ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠪᠦᠬᠦ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠡᠷᠬᠢᠯᠡᠭᠴᠢᠳ᠎ᠤᠨ ᠬᠤᠷᠠᠯ ᠬᠥᠬᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-02-19

      2 ᠳ᠋ᠤᠭ᠋ᠠᠷ ᠰᠠᠷ᠎ᠠ ᠵᠢᠨ 18᠎ᠤ ᠡᠳᠦᠷ᠂ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠡᠷᠬᠢᠯᠡᠭᠴᠢᠳ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
     图片1.png     

      ᠬᠤᠷᠠᠯ᠎ᠤᠨ ᠠᠬᠤᠢ ᠲᠠᠯᠠᠪᠠᠢ
      图片2.png

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠶᠠᠷᠢᠶ᠎ᠠ ᠲᠠᠯᠪᠢᠪᠠ᠃
      ᠬᠤᠷᠠᠯ᠎ᠠᠴᠠ᠂ 2024 ᠣᠨ᠎ᠳᠤ ᠪᠦᠬᠦ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠰᠢᠰᠲᠸᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠳᠤ ᠠᠩᠬᠠᠷᠤᠯ ᠵᠶ᠋ᠠᠨ ᠬᠠᠨᠳᠤᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠡᠪᠴᠢᠶ᠎ᠡ ᠵᠢ ᠦᠷᠭᠡᠳᠬᠡᠵᠦ ᠴᠢᠨᠠᠷ᠎ᠢ ᠰᠠᠢ᠌ᠵᠢᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠤᠭᠳᠠᠯᠴᠠᠭ᠎ᠠ ᠵᠢᠨ ᠪᠠᠶ᠋ᠢᠭᠤᠯᠤᠯᠲᠠ ᠰᠢᠨ᠎ᠡ ᠰᠢᠪᠲᠤᠯᠤᠯᠲᠠ᠎ᠲᠠᠢ ᠪᠣᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠲᠤᠭᠲᠠᠯᠴᠠᠭ᠎ᠠ ᠵᠢ ᠲᠡᠭᠦᠯᠳᠡᠷᠵᠢᠭᠦᠯᠵᠦ᠂ ᠭᠤᠷᠪᠠᠨ ᠱᠠᠲᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠨᠢ ᠬᠣᠯᠪᠣᠭ᠋ᠠᠯᠠᠨ ᠬᠦᠳᠡᠯᠦᠯᠴᠡᠵᠦ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ》 ᠦᠨᠳᠦᠰᠦᠨ ᠱᠠᠲᠤᠨ᠎ᠤ ᠠᠶᠠᠯᠠᠯ᠎ᠤᠨ ᠭᠣᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠶ᠋ᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ 《ᠭᠤᠷᠪᠠᠨ ᠲᠦᠷᠦᠯ᠎ᠤᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠳᠤ ᠰᠢᠨ᠎ᠡ ᠪᠠᠶ᠋ᠢᠳᠠᠯ ᠢᠯᠡᠷᠡᠪᠡ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠦᠮᠲᠦ ᠣᠳᠣᠬᠢᠴᠢᠯᠠᠯᠲᠠ ᠲᠡᠶ᠋ᠢᠰᠢ ᠬᠠᠮᠲᠤ᠎ᠪᠠᠷ ᠤᠷᠤᠭᠰᠢᠯᠠᠬᠤ ᠵᠢ ᠠᠬᠢᠭᠤᠯᠵᠤ ᠰᠢᠨ᠎ᠡ ᠠᠬᠢᠯᠲᠠ᠎ᠲᠠᠢ ᠪᠣᠯᠭ᠋ᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ ᠣᠷᠣᠨ ᠨᠤᠲᠤᠭ᠎ᠤᠨ ᠴᠢᠨᠠᠷᠲᠠᠢ ᠬᠠᠤᠯᠢ ᠲᠦᠷᠢᠮ᠎ᠢ ᠲᠣᠭᠲᠠᠭ᠋ᠠᠨ ᠲᠡᠭᠦᠯᠳᠡᠷᠵᠢᠭᠦᠯᠬᠦ ᠵᠢ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠤᠭᠲᠠᠯᠴᠠᠭ᠎ᠠ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠬᠢᠷᠢ ᠲᠦᠪᠰᠢᠨ ᠰᠢᠨ᠎ᠡ ᠠᠬᠤᠢ ᠪᠠᠶ᠋ᠢᠳᠠᠯ᠎ᠢ  ᠪᠤᠢ ᠪᠤᠯᠭ᠋ᠠᠪᠠ᠃ ᠤᠯᠠᠮᠵᠢᠯᠠᠨ ᠲᠠᠷᠬᠠᠭ᠋ᠠᠬᠤ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠤᠬᠠᠭᠤᠯᠬᠤ ᠠᠭᠤᠯᠭ᠎ᠠ ᠵᠢ ᠪᠠᠶᠠᠯᠢᠭᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠶ᠋ᠢᠲᠤᠷ ᠶᠠᠷᠢᠵᠤ ᠰᠢᠨ᠎ᠡ ᠪᠠᠶ᠋ᠢᠳᠠᠯ᠎ᠢ ᠪᠦᠷᠢᠯᠳᠦᠭᠦᠯᠪᠡ᠃ ᠮᠡᠳᠡᠭᠡ ᠵᠠᠩᠭᠢ ᠵᠢᠨ ᠠᠵᠢᠯ᠎ᠢ ᠦᠷᠭᠦᠯᠵᠢᠯᠡᠨ ᠴᠢᠩᠭ᠋ᠠᠳᠬᠠᠨ ᠰᠠᠶ᠋ᠢᠵᠢᠷᠠᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠭᠣᠣᠯ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠰᠠᠬᠢᠵᠤ᠂ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠠᠶᠤᠯ ᠲᠦᠭᠰᠢᠭᠦᠷᠢ ᠲᠠᠯᠳᠠ ᠭᠡᠮ᠎ᠢ ᠰᠡᠷᠭᠡᠶ᠋ᠢᠯᠡᠨ ᠠᠷᠢᠯᠭ᠋ᠠᠵᠤ᠂ ᠦᠨᠳᠦᠰᠦᠲᠡᠨ᠎ᠤ ᠪᠦᠯᠬᠦᠮᠳᠡᠯ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠪᠠ᠃
      ᠬᠤᠷᠠᠯ᠎ᠠᠴᠠ᠂ 2025 ᠣᠨ᠎ᠳᠤ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ᠂ ᠶᠢᠰᠦᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠤᠤᠯ ᠰᠢᠵᠢᠮ᠎ᠳᠤ ᠠᠩᠬᠠᠷᠤᠯ ᠵᠶ᠋ᠠᠨ ᠬᠠᠨᠳᠤᠭᠤᠯᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠨᠤᠯ᠎ᠤᠨ ᠰᠤᠳᠤᠯᠭ᠋ᠠᠨ᠎ᠤ ᠲᠦᠷᠢᠮ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠣᠳᠤᠯᠭ᠎ᠠ ᠪᠠ ᠤᠬᠠᠭᠤᠯᠭ᠎ᠠ ᠲᠠᠢ᠌ᠯᠪᠦᠷᠢᠯᠠᠯᠲᠠ ᠵᠢ ᠭᠦᠨᠵᠡᠭᠡᠢ᠌ᠷᠡᠭᠦᠯᠦᠨ᠎ᠡ᠃ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨ᠎ᠤ ᠬᠥᠮᠦᠵᠢᠯ ᠪᠠ 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠤ ᠠᠶᠠᠯᠠᠯ᠎ᠤᠨ ᠤᠢ᠌ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠰᠢᠨ᠎ᠡ ᠡᠭᠦᠳᠦᠯᠲᠡ᠎ᠲᠠᠢ᠎ᠪᠠᠷ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠣᠳᠠᠲᠠᠶ ᠲᠦᠷᠦᠭᠳᠡᠯ᠎ᠲᠠᠢ ᠪᠦᠲᠦᠮᠵᠢᠲᠡᠶ᠎ᠪᠠᠷ  ᠦᠷᠨᠢᠭᠦᠯᠦᠨ᠎ᠡ᠃ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠭᠢᠯᠡᠵᠦ᠂ ᠬᠢᠯᠢ ᠬᠢᠵᠠᠭ᠋ᠠᠷ ᠭᠠᠵᠠᠷ᠎ᠤᠨ 《ᠲᠠᠪᠤᠨ  ᠬᠠᠮᠳᠤᠳᠬᠠᠬᠤ》 ᠬᠣᠩᠭᠢᠯ᠎ᠤᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠢ᠌ᠷᠡᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠠᠤᠯᠢ᠎ᠪᠠᠷ ᠵᠠᠰᠠᠬᠤ ᠲᠤᠭᠳᠠᠯᠴᠠᠭ᠎ᠠ ᠪᠣᠯᠤᠨ ᠪᠠᠶ᠋ᠢᠭᠤᠯᠤᠮᠵᠢ ᠲᠣᠭᠲᠠᠴᠠ ᠵᠢ ᠪᠠᠶ᠋ᠢᠭᠤᠯᠬᠤ᠎ᠪᠠᠷ ᠭᠣᠣᠯᠳᠠᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠤᠭᠳᠠᠯᠴᠠᠭ᠎ᠠ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠬᠤ ᠠᠵᠢᠯ᠎ᠢ ᠰᠢᠯᠢᠳᠡᠭᠵᠢᠭᠦᠯᠬᠦ ᠦᠷ᠎ᠡ ᠪᠦᠲᠦᠮᠵᠢ ᠵᠢ ᠰᠠᠢ᠌ᠵᠢᠷᠠᠭᠤᠯᠬᠤ ᠲᠠᠰ ᠲᠡᠪᠰᠢᠭᠰᠡᠨ ᠬᠡᠪ᠎ᠢ ᠪᠥᠬᠥ ᠬᠦᠴᠦᠨ ᠵᠶ᠋ᠠᠷ ᠵᠶ᠋ᠠᠨ ᠴᠣᠭᠴᠠᠯᠠᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠬᠠᠮᠲᠤ ᠵᠢᠨ ᠣᠳᠣᠬᠢᠴᠢᠯᠠᠯᠲᠠ ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ 《ᠭᠤᠷᠪᠠᠨ ᠠᠴᠢ ᠬᠣᠯᠪᠣᠭᠳᠠᠯ》᠎ᠢ ᠣᠯᠭᠤᠬᠤ ᠲᠦᠷᠢᠮ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠵᠢ ᠠᠬᠢᠭᠤᠯᠤᠨ᠎ᠠ᠃ ᠦᠨᠳᠦᠰᠦᠲᠡᠨ᠎ᠤ ᠠᠵᠢᠯ᠎ᠤᠨ 《ᠬᠣᠶᠠᠷ ᠲᠣᠭᠲᠠᠴᠠ》 ᠵᠢ ᠬᠦᠴᠦᠯᠡᠨ ᠰᠢᠯᠢᠳᠡᠭᠵᠢᠭᠦᠯᠵᠦ᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃
       图片3.png

      图片4.png

      2024 ᠣᠨ᠎ᠤ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ ᠮᠡᠳᠡᠭᠡ ᠵᠠᠩᠭᠢ ᠵᠢᠨ ᠠᠵᠢᠯ᠎ᠤᠨ ᠲᠡᠷᠢᠭᠦᠨ᠎ᠤ ᠬᠠᠮᠲᠤ ᠨᠢᠭᠡᠴᠢ ᠪᠠ ᠲᠡᠷᠢᠭᠦᠨ᠎ᠤ ᠬᠤᠪᠢ ᠬᠥᠮᠦᠨ᠎ᠳᠤ ᠫᠠᠶ᠋ᠢᠰᠠ  ᠣᠯᠭᠤᠪᠠ 
      ᠬᠤᠷᠠᠯ᠎ᠠᠴᠠ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ 2024 ᠣᠨ᠎ᠤ ᠪᠥᠬᠥ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ ᠮᠡᠳᠡᠭᠡ ᠵᠠᠩᠭᠢ ᠵᠢᠨ ᠠᠵᠢᠯ᠎ᠤᠨ ᠲᠡᠷᠢᠭᠦᠨ᠎ᠤ ᠬᠠᠮᠲᠤ ᠨᠢᠭᠡᠴᠢ ᠪᠣᠯᠤᠨ ᠲᠡᠷᠢᠭᠦᠨ᠎ᠤ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠲᠤᠬᠠᠶ ᠲᠣᠭᠲᠠᠭ᠋ᠠᠯ》᠎ᠢ ᠤᠩᠰᠢᠨ ᠨᠡᠶ᠋ᠢᠲᠡᠯᠡᠭᠰᠡᠨ ᠪᠥᠭᠡᠳ ᠬᠥᠬᠢᠭᠦᠯᠦᠯ ᠭᠥᠷᠳᠡᠭᠰᠡᠨ ᠲᠥᠯᠥᠭᠡᠯᠡᠭᠴᠢᠳ᠎ᠲᠤ ᠫᠠᠶ᠋ᠢᠰᠠ ᠣᠯᠭᠣᠪᠠ᠃ ᠬᠥᠬᠡᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠰᠢᠯᠢ ᠵᠢᠨ ᠭᠤᠤᠯ ᠠᠶ᠋ᠢᠮᠠᠭ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠬᠥᠯᠥᠨ ᠪᠣᠶ᠋ᠢᠷ ᠬᠣᠲᠠ ᠵᠢᠨ ᠬᠠᠶ᠋ᠢᠯᠠᠷ ᠲᠣᠭᠣᠷᠢᠭ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠤᠯᠠᠭ᠋ᠠᠨᠴᠠᠪ ᠬᠣᠲᠠ ᠵᠢᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠷᠳᠣᠰ ᠬᠣᠲᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠠᠬᠢᠭᠤᠯᠬᠤ ᠨᠡᠢ᠌ᠭᠡᠮᠯᠢᠭ ᠵᠡᠷᠭᠡ 6 ᠭᠠᠵᠠᠷ ᠣᠷᠣᠨ᠂  ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ  ᠶᠠᠷᠢᠶ᠎ᠠ ᠲᠠᠯᠪᠢᠪᠠ᠃
        ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠰᠦᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠲᠤ ᠲᠤᠮᠢᠯᠠᠭᠰᠠᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠶᠠᠩ ᠸᠸᠨ ᠱᠧᠩ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠨᠢᠭᠡᠳᠦᠭᠡᠷ ᠳᠡᠰ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠬᠤᠷᠠᠯ᠎ᠳᠤ ᠣᠷᠣᠯᠴᠠᠵᠠᠢ᠃ ᠡᠯ᠎ᠡ ᠠᠶ᠋ᠢᠮᠠᠭ ᠬᠣᠲᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠮᠠᠨᠵᠤᠤᠷ ᠬᠣᠲᠠ᠂ ᠡᠷᠢᠶᠡᠨ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ ᠵᠢᠴᠢ ᠠᠯᠪᠠᠨ ᠭᠡᠷ᠎ᠤᠨ ᠡᠷᠬᠢᠯᠡᠭᠴᠢ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠬᠣᠶᠠᠳᠤᠭ᠋ᠠᠷ ᠭᠠᠵᠠᠷ᠂ ᠭᠤᠷᠪᠠᠳᠤᠭ᠋ᠠᠷ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠷᠢᠨ ᠪᠢᠴᠢᠭ᠎ᠤᠨ ᠶᠢᠰᠦᠳᠦᠭᠡᠷ ᠭᠠᠵᠠᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠭᠡᠰᠢᠭᠦᠨ ᠨᠢᠭᠡᠴᠢ ᠵᠢᠨ ᠬᠣᠯᠪᠣᠭ᠋ᠠᠴᠢᠨ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠣᠨᠣᠯ᠎ᠤᠨ ᠰᠤᠳᠤᠯᠭ᠋ᠠᠨ᠎ᠤ ᠰᠠᠭᠤᠷᠢᠨ ᠭᠠᠵᠠᠷ᠎ᠤᠳ ᠪᠠ ᠮᠡᠳᠡᠭᠡ ᠵᠠᠩᠭᠢ ᠰᠢᠭᠤᠳ ᠮᠡᠳᠡᠭᠦᠯᠬᠦ ᠴᠡᠭ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠪᠠᠶ᠋ᠢᠭᠤᠯᠭ᠎ᠠ ᠵᠢᠨ ᠪᠥᠬᠥ ᠺᠠᠳ᠋ᠷ ᠪᠣᠯᠤᠨ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠠᠶ᠃

ᠢᠷᠡᠯᠲᠡ᠄ ᠠᠯᠪᠠᠨ ᠭᠡᠷ