11 ᠰᠠᠷ᠎ᠠ᠎ᠶ᠋ᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠳᠦ ᠬᠦᠷᠴᠦ᠍ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠶ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠤᠳᠤᠷᠢᠳᠭᠤ ᠪᠠᠭ᠎ᠤᠨ ᠪᠦᠷᠢᠯᠳᠦᠬᠦᠨ ᠂ ᠪᠠᠢᠭᠤᠯᠭ᠎ᠠ ᠵᠢᠴᠢ ᠵᠥᠪᠯᠡᠯ᠎ᠦᠨ ᠬᠠᠷᠢᠶ᠎ᠠ ᠨᠢᠭᠡᠴᠢ᠎ᠶ᠋ᠢᠨ ᠪᠥᠬᠥ᠌ ᠺᠠᠳ᠋ᠷ ᠲᠤᠬᠠᠶ᠎ᠶ᠋ᠢᠨ ᠲᠠᠯᠠᠪᠠᠶ᠎ᠳᠤ ᠮᠡᠳᠡᠭᠦᠯᠦᠯᠲᠡ᠎ᠶ᠋ᠢ ᠰᠣᠨᠣᠰᠪᠠ᠃
ᠤᠬᠠᠭᠤᠯᠤᠨ ᠲᠠᠢᠯᠪᠤᠷᠢᠯᠠᠬᠤ ᠶᠠᠪᠤᠴᠠ᠎ᠳᠤ ᠂ ᠳᠡᠳ᠋ ᠲᠡᠷᠢᠭᠦᠯᠡᠭ᠌ᠴᠢ ᠪᠥᠬᠥᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ ᠴᠢᠬᠤᠯᠠ ᠶᠡᠬᠡ ᠲᠣᠭ᠍ᠲᠠᠭᠠᠯ ᠪᠣᠯᠤᠨ ᠰᠢ᠎ᠵᠢᠨ᠎ᠫᠢᠩ ᠶᠡᠷᠦᠩᠬᠡᠶ ᠱᠦᠵᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠱᠢᠰᠲ᠋ᠧᠮ᠎ᠲᠡᠶ ᠭᠦᠨᠵᠡᠭᠡᠶ ᠲᠠᠢᠯᠪᠤᠷᠢᠯᠠᠪᠠ᠃ ᠪᠦᠭᠦᠳᠡ ᠬᠤᠷᠠᠯ ᠬᠤᠷᠠᠯᠳᠤᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠣᠣᠯᠳᠠᠯᠭ᠎ᠠ᠎ᠲᠠᠶ ᠲᠣᠳᠣᠷᠬᠠᠢᠯᠠᠨ ᠥᠭᠦᠯᠡᠵᠦ᠍ ᠂ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠡᠢᠭᠡᠮ ᠣᠳᠣᠬᠢᠴᠢᠯᠠᠯᠲᠠ᠎ᠶ᠋ᠢ ᠦᠨᠳᠦᠰᠦᠨ ᠪᠡᠶᠡᠯᠡᠭᠦᠯᠬᠦ᠌ ᠠᠬᠢᠴᠠ ᠳᠤᠮᠳᠠ ᠣᠷᠣᠱᠢᠵᠤ ᠪᠠᠢᠭ᠎ᠠ ᠤᠷᠢᠳᠤᠬᠢ᠎ᠶ᠋ᠢ ᠵᠠᠯᠭᠠᠮᠵᠢᠯᠠᠨ ᠶ᠋ᠢ ᠰᠡᠩᠬᠡᠷᠡᠭᠦᠯᠬᠦ᠌ ᠲᠡᠦᠬᠡᠨ ᠣᠷᠣᠨ ᠪᠠᠢᠷᠢ᠎ᠶ᠋ᠢ ᠭᠦᠨᠵᠡᠭᠡᠶ ᠵᠠᠳᠠᠯᠵᠤ ᠂ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ ᠂ ᠴᠢᠬᠤᠯᠠ ᠶᠡᠬᠡ ᠵᠠᠷᠴᠢᠮ ᠂ ᠭᠣᠣᠯ ᠬᠠᠷᠠᠯᠲᠠ ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠠᠢᠯᠪᠤᠷᠢᠯᠠᠭ᠍ᠰᠠᠨᠤ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ᠎ᠠᠴᠠ ᠲᠣᠳᠣᠷᠬᠠᠢᠯᠠᠭ᠍ᠰᠠᠨ ᠬᠠᠷᠠᠯᠲᠠ ᠡᠭᠦᠷᠭᠡ᠎ᠲᠡᠶ ᠤᠶᠠᠯᠳᠤᠭᠤᠯᠤᠨ ᠃ ᠮᠡᠳᠡᠭᠦᠯᠦᠯᠲᠡ᠎ᠳᠦ ᠰᠢ᠎ᠵᠢᠨ᠎ᠫᠢᠩ ᠶᠡᠷᠦᠩᠬᠡᠶ ᠱᠦᠵᠢ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠳᠠᠬᠢᠨ ᠡᠷᠭᠢᠴᠡᠭᠦᠯᠬᠦ᠌᠎ᠶ᠋ᠢᠨ ᠬᠠᠮᠲᠤ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃
ᠳᠡᠳ᠋ ᠲᠡᠷᠢᠭᠦᠯᠡᠭ᠌ᠴᠢ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠨᠢ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠭ᠎ᠠ ᠪᠣᠯᠬᠣᠷ ᠡᠷᠬᠡᠪᠰᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠰᠢᠵᠢᠨᠫᠢᠩᠶᠡᠷᠦᠩᠬᠡᠶ ᠱᠦᠵᠢ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠲᠠᠶ ᠨᠢᠭ᠍ᠲᠠ ᠤᠶᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠲᠠᠶ ᠣᠷᠭᠠᠨᠢᠭ᠎ᠢᠶᠠᠷ ᠤᠶᠠᠯᠳᠤᠭᠤᠯᠵᠤ ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ᠎ᠲᠠᠶ ᠦᠨᠡᠨ ᠬᠦ᠌ ᠨᠢᠭᠡᠳᠭᠡᠬᠦ᠌ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠠᠵᠢᠯ᠎ᠤᠨ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠂ ᠡᠯ᠎ᠡ ᠵᠦᠢᠯ᠎ᠦᠨ ᠠᠵᠢᠯ ᠲᠦᠷᠦᠭ᠌ᠳᠡᠯ᠎ᠲᠡᠶ ᠪᠦᠲᠦᠮᠵᠢᠲᠡᠢ ᠥᠷᠨᠢᠭᠦᠯᠵᠦ᠍ ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠵᠦ᠍ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠪᠦᠬᠦ᠌ ᠺᠠᠳ᠋ᠷᠴᠤᠳ᠎ᠤᠨ ᠳᠤᠮᠳᠠ ᠴᠢᠩᠭ᠎ᠠ ᠲᠤᠰᠭᠠᠯ ᠭᠠᠷᠪᠠ᠃ ᠮᠡᠳᠡᠭᠦᠯᠦᠯᠲᠡ᠎ᠶ᠋ᠢᠨ ᠲᠣᠳᠣᠷᠬᠠᠢ ᠂ ᠥᠭᠦᠯᠡᠯᠲᠡ ᠭᠦᠨᠵᠡᠭᠡᠢ ᠂ ᠠᠭᠤᠯᠤᠭ᠍ᠳᠠᠬᠤᠨ ᠪᠠᠶᠠᠯᠢᠭ ᠪᠠᠢᠵᠤ ᠂ ᠨᠠᠮ᠎ᠤᠨ ᠭᠡᠱᠢᠭᠦᠨ ᠺᠠᠳ᠋ᠷᠴᠤᠳ᠎ᠤᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠬᠤ᠎ᠳᠤ ᠣᠨᠣᠪᠴᠢᠲᠠᠢ ᠬᠠᠪᠰᠤᠷᠤᠨ ᠵᠢᠯᠤᠭᠤᠳᠤᠯᠭ᠎ᠠ ᠬᠠᠩᠭᠠᠭ᠍ᠰᠠᠨ᠎ᠢᠶᠠᠷ ᠪᠠᠷᠠᠬᠤ ᠦᠭᠡᠢ ᠂ ᠪᠠᠰᠠ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ᠎ᠦᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠦᠢᠯᠡᠳᠦᠯᠭᠡ᠎ᠶ᠋ᠢᠨ ᠠᠷᠭ᠎ᠠ ᠵᠠᠮ᠎ᠢ ᠲᠣᠳᠣᠷᠬᠠᠢ ᠥᠭ᠌ᠴᠡᠢ᠃ ᠲᠤᠰ ᠤᠳᠠᠭ᠎ᠠ᠎ᠶ᠋ᠢᠨ ᠤᠬᠠᠭᠤᠯᠤᠨ ᠪᠠᠷ ᠱᠢᠨ᠎ᠡ ᠭᠠᠷᠤᠭ᠎ᠠ ᠪᠣᠯᠭᠠᠵᠤ ᠂ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠤᠯᠠᠮ ᠴᠢᠨᠠᠭ᠍ᠰᠢᠳᠠ ᠴᠢᠩᠭᠠᠳᠭᠠᠵᠤ ᠂ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠵᠤ ᠂ ᠠᠷᠭ᠎ᠠ ᠠᠪᠴᠤ᠌ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ ᠂ ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠡᠷ᠎ᠢᠶᠡᠨ ᠳᠤᠮᠳᠠᠳᠤ ᠤᠯᠤᠰ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠤᠯᠠᠨ᠎ᠢᠶᠠᠷ᠎ᠢᠶᠠᠨ ᠢᠯᠡᠳᠭᠡᠵᠡᠭᠡᠪᠡ᠃