AI (ᠬᠢᠮᠡᠯ ᠣᠶᠤᠨ) ᠮᠡᠷᠭᠡᠵᠢᠯ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠠᠯᠬᠤᠮ ᠠᠯᠬᠤᠮ ᠵᠶ᠋ᠠᠷ ᠴᠢᠳᠠᠮᠵᠢ ᠣᠯᠭᠣᠵᠤ ᠪᠤᠢ᠃ ᠭᠤᠸᠠᠩᠳᠦ᠋ᠩ ᠮᠤᠵᠢ ᠵᠢᠨ ᠱᠧᠨᠵᠧᠨ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ 《i ᠱᠧᠨᠵᠧᠨ》 App᠎ᠳᠤ 《ᠱᠸᠨ ᠰᠢᠶᠤᠤ i》 ᠭᠡᠬᠦ AI ᠵᠠᠰᠠᠭ᠎ᠤᠨ ᠶᠠᠪᠤᠳᠠᠯ᠎ᠤᠨ ᠲᠤᠰᠠᠯᠠᠭᠴᠢ ᠵᠢ ᠲᠤᠷᠰᠢᠨ ᠠᠵᠢᠯᠯᠠᠭᠤᠯᠵᠤ᠂ ᠪᠡᠭᠡᠵᠢᠩ ᠬᠣᠲᠠ ᠵᠢᠨ ᠹᠸᠩᠲ᠋ᠠᠢ ᠲᠣᠭᠣᠷᠢᠭ 《ᠹᠸᠩ ᠰᠢᠶᠤᠤ ᠵᠠᠰᠠᠭ᠎ᠤᠨ ᠶᠠᠪᠤᠳᠠᠯ》 ᠭᠡᠬᠦ ᠲᠤᠰᠠᠯᠠᠭᠴᠢ ᠭᠠᠷᠭ᠋ᠠᠪᠠ᠃ ᠣᠯᠠᠨ ᠭᠠᠵᠠᠷ᠎ᠤᠨ᠎ᠬᠢᠨ 12345 ᠬᠠᠯᠠᠮᠰᠢᠯ ᠤᠲᠠᠰᠤ᠎ᠪᠠᠨ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠳᠡᠭᠡᠳᠦ ᠴᠢᠳᠠᠪᠬᠢᠲᠤ ᠲᠣᠮᠣ ᠬᠡᠯᠡᠨ᠎ᠤ ᠵᠠᠭᠪᠤᠷ DeepSeek(ᠭᠦᠨ ᠰᠥᠪᠡᠭᠴᠢᠯᠡᠯᠲᠡ)᠎ᠳᠤ ᠵᠠᠯᠭ᠋ᠠᠨ ᠣᠷᠣᠭᠤᠯᠤᠭᠰᠠᠨ᠎ᠢ ᠵᠠᠷᠯᠠᠵᠤ᠂ ᠥᠪᠥᠷ ᠮᠣᠩᠭᠣᠯ᠎ᠤᠨ ᠬᠥᠬᠡᠬᠣᠲᠠ᠂ ᠵᠢᠶᠠᠩᠰᠢ ᠵᠢᠨ ᠭᠠᠨᠵᠧᠦ᠂ ᠵᠢᠶᠠᠩᠰᠦ ᠵᠢᠨ ᠥᠰᠢ ᠵᠡᠷᠭᠡ ᠭᠠᠵᠠᠷ ᠴᠤ᠌ ᠵᠠᠰᠠᠭ᠎ᠤᠨ ᠶᠠᠪᠤᠳᠠᠯ᠎ᠤᠨ ᠣᠷᠴᠢᠨ ᠲᠣᠭᠣᠷᠢᠨ᠎ᠤ DeepSeek ᠰᠢᠷᠢᠰ ᠶᠡᠬᠡ ᠵᠠᠭᠪᠤᠷ᠎ᠤᠨ ᠪᠠᠶ᠋ᠢᠷᠢᠯᠠᠭᠤᠯᠤᠯᠲᠠ ᠵᠢ ᠵᠠᠯᠭ᠋ᠠᠭ᠎ᠠ᠎ᠪᠠᠷ ᠪᠡᠶᠡᠯᠡᠭᠦᠯᠪᠡ᠃
ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠤ ᠴᠤ᠌ AI ᠮᠡᠷᠭᠡᠵᠢᠯ᠎ᠤᠨ ᠴᠢᠳᠠᠮᠵᠢ ᠣᠯᠭᠣᠯᠳᠠ ᠪᠠ ᠰᠢᠨᠡᠴᠢᠯᠡᠯᠲᠡ᠎ᠲᠠᠢ ᠪᠤᠯᠪᠠ᠃ ᠰᠣᠶᠣᠯ᠎ᠤᠨ ᠰᠣᠯᠢᠯᠴᠠᠭ᠎ᠠ ᠵᠢ ᠠᠬᠢᠭᠤᠯᠬᠤ᠎ᠠᠴᠠ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠳᠤ ᠦᠢ᠍ᠯᠡᠴᠢᠯᠡᠬᠦ ᠬᠦᠷᠲᠡᠯ᠎ᠡ᠂ 《ᠪᠠᠲᠤᠳᠬᠠᠬᠤ》 ᠤᠬᠠᠭᠤᠯᠭ᠎ᠠ ᠬᠥᠮᠦᠵᠢᠯ᠎ᠤᠨ ᠰᠢᠨ᠎ᠡ ᠵᠢ ᠡᠭᠦᠳᠬᠦ᠎ᠠᠴᠠ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠠᠶᠤᠯ ᠲᠦᠭᠰᠢᠭᠦᠷᠢ ᠳᠠᠯᠳᠠ ᠭᠡᠮ᠎ᠢ ᠠᠷᠢᠯᠭ᠋ᠠᠬᠤ ᠬᠦᠷᠲᠡᠯ᠎ᠡ᠂ ᠥᠷᠭᠡᠨ ᠤᠯᠠᠨ ᠦᠨᠳᠦᠰᠦᠲᠡᠨ᠎ᠤ ᠠᠵᠢᠯᠲᠠᠳ᠎ᠨᠢ ᠰᠢᠨ᠎ᠡ ᠮᠡᠷᠭᠡᠵᠢᠯ᠎ᠢ ᠢᠳᠡᠪᠬᠢᠲᠡᠢ ᠬᠦᠷᠢᠶᠡᠯᠡᠵᠦ᠂ AI ᠮᠡᠷᠭᠡᠵᠢᠯ᠎ᠤᠨ ᠳᠠᠪᠠᠭᠤᠯᠢᠭ᠎ᠢ ᠠᠰᠢᠭᠯᠠᠨ ᠦᠨᠳᠦᠰᠦᠲᠡᠨ᠎ᠤ ᠠᠵᠢᠯ᠎ᠤᠨ ᠳ᠋ᠢᠬᠢᠲᠯᠠᠯᠳᠠ ᠵᠢᠨ ᠬᠡᠯᠪᠡᠷᠢ ᠬᠤᠪᠢᠷᠠᠯᠳᠠ ᠵᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠤᠠᠠᠳᠠᠯᠴᠠᠭᠠ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠵᠤ ᠪᠠᠶ᠋ᠢᠨ᠎ᠠ᠃
2024 ᠣᠨ᠎ᠤ 8 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠤᠯᠠᠭ᠋ᠠᠨᠬᠠᠳᠠ ᠬᠣᠲᠠ᠎ᠨᠢ 《ᠨᠢᠭᠡ ᠪᠦᠰᠡ ᠨᠢᠭᠡ ᠵᠠᠮ》᠎ᠤᠨ ᠤᠯᠤᠰ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠢᠭᠡᠳ ᠤᠢ᠌ᠯᠡᠴᠢᠯᠡᠭᠡ ᠵᠢᠨ ᠰᠤᠳᠤᠯᠤᠨ ᠰᠤᠷᠤᠯᠴᠠᠬᠤ ᠠᠩᠭᠢ ᠵᠢᠨ ᠤᠯᠠᠭ᠋ᠠᠨᠬᠠᠳᠠ᠎ᠳᠠᠬᠢ ᠠᠶᠠᠯᠠᠯ᠎ᠤᠨ ᠭᠤᠤᠯ ᠰᠡᠳᠦᠪᠲᠦ ᠠᠵᠢᠯᠯᠠᠭ᠎ᠠ ᠵᠢ ᠳᠠᠭ᠋ᠠᠭ᠋ᠠᠴᠢᠯᠠᠨ ᠡᠷᠬᠢᠯᠡᠬᠦ᠎ᠳᠤ᠎ᠪᠠᠨ ᠣᠷᠴᠢᠭᠤᠯᠭ᠎ᠠ ᠵᠢᠨ ᠵᠥᠭᠡᠯᠡᠨ ᠲᠣᠨᠣᠭ᠎ᠢ ᠠᠰᠢᠭᠯᠠᠨ 7 ᠤᠯᠤᠰ᠎ᠤᠨ 42 ᠨᠥᠬᠥᠷᠰᠡᠭ ᠬᠥᠮᠦᠰ᠎ᠤᠨ ᠬᠤᠭᠤᠷᠤᠠᠳᠤᠬᠢ ᠶᠠᠷᠢᠯᠴᠠᠭ᠎ᠠ ᠰᠤᠯᠢᠯᠴᠠᠭ᠎ᠠ ᠵᠢ ᠪᠡᠶᠡᠯᠡᠭᠦᠯᠪᠡ᠃ ᠲᠣᠰ ᠠᠵᠢᠯᠯᠠᠭ᠎ᠠ᠎ᠳᠤ ᠣᠷᠣᠯᠴᠠᠭᠰᠠᠨ ᠤᠯᠠᠭ᠋ᠠᠨᠬᠠᠳᠠ ᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠺᠠᠳ᠋ᠷ ᠭᠦᠸᠧ ᠾᠧ᠄ 《ᠵᠥᠪᠬᠡᠨ ᠳᠥᠭᠥᠮᠬᠡᠨ ᠵᠠᠷᠯᠢᠭ ᠪᠠᠶ᠋ᠢᠪᠠᠯ ᠪᠣᠯᠴᠢᠬᠠᠨ᠎ᠠ᠂ ᠬᠢᠮᠡᠯ ᠣᠶᠤᠨ᠎ᠨᠢ ᠪᠠᠶ᠋ᠢᠭ᠋ᠠᠯᠢ ᠵᠢᠨ ᠦᠭᠡ ᠬᠡᠯᠡ ᠵᠢ ᠰᠢᠢ᠍ᠳᠪᠦᠷᠢᠯᠡᠬᠦ ᠮᠡᠷᠭᠡᠵᠢᠯ ᠵᠶ᠋ᠡᠷ ᠳᠠᠮᠵᠢᠭᠤᠯᠤᠨ ᠦᠭᠡ ᠬᠡᠯᠡᠨ᠎ᠤ ᠬᠠᠷᠰᠢ ᠰᠠᠭ᠋ᠠᠳ᠎ᠢ ᠡᠪᠳᠡᠵᠦ᠂ ᠬᠥᠮᠦᠨ ᠬᠥᠮᠦᠨ᠎ᠤ ᠬᠣᠭᠣᠷᠣᠨᠳᠣᠬᠢ ᠰᠣᠯᠢᠯᠴᠠᠭ᠎ᠠ ᠪᠠ ᠣᠶ᠋ᠢᠯᠠᠭ᠋ᠠᠯᠴᠠᠭ᠎ᠠ ᠵᠢ ᠠᠬᠢᠭᠤᠯᠵᠤ᠂ ᠣᠢ᠌ᠷ᠎ᠠ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠳᠡᠭ ᠪᠠᠢ᠌ᠨ᠎ᠠ》 ᠭᠡᠵᠡᠶ᠃
ᠦᠭᠡ ᠬᠡᠯᠡ ᠪᠣᠯ ᠬᠥᠮᠦᠨ ᠲᠥᠷᠥᠯᠬᠢᠲᠡᠨ᠎ᠤ ᠬᠠᠮᠤᠭ᠎ᠤᠨ ᠴᠢᠬᠤᠯᠠ ᠬᠠᠷᠢᠯᠴᠠᠭ᠋ᠠᠨ᠎ᠤ ᠪᠠᠭ᠋ᠠᠵᠢ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠬᠥᠭᠥᠷᠭᠡ ᠮᠥᠨ᠃ 《AI᠎ᠨᠢ ᠵᠢᠭ᠋ᠠᠨ ᠰᠤᠷᠭ᠋ᠠᠯᠲᠠ ᠵᠢᠨ ᠠᠷᠭ᠎ᠠ ᠬᠡᠯᠪᠡᠷᠢ ᠵᠢ ᠰᠢᠨᠡᠴᠢᠯᠡᠵᠦ᠂ ᠬᠥᠮᠦᠰ᠎ᠲᠤ ᠨᠡᠩ ᠪᠠᠶᠠᠯᠢᠭ ᠤᠯᠠᠨ ᠡᠰᠢᠴᠢᠯᠡᠭᠰᠡᠨ ᠰᠤᠷᠤᠯᠴᠠᠯᠭ᠎ᠠ ᠵᠢᠨ ᠪᠡᠶᠡᠴᠢ ᠣᠶ᠋ᠢᠯᠠᠭ᠋ᠠᠯᠲᠠ ᠵᠢ ᠠᠪᠴᠢᠷᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ᠎ᠳᠤ ᠲᠤᠰᠠ ᠪᠣᠯᠤᠨ᠎ᠠ》 ᠭᠡᠵᠦ ᠵᠢᠶᠠᠩᠰᠦ ᠮᠤᠵᠢ ᠵᠢᠨ ᠰᠦᠵᠧᠦ ᠬᠤᠳᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠲᠣᠪᠴᠢᠶᠠᠨ᠎ᠤ ᠺᠠᠳ᠋ᠷ ᠹᠠᠨ ᠭᠦᠸᠧ ᠴᠢᠩ ᠬᠡᠯᠡᠪᠡ᠃ ᠤᠢ᠍ᠢ᠍ᠷ᠎ᠠ ᠵᠢᠨ ᠵᠢᠯ᠎ᠠᠴᠠ ᠰᠦᠵᠧᠦ ᠬᠤᠲᠠ ᠳᠤᠮᠳᠠᠳᠤ ᠵᠢᠨ ᠪᠣᠯᠪᠠᠰᠤᠨ᠎ᠤ ᠡᠬᠢ ᠡᠭᠦᠰᠦᠯ᠎ᠢ ᠬᠠᠶ᠋ᠢᠨ ᠰᠢᠨᠵᠢᠯᠡᠬᠦ ᠪᠠ《ᠵᠢᠶᠠᠩᠨᠠᠨ᠎ᠤ ᠰᠣᠶᠣᠯ》᠎ᠤᠨ ᠨᠡᠷᠡᠳᠦ ᠲᠡᠮᠳᠡᠭ᠎ᠢ ᠡᠭᠦᠳᠬᠦ᠎ᠳᠤ ᠰᠠᠭᠤᠷᠢᠯᠠᠵᠤ᠂ ᠥᠪᠡᠷᠮᠢᠴᠡ ᠣᠨᠴᠠᠯᠢᠭ᠎ᠲᠠᠢ ᠲᠦᠭᠡᠮᠡᠯᠵᠢᠭᠦᠯᠦᠨ ᠳᠡᠯᠭᠡᠷᠡᠭᠦᠯᠬᠦ ᠵᠠᠮ ᠵᠶ᠋ᠠᠷ ᠵᠠᠮᠨᠠᠵᠤ᠂ ᠰᠦᠵᠧᠦ ᠵᠢᠨ ᠰᠤᠷᠭ᠋ᠠᠨ ᠬᠥᠮᠦᠵᠢᠯ ᠪᠣᠯᠤᠨ ᠦᠭᠡ ᠬᠡᠯᠡ ᠦᠰᠦᠭ ᠪᠢᠴᠢᠭ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠠᠢ᠃
DeepSeek ᠵᠢᠨ ᠴᠢᠯᠦᠭᠡᠳᠦ ᠠᠰᠢᠠᠠᠯᠠᠯᠳᠦ ᠠᠷᠭ᠎ᠠ ᠪᠣᠳᠣᠯᠭ᠎ᠠ᠎ᠨᠢ AI ᠮᠡᠷᠭᠡᠵᠢᠯ᠎ᠢ ᠵᠥᠪᠬᠡᠨ ᠴᠥᠭᠡᠨ ᠲᠣᠭ᠋ᠠᠨ᠎ᠤ ᠬᠥᠮᠦᠰ᠎ᠤᠨ 《ᠲᠤᠰᠬᠠᠶ ᠠᠰᠢᠭ》 ᠪᠢᠰᠢ ᠪᠣᠯᠭ᠋ᠠᠵᠤ᠂ ᠪᠥᠬᠥ ᠪᠥᠮᠪᠥᠷᠴᠡᠭ᠎ᠤᠨ ᠨᠡᠭᠡᠭᠡᠨ ᠠᠰᠢᠭᠯᠠᠭᠴᠢ ᠵᠢᠨ 《ᠬᠠᠮᠲᠤ᠎ᠪᠠᠷ ᠡᠳ᠋ᠯᠡᠬᠦ ᠡᠬᠢ ᠪᠠᠶᠠᠯᠢᠭ》 ᠪᠣᠯᠭ᠋ᠠᠵᠠᠶ᠃ ᠪᠡᠭᠡᠵᠢᠩ ᠬᠣᠲᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠨᠢ AI ᠮᠡᠷᠭᠡᠵᠢᠯ᠎ᠤᠨ ᠬᠥᠭᠵᠢᠯᠲᠡ ᠵᠢᠨ ᠠᠪᠴᠢᠷᠠᠭᠰᠠᠨ ᠠᠵᠠ ᠲᠣᠬᠢᠶᠠᠯ᠎ᠢ ᠢᠳᠡᠪᠬᠢᠲᠡᠶ ᠤᠭᠲᠤᠵᠤ᠂ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠰᠢᠨ᠎ᠡ ᠵᠢ ᠡᠭᠦᠳᠦᠨ ᠠᠬᠢᠭᠤᠯᠵᠤ ᠪᠠᠶ᠋ᠢᠨ᠎ᠠ᠃
《ᠣᠳᠣᠬᠠᠨ᠎ᠳᠤ ᠪᠡᠭᠡᠵᠢᠩ ᠬᠣᠲᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠨᠢ ᠣᠯᠠᠨ ᠨᠢᠭᠡᠴᠢ᠎ᠲᠠᠢ ᠬᠠᠮᠲᠤᠷᠠᠯᠴᠠᠬᠤ᠎ᠪᠠᠷ ᠳᠡᠮᠵᠢᠨ AI ᠮᠡᠷᠭᠡᠵᠢᠯ᠎ᠤᠨ ᠤᠬᠠᠭᠤᠯᠭ᠎ᠠ ᠬᠥᠮᠦᠵᠢᠯ᠎ᠤᠨ ᠳᠤᠮᠳᠠᠬᠢ ᠬᠡᠷᠡᠭᠯᠡᠯᠲᠡ ᠵᠢ ᠬᠠᠶ᠋ᠢᠨ ᠰᠦᠪᠡᠭᠴᠢᠯᠡᠵᠦ ᠪᠤᠢ᠃ ᠵᠢᠱ᠌ᠢᠶᠡᠯᠡᠪᠡᠯ᠂ ᠰᠢᠨ᠎ᠡ ᠵᠢᠩᠪᠤᠤ ᠰᠣᠨᠢᠨ᠎ᠲᠠᠢ ᠬᠠᠮᠲᠤᠷᠠᠨ AI ᠺᠠᠷᠲ᠋ᠣᠨ ᠵᠶ᠋ᠠᠷ ᠳᠤᠮᠳᠠᠳᠤ ᠵᠢᠨ ᠰᠣᠶᠣᠯ᠎ᠤᠨ ᠲᠡᠮᠳᠡᠭ᠎ᠢ ᠤᠬᠠᠭᠤᠯᠵᠤ᠂ ᠳᠤᠮᠳᠠᠳᠤ ᠤᠯᠤᠰ᠎ᠤᠨ ᠺᠠᠷᠲ᠋ᠣᠨ ᠵᠢᠷᠤᠭ᠎ᠤᠨ ᠪᠦᠯᠦᠭᠯᠡᠯ᠎ᠲᠠᠢ ᠬᠠᠮᠲᠤᠷᠠᠨ ᠺᠠᠷᠲ᠋ᠣᠨ ᠺᠢᠨᠣ᠋ ᠰᠡᠭᠦᠳᠡᠷᠯᠡᠬᠦ᠎ᠪᠠᠷ ᠵᠥᠪᠳᠡᠯᠴᠡᠭᠰᠡᠨ ᠪᠥᠭᠡᠳ AI ᠮᠡᠷᠭᠡᠵᠢᠯ ᠵᠶ᠋ᠡᠷ ᠪᠠᠷᠢᠮᠲᠠᠲᠤ ᠺᠢᠨᠣ᠋ ᠰᠡᠭᠦᠳᠡᠷᠯᠡᠬᠦ᠎ᠪᠠᠷ ᠲᠤᠷᠰᠢᠨ ᠳᠤᠮᠳᠠᠳᠤ ᠵᠢᠨ ᠰᠣᠶᠣᠯ᠎ᠤᠨ ᠭᠦᠨ ᠵᠤᠵᠠᠭ᠋ᠠᠨ ᠠᠭᠤᠯᠤᠭᠳᠠᠬᠤᠨ᠎ᠢ ᠠᠮᠢᠳᠤᠯᠢᠭ ᠵᠶ᠋ᠠᠷ ᠳᠡᠯᠭᠡᠨ ᠦᠵᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠣᠶᠤᠨ ᠰᠠᠨᠠᠭ᠋ᠠᠨ᠎ᠤ ᠬᠠᠮᠲᠤ ᠵᠢᠨ ᠬᠡᠷ ᠣᠷᠣᠨ᠎ᠢ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠪᠡᠭᠡᠵᠢᠩ ᠬᠣᠲᠠ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠺᠠᠳ᠋ᠷ ᠬᠠᠨ ᠱᠤ᠌ ᠵᠢᠨ ᠬᠡᠯᠡᠪᠡ᠃
《AI + ᠵᠠᠰᠠᠭ᠎ᠤᠨ ᠶᠠᠪᠤᠳᠠᠯ》᠎ᠨᠢ ᠤᠶᠤᠨᠲᠤ ᠬᠣᠲᠠ ᠵᠢᠨ ᠴᠢᠬᠤᠯᠠ ᠲᠤᠷᠰᠢᠯᠲᠠ ᠵᠢᠨ ᠲᠠᠯᠠᠪᠤᠷ ᠪᠣᠯᠤᠭᠰᠠᠨ᠎ᠤ ᠬᠤᠪᠢ᠎ᠳᠤ ᠲᠣᠮᠣ ᠳ᠋ᠠᠶ᠋ᠢᠲ᠋ᠠ ᠵᠢᠨ ᠵᠠᠳᠠᠯᠤᠯᠲᠠ ᠪᠠ ᠳᠠᠭᠤᠷᠢᠶᠠᠨ ᠲᠥᠰᠦᠭᠡᠯᠡᠬᠦ᠎ᠪᠠᠷ ᠳᠡᠮᠵᠢᠨ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠵᠤ ᠴᠢᠳᠠᠨ᠎ᠠ᠃ ᠪᠡᠭᠡᠵᠢᠩ᠎ᠨᠢ ᠨᠡᠢ᠌ᠰᠯᠡᠯ ᠬᠣᠲᠠ ᠪᠣᠯᠤᠭᠰᠠᠨ᠎ᠤ ᠬᠤᠪᠢ᠎ᠳᠤ ᠶᠠᠭ ᠡᠨᠡ ᠲᠠᠯ᠎ᠠ ᠵᠢᠨ ᠲᠤᠷᠰᠢᠯᠲᠠ ᠵᠢ ᠢᠳᠡᠪᠬᠢᠲᠡᠢ ᠥᠷᠨᠢᠭᠦᠯᠵᠦ ᠪᠠᠢ᠌ᠨ᠎ᠠ᠃ 《ᠪᠢᠳᠡ ᠶᠠᠭ ᠨᠢᠤ ᠵᠢᠶᠸ ᠵᠡᠷᠭᠡ ᠵᠡᠭᠡᠯᠢ ᠲᠣᠭᠣᠷᠢᠭ᠎ᠤᠨ ᠤᠶᠤᠨᠴᠢᠯᠠᠬᠰᠠᠨ ᠬᠡᠷᠡᠭᠯᠡᠯᠲᠡ ᠵᠢᠨ ᠬᠢᠷᠢ ᠲᠦᠪᠰᠢᠨ᠎ᠢ ᠥᠭᠡᠷᠡᠴᠢᠯᠡᠨ ᠰᠠᠶ᠋ᠢᠵᠢᠷᠠᠭᠤᠯᠬᠤ ᠵᠢ ᠬᠠᠶ᠋ᠢᠨ ᠰᠦᠪᠡᠭᠴᠢᠯᠡᠵᠦ ᠪᠠᠶ᠋ᠢᠬᠤ ᠵᠢᠨ ᠬᠠᠮᠲᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤ᠎ᠪᠠᠷ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠵᠦ ᠵᠠᠳᠠᠯᠤᠨ ᠮᠠᠭ᠋ᠠᠳᠯᠠᠬᠤ ᠳᠤᠮᠳᠠᠬᠢ AI ᠮᠡᠷᠭᠡᠵᠢᠯ᠎ᠤᠨ ᠬᠡᠷᠡᠭᠯᠡᠯᠲᠡ ᠵᠢ ᠰᠤᠳᠤᠯᠵᠤ ᠪᠠᠶ᠋ᠢᠨ᠎ᠠ》 ᠭᠡᠵᠦ ᠬᠠᠨ ᠱᠤ᠌ ᠵᠢᠨ ᠬᠡᠯᠡᠪᠡ᠃
ᠵᠠᠷᠢᠮ ᠦᠨᠳᠦᠰᠦᠲᠡᠨ᠎ᠤ ᠠᠵᠢᠯᠲᠠᠳ DeepSeek ᠵᠢᠨ ᠲᠸᠺᠰᠲ ᠡᠭᠦᠰᠭᠡᠬᠦ ᠴᠢᠳᠠᠮᠵᠢ ᠵᠢ ᠲᠤᠷᠰᠢᠵᠤ ᠦᠵᠡᠭᠰᠡᠨ᠎ᠤ ᠳᠠᠷᠠᠭ᠎ᠠ᠂ 《ᠲᠸᠺᠰᠲ ᠴᠤᠭᠯᠠᠭᠤᠯᠬᠤ᠂ ᠲᠤᠭᠤᠷᠪᠢᠨ ᠪᠢᠴᠢᠬᠦ᠂ ᠵᠠᠰᠠᠪᠤᠷᠢᠯᠠᠬᠤ ᠵᠡᠷᠭᠡ ᠲᠠᠯ᠎ᠠ᠎ᠪᠠᠷ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ ᠴᠢᠳᠠᠨ᠎ᠠ》 ᠭᠡᠵᠦ ᠦᠵᠡᠪᠡ᠃
《AI ᠮᠡᠷᠭᠡᠵᠢᠯ᠎ᠤᠨ ᠬᠡᠷᠡᠭᠯᠡᠯᠲᠡ᠎ᠪᠠᠷ ᠳᠡᠮᠵᠢᠨ᠂ ᠦᠨᠳᠦᠰᠦᠨ ᠱᠠᠲᠤᠨ᠎ᠤ ᠦᠨᠳᠦᠰᠦᠲᠡᠨ᠎ᠤ ᠠᠵᠢᠯᠲᠠᠳ 〈ᠮᠡᠳᠡᠭᠡ ᠵᠠᠩᠭᠢ ᠵᠢᠨ ᠵᠥᠷᠢᠶ᠎ᠡ〉 ᠵᠢ ᠡᠪᠳᠡᠵᠦ᠂ ᠨᠠᠩ ᠣᠯᠠᠨ ᠮᠡᠳᠡᠭᠡ ᠵᠠᠩᠭᠢ ᠬᠦᠷᠳᠡᠵᠦ᠂ ᠠᠵᠢᠯ ᠵᠶ᠋ᠠᠨ ᠨᠠᠩ ᠥᠨᠳᠥᠷ ᠪᠦᠲᠦᠮᠵᠢᠲᠡᠶ᠂ ᠨᠡᠩ ᠣᠨᠣᠪᠴᠢᠲᠠᠶ᠎ᠪᠠᠷ ᠥᠷᠨᠢᠭᠦᠯᠵᠦ ᠴᠢᠳᠠᠨ᠎ᠠ᠃ DeepSeek᠎ᠨᠢ ᠤᠬᠠᠭᠤᠯᠭ᠎ᠠ ᠬᠥᠮᠦᠵᠢᠯ᠎ᠤᠨ ᠲᠠᠯ᠎ᠠ᠎ᠪᠠᠷ ᠮᠡᠷᠭᠡᠵᠢᠯ᠎ᠤᠨ ᠳᠠᠪᠠᠭᠤᠯᠢᠭ᠎ᠲᠠᠢ ᠪᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠬᠠᠪᠰᠤᠷᠤᠨ ᠰᠠᠶ᠋ᠢᠲᠤᠷ ᠶᠠᠷᠢᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ ᠴᠢᠳᠠᠨ᠎ᠠ》 ᠭᠡᠵᠦ ᠱᠠᠨᠳᠦ᠋ᠩ ᠮᠤᠵᠢ ᠵᠢᠨ ᠴᠢᠩᠵᠸᠦ ᠬᠣᠲᠠ ᠵᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠺᠠᠳ᠋ᠷ ᠶᠠᠩ ᠬᠣᠶ ᠬᠡᠯᠡᠨ᠎ᠡ᠃
ᠦᠨᠳᠦᠰᠦᠲᠡᠨ᠎ᠤ ᠴᠠᠷᠠᠭ᠎ᠠ ᠬᠦᠷᠢᠶᠡᠨ᠎ᠳᠤ᠎ᠬᠢ ᠠᠶᠤᠯ ᠲᠦᠭᠰᠢᠭᠦᠷᠢ ᠲᠠᠯᠳᠠ ᠬᠡᠮ᠎ᠢ ᠰᠡᠷᠭᠡᠶ᠋ᠢᠯᠡᠨ ᠠᠷᠢᠯᠭ᠋ᠠᠬᠤ ᠪᠣᠯ ᠦᠨᠳᠦᠰᠦᠲᠡᠨ᠎ᠤ ᠠᠵᠢᠯ᠎ᠤᠨ ᠴᠢᠬᠤᠯᠠ ᠠᠭᠤᠯᠭ᠎ᠠ ᠵᠢᠨ ᠨᠢᠭᠡ ᠪᠣᠯᠤᠨ᠎ᠠ᠃ ᠵᠠᠷᠢᠮ ᠦᠨᠳᠦᠰᠦᠲᠡᠨ᠎ᠤ ᠠᠵᠢᠯᠲᠠᠨ᠎ᠤ ᠦᠵᠡᠬᠦ᠎ᠪᠠᠷ ᠶᠠᠷᠢᠶ᠎ᠠ ᠬᠡᠯᠡᠯᠴᠡᠭᠡᠨ᠎ᠤ ᠬᠢᠨᠠᠨ ᠬᠡᠮᠵᠢᠯᠲᠡ ᠵᠢᠨ ᠴᠠᠷᠠᠭ᠎ᠠ ᠬᠦᠷᠢᠶᠡᠨ᠎ᠳᠤ AI᠎ᠨᠢ ᠶᠡᠬᠡ ᠬᠡᠮᠵᠢᠶᠡᠨ᠎ᠤ ᠠᠵᠢᠯ ᠬᠢᠵᠦ ᠪᠣᠯᠤᠨ᠎ᠠ᠃ 《AI ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠨᠥᠯᠥᠭᠡᠯᠡᠵᠦ ᠮᠡᠳᠡᠬᠦ ᠨᠠᠵᠠᠭ᠋ᠠᠶ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠯᠵᠤ ᠮᠡᠳᠡᠬᠦ ᠵᠢᠨ ᠬᠠᠮᠲᠤ ᠠᠷᠭ᠋ᠠᠴᠠᠭ᠋ᠠᠬᠤ ᠠᠷᠭ᠎ᠠ ᠪᠣᠳᠣᠯᠭ᠎ᠠ ᠵᠢ ᠴᠦ᠍ ᠬᠠᠪᠰᠤᠷᠤᠨ ᠲᠣᠭᠲᠠᠭ᠋ᠠᠵᠤ ᠪᠣᠯᠤᠨ᠎ᠠ》 ᠭᠡᠵᠦ ᠯᠢᠶᠣᠤᠨᠢᠩ ᠮᠤᠵᠢ ᠵᠢᠨ ᠦᠨᠳᠦᠰᠦᠲᠡᠨ ᠱᠠᠰᠢᠨ ᠰᠤᠷᠲᠠᠬᠤᠨ᠎ᠤ ᠬᠡᠷᠡᠭ ᠡᠷᠭᠢᠯᠡᠬᠦ ᠵᠥᠪᠯᠡᠯ᠎ᠤᠨ ᠺᠠᠳ᠋ᠷ ᠯᠢᠦ ᠰᠢᠶᠤᠤ ᠳ᠋ᠦᠩ ᠬᠡᠯᠡᠪᠡ᠃
ᠰᠢᠨ᠎ᠡ ᠮᠡᠷᠭᠡᠵᠢᠯ᠎ᠤᠨ ᠬᠡᠷᠡᠭᠯᠡᠯᠲᠡ᠎ᠨᠢ ᠶᠡᠷᠦ᠎ᠨᠢ ᠬᠣᠶᠠᠷ ᠲᠠᠯᠠᠲᠤ ᠴᠢᠨᠠᠷᠲᠠᠢ ᠪᠠᠶ᠋ᠢᠳᠠᠭ᠂ ᠬᠥᠭᠵᠢᠯᠲᠡ ᠵᠢ ᠠᠬᠢᠭᠤᠯᠬᠤ ᠵᠢᠨ ᠬᠠᠮᠲᠤ ᠪᠠᠰᠠ ᠰᠢᠨ᠎ᠡ ᠠᠶᠤᠯ ᠲᠦᠭᠰᠢᠭᠦᠷᠢ ᠪᠠ ᠰᠢᠯᠭ᠋ᠠᠯᠲᠠ ᠵᠢ ᠴᠤ᠌ ᠠᠪᠴᠢᠷᠠᠵᠤ ᠮᠡᠳᠡᠬᠦ ᠶᠤᠮ᠃ ᠮᠠᠰᠢ ᠣᠯᠠᠨ ᠦᠨᠳᠦᠰᠦᠲᠡᠨ᠎ᠤ ᠠᠵᠢᠯᠲᠠᠨ᠎ᠠᠴᠠ AI ᠮᠡᠷᠭᠡᠵᠢᠯ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠠᠷᠠᠭ᠎ᠠ ᠬᠦᠷᠢᠶᠡᠨ᠎ᠳᠤ ᠣᠷᠣᠭᠤᠯᠬᠤ ᠵᠢᠨ ᠬᠠᠮᠲᠤ ᠪᠠᠰᠠ ᠰᠢᠢ᠍ᠳᠪᠦᠷᠢᠲᠦ ᠪᠣᠳᠣᠯᠭ᠎ᠠ ᠵᠢᠨ ᠵᠥᠷᠢᠶ᠎ᠡ᠂ ᠬᠠᠨᠳᠤᠯᠭ᠋ᠠᠲᠤ ᠴᠢᠨᠠᠷ ᠪᠠ ᠪᠣᠳᠠᠲᠠᠶ ᠠᠵᠢᠯᠯᠠᠭ᠋ᠠᠨ᠎ᠤ ᠴᠢᠨᠠᠷ᠎ᠢ ᠳᠡᠭᠡᠭᠰᠢᠯᠡᠭᠦᠯᠬᠦ ᠴᠢᠬᠤᠯᠠᠲᠠᠶ ᠪᠠᠶ᠋ᠢᠬᠤ ᠵᠡᠷᠭᠡ ᠠᠰᠠᠭᠤᠳᠠᠯ ᠣᠷᠣᠰᠢᠵᠤ ᠪᠠᠶ᠋ᠢᠬᠤ ᠵᠢ ᠮᠡᠳᠡᠵᠡᠶ᠃
《DeepSeek᠎ᠢ ᠪᠣᠳᠠᠲᠠᠶ ᠬᠡᠷᠡᠭᠯᠡᠬᠦ ᠶᠠᠪᠤᠴᠠ᠎ᠳᠤ ᠪᠢ ᠦᠨᠳᠦᠰᠦᠲᠡᠨ᠎ᠤ ᠠᠵᠢᠯ᠎ᠤᠨ ᠲᠤᠬᠠᠶ ᠬᠡᠯᠡᠨ᠎ᠤ ᠮᠠᠲ᠋ᠧᠷᠢᠶᠠᠯ᠎ᠤᠨ ᠬᠥᠮᠥᠷᠭᠡ᠎ᠨᠢ ᠪᠦᠷᠢᠨ ᠲᠡᠭᠦᠯᠳᠡᠷ ᠪᠢᠰᠢ᠂ ᠪᠣᠶ ᠪᠣᠯᠤᠭᠰᠠᠨ ᠮᠠᠲ᠋ᠧᠷᠢᠶᠠᠯ᠎ᠤᠨ ᠣᠨᠣᠪᠴᠢᠲᠤ ᠴᠢᠨᠠᠷ ᠪᠠ ᠦᠨᠡᠨ ᠪᠣᠳᠠᠲᠤ ᠴᠢᠨᠠᠷ᠎ᠢ ᠪᠠᠲᠤᠯᠠᠵᠤ ᠳᠡᠶ᠋ᠢᠯᠬᠦ ᠥᠬᠡᠶ ᠪᠠᠶ᠋ᠢᠬᠤ ᠵᠢ ᠣᠯᠵᠤ ᠮᠡᠳᠡᠵᠡᠶ᠂ ᠡᠶ᠋ᠢᠮᠦ᠎ᠠᠴᠠ ᠦᠨᠳᠦᠰᠦᠲᠡᠨ᠎ᠤ ᠠᠵᠢᠯ᠎ᠢ ᠰᠠᠶ᠋ᠢᠨ ᠮᠡᠳᠡᠳᠡᠭ ᠨᠠᠩ ᠣᠯᠠᠨ ᠬᠥᠮᠦᠨ ᠣᠷᠣᠯᠴᠠᠵᠤ ᠢᠯᠭ᠋ᠠᠨ ᠳᠣᠲᠣᠯᠠᠬᠤ ᠬᠡᠷᠡᠭᠲᠡᠶ》 ᠭᠡᠵᠦ ᠶᠦᠨᠨᠠᠨ ᠮᠤᠵᠢ ᠵᠢᠨ ᠳ᠋ᠢᠴᠢᠩᠤᠨ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠸᠦ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠤᠨ ᠺᠠᠳ᠋ᠷ ᠵᠸᠦ ᠬᠠᠶ ᠡᠸᠤ ᠬᠡᠯᠡᠵᠡᠶ᠃
ᠦᠨᠳᠦᠰᠦᠲᠡᠨ᠎ᠤ ᠠᠵᠢᠯᠲᠠᠳ᠎ᠠᠴᠠ 《ᠬᠢᠮᠡᠯ ᠣᠶᠤᠨ》᠎ᠤ ᠴᠢᠳᠠᠮᠵᠢ ᠵᠢ ᠨᠤᠲᠠᠯᠠᠬᠤ ᠵᠢᠨ ᠬᠠᠮᠲᠤ᠂ ᠡᠯ᠎ᠡ ᠵᠦᠢ᠍ᠯ᠎ᠤᠨ ᠲᠣᠮᠣ ᠵᠠᠭᠪᠤᠷ ᠨᠢᠭᠡ ᠯᠡ ᠳᠡᠭᠡᠷ᠎ᠡ ᠳᠦᠷᠭᠢᠯᠳᠦᠨ ᠭᠠᠷᠴᠦ᠂ ᠵᠠᠷᠢᠮ ᠬᠡᠯᠡᠨ᠎ᠤ ᠮᠠᠲ᠋ᠧᠷᠢᠶᠠᠯ᠎ᠳᠤ ᠦᠨᠳᠦᠰᠦᠲᠡᠨ᠎ᠤ ᠦᠵᠡᠯᠲᠡ ᠵᠢᠨ ᠲᠠᠯ᠎ᠠ᠎ᠪᠠᠷ᠎ᠬᠢ ᠡᠨᠳᠡᠭᠦᠷᠡᠯ ᠣᠷᠣᠰᠢᠵᠤ ᠮᠡᠳᠡᠬᠦ ᠵᠢᠴᠢ ᠬᠡᠷᠡᠭᠯᠡᠬᠦ ᠶᠠᠪᠤᠴᠠ᠎ᠳᠤ ᠣᠷᠣᠰᠢᠵᠤ ᠮᠡᠳᠡᠬᠦ ᠮᠡᠳᠡᠭᠡ ᠵᠠᠩᠭᠢ ᠵᠠᠳᠠᠷᠠᠬᠤ ᠵᠡᠷᠭᠡ ᠠᠰᠠᠭᠤᠳᠠᠯ᠎ᠳᠤ ᠰᠠᠨᠠᠭ᠎ᠠ ᠵᠣᠪᠠᠵᠤ ᠪᠠᠢ᠌ᠪᠠ᠃
《ᠲᠣᠭ᠎ᠠ ᠪᠠᠷᠢᠮᠲᠠ ᠰᠦᠯᠵᠢᠶᠡᠨ ᠳᠡᠭᠡᠷ᠎ᠡ ᠳᠠᠮᠵᠢᠭᠳᠠᠭᠰᠠᠨᠤ ᠳᠠᠷᠠᠭ᠎ᠠ᠂ ᠵᠣᠬᠢᠬᠤ ᠬᠡᠮᠵᠢᠶᠡᠨ᠎ᠤ ᠨᠢᠭᠤᠴᠠ ᠵᠢ ᠵᠠᠳᠠᠷᠠᠭᠤᠯᠬᠤ ᠠᠶᠤᠯ ᠲᠦᠭᠰᠢᠭᠦᠷᠢ ᠣᠷᠣᠰᠢᠵᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠣᠶ ᠪᠣᠯᠭ᠋ᠠᠵᠤ ᠮᠡᠳᠡᠨ᠎ᠡ᠃ ᠭᠡᠪᠡᠴᠦ ᠮᠡᠷᠭᠡᠵᠢᠯ᠎ᠤᠨ ᠬᠥᠭᠵᠢᠯᠲᠡ ᠶᠡᠷᠦᠩᠬᠡᠶ᠎ᠳᠤ᠎ᠪᠠᠨ ᠠᠰᠢᠭ᠎ᠨᠢ ᠬᠤᠤᠷ᠎ᠠᠴᠠ ᠶᠡᠬᠡ ᠪᠠᠶ᠋ᠢᠳᠠᠭ᠂ AI ᠮᠡᠷᠭᠡᠵᠢᠯ᠎ᠢ ᠬᠡᠷᠡᠭᠯᠡᠬᠦ᠎ᠨᠢ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠠᠰᠢᠭᠲᠠᠶ ᠪᠠᠶ᠋ᠢᠳᠠᠭ᠂ ᠵᠠᠩᠭᠢᠯᠠᠭ᠎ᠠ᠎ᠨᠢ ᠪᠢᠳᠡ ᠬᠡᠷᠬᠢᠨ ᠪᠦᠲᠦᠮᠵᠢᠲᠡᠶ ᠬᠡᠷᠡᠭᠯᠡᠬᠦ ᠵᠢᠴᠢ ᠬᠥᠮᠦᠨ᠎ᠤ ᠪᠡᠶᠡᠴᠢ ᠴᠢᠳᠠᠮᠠᠭ᠋ᠠᠶ ᠴᠢᠨᠠᠷ᠎ᠢ ᠬᠡᠷᠬᠢᠨ ᠪᠠᠳᠠᠷᠠᠭᠤᠯᠬᠤ᠎ᠳᠤ ᠪᠠᠶ᠋ᠢᠨ᠎ᠠ》ᠭᠡᠵᠦ ᠯᠢᠦ ᠰᠢᠶᠤᠤ ᠳ᠋ᠦᠩ ᠬᠡᠯᠡᠯ᠎ᠡ᠃
ᠳᠤᠮᠳᠠᠳᠤ ᠤᠯᠤᠰ᠎ᠤᠨ ᠦᠨᠳᠦᠰᠦᠲᠡᠨ ᠰᠣᠨᠢᠨ
ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠪᠠᠶ᠋ᠢᠭᠤᠯᠭ᠎ᠠ ᠵᠢᠨ ᠰᠣᠨᠢᠨ
ᠤᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠭᠡᠢ ᠨᠠᠢ᠌ᠷᠠᠭᠤᠯᠤᠠᠠᠴᠢ᠄ ᠬᠤᠤᠰᠪᠠᠶᠠᠷ
ᠶᠡᠷᠤᠩᠭᠡᠢ ᠨᠠᠢ᠌ᠷᠠᠭᠤᠯᠤᠠᠠᠴᠢ᠄ ᠸᠠᠩ ᠰᠢᠤᠸᠠᠢ ᠳ᠋ᠥᠩ