ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠠᠵᠢᠯ᠎ᠤᠨ ᠮᠡᠳᠡᠭᠦᠯᠦᠯᠲᠡ᠎ᠪᠠᠷ ᠠᠮᠵᠢᠯᠳᠡ ᠪᠦᠳᠦᠮᠵᠢ᠎ᠪᠠᠨ ᠢᠯᠡᠷᠡᠬᠦᠯᠵᠦ ᠰᠡᠳᠬᠢᠯ ᠵᠢᠡᠨ ᠨᠢᠬᠡᠳᠬᠡᠨ ᠬᠦᠴᠦ᠎ᠪᠠᠨ ᠬᠠᠮᠳᠤᠳᠬᠠᠵᠤ ᠰᠢᠨ᠎ᠠ ᠠᠶᠠᠨ ᠵᠢᠡᠨ ᠡᠬᠢᠯᠡᠬᠦᠯᠦᠨᠡᠮ — ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2024 ᠣᠨ᠎ᠤ ᠨᠠᠮ᠎ᠤᠨ ᠡᠭᠦᠷ᠎ᠤᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠦᠨᠡᠯᠡᠨ ᠶᠠᠷᠢᠯᠴᠠᠬᠤ ᠵᠢᠴᠢ ᠭᠠᠵᠠᠷ ᠠᠯᠪᠠᠨ ᠬᠡᠷ (ᠨᠢᠬᠡᠴᠢ)᠎ᠢ ᠬᠢᠨᠠᠨ ᠦᠨᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-09

      12 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2024 ᠣᠨ᠎ᠤ ᠨᠠᠮ᠎ᠤᠨ ᠡᠭᠦᠷ᠎ᠤᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ  ᠠᠵᠢᠯ᠎ᠤᠨ ᠮᠡᠳᠡᠭᠦᠯᠦᠯᠲᠡ ᠵᠢ ᠦᠨᠡᠯᠡᠨ ᠶᠠᠷᠢᠯᠴᠠᠬᠤ ᠵᠢᠴᠢ ᠭᠠᠵᠠᠷ ᠠᠯᠪᠠᠨ ᠬᠡᠷ (ᠨᠢᠬᠡᠴᠢ)᠎ᠢ ᠬᠢᠨᠠᠨ ᠦᠨᠡᠯᠡᠬᠦ ᠬᠤᠷᠠᠯ᠎ᠢ ᠬᠤᠷᠠᠯᠳᠤᠭᠤᠯᠪᠠ᠃ ᠡᠯ᠎ᠡ ᠨᠠᠮ᠎ᠤᠨ ᠡᠭᠦᠷ᠎ᠤᠨ ᠱᠦᠵᠢ᠂ ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠬᠡᠷ᠂ ᠵᠦᠪᠯᠡᠯ᠎ᠤᠨ ᠬᠠᠷᠢᠶ᠎ᠠ ᠡᠯ᠎ᠡ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠲᠠᠨ ᠨᠢᠭᠡᠳ ᠨᠢᠭᠡ᠎ᠪᠠᠷ ᠠᠵᠢᠯ᠎ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠣᠤ ᠵᠠᠨ ᠱᠧᠩ ᠦᠨᠡᠯᠡᠯᠲᠡ ᠬᠢᠵᠦ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠎ᠠᠴᠠ ᠬᠤᠪᠢᠳᠠᠨ ᠬᠠᠮᠢᠶᠠᠷᠴᠤ ᠪᠠᠢ᠌ᠭ᠎ᠠ ᠰᠠᠯᠠᠭ᠎ᠠ ᠮᠥᠴᠢᠷ᠎ᠤᠨ ᠲᠠᠷᠠᠭ᠋ᠠᠴᠢ ᠵᠢᠨ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠢ᠎ᠠ᠂ ᠬᠢᠨᠠᠨ ᠪᠠᠢ᠌ᠴᠠᠭ᠋ᠠᠬᠤ ᠵᠥᠪᠯᠡᠯ᠎ᠠᠴᠠ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠳᠤ ᠲᠣᠮᠢᠯᠠᠨ ᠰᠠᠭᠤᠯᠭ᠋ᠠᠭᠰᠠᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃

2.jpg

      ᠬᠤᠷᠠᠯ᠎ᠠᠴᠠ᠂ ᠲᠤᠰ ᠵᠢᠯ᠎ᠤᠨ ᠲᠤᠷᠰᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠂ ᠡᠯ᠎ᠡ ᠭᠠᠵᠠᠷ ᠠᠯᠪᠠᠨ ᠬᠡᠷ᠂ ᠪᠠᠢ᠌ᠭᠤᠯᠭ᠎ᠠ ᠨᠢᠭᠡᠴᠢ ᠵᠢᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠴᠢᠩᠭ᠎ᠠ ᠡᠵᠡᠮᠳᠡᠵᠦ᠂ ᠭᠣᠤᠯᠳᠠᠯᠭ᠎ᠠ ᠵᠢ ᠠᠳᠬᠤᠵᠤ᠂ ᠪᠠᠭᠤᠷᠠᠶ ᠲᠠᠯ᠎ᠠ᠎ᠪᠠᠨ ᠬᠦᠴᠦᠷᠬᠡᠭᠵᠢᠭᠦᠯᠵᠦ᠂ ᠣᠨᠴᠠᠯᠢᠭ᠎ᠢ ᠡᠭᠦᠳᠴᠦ᠂ ᠬᠢᠯᠠᠰ ᠴᠡᠭ ᠢᠯᠡᠷᠡᠬᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠣᠯᠤᠨ ᠲᠤᠬᠠᠢ᠌ᠯᠠᠭᠰᠠᠨ ᠠᠵᠢᠯ᠎ᠤᠨ ᠠᠳᠠᠯᠢ ᠴᠢᠭᠯᠡᠯ ᠵᠶ᠋ᠡᠷ ᠬᠦᠴᠦᠯᠡᠬᠦ᠂ ᠲᠤᠤᠭ᠋ᠠᠷᠪᠠᠯ ᠳᠠᠭᠤ ᠨᠢᠭᠡᠲᠠᠢ ᠲᠤᠭᠳᠤᠷᠪᠠᠯ ᠬᠦᠴᠦ ᠨᠢᠭᠡᠲᠠᠢ ᠪᠠᠢ᠌ᠬᠤ ᠵᠢ ᠠᠬᠢᠭᠤᠯᠵᠤ᠂ ᠰᠢᠨ᠎ᠡ ᠬᠥᠭᠵᠢᠯᠲᠡ ᠰᠢᠨ᠎ᠡ ᠦᠷ᠎ᠡ ᠪᠦᠲᠦᠮᠵᠢ ᠤᠯᠵᠡᠢ ᠬᠡᠵᠦ ᠵᠢᠭ᠋ᠠᠨ ᠭᠠᠷᠭ᠋ᠠᠪᠠ᠃
      ᠬᠤᠷᠠᠯ᠎ᠠᠴᠠ᠂ ᠨᠢᠭᠡ᠎ᠳᠤ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠤᠯᠤᠰ ᠲᠥᠷᠥ ᠵᠢᠨ ᠦᠨᠡᠨᠴᠢ ᠰᠢᠳᠤᠷᠭᠤ ᠪᠠᠢ᠌ᠬᠤ ᠬᠥᠮᠦᠵᠢᠯ ᠪᠠ ᠤᠯᠤᠰ ᠲᠥᠷᠥ ᠵᠢᠨ ᠪᠠᠢ᠌ᠭᠤᠯᠭ᠎ᠠ ᠵᠢᠨ ᠦᠵᠡᠯ ᠤᠬᠠᠮᠰᠠᠷ᠎ᠤᠨ ᠬᠥᠮᠦᠵᠢᠯ᠎ᠢ ᠪᠤᠳᠠᠲᠠᠢ᠌ᠵᠢᠭᠤᠯᠤᠨ ᠭᠦᠨᠵᠡᠭᠡᠶ ᠠᠬᠢᠭᠤᠯᠵᠦ᠂ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠪᠠᠢ᠌ᠭ᠋ᠠᠳ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠵᠢ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ ᠲᠤᠬᠠᠢ᠌ᠯᠠᠭᠰᠠᠨ ᠠᠵᠢᠯ ᠵᠶ᠋ᠠᠨ ᠰᠠᠢ᠌ᠲᠤᠷ ᠬᠢᠵᠦ ᠪᠣᠳᠠᠲᠤ ᠦᠷ᠎ᠡ ᠪᠦᠲᠦᠮᠵᠢ ᠣᠯᠬᠤ ᠳᠡᠭᠡᠷ᠎ᠡ ᠢᠯᠡᠷᠡᠭᠦᠯᠵᠦ᠂  ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ ᠳᠡᠭᠡᠷ᠎ᠡ ᠢᠯᠡᠷᠡᠭᠦᠯᠵᠦ᠂ 《ᠬᠣᠶᠠᠷ᠎ᠢ ᠲᠤᠭᠳᠠᠭ᠋ᠠᠭᠰᠠᠨ》᠎ᠢ ᠴᠢᠩ ᠰᠡᠳᠬᠢᠯ᠎ᠠᠴᠠ᠎ᠪᠠᠨ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠦᠨᠡᠨᠴᠢ ᠰᠢᠳᠤᠷᠭᠤ᠎ᠪᠠᠷ ᠦᠢ᠍ᠯᠡᠳᠦᠯᠵᠢᠬᠦᠯᠬᠦ ᠬᠡᠷᠡᠭᠳᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ ᠵᠢ ᠠᠩᠬᠠᠨ᠎ᠤ ᠬᠢᠴᠢᠶᠡᠯ᠂ ᠵᠠᠪᠠᠯ ᠰᠤᠷᠬᠤ ᠬᠢᠴᠢᠶᠡᠯ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠠᠮᠤᠭ᠎ᠤᠨ ᠰᠢᠨ᠎ᠡ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠴᠠᠭ ᠲᠤᠬᠠᠶ᠎ᠳᠤ᠎ᠨᠢ᠎ᠲᠠᠭᠠᠨ ᠰᠤᠷᠤᠯᠴᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠠᠭᠤᠰᠤᠯᠴᠠᠭᠤᠯᠤᠨ ᠡᠵᠡᠮᠰᠢᠵᠦ ᠦᠨᠡᠨ ᠬᠦ᠌ ᠢᠳᠡᠬᠡᠨ ᠪᠠᠲᠤᠲᠠᠶ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠪᠤᠳᠠᠲᠠᠢ ᠲᠦᠷᠦᠭᠳᠡᠯ᠎ᠲᠠᠢ ᠪᠦᠲᠦᠮᠵᠢᠲᠡᠶ ᠰᠠᠢ᠌ᠲᠤᠷ ᠬᠢᠬᠦ ᠬᠡᠷᠡᠭᠲᠡᠶ᠃ ᠬᠣᠶᠠᠷ᠎ᠲᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠰᠢᠨᠲᠠᠷᠠᠰᠢ ᠦᠭᠡᠢ ᠪᠠᠷᠢᠮᠲᠠᠯᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠢᠮᠠᠭᠲᠠ ᠬᠢᠨᠠᠭᠤᠷ ᠪᠣᠯᠭᠣᠮᠵᠢᠲᠠᠢ ᠰᠠᠢ᠌ᠲᠤᠷ ᠠᠳᠬᠤᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠎ᠢ ᠰᠤᠷᠤᠯᠴᠠᠬᠤ ᠵᠢ ᠡᠳᠦᠷ ᠲᠤᠳᠤᠮ᠎ᠤᠨ ᠠᠵᠢᠯ᠎ᠳᠤ᠎ᠪᠠᠨ ᠠᠭᠤᠰᠤᠯᠴᠠᠭᠤᠯᠬᠤ᠂ ᠪᠠᠢ᠌ᠩᠭᠤ ᠠᠳᠬᠤᠬᠤ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠪᠡᠬᠢᠵᠢᠭᠦᠯᠬᠦ ᠵᠢ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠲᠠᠢ ᠤᠶᠠᠯᠳᠤᠭᠤᠯᠵᠤ᠂ 《ᠪᠠᠷᠢᠮᠵᠢᠶ᠎ᠠ ᠵᠢ ᠳᠡᠭᠡᠭᠰᠢᠯᠡᠭᠦᠯᠬᠦ ᠬᠤᠷᠳᠤᠴᠠ ᠵᠢ ᠲᠦᠷᠭᠡᠳᠬᠡᠬᠦ ᠦᠷ᠎ᠡ ᠪᠦᠲᠦᠮᠵᠢ ᠵᠢ ᠰᠠᠢ᠌ᠵᠢᠷᠠᠭᠤᠯᠬᠤ》 ᠲᠤᠰᠬᠠᠢ ᠠᠵᠢᠯᠯᠠᠭ᠎ᠠ ᠵᠢ ᠠᠬᠢᠭᠤᠯᠬᠤ᠎ᠲᠠᠢ ᠤᠶᠠᠯᠳᠤᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠲᠠᠢ ᠤᠶᠠᠯᠳᠤᠭᠤᠯᠵᠤ᠂ ᠪᠦᠬᠦ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠰᠤᠷᠤᠯᠴᠠᠵᠤ ᠰᠠᠬᠢᠯᠭ᠎ᠠ ᠪᠠᠳᠦ ᠵᠢ ᠮᠡᠳᠡᠵᠦ ᠰᠠᠬᠢᠯᠭ᠎ᠠ ᠪᠠᠲᠤ ᠵᠢ ᠣᠢ᠌ᠯᠠᠭ᠋ᠠᠵᠤ ᠰᠠᠬᠢᠯᠭ᠎ᠠ ᠪᠠᠲᠤ ᠵᠢ ᠰᠠᠬᠢᠬᠤ ᠵᠢ ᠳᠠᠢ᠌ᠴᠢᠯᠠᠬᠤ ᠬᠡᠷᠡᠭᠲᠡᠢ᠃ ᠺᠠᠳ᠋ᠷ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠴᠢᠩᠭ᠎ᠠ ᠬᠠᠮᠢᠶᠠᠷᠬᠤ ᠪᠣᠯ ᠭᠦᠨ ᠬᠠᠢ᠌ᠷ᠎ᠠ ᠭᠡᠳᠡᠭ᠎ᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷ᠎ᠤᠨ ᠦᠵᠡᠯ ᠰᠠᠨᠠᠭ᠋ᠠᠨ᠎ᠤ ᠪᠠᠢ᠌ᠳᠠᠯ᠎ᠢ ᠵᠠᠳᠠᠯᠤᠨ ᠰᠤᠳᠤᠯᠵᠤ ᠮᠠᠭ᠋ᠠᠳᠯᠠᠬᠤ ᠵᠢ ᠴᠢᠩᠭ᠋ᠠᠳᠬᠠᠵᠤ᠂  ᠡᠭᠦᠰᠬᠦ ᠪᠤᠯᠤᠮᠵᠢᠲᠠᠢ ᠬᠡᠯᠪᠡᠢ᠌ᠬᠦ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤ᠎ᠨᠢ ᠢᠯᠡᠷᠡᠭᠦᠯᠦᠨ ᠰᠢᠢᠳᠪᠦᠷᠢᠯᠡᠵᠦ᠂ ᠬᠡᠷᠡᠭ᠎ᠢ ᠪᠠᠭ᠎ᠠ ᠳᠡᠭᠡᠷ᠎ᠡ᠎ᠨᠢ ᠰᠡᠷᠭᠡᠢ᠌ᠯᠡᠵᠦ᠂ ᠰᠡᠷᠡᠮᠵᠢ ᠵᠢᠨ ᠬᠣᠩᠬᠣ ᠵᠢ ᠪᠠᠢ᠌ᠩᠭᠤ ᠳᠤᠤᠭ᠋ᠠᠷᠭ᠋ᠠᠵᠤ᠂ ᠦᠷᠭᠦᠯᠵᠢᠯᠡᠨ ᠰᠤᠷᠲᠠᠯ ᠵᠶ᠋ᠠᠨ ᠬᠤᠪᠢᠷᠠᠭᠤᠯᠵᠤ᠂ ᠲᠥᠪ ᠰᠤᠷᠲᠠᠯ᠎ᠢ ᠪᠠᠳᠠᠷᠠᠭᠤᠯᠵᠤ᠂ ᠰᠢᠨ᠎ᠡ ᠰᠤᠷᠲᠠᠯ᠎ᠢ ᠪᠣᠶ ᠪᠣᠯᠭ᠋ᠠᠬᠤ ᠬᠡᠷᠡᠭᠲᠡᠶ᠃ ᠭᠤᠷᠪᠠ᠎ᠳᠤ᠂ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠨᠠᠮ᠎ᠤᠨ ᠪᠠᠢ᠌ᠭᠤᠯᠤᠯᠲᠠ ᠪᠣᠯᠤᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ 《ᠭᠣᠤᠯᠳᠠᠯᠭ᠎ᠠ ᠵᠢᠨ ᠲᠣᠭᠣᠷᠢᠨ᠎ᠳᠤ ᠨᠠᠮ᠎ᠤᠨ ᠪᠠᠢ᠌ᠭᠤᠯᠤᠯᠲᠠ ᠵᠢ ᠠᠳᠬᠤᠵᠤ᠂ ᠨᠠᠮ᠎ᠤᠨ ᠪᠠᠢ᠌ᠭᠤᠯᠤᠯᠲᠠ᠎ᠪᠠᠷ ᠭᠣᠤᠯᠳᠠᠯᠭ᠎ᠠ ᠵᠢ ᠠᠬᠢᠭᠤᠯᠬᠤ》 ᠣᠨᠣᠯᠵᠢᠬᠤᠨ᠎ᠢ ᠪᠠᠲᠤ ᠪᠣᠶ ᠪᠣᠯᠭ᠋ᠠᠵᠤ᠂ ᠨᠠᠮ᠎ᠤᠨ ᠪᠠᠢ᠌ᠭᠤᠯᠤᠯᠲᠠ ᠪᠠ ᠲᠤᠬᠠᠢ᠌ᠯᠠᠭᠰᠠᠨ ᠠᠵᠢᠯ᠎ᠢ ᠬᠠᠮᠳᠤ᠎ᠳᠤ᠎ᠨᠢ ᠲᠥᠯᠥᠪᠵᠢᠭᠦᠯᠬᠦ᠂ ᠬᠠᠮᠳᠤ᠎ᠳᠤ᠎ᠨᠢ ᠪᠠᠢ᠌ᠷᠢᠯᠠᠭᠤᠯᠬᠤ᠂ ᠬᠠᠮᠳᠤ᠎ᠳᠤ᠎ᠨᠢ ᠨᠠᠢ᠌ᠳᠠᠪᠤᠷᠢᠵᠢᠭᠤᠯᠬᠤ᠂ ᠬᠠᠮᠳᠤ᠎ᠳᠤ᠎ᠨᠢ ᠪᠠᠢ᠌ᠴᠠᠭ᠋ᠠᠬᠤ ᠵᠢ ᠪᠡᠶᠡᠯᠡᠭᠦᠯᠵᠦ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠠᠢ᠌ᠷᠢᠯᠠᠭᠤᠯᠤᠯᠲᠠ ᠵᠢᠨ ᠲᠠᠯ᠎ᠠ ᠳᠡᠬᠡᠷ᠎ᠠ ᠬᠠᠷᠢᠯᠴᠠᠨ ᠤᠶᠠᠯᠳᠤᠭᠤᠯᠵᠤ᠂ ᠬᠡᠷᠡᠭᠵᠢᠭᠦᠯᠬᠦ ᠳᠤᠮᠳᠠ ᠬᠠᠷᠢᠯᠴᠠᠨ ᠠᠬᠢᠭᠤᠯᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠤᠨ ᠲᠣᠭᠣᠷᠢᠨ᠎ᠳᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠪᠦᠲᠦᠮᠵᠢᠲᠡᠶ ᠠᠵᠢᠯ᠎ᠤᠨ ᠠᠷᠭ᠎ᠠ ᠵᠢ ᠢᠳᠡᠪᠬᠢᠲᠡᠶ ᠰᠦᠪᠡᠭᠴᠢᠯᠡᠵᠦ᠂ ᠨᠠᠮ᠎ᠤᠨ ᠪᠠᠢ᠌ᠭᠤᠯᠤᠯᠲᠠ ᠵᠢᠨ ᠨᠢᠬᠡ ᠪᠦᠯᠦᠭ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠬᠥᠮᠦᠵᠢᠭᠦᠯᠬᠦ᠂ ᠢᠯᠡᠷᠡᠭᠦᠯᠬᠦ ᠪᠠ ᠤᠬᠠᠭᠤᠯᠵᠤ᠂ ᠬᠠᠮᠲᠤ᠎ᠪᠠᠷ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ 《ᠬᠠᠷᠢᠭᠤᠴᠠᠯᠭ᠎ᠠ ᠵᠢᠨ ᠲᠠᠷᠢᠶ᠎ᠠ》 ᠵᠢ 《ᠥᠨᠳᠥᠷ ᠤᠨᠠᠯᠲᠠ᠎ᠲᠠᠢ ᠲᠠᠷᠢᠶ᠎ᠠ》 ᠪᠣᠯᠭ᠋ᠠᠨ ᠳᠠᠷᠢᠬᠤ ᠬᠡᠷᠡᠭᠳᠡᠢ᠃ ᠲᠦᠷᠪᠡ᠎ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠠᠵᠢᠯ᠎ᠤᠨ ᠰᠡᠳᠬᠢᠴᠡ ᠠᠷᠭ᠎ᠠ ᠵᠠᠮ ᠵᠶ᠋ᠠᠨ ᠥᠷᠭᠡᠳᠬᠡᠬᠦ ᠬᠡᠷᠡᠭᠲᠡᠢ᠃ ᠵᠣᠭᠰᠣᠴᠠ ᠪᠠ ᠬᠠᠷᠠᠭ᠋ᠠᠰᠦ᠎ᠪᠠᠨ ᠦᠷᠭᠡᠳᠬᠡᠨ ᠳᠡᠭᠡᠭᠰᠢᠯᠡᠭᠦᠯᠵᠦ᠂ ᠨᠡᠩ ᠦᠷᠭᠡᠨ ᠴᠠᠷᠠᠭ᠎ᠠ ᠬᠦᠷᠢᠶᠡᠨ᠎ᠠᠴᠠ 《ᠦᠨᠳᠦᠰᠦᠲᠡᠨ᠎ᠤ ᠠᠵᠢᠯ》᠎ᠢ ᠬᠢᠨᠠᠨ ᠦᠵᠡᠵᠦ᠂ ᠶᠡᠬᠡ ᠲᠠᠯ᠎ᠠ ᠵᠢᠨ ᠦᠵᠡᠯᠲᠡ᠂ ᠰᠢᠰᠲ᠋ᠧᠮ᠎ᠤᠨ ᠦᠵᠡᠯᠲᠡ ᠪᠠ ᠪᠦᠬᠦᠯᠢ ᠴᠣᠭᠴᠠ ᠵᠢᠨ ᠦᠵᠡᠯᠲᠡ ᠵᠢ ᠪᠣᠢ ᠪᠤᠯᠭ᠋ᠠᠬᠤ ᠬᠡᠷᠡᠭᠳᠡᠢ᠃ ᠤᠯᠤᠰ᠎ᠤᠨ ᠦᠨᠳᠦᠰᠦᠲᠡᠨ᠎ᠤ ᠵᠥᠪᠯᠡᠯ᠎ᠯᠦᠭᠡ ᠵᠢᠨ ᠨᠡᠪᠲᠡᠷᠡᠯᠴᠡᠭᠡ ᠪᠠ ᠵᠢᠭ᠋ᠠᠪᠤᠷᠢ ᠠᠪᠬᠤ᠎ᠪᠠᠨ ᠴᠢᠩᠭ᠋ᠠᠳᠬᠠᠵᠤ᠂ ᠪᠤᠰᠤᠳ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ ᠵᠢᠨ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠯᠦᠭᠡ ᠵᠢᠨ ᠵᠣᠯᠭ᠋ᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠥᠷᠢᠰᠥᠯᠳᠦᠭᠡᠨ᠎ᠤ ᠪᠠᠷᠢᠮᠵᠢᠶ᠎ᠠ ᠵᠢ ᠳᠡᠭᠡᠭᠰᠢᠯᠡᠭᠦᠯᠵᠦ᠂ ᠪᠤᠰᠤᠳ᠎ᠠᠴᠠ ᠳᠠᠪᠠᠭᠤᠯᠢᠭ ᠪᠤᠰᠤᠳ᠎ᠠᠴᠠ ᠰᠢᠯᠢᠳᠡᠭ ᠪᠤᠰᠤᠳ᠎ᠠᠴᠠ ᠣᠨᠴᠠᠭ᠋ᠠᠢ ᠪᠠᠢ᠌ᠬᠤ᠎ᠪᠠᠷ ᠴᠢᠷᠮᠠᠢ᠌ᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠭᠣᠣᠯ ᠡᠭᠦᠷᠭᠡ ᠵᠢᠨ ᠲᠣᠭᠣᠷᠢᠨ᠎ᠳᠤ ᠠᠵᠢᠯ ᠵᠶ᠋ᠠᠨ ᠣᠨᠣᠴᠠᠲᠠᠢ ᠲᠥᠯᠥᠪᠵᠢᠭᠦᠯᠵᠦ᠂ ᠭᠡᠰᠢᠭᠦᠨ ᠨᠢᠭᠡᠴᠢ᠂ ᠪᠤᠰᠤᠳ ᠲᠢᠩᠬᠢᠮ ᠲᠣᠪᠴᠢᠢ᠎ᠠ᠎ᠲᠠᠢ ᠪᠠᠷᠢᠮᠵᠢᠶᠠᠯᠠᠨ ᠬᠠᠷᠭᠤᠭᠤᠯᠵᠤ᠂ ᠵᠣᠷᠢᠭᠲᠠᠢ᠎ᠪᠠᠷ ᠬᠦᠴᠦᠷᠬᠡᠭ᠎ᠲᠠᠢ ᠠᠳᠠᠯᠢᠳᠬᠠᠵᠤ᠂ ᠬᠤᠷᠳᠤᠨ᠎ᠲᠠᠢ ᠤᠷᠤᠯᠳᠤᠵᠤ᠂ ᠦᠨᠳᠦᠷ ᠲᠡᠢ᠌ᠰᠢ ᠮᠠᠴᠣᠯᠬᠢᠯᠠᠵᠦ᠂ ᠳᠤᠲᠠᠭᠤᠳᠠᠯ ᠵᠶ᠋ᠠᠨ ᠨᠥᠬᠥᠪᠥᠷᠢᠯᠡᠵᠦ ᠪᠠᠭᠤᠷᠠᠢ ᠲᠠᠯ᠎ᠠ᠎ᠪᠠᠨ ᠴᠢᠩᠭ᠋ᠠᠳᠬᠠᠬᠤ ᠬᠡᠷᠡᠭᠳᠡᠢ᠃ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠢ ᠨᠠᠩ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠵᠢᠯᠣᠭᠣᠳᠴᠤ᠂ 《ᠶᠠᠪᠤᠳᠠᠯ ᠪᠣᠯᠭ᠋ᠠᠨ᠎ᠳᠤ  ᠰᠢᠯᠢᠳᠡᠭ ᠪᠣᠯᠬᠤ᠎ᠪᠠᠷ ᠴᠢᠷᠮᠠᠢ᠌ᠵᠤ᠂ ᠵᠦᠢᠯ ᠪᠣᠯᠭ᠋ᠠᠨ᠎ᠳᠤ ᠲᠡᠷᠢᠭᠦᠨ᠎ᠤ᠎ᠬᠢ ᠪᠣᠯᠬᠤ᠎ᠪᠠᠷ ᠴᠢᠷᠮᠠᠢ᠌ᠬᠤ》 ᠢᠲᠡᠭᠡᠯ ᠵᠣᠷᠢᠭ ᠪᠠ ᠡᠷᠴᠢ ᠵᠣᠷᠢᠭ ᠵᠶ᠋ᠠᠷ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠡᠳᠬᠢᠯ ᠨᠢᠭᠡᠳᠦᠨ ᠬᠦᠴᠦᠯᠡᠵᠦ ᠵᠡᠷᠭᠡ᠎ᠪᠠᠷ ᠤᠷᠤᠭᠰᠢᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ ᠬᠡᠵᠦ ᠱᠠᠭ᠋ᠠᠷᠳᠠᠪᠠ᠃

 

 

 

       ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
       ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ

 

 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)