2 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2025 ᠣᠨ᠎ᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ 2024 ᠣᠨ᠎ᠤ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠢ ᠡᠷᠭᠢᠴᠡᠭᠦᠯᠦᠨ ᠳ᠋ᠦᠩᠨᠡᠵᠦ᠂ 2025 ᠣᠨ᠎ᠤ ᠭᠣᠤᠯᠳᠠᠯᠭ᠎ᠠ᠎ᠲᠠᠢ ᠡᠭᠦᠷᠭᠡ ᠵᠢ ᠳᠣᠭᠢᠷᠠᠭᠤᠯᠤᠨ ᠪᠠᠢ᠌ᠷᠢᠯᠠᠭᠤᠯᠪᠠ᠃
ᠬᠤᠷᠠᠯ᠎ᠠᠴᠠ᠂ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠳᠠᠯ᠎ᠠ᠎ᠪᠠᠷ ᠲᠤᠭᠤᠰᠢᠯᠠᠭᠤᠯᠤᠨ ᠨᠡᠢ᠌ᠳᠡᠪᠤᠷᠢᠵᠢᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠪᠠᠢ᠌ᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ ᠪᠠ ᠨᠠᠮ᠎ᠤᠨ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠪᠠ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠤᠭᠳᠠᠭ᠋ᠠᠭᠰᠠᠨ》᠎ᠤ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠶ ᠤᠢ᠌ᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠤᠯ ᠰᠢᠵᠢᠮ ᠪᠤᠯᠭ᠋ᠠᠵᠤ᠂ ᠤᠯᠤᠰ ᠲᠥᠷᠥ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ᠎ᠪᠠᠷ ᠤᠳᠤᠷᠢᠳᠤᠮᠵᠢ ᠪᠣᠯᠭ᠋ᠠᠬᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠵᠶ᠋ᠡᠷ ᠭᠠᠷᠳᠠᠴᠠ ᠪᠣᠯᠭ᠋ᠠᠬᠤ᠂ ᠤᠨᠤᠯ ᠵᠶ᠋ᠠᠷ ᠵᠡᠪᠰᠡᠭᠯᠡᠬᠦ ᠵᠢ ᠴᠥᠬᠥᠷᠡᠰᠢ ᠦᠭᠡᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠤᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠵᠡᠢ ᠬᠡᠵᠦ ᠵᠢᠭ᠋ᠠᠨ ᠭᠠᠷᠭ᠋ᠠᠪᠠ᠃
ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠭᠡᠷᠡᠭᠵᠢᠬᠦᠯᠦᠭᠳᠡᠵᠦ ᠲᠠᠭᠤᠰᠬᠤ ᠵᠢᠯ ᠪᠣᠯᠤᠨ᠎ᠠ᠂ ᠮᠦᠨ ᠴᠦ᠍ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠴᠢᠩᠭ᠎ᠠ ᠡᠵᠡᠮᠳᠡᠵᠦ᠂ ᠰᠢ ᠵᠢᠨ ᠫᠢᠩ ᠶᠡᠷᠦᠩᠬᠡᠶ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠡᠷᠭᠡ ᠡᠯ᠎ᠡ ᠲᠦᠷᠦᠯ᠎ᠤᠨ ᠠᠵᠢᠯ᠎ᠤᠨ ᠬᠢᠷᠢ ᠲᠦᠪᠰᠢᠨ᠎ᠢ ᠬᠦᠴᠦᠯᠡᠨ ᠲᠡᠭᠡᠭᠰᠢᠯᠡᠵᠬᠦᠯᠵᠦ᠂ ᠨᠢᠭᠡ ᠭᠣᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠳᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠬᠦᠯᠬᠦ᠂ 《ᠵᠢᠷᠭᠤᠭ᠋ᠠᠨ ᠢᠨᠵᠧᠨᠧᠷᠢᠩ》᠎ᠢ ᠭᠡᠷᠡᠭᠵᠢᠬᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠳᠤᠮᠳᠠ ᠦᠵᠦᠬᠦᠯᠪᠡᠰᠦ ᠵᠤᠬᠢᠬᠤ ᠬᠤᠪᠢ ᠨᠡᠮᠡᠷᠢ᠎ᠪᠠᠨ ᠦᠵᠡᠬᠦᠯᠬᠦ ᠬᠡᠷᠡᠭᠲᠡᠶ ᠬᠡᠵᠦ ᠴᠢᠬᠤᠯᠠᠴᠢᠯᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ ᠬᠠᠨᠳᠤᠭᠤᠯᠵᠤ᠂ ᠣᠨᠣᠯ ᠵᠶ᠋ᠠᠷ ᠵᠡᠪᠰᠡᠭᠯᠡᠬᠦ ᠵᠢ ᠬᠦᠴᠦᠯᠡᠨ ᠭᠦᠨᠵᠡᠭᠡᠢ᠌ᠷᠡᠭᠦᠯᠵᠦ᠂ ᠦᠨᠳᠦᠰᠦᠨ ᠱᠠᠲᠤᠨ᠎ᠤ ᠰᠠᠭᠤᠷᠢ ᠵᠢ ᠬᠦᠴᠦᠯᠡᠨ ᠪᠡᠬᠢᠵᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠬᠦᠴᠦᠯᠡᠨ ᠠᠬᠢᠭᠤᠯᠵᠤ᠂ ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ ᠵᠢ ᠢᠳᠡᠪᠬᠢᠲᠡᠶ ᠡᠭᠦᠳᠦᠨ ᠪᠠᠢ᠌ᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠴᠢᠨᠠᠷ ᠰᠠᠢ᠌ᠲᠠᠶ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠵᠤ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ ᠨᠢᠭᠡ᠎ᠳᠤ᠂ 《ᠤᠯᠤᠰ ᠲᠥᠷᠥ᠎ᠪᠠᠷ ᠰᠦᠭ ᠰᠦᠨᠡᠰᠦ ᠵᠢ ᠱᠤᠭᠤᠬᠤ》 ᠵᠢ ᠪᠠᠷᠢᠮᠲᠠᠯᠠᠵᠤ᠂ ᠤᠯᠤᠰ ᠲᠥᠷᠥ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠲᠦᠷᠦᠭᠦᠯᠡᠨ ᠪᠡᠶᠡᠯᠡᠭᠦᠯᠬᠦ ᠬᠡᠷᠡᠭᠲᠡᠶ᠃ ᠤᠯᠤᠰ ᠲᠥᠷᠥ ᠵᠢ ᠡᠷᠬᠢᠮᠯᠡᠬᠦ ᠵᠢ ᠠᠵᠢᠯ᠎ᠤᠨ ᠪᠦᠬᠦ ᠶᠠᠪᠤᠴᠠ᠎ᠳᠤ ᠢᠮᠠᠭᠳᠠ ᠲᠤᠭᠤᠰᠢᠯᠠᠭᠤᠯᠵᠤ᠂ ᠨᠠᠮ᠎ᠤᠨ ᠲᠦᠪ ᠬᠤᠷᠢᠶᠠᠨ᠎ᠤ ᠦᠨᠳᠦᠰᠦᠨ ᠪᠣᠳᠣᠯᠭ᠎ᠠ ᠴᠢᠭᠯᠡᠯᠲᠡ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠪᠠᠳᠤᠯᠠᠬᠤ ᠬᠡᠷᠡᠭᠳᠡᠢ᠃ ᠤᠯᠤᠰ ᠲᠦᠷᠦ ᠵᠢᠨ ᠰᠠᠬᠢᠯᠭ᠎ᠠ ᠪᠠᠲᠤ ᠤᠯᠤᠰ ᠲᠦᠷᠦ ᠵᠢᠨ ᠶᠣᠰᠣ ᠲᠦᠷᠢᠮ᠎ᠢ ᠴᠠᠭ ᠢᠮᠠᠭᠲᠠ ᠴᠢᠩᠳᠠᠯᠠᠵᠤ᠂ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠰᠡᠳᠬᠢᠯᠭᠡ᠎ᠪᠠᠷ ᠨᠠᠮ᠎ᠳᠤ᠎ᠪᠠᠨ ᠦᠨᠡᠨᠴᠢ ᠰᠢᠳᠤᠷᠭᠤ ᠬᠥᠮᠦᠨ᠎ᠢ ᠰᠣᠩᠭᠣᠵᠤ᠂ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠴᠢᠳᠠᠪᠤᠷᠢᠲᠠᠨ᠎ᠢ ᠬᠦᠮᠦᠵᠢᠬᠦᠯᠬᠦ᠎ᠪᠠᠷ᠂ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠢᠮᠠᠭᠲᠠ ᠲᠥᠪ ᠴᠢᠩᠭ᠎ᠠ ᠪᠠᠢ᠌ᠯᠭ᠋ᠠᠵᠤ᠂ ᠤᠯᠤᠰ ᠲᠦᠷᠦ ᠵᠢᠨ ᠠᠮᠢᠳᠤᠷᠠᠯ᠎ᠤᠨ ᠲᠦᠷᠢᠮ᠎ᠢ ᠡᠷᠡᠰ ᠴᠢᠩᠭ᠎ᠠ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ ᠺᠠᠳ᠋ᠷ᠎ᠢ ᠬᠦᠳᠦᠯᠥᠨ ᠳᠠᠭ᠋ᠠᠭᠤᠯᠵᠤ ᠪᠠᠢ᠌ᠭ᠋ᠠᠤᠨ ᠪᠠᠷᠢᠮᠵᠢᠶᠠᠯᠠᠨ ᠬᠠᠷᠭᠤᠭᠤᠯᠵᠤ᠂ ᠳᠠᠪᠲᠠᠨ ᠪᠣᠯᠪᠠᠰᠤᠷᠠᠭᠤᠯᠤᠭ᠋ᠠᠳ ᠰᠢᠯᠢᠳᠡᠭᠵᠢᠬᠦᠯᠬᠦ ᠬᠡᠷᠡᠭᠳᠡᠢ᠃ ᠬᠣᠶᠠᠷ᠎ᠲᠤ᠂ 《ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ》 ᠵᠢ ᠪᠠᠷᠢᠮᠲᠠᠯᠠᠵᠤ᠂ ᠤᠨᠤᠯ ᠵᠶ᠋ᠠᠷ ᠵᠡᠪᠰᠡᠭᠯᠡᠬᠦ᠎ᠳᠤ ᠬᠦᠴᠦ᠎ᠪᠠᠨ ᠲᠥᠪᠯᠡᠷᠡᠭᠦᠯᠵᠦ᠂ ᠤᠬᠠᠮᠰᠠᠷ᠎ᠠᠴᠠ᠎ᠪᠠᠨ ᠮᠡᠳᠡᠬᠦᠢ ᠬᠢᠬᠦᠢ ᠵᠢ ᠨᠢᠭᠡᠳᠬᠡᠬᠦ ᠬᠡᠷᠡᠭᠲᠡᠢ᠃ ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠰᠤᠷᠤᠯᠴᠠᠯᠭ᠎ᠠ ᠵᠢ ᠴᠢᠩᠭ᠋ᠠᠳᠬᠠᠵᠤ᠂ 《ᠨᠢᠭᠡᠳᠦᠭᠡᠷ ᠵᠥᠪᠯᠡᠬᠦ ᠰᠡᠳᠦᠪ》᠎ᠤᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠥᠭᠡᠷᠡᠴᠢᠯᠡᠯᠲᠡ ᠬᠥᠭᠵᠢᠯᠲᠡ ᠵᠢᠨ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠵᠡᠪᠰᠡᠭᠯᠡᠬᠦ ᠵᠢ ᠪᠠᠷᠢᠮᠲᠠᠯᠠᠬᠤ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠤᠳᠤᠷᠢᠳᠬᠤ ᠡᠷᠬᠡ ᠪᠠ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠰᠢᠵᠦ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠰᠤᠳᠤᠯᠤᠨ ᠮᠠᠭ᠋ᠠᠳᠯᠠᠬᠤ ᠵᠢ ᠴᠢᠬᠤᠯᠠᠴᠢᠯᠠᠵᠤ᠂ ᠴᠠᠭ᠎ᠤᠨ ᠪᠠᠢ᠌ᠳᠠᠯ᠎ᠢ ᠡᠵᠡᠮᠰᠢᠬᠦ ᠬᠡᠷᠡᠭᠳᠡᠢ᠃ ᠭᠤᠷᠪᠠ᠎ᠳᠤ᠂ 《ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ》 ᠵᠢ ᠪᠠᠷᠢᠮᠲᠠᠯᠠᠵᠤ᠂ ᠨᠠᠮ᠎ᠤᠨ ᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠠᠲᠤ ᠴᠢᠩᠭ᠎ᠠ ᠲᠠᠢ᠍ᠢ᠍ᠴᠢᠨ ᠪᠡᠬᠢᠯᠡᠯᠲᠡ ᠵᠢ ᠴᠣᠭᠴᠠᠯᠠᠬᠤ ᠬᠡᠷᠡᠭᠲᠡᠢ᠃ ᠨᠠᠮ᠎ᠤᠨ ᠡᠭᠦᠷ᠎ᠤᠨ ᠪᠠᠷᠢᠮᠵᠢᠶᠠᠵᠢᠭᠰᠠᠨ ᠲᠦᠷᠢᠮᠵᠢᠭᠰᠡᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ 《ᠨᠢᠭᠡ ᠨᠠᠮ᠎ᠤᠨ ᠡᠭᠦᠷ ᠨᠢᠭᠡ ᠨᠡᠷᠡᠲᠦ ᠲᠡᠮᠳᠡᠭ》᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠠᠲᠤ ᠴᠢᠩᠭ᠎ᠠ ᠪᠡᠬᠢᠯᠡᠯᠲᠡ᠎ᠲᠠᠢ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠵᠢ ᠭᠦᠨᠵᠡᠭᠡᠶ ᠠᠬᠢᠭᠤᠯᠵᠤ᠂ ᠤᠷᠮᠠᠰᠢᠭᠤᠯᠬᠤ ᠨᠥᠯᠥᠭᠡᠯᠡᠬᠦ ᠦᠢᠯᠡᠳᠦᠯ᠎ᠢ ᠲᠠᠰᠤᠷᠠᠯᠲᠠ ᠥᠬᠡᠶ ᠪᠠᠳᠠᠷᠠᠭᠤᠯᠬᠤ ᠬᠡᠷᠡᠭᠳᠡᠢ᠃ ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠣᠳᠠᠲᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠳᠤᠲᠠᠭᠤᠳᠠᠯ ᠪᠠ ᠪᠠᠭᠤᠷᠠᠶ ᠲᠠᠯ᠎ᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠬᠠᠲᠠᠭᠤ ᠴᠢᠩᠭ᠎ᠠ ᠱᠠᠭ᠋ᠠᠷᠳᠠᠯᠭ᠎ᠠ᠎ᠳᠤ ᠴᠢᠭᠯᠡᠬᠦᠯᠵᠦ᠂ ᠱᠠᠲᠤ ᠬᠤᠪᠢᠶᠠᠨ ᠲᠥᠷᠥᠯ ᠬᠤᠪᠢᠶᠠᠨ ᠬᠥᠮᠦᠵᠢᠯ ᠪᠣᠯᠪᠠᠰᠤᠷᠠᠯ ᠥᠷᠨᠢᠭᠦᠯᠵᠦ᠂ ᠨᠠᠮ᠎ᠤᠨ ᠠᠵᠢᠯ᠎ᠤᠨ ᠴᠢᠳᠠᠪᠤᠷᠢ ᠪᠠ ᠲᠦᠪᠰᠢᠨ᠎ᠢ ᠲᠠᠰᠤᠷᠠᠯᠲᠠ ᠥᠬᠡᠶ ᠳᠡᠬᠡᠭᠰᠢᠯᠡᠬᠦᠯᠬᠦ ᠬᠡᠷᠡᠭᠳᠡᠢ᠃ ᠪᠠᠢ᠌ᠭᠤᠯᠭ᠎ᠠ ᠵᠢᠨ ᠪᠠᠶᠠᠯᠢᠭ ᠰᠠᠢ᠌ᠬᠠᠨ ᠠᠭᠤᠯᠭ᠎ᠠ᠎ᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠺᠠᠳ᠋ᠷ ᠠᠵᠢᠯᠲᠠᠨ ᠠᠵᠢᠯᠴᠢᠨ᠎ᠤ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠬ᠍ᠵᠢᠭᠤᠯᠵᠤ᠂ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠦᠨᠳᠦᠰᠦᠲᠡᠨ᠎ᠤ ᠵᠥᠪᠯᠡᠯ᠎ᠤᠨ ᠣᠨᠴᠠᠯᠢᠭ ᠵᠶ᠋ᠠᠷ ᠪᠠᠶᠠᠯᠢᠭ ᠪᠠᠢ᠌ᠭᠤᠯᠭ᠎ᠠ ᠵᠢᠨ ᠰᠣᠶᠣᠯ᠎ᠤᠨ ᠨᠡᠷᠡᠲᠦ ᠳᠡᠮᠳᠡᠭ᠎ᠢ ᠴᠤᠭᠴᠠᠯᠠᠵᠤ᠂ ᠡᠶ᠎ᠡ ᠵᠣᠬᠢᠴᠠᠯ᠎ᠲᠠᠢ ᠨᠠᠮ᠎ᠤᠨ ᠵᠣᠬᠢᠶᠠᠨ ᠪᠠᠢ᠌ᠭᠤᠯᠤᠯᠲᠠ ᠵᠢ ᠦᠷᠭᠦᠯᠵᠢᠯᠡᠨ ᠪᠣᠶ ᠪᠤᠯᠭ᠋ᠠᠬᠤ ᠬᠡᠷᠡᠭᠳᠡᠢ᠃ ᠳᠥᠷᠪᠡ᠎ᠳᠤ᠂ 《ᠬᠡᠪ ᠰᠤᠷᠲᠠᠯ ᠵᠶ᠋ᠠᠷ ᠦᠨᠳᠦᠰᠦ ᠵᠢ ᠪᠡᠬᠢᠵᠢᠭᠦᠯᠬᠦ》 ᠵᠢ ᠪᠠᠷᠢᠮᠲᠠᠯᠠᠵᠤ᠂ ᠵᠣᠷᠢᠭᠲᠠᠶ᠎ᠪᠠᠷ ᠪᠤᠳᠠᠳᠤ ᠠᠵᠢᠯ ᠬᠢᠵᠦ ᠦᠨᠡᠨ ᠦᠭᠡ ᠭᠡᠯᠡᠵᠦ᠂ ᠰᠠᠢ᠌ᠨ ᠰᠠᠢ᠌ᠬᠠᠨ ᠤᠯᠤᠰ ᠲᠥᠷᠥ ᠵᠢᠨ ᠠᠮᠢ ᠠᠬᠤᠶ ᠵᠢ ᠪᠣᠶ ᠪᠣᠯᠭ᠋ᠠᠬᠤ ᠬᠡᠷᠡᠭᠲᠡᠶ᠃ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ ᠪᠣᠯᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ 《ᠳᠥᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ 《ᠪᠠᠷᠢᠮᠵᠢᠶ᠎ᠠ ᠵᠢ ᠳᠡᠭᠡᠭᠰᠢᠯᠡᠭᠦᠯᠦᠨ ᠬᠤᠷᠳᠤᠴᠠ ᠵᠢ ᠲᠦᠷᠭᠡᠳᠬᠡᠵᠦ ᠦᠷ᠎ᠡ ᠪᠦᠲᠦᠮᠵᠢ ᠵᠢ ᠰᠠᠢ᠌ᠵᠢᠷᠠᠭᠤᠯᠬᠤ》 ᠲᠤᠰᠬᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷ᠎ᠲᠤ ᠪᠠᠢ᠌ᠩᠭᠤ ᠵᠢᠨ ᠴᠢᠨᠠᠷᠲᠠᠶ ᠬᠢᠨᠠᠯᠲᠠ ᠲᠠᠯᠪᠢᠬᠤ ᠵᠢ ᠨᠠᠷᠢᠯᠢᠭ ᠪᠣᠳᠠᠲᠠᠶ ᠬᠢᠵᠦ᠂ ᠠᠵᠢᠯᠯᠠᠬᠤ ᠤᠷᠮ᠎ᠠ ᠵᠢ ᠪᠥᠬᠥ ᠲᠠᠯ᠎ᠠ᠎ᠪᠠᠷ ᠬᠦᠭᠵᠢᠬᠡᠬᠦ ᠬᠡᠷᠡᠭᠳᠡᠢ᠃ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠵᠢ ᠦᠷᠭᠦᠯᠵᠢᠯᠡᠨ ᠦᠷᠨᠢᠬᠦᠯᠬᠦ ᠬᠡᠷᠡᠭᠳᠡᠢ᠃ 《ᠬᠣᠤᠰ ᠨᠡᠷ᠎ᠡ ᠮᠡᠳᠡᠭᠦᠯᠬᠦ᠂ ᠬᠣᠤᠰ ᠦᠢᠯᠡᠴᠢᠯᠡᠭᠡ᠂ ᠬᠣᠤᠰ ᠮᠡᠳᠡᠭᠦᠯᠦᠯᠲᠡ》 ᠵᠢᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠬᠤᠯᠪᠤᠭ᠋ᠠᠯᠠᠨ ᠬᠦᠳᠡᠯᠦᠯᠴᠡᠵᠦ ᠨᠡᠢ᠌ᠭᠡᠮ ᠲᠣᠭᠣᠷᠢᠭ᠎ᠢ ᠬᠠᠮᠳᠤ᠎ᠪᠠᠷ ᠪᠠᠢ᠌ᠭᠤᠯᠬᠤ᠂ ᠳᠠᠭ᠋ᠠᠭ᠋ᠠᠴᠢᠯᠠᠨ ᠬᠣᠯᠪᠣᠭ᠋ᠠᠯᠠᠵᠤ ᠬᠠᠪᠰᠤᠷᠤᠨ ᠲᠡᠳᠬᠦᠬᠦ ᠲᠣᠰᠬᠣᠨ᠎ᠢ ᠣᠨᠣᠪᠴᠢᠲᠠᠶ᠎ᠪᠠᠷ ᠬᠠᠪᠰᠤᠷᠤᠨ ᠲᠡᠳᠬᠦᠬᠦ ᠵᠢ ᠨᠠᠢ᠌ᠳᠠᠪᠤᠷᠵᠢᠭᠤᠯᠬᠤ ᠬᠡᠷᠡᠭᠳᠡᠢ᠃ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠠᠮ᠎ᠤᠨ ᠪᠠᠢ᠌ᠭᠤᠯᠤᠯᠲᠠ ᠪᠠ ᠲᠤᠬᠠᠢ᠌ᠯᠠᠭᠰᠠᠨ ᠠᠵᠢᠯ᠎ᠤᠨ 《ᠬᠣᠤᠰ ᠠᠵᠢᠯ᠎ᠤᠨ ᠮᠡᠳᠡᠭᠦᠯᠦᠯᠲᠡ》᠂ 《ᠬᠣᠤᠰ ᠬᠢᠨᠠᠨ ᠰᠢᠯᠭ᠋ᠠᠯᠲᠠ》᠂ 《ᠬᠣᠤᠰ ᠦᠨᠡᠯᠡᠯᠲᠡ》 ᠵᠢ ᠪᠠᠷᠢᠮᠲᠠᠯᠠᠵᠤ᠂ ᠬᠦᠴᠢᠷ ᠠᠰᠠᠭᠤᠳᠠᠯ᠎ᠢ ᠪᠦᠲᠦᠮᠵᠢᠲᠡᠶ ᠰᠢᠢ᠍ᠳᠪᠤᠷᠢᠯᠡᠬᠦ ᠬᠡᠷᠡᠭᠳᠡᠢ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠨᠢᠭᠡᠳᠦᠭᠡᠷ ᠳᠡᠰ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠪᠠᠢ᠌ᠭᠤᠯᠭ᠎ᠠ ᠵᠢᠴᠢ ᠵᠥᠪᠯᠡᠯ᠎ᠤᠨ ᠬᠠᠷᠢᠶ᠎ᠠ ᠨᠢᠭᠡᠴᠢ ᠵᠢᠨ ᠪᠦᠬᠦ ᠨᠠᠮ᠎ᠤᠨ ᠭᠡᠰᠢᠭᠦᠨ ᠺᠠᠳ᠋ᠷ ᠬᠤᠷᠠᠯ᠎ᠳᠤ ᠣᠷᠣᠯᠴᠠᠵᠠᠢ᠃