦᠯᠢᠭᠡᠷ ᠳᠠᠭᠤᠷᠢᠶᠠᠯ ᠪᠣᠯᠵᠤ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠣᠷᠤᠬᠤ》 ᠵᠢ ᠠᠬᠢᠭᠤᠯᠤᠨ᠎ᠠ ᠭᠡᠵᠦ ᠢᠯᠡᠳᠭᠡᠪᠡ᠃
ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ (ᠨᠠᠢ᠍ᠮᠠᠨ ᠮᠤᠵᠢ ᠤᠷᠤᠨ᠎ᠤ ᠮᠤᠩᠭᠤᠯ ᠭᠡᠯᠡ ᠪᠢᠴᠢᠭ᠎ᠤᠨ ᠬᠠᠮᠵᠢᠯᠴᠠᠭ᠋ᠠᠨ᠎ᠤ ᠭᠠᠵᠠᠷ)᠎ᠤᠨ ᠳᠠᠷᠤᠭ᠎ᠠ ᠠᠷᠢᠭᠤᠨᠳᠠᠨᠠ᠄ ᠥᠩᠭᠡᠷᠡᠭᠰᠡᠨ ᠨᠢᠭᠡ ᠵᠢᠯ᠎ᠳᠤ ᠥᠪᠥᠷ ᠮᠣᠩᠭᠣᠯ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》 ᠢ ᠰᠠᠢ᠌ᠲᠤᠷ ᠪᠡᠶᠡᠯᠡᠬᠦᠯᠵᠦ᠂ 《ᠵᠢᠷᠭᠤᠭ᠋ᠠᠨ ᠢᠨᠵᠧᠨᠧᠷᠢᠩ》᠎ᠢ ᠰᠠᠢ᠌ᠲᠤᠷ ᠠᠳᠬᠤᠵᠤ᠂ ᠡᠯ᠎ᠡ ᠲᠦᠷᠦᠯ᠎ᠤᠨ ᠠᠵᠢᠯ ᠦᠢ᠍ᠯᠡᠰ᠎ᠤᠨ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠠᠢ᠃ 2025 ᠣᠨ᠎ᠳᠤ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ (ᠨᠠᠢ᠍ᠮᠠᠨ ᠮᠤᠵᠢ ᠤᠷᠤᠨ᠎ᠤ ᠮᠤᠩᠭᠤᠯ ᠭᠡᠯᠡ ᠪᠢᠴᠢᠭ᠎ᠤᠨ ᠬᠠᠮᠵᠢᠯᠴᠠᠭ᠋ᠠᠨ᠎ᠤ ᠭᠠᠵᠠᠷ) ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ 《ᠵᠢᠷᠭᠤᠭ᠋ᠠᠨ ᠠᠵᠢᠯᠯᠠᠭ᠎ᠠ》 ᠵᠢᠨ ᠲᠣᠭᠣᠷᠢᠨ᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠭᠡᠷᠡᠭᠯᠡᠯᠳᠡ ᠵᠢ ᠬᠦᠨᠳᠦᠳᠬᠡᠨ ᠪᠠᠳᠤᠯᠠᠨ᠎ᠠ᠃ ᠤᠯᠤᠰ᠎ᠤᠨ ᠬᠣᠯᠪᠣᠭᠳᠠᠯ ᠪᠦᠬᠦᠢ ᠶᠠᠮᠤᠨ ᠵᠦᠪᠯᠡᠯ᠎ᠲᠠᠢ ᠢᠳᠡᠪᠬᠢᠲᠡᠢ ᠬᠠᠮᠵᠢᠯᠴᠠᠨ ᠮᠣᠩᠭᠣᠯ ᠬᠡᠯᠡᠨ᠎ᠤ ᠯᠠᠲ᠋ᠢᠨ ᠦᠰᠦᠭ᠎ᠢ ᠣᠯᠠᠨ ᠤᠯᠤᠰ᠎ᠤᠨ ᠪᠠᠷᠢᠮᠵᠢᠶ᠎ᠠ᠎ᠳᠤ ᠰᠢᠯᠵᠢᠭᠦᠯᠦᠨ ᠪᠢᠴᠢᠬᠦ ᠰᠤᠳᠤᠯᠤᠨ ᠦᠢ᠍ᠯᠡᠳᠬᠦ ᠠᠵᠢᠯ᠎ᠢ ᠠᠬᠢᠭᠤᠯᠵᠤ᠂ ᠮᠣᠩᠭᠣᠯ ᠬᠡᠯᠡᠨ᠎ᠤ ᠺᠤᠳ᠋᠎ᠤᠨ ᠤᠯᠤᠰ᠎ᠤᠨ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠪᠠ ᠢᠵᠢ ᠪᠦᠷᠢᠳᠦᠭᠦᠯᠬᠦ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠠᠵᠢᠯ᠎ᠢ ᠴᠢᠩᠭ᠋ᠠᠳᠬᠠᠵᠤ᠂ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠢ ᠲᠦᠷᠢᠮᠵᠢᠭᠦᠯᠬᠦ ᠪᠠᠷᠢᠮᠵᠢᠶᠠᠵᠢᠭᠤᠯᠬᠤ ᠮᠡᠳᠡᠭᠡ ᠵᠠᠩᠭᠢᠴᠢᠯᠠᠭᠤᠯᠬᠤ ᠪᠠ ᠨᠠᠢ᠍ᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠤᠨ ᠬᠠᠮᠵᠢᠯᠴᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ 《ᠬᠡᠯᠡ᠎ᠪᠠᠷ ᠬᠥᠭᠥᠷᠭᠡ ᠪᠠᠢ᠌ᠭᠤᠯᠵᠤ ᠬᠡᠯᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠨ ᠪᠤᠢ᠌ᠵᠢᠭᠤᠯᠤᠨ᠎ᠠ》᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠴᠤᠬ᠍ᠴᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠭᠡᠪᠡ᠃
ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠸᠠᠩ ᠶᠠᠨ ᠵᠸᠩ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠠᠴᠠ 2025 ᠣᠨ᠎ᠤ ᠪᠥᠬᠥ ᠣᠷᠣᠨ᠎ᠤ ᠴᠢᠬᠤᠯᠠ ᠠᠵᠢᠯ᠎ᠤᠨ ᠬᠠᠷᠠᠯᠲᠠ ᠡᠭᠦᠷᠭᠡ ᠵᠢ ᠲᠤᠳᠤᠷᠬᠠᠢ᠌ᠯᠠᠵᠦ᠂ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠪᠠ᠃ ᠪᠢᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠨ᠎ᠡ ᠪᠠᠢ᠌ᠷᠢᠯᠠᠭᠤᠯᠤᠯᠲᠠ᠂ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠳᠠᠯᠠᠵᠦ᠂ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠪᠠ ᠦᠨᠳᠦᠰᠦᠲᠡᠨ᠎ᠤ ᠵᠥᠪᠯᠡᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦᠯᠤᠭᠠ ᠣᠷᠭ᠋ᠠᠨᠢᠭ ᠵᠶ᠋ᠠᠷ ᠤᠶᠠᠯᠳᠤᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠬᠦ᠎ᠳᠤ ᠰᠠᠭᠤᠷᠢᠯᠠᠵᠦ᠂ 《ᠵᠢᠷᠭᠤᠭ᠋ᠠᠨ ᠢᠨᠵᠧᠨᠧᠷᠢᠩ》᠂ 《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠵᠤ᠂ ᠲᠣᠰ ᠲᠣᠰ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠲᠠᠢ᠎ᠪᠠᠨ ᠬᠠᠷᠢᠴᠠᠭᠤᠯᠵᠦ᠂ ᠡᠭᠦᠷᠭᠡ᠎ᠪᠠᠨ ᠲᠣᠳᠣᠷᠬᠠᠢ᠌ᠯᠠᠵᠤ᠂ ᠠᠷᠭ᠎ᠠ ᠭᠡᠯᠪᠡᠷᠢ᠎ᠪᠠᠨ ᠨᠠᠷᠢᠯᠢᠬ᠍ᠵᠢᠭᠤᠯᠵᠦ᠂ ᠨᠢᠭᠡ ᠨᠢᠭᠡ ᠲᠦᠷᠦᠯ ᠵᠶ᠋ᠡᠷ ᠲᠥᠯᠥᠪᠵᠢᠭᠦᠯᠦᠨ ᠪᠣᠳᠠᠲᠠᠢ᠌ᠵᠢᠭᠤᠯᠵᠤ᠂ ᠨᠢᠭᠡ ᠨᠢᠭᠡ ᠵᠦᠢ᠍ᠯ ᠵᠶ᠋ᠡᠷ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠵᠤ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠶᠡᠷᠦᠩᠭᠡᠢ ᠪᠠᠲᠤᠯᠠᠭ᠎ᠠ ᠵᠢᠨ ᠲᠥᠪ)᠎ᠤᠨ ᠡᠷᠬᠢᠯᠡᠭᠴᠢ ᠠᠯᠲᠠᠨᠪᠠᠭ᠋ᠠᠨᠠ᠄ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠮᠦᠷᠳᠡᠭᠰᠡᠨ ᠵᠶ᠋ᠡᠷ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ ᠲᠤᠪᠤᠢ᠌ᠮ᠎ᠠ ᠠᠮᠵᠢᠯᠲᠠ ᠣᠯᠵᠤ᠂ ᠰᠢᠨ᠎ᠡ ᠵᠠᠮ ᠵᠶ᠋ᠠᠷ ᠵᠠᠮᠨᠠᠵᠤ ᠲᠤᠮᠳᠠ ᠲᠦᠪᠰᠢᠨ᠎ᠳᠤ ᠣᠷᠣᠬᠤ ᠢᠳᠡᠷᠬᠦᠨ ᠠᠯᠬᠤᠭ᠎ᠠ ᠵᠢ ᠠᠯᠬᠤᠭ᠋ᠠᠳ ᠬᠥᠮᠥᠰ᠎ᠤᠨ ᠰᠡᠳᠬᠢᠯ᠎ᠢ ᠳᠣᠭᠳᠣᠯᠤᠭᠤᠯᠵᠤ᠂ ᠲᠤᠢ᠌ᠯ ᠵᠶ᠋ᠠᠷ ᠵᠤᠷᠢᠭᠵᠢᠭᠤᠯᠪᠠ᠃ 2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠮᠡᠭᠡᠢ᠌ᠯᠡᠨ ᠤᠷᠤᠭᠰᠢᠯᠠᠵᠤ ᠲᠡᠷᠢᠭᠦᠨ᠎ᠳᠤ ᠣᠷᠣᠬᠤ᠎ᠪᠠᠷ ᠴᠢᠷᠮᠠᠢ᠌ᠵᠤ᠂ 《ᠠᠨᠠᠷ᠎ᠤᠨ ᠭᠡᠯᠬᠢᠶ᠎ᠡ》 ᠦᠨᠳᠦᠰᠦᠲᠡᠨ᠎ᠤ ᠠᠵᠢᠯ᠎ᠤᠨ ᠲᠥᠷᠥᠯ ᠲᠡᠮᠳᠡᠭ᠎ᠤᠨ ᠦᠢ᠍ᠯᠡᠳᠦᠯ᠎ᠢ ᠰᠢᠨ᠎ᠡ᠎ᠪᠠᠷ ᠡᠭᠦᠳᠦᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠵᠣᠷᠢᠭ ᠰᠠᠨᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠦ᠂ ᠭᠣᠣᠯ ᠰᠢᠵᠢᠮ᠎ᠤᠨ ᠠᠵᠢᠯ᠎ᠢ ᠪᠣᠳᠠᠲᠠᠢ ᠠᠳᠬᠤᠵᠤ ᠨᠠᠷᠢᠯᠢᠭ ᠲᠤᠭᠤᠰᠢᠯᠠᠭᠤᠯᠬᠤ᠎ᠳᠤ ᠬᠦᠴᠦ ᠲᠠᠯᠪᠢᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠬᠦᠯᠬᠦ᠎ᠳᠤ ᠬᠦᠴᠦ ᠨᠡᠮᠡᠷᠢᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ ᠭᠡᠵᠦ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠤᠨ ᠡᠷᠬᠢᠯᠡᠭᠴᠢ ᠼᠤᠤ ᠵᠢᠶᠧ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ 《ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ》 ᠵᠢ ᠲᠤᠷᠠᠳᠤᠭᠰᠠᠨ ᠪᠠᠢ᠌ᠨ᠎ᠠ᠃ ᠰᠤᠳᠤᠷ ᠪᠢᠴᠢᠭ ᠰᠤᠳᠤᠯᠬᠤ ᠲᠠᠰᠤᠭ ᠲᠤᠰ ᠤᠳᠠᠭ᠋ᠠᠨ᠎ᠤ ᠪᠥᠬᠥᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠵᠤ᠂ ᠪᠠᠢ᠌ᠳᠠᠯ᠎ᠢ ᠦᠵᠡᠨ ᠠᠵᠢᠯ ᠵᠶ᠋ᠠᠨ ᠪᠠᠢ᠌ᠷᠢᠯᠠᠭᠤᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠠᠮᠢᠳᠤᠯᠢᠭ ᠲᠡᠤᠭᠡᠨ ᠪᠣᠳᠠᠲᠤ ᠪᠠᠢ᠌ᠳᠠᠯ᠎ᠤᠨ ᠲᠣᠭᠣᠷᠢᠨ᠎ᠳᠤ᠂ ᠦᠨᠳᠦᠰᠦᠲᠡᠨ᠎ᠤ ᠰᠤᠳᠤᠷ ᠪᠢᠴᠢᠭ ᠰᠤᠷᠪᠤᠯᠵᠢ ᠪᠢᠴᠢᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠳᠤᠮᠳᠠᠬᠢ ᠴᠢᠬᠤᠯᠠ ᠦᠨ᠎ᠡ ᠥᠷᠲᠡᠭ᠎ᠢ ᠭᠦᠨᠵᠡᠭᠡᠢ ᠠᠭᠤᠳᠠᠯᠵᠤ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠷ ᠪᠢᠴᠢᠭ᠎ᠢ ᠡᠮᠬᠢᠳᠬᠡᠨ ᠰᠤᠳᠤᠯᠬᠤ ᠲᠠᠢ᠌ᠯᠪᠤᠷᠢᠯᠠᠨ ᠲᠠᠷᠬᠠᠭ᠋ᠠᠬᠤ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠡᠦᠬᠡ ᠵᠢᠨ ᠳᠤᠷᠠᠰᠬᠠᠯᠲᠤ ᠵᠦᠢ᠍ᠯ ᠰᠤᠳᠤᠷ ᠪᠢᠴᠢᠭ᠎ᠢ ᠳᠡᠯᠭᠡᠨ ᠦᠵᠡᠭᠦᠯᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠦᠨᠳᠦᠰᠦᠲᠡᠨ᠎ᠤ ᠰᠤᠳᠤᠷ ᠪᠢᠴᠢᠭ᠎ᠤᠨ ᠰᠣᠳᠣᠨ ᠪᠦᠲᠦᠭᠡᠯ ᠵᠶ᠋ᠡᠷ 《ᠤᠮᠠᠷᠠᠲᠤ ᠬᠢᠯᠢ ᠵᠢᠨ ᠰᠣᠶᠣᠯ》᠎ᠤᠨ ᠲᠥᠷᠥᠯ ᠲᠡᠮᠳᠡᠭ᠎ᠢ ᠡᠬᠦᠳᠬᠦ᠎ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃
ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ ᠵᠢᠨ ᠳᠠᠷᠤᠭ᠎ᠠ (ᠶᠡᠷᠦᠩᠬᠡᠢ ᠨᠠᠢ᠌ᠷᠠᠭᠤᠯᠤᠭᠴᠢ) ᠸᠠᠩ ᠰᠢᠤᠸᠠᠢ ᠳ᠋ᠦᠩ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠡᠯ᠎ᠡ ᠵᠦᠢ᠍ᠯ᠎ᠤᠨ ᠡᠬᠦᠷᠭᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠦ᠂ ᠰᠤᠷᠤᠯᠴᠠᠯᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠦ᠂ ᠨᠠᠮ ᠪᠣᠯᠣᠨ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢ ᠰᠠᠢ᠌ᠲᠤᠷ ᠤᠯᠠᠮᠵᠢᠯᠠᠵᠤ᠂ ᠰᠠᠢ᠌ᠲᠤᠷ ᠬᠡᠷᠡᠭᠵᠢᠭᠦᠯᠵᠦ᠂ ᠰᠠᠢ᠌ᠲᠤᠷ ᠨᠠᠢ᠌ᠳᠠᠪᠤᠷᠢᠵᠢᠭᠤᠯᠵᠤ᠂ 《ᠬᠣᠶᠠᠷ ᠰᠡᠳᠬᠦᠯ ᠨᠢᠭᠡ ᠰᠦᠯᠵᠢᠶ᠎ᠡ ᠨᠢᠭᠡ ᠸᠢᠴᠠᠲ》 ᠵᠢ ᠠᠰᠢᠭᠯᠠᠨ ᠲᠤᠰᠬᠠᠢ ᠰᠡᠳᠦᠪ ᠪᠤᠶᠤ ᠲᠤᠰᠬᠠᠢ ᠪᠤᠯᠤᠩ ᠨᠡᠭᠡᠭᠡᠬᠦ᠎ᠪᠠᠷ ᠲᠠᠮᠵᠢᠭᠤᠯᠵᠦ᠂ ᠴᠢᠬᠤᠯᠠ ᠶᠡᠬᠡ ᠮᠡᠳᠡᠭᠡᠯᠡᠯ᠂ ᠣᠨᠴᠠᠭ᠋ᠠᠶ ᠤᠬᠠᠭ᠋ᠠᠯᠠᠭ᠎ᠠ ᠵᠡᠷᠭᠡ ᠬᠡᠯᠪᠡᠷᠢ᠎ᠪᠠᠷ ᠮᠣᠩᠭᠣᠯ ᠬᠡᠯᠡᠨ᠎ᠤ ᠰᠦᠯᠵᠢᠶ᠎ᠡ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠠᠷᠭ᠎ᠠ ᠵᠠᠮ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠢᠰᠲ᠋ᠧᠮ᠎ᠲᠠᠢ ᠤᠬᠠᠭᠤᠯᠤᠨ ᠲᠠᠢ᠌ᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠮᠡᠳᠡᠭᠡᠯᠡᠨ ᠳᠠᠮᠵᠢᠭᠤᠯᠬᠤ ᠰᠠᠢ᠌ᠨ ᠰᠠᠢ᠌ᠬᠠᠨ ᠠᠬᠤᠢ ᠨᠦᠭᠦᠴᠡᠯ᠎ᠢ ᠪᠣᠶ ᠪᠣᠯᠭ᠋ᠠᠨ᠎ᠠ ᠭᠡᠵᠦ ᠢᠯᠡᠳᠭᠡᠪᠡ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ