ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠳᠤ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠭᠠᠷᠪᠠ (ᠨᠢᠬᠡ)
ᠨᠡᠶ᠋ᠢᠲᠡᠯᠡᠭᠰᠡᠨ ᠴᠠᠭ᠄ 2025-03-17

  

      ᠣᠢ᠌ᠷ᠎ᠠ᠎ᠳᠤ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠤᠷᠢᠳ ᠬᠣᠵᠢᠳ ᠦᠪᠡᠳᠡᠭᠰᠢ ᠶᠡᠬᠡ᠎ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠥᠷᠭᠡᠨ ᠣᠯᠠᠨ ᠺᠠᠳ᠋ᠷᠴᠤᠳ ᠲᠧᠯᠸᠢᠰ᠂ ᠷᠠᠳᠢᠣ᠋᠂ ᠰᠦᠯᠵᠢᠶ᠎ᠡ ᠵᠡᠷᠭᠡ᠎ᠪᠠᠷ ᠬᠣᠶᠠᠷ ᠬᠤᠷᠠᠯ᠎ᠤᠨ ᠪᠠᠢ᠌ᠳᠠᠯ᠎ᠢ ᠤᠨᠴᠠᠯᠡᠨ ᠠᠩᠬᠠᠷᠴᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠨᠠᠷᠢᠨ ᠬᠢᠨᠠᠮᠠᠭ᠋ᠠᠶ ᠰᠣᠨᠣᠰᠴᠤ᠂ ᠰᠤᠷᠤᠯᠴᠠᠭᠰᠠᠨ ᠲᠥᠷᠥᠭᠳᠡᠯ ᠵᠶ᠋ᠡᠨ ᠠᠭᠤᠵᠢᠷᠠᠲᠠᠯ᠎ᠠ ᠶᠠᠷᠢᠯᠴᠠᠬᠤ ᠵᠢᠴᠢ ᠰᠤᠷᠤᠯᠴᠠᠬᠤ ᠬᠠᠯᠠᠭᠤᠨ ᠥᠷᠨᠢᠯᠲᠡ ᠭᠠᠷᠭ᠋ᠠᠪᠠ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠠᠯᠪᠠᠨ ᠬᠡᠷ᠎ᠤᠨ ᠡᠷᠬᠢᠯᠡᠭᠴᠢ ᠯᠢᠦ ᠪᠢᠨ᠄ 2025 ᠣᠨ᠎ᠤ ᠪᠥᠬᠥ ᠤᠯᠤᠰ᠎ᠤᠨ ᠬᠣᠶᠠᠷ ᠬᠤᠷᠠᠯ ᠪᠣᠯ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠰᠢᠨ᠎ᠡ ᠠᠶᠠᠨ ᠵᠠᠮ᠎ᠤᠨ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠤᠯᠤᠭᠰᠠᠨ ᠨᠢᠭᠡ ᠤᠳᠠᠭ᠋ᠠᠨ᠎ᠤ ᠴᠢᠬᠤᠯᠠ ᠬᠤᠷᠠᠯ ᠪᠣᠯᠤᠨ᠎ᠠ᠃ ᠬᠤᠷᠠᠯ᠎ᠨᠢ ᠴᠢᠨᠠᠷ ᠰᠠᠢ᠌ᠲᠠᠶ ᠬᠦᠭᠵᠢᠬᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠠᠮᠢ ᠠᠬᠤᠶ ᠵᠢᠨ ᠪᠣᠯᠪᠠᠰᠤᠨ᠎ᠢ ᠪᠦᠳᠦᠭᠡᠨ ᠪᠠᠢ᠌ᠭᠤᠯᠬᠤ ᠵᠡᠷᠭᠡ ᠴᠢᠬᠤᠯᠠ ᠶᠡᠬᠡ ᠵᠥᠪᠯᠡᠬᠦ ᠰᠡᠳᠦᠪ᠎ᠤᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠵᠦ᠂ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠤᠯᠤᠰ᠎ᠤᠨ ᠬᠥᠭᠵᠢᠯᠲᠡ ᠵᠢᠨ ᠴᠢᠭᠯᠡᠯ ᠪᠣᠯᠤᠨ ᠭᠣᠤᠯᠳᠠᠯᠭ᠎ᠠ ᠵᠢ ᠲᠣᠳᠣᠷᠬᠠᠢ᠌ᠯᠠᠪᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠤᠳᠤᠬᠢᠴᠢᠯᠠᠭᠰᠠᠨ ᠪᠥᠲᠥᠭᠡᠨ ᠪᠠᠢ᠌ᠭᠤᠯᠤᠯᠲᠠ ᠵᠢᠨ ᠠᠯᠬᠤᠴᠠ ᠵᠢ ᠲᠦᠷᠬᠡᠳᠬᠡᠬᠦ ᠬᠡᠷᠡᠭᠳᠡᠢ ᠬᠡᠵᠦ ᠲᠤᠷᠠᠳᠴᠠᠢ᠃ ᠦᠨᠳᠦᠰᠦᠲᠡᠨ᠎ᠤ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ ᠪᠢ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠰᠢ ᠵᠢᠨ ᠫᠢᠩ ᠶᠡᠷᠦᠩᠬᠡᠶ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ 《ᠳᠥᠷᠪᠡᠨ ᠤᠬᠠᠮᠰᠠᠷ》 ᠵᠶ᠋ᠠᠨ ᠲᠠᠰᠤᠷᠠᠯᠲᠠ ᠥᠬᠡᠶ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠰᠠᠢ᠌ᠳᠤᠷ ᠪᠡᠶᠡᠯᠡᠬᠦᠯᠦᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠲᠤᠬᠠᠢ᠌ᠯᠠᠭᠰᠠᠨ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ᠂ ᠲᠣᠰ ᠪᠡᠶ᠎ᠡ ᠵᠢᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠵᠣᠷᠢᠭᠲᠠᠶ᠎ᠪᠠᠷ ᠬᠠᠷᠢᠭᠤᠴᠠᠯᠭ᠎ᠠ ᠡᠬᠦᠷᠬᠡᠯᠡᠵᠦ᠂ ᠪᠦᠯᠬᠦᠮᠳᠡᠨ ᠨᠢᠭᠡᠳᠴᠦ᠂ ᠯᠠᠪᠳᠠᠭᠤᠨ ᠪᠠᠲᠤᠲᠠᠶ ᠠᠵᠢᠯᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ ᠬᠡᠵᠦ ᠢᠯᠡᠷᠬᠡᠢ᠌ᠯᠡᠵᠡᠢ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ) ᠵᠢᠨ ᠲᠤᠰᠬᠠᠶ ᠲᠤᠰᠢᠶᠠᠯᠲᠤ ᠳᠡᠳ᠋ ᠱᠦᠵᠢ (ᠭᠠᠵᠠᠷ᠎ᠤᠨ ᠳᠠᠷᠤᠭ᠎ᠠ) ᠯᠢ ᠵᠢᠶᠠ᠄ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠲᠡᠭᠦᠰ ᠠᠮᠵᠢᠯᠲᠠ᠎ᠲᠠᠢ ᠪᠡᠶᠡᠯᠡᠬᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠭᠵᠢᠯᠲᠡ ᠵᠢᠨ ᠵᠠᠩᠭᠢᠯᠠᠭ᠎ᠠ ᠵᠢᠨ ᠴᠠᠭ ᠦᠶ᠎ᠡ᠎ᠳᠤ 2025 ᠣᠨ᠎ᠤ ᠪᠥᠬᠥ ᠤᠯᠤᠰ᠎ᠤᠨ ᠬᠣᠶᠠᠷ ᠬᠤᠷᠠᠯ ᠠᠮᠵᠢᠯᠲᠠ᠎ᠲᠠᠢ ᠬᠤᠷᠠᠯᠳᠤᠪᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠥᠭᠡᠳᠡᠯᠡᠨ ᠰᠠᠢ᠌ᠵᠢᠷᠠᠭᠰᠠᠨ ᠬᠥᠭᠵᠢᠯᠲᠡ ᠵᠢᠨ ᠦᠷ᠎ᠡ ᠪᠦᠲᠦᠭᠡᠯ ᠢᠯᠡᠷᠡᠵᠦ᠂ ᠥᠷᠨᠢᠭᠦᠨ ᠪᠠᠳᠠᠷᠠᠩᠭᠤᠢ ᠬᠥᠭᠵᠢᠯᠲᠡ ᠵᠢᠨ ᠪᠠᠢ᠌ᠳᠠᠯ᠎ᠢ ᠲᠤᠰᠬᠠᠭᠰᠠᠨ᠎ᠢ ᠪᠢ ᠨᠠᠷᠢᠨ ᠬᠢᠨᠠᠮᠠᠭ᠋ᠠᠢ ᠰᠤᠨᠤᠰᠴᠠᠢ᠃ ᠶᠡᠬᠡ ᠶᠣᠰᠣ ᠲᠤᠪᠴᠢᠬᠠᠨ ᠢᠯᠡᠷᠡᠬᠦᠯᠦᠶ᠎ᠡ᠂ ᠪᠣᠳᠠᠲᠠᠢ ᠠᠵᠢᠯᠯᠠᠭ᠎ᠠ ᠴᠢᠬᠤᠯᠠ ᠪᠤᠯᠤᠨ᠎ᠠ; ᠬᠠᠷᠠᠯᠲᠠ ᠳᠤᠳᠤᠷᠬᠠᠢ ᠪᠤᠯᠬᠤᠶ᠎ᠠ᠂ ᠨᠡᠢ᠌ᠳᠡᠪᠤᠷᠢᠵᠢᠭᠤᠯᠬᠤ᠎ᠨᠢ ᠭᠣᠣᠯᠳᠠᠯᠭ᠎ᠠ ᠪᠤᠯᠤᠨ᠎ᠠ᠃ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠨᠠᠮ᠎ᠤᠨ ᠠᠵᠢᠯᠲᠠᠨ ᠪᠣᠯᠤᠭᠰᠠᠨ᠎ᠤ ᠬᠤᠪᠢ᠎ᠳᠤ ᠪᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠴᠢ ᠰᠢ ᠵᠢᠨ ᠫᠢᠩ ᠶᠡᠷᠦᠩᠬᠡᠶ ᠱᠦᠵᠢ ᠵᠢᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ᠂ ᠤᠯᠤᠰ ᠲᠥᠷᠥ ᠵᠢᠨ ᠵᠢᠯᠣᠭᠣᠳᠤᠯᠭ᠎ᠠ᠎ᠳᠤ ᠰᠠᠭᠤᠷᠢᠯᠠᠨ ᠰᠤᠷᠤᠯᠴᠠᠯᠭ᠎ᠠ ᠵᠢ ᠠᠳᠬᠤᠬᠤ᠂ ᠦᠵᠡᠯ ᠰᠠᠨᠠᠭ᠋ᠠᠨ᠎ᠤ ᠵᠢᠯᠣᠭᠣᠳᠤᠯᠭ᠎ᠠ᠎ᠳᠤ ᠰᠠᠭᠤᠷᠢᠯᠠᠨ ᠤᠬᠠᠭᠤᠯᠭ᠎ᠠ ᠵᠢ ᠠᠳᠬᠤᠬᠤ᠂ ᠠᠵᠢᠯᠯᠠᠭ᠎ᠠ᠎ᠳᠤ ᠰᠠᠭᠤᠷᠢᠯᠠᠨ ᠪᠣᠯᠪᠠᠰᠤᠷᠠᠯ᠎ᠢ ᠠᠳᠬᠤᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠣᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠯ᠎ᠡ ᠲᠦᠷᠦᠯ᠎ᠤᠨ ᠠᠵᠢᠯ᠎ᠤᠨ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠬᠤ ᠵᠢ ᠪᠠᠳᠤᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠪᠠ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠨ᠎ᠠ ᠬᠡᠵᠦ ᠢᠯᠡᠷᠬᠡᠢ᠌ᠯᠡᠪᠠ᠃      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠲᠥᠷᠥ ᠵᠢᠨ ᠪᠣᠳᠣᠯᠭ᠎ᠠ ᠬᠠᠤᠯᠢ ᠳᠦᠷᠢᠮ᠎ᠤᠨ ᠭᠠᠵᠠᠷ᠎ᠤᠨ ᠳᠠᠷᠤᠭ᠎ᠠ ᠶᠠᠩ ᠹᠠᠩ᠄ ᠡᠨᠡ ᠵᠢᠯ᠎ᠤᠨ ᠪᠥᠬᠥ ᠤᠯᠤᠰ᠎ᠤᠨ ᠬᠣᠶᠠᠷ ᠬᠤᠷᠠᠯ ᠪᠣᠯ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠯᠠᠪᠳᠠᠭᠤᠨ ᠪᠠᠲᠤᠲᠠᠶ ᠪᠡᠶᠡᠯᠡᠭᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠵᠠᠩᠭᠢᠯᠠᠭ᠎ᠠ ᠵᠢᠨ ᠨᠢᠭᠡ ᠵᠢᠯ᠎ᠳᠤ ᠬᠤᠷᠠᠯᠳᠤᠭᠰᠠᠨ ᠴᠢᠬᠤᠯᠠ ᠬᠤᠷᠠᠯ ᠪᠣᠯᠤᠨ᠎ᠠ᠂ ᠡᠨᠡ᠎ᠨᠢ ᠶᠡᠷᠦ ᠪᠤᠰᠤ ᠵᠢᠨ ᠠᠴᠢ ᠬᠣᠯᠪᠣᠭᠳᠠᠯ᠎ᠲᠠᠢ ᠶᠤᠮ᠃ ᠶᠡᠷᠦᠩᠬᠡᠢ ᠰᠠᠢ᠌ᠳ ᠯᠢ ᠴᠢᠶᠠᠩ᠎ᠤᠨ ᠬᠢᠭᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠥᠨᠳᠥᠷ᠎ᠲᠤ ᠵᠣᠭᠰᠣᠨ ᠠᠯᠤᠰ᠎ᠢ ᠪᠠᠷᠠᠯᠠᠵᠦ᠂ ᠭᠤᠤᠯᠳᠠᠯᠭ᠎ᠠ᠎ᠨᠢ ᠢᠯᠡ ᠲᠣᠳᠣ ᠪᠠᠢ᠌ᠵᠤ᠂ ᠨᠠᠮ᠎ᠠ ᠵᠢ ᠮᠠᠰᠢ ᠤᠷᠮᠠᠰᠢᠭᠤᠯᠤᠨ ᠵᠣᠷᠢᠭᠵᠢᠭᠤᠯᠪᠠ᠃ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠤᠳᠤᠬᠢᠴᠢᠯᠠᠭᠰᠠᠨ ᠪᠦᠳᠦᠭᠡᠨ ᠪᠠᠢ᠌ᠭᠤᠯᠤᠯᠲᠠ ᠵᠢᠨ ᠠᠯᠬᠤᠴᠠ ᠵᠢ ᠲᠦᠷᠬᠡᠳᠬᠡᠬᠦ ᠬᠡᠷᠡᠭᠳᠡᠢ ᠬᠡᠵᠦ ᠲᠤᠷᠠᠳᠴᠠᠢ᠃ ᠪᠢᠳᠡᠨ᠎ᠤ ᠦᠨᠳᠦᠰᠦᠲᠡᠨ᠎ᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ᠎ᠳᠤ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠃ ᠪᠢᠳᠡ ᠦᠷᠭᠦᠯᠵᠢᠯᠡᠨ ᠴᠥᠬᠥᠷᠡᠰᠢ ᠦᠬᠡᠢ ᠴᠢᠷᠮᠠᠢ᠌ᠬᠤ ᠵᠣᠷᠢᠭ ᠰᠠᠨᠠᠭ᠋ᠠᠨ᠎ᠤ ᠳᠦᠷᠰᠦ ᠪᠠᠢ᠌ᠳᠠᠯ ᠪᠠ ᠴᠤᠴᠠᠯᠲᠠ ᠥᠬᠡᠶ ᠤᠷᠤᠭᠰᠢᠯᠠᠬᠤ ᠲᠡᠮᠡᠴᠡᠯ᠎ᠤᠨ ᠳᠦᠷᠰᠦ ᠪᠠᠢ᠌ᠳᠠᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠦᠢᠯᠡᠳᠦᠯᠭᠡ᠎ᠳᠤ ᠣᠷᠣᠯᠴᠠᠵᠤ᠂ ᠨᠠᠩ ᠰᠢᠯᠢᠳᠡᠭ ᠣᠪᠣᠷ ᠰᠤᠷᠲᠠᠯ᠎ᠤᠨ ᠳᠦᠷᠢ ᠲᠥᠷᠬᠦ᠎ᠪᠠᠷ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠵᠤ᠂ 《ᠨᠢᠭᠡ ᠭᠣᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠬᠦᠷᠬᠦ》 ᠲᠠᠯ᠎ᠠ᠎ᠪᠠᠷ ᠨᠠᠩ ᠶᠡᠬᠡ ᠠᠬᠢᠴᠠ᠎ᠲᠠᠢ ᠪᠣᠯᠬᠤ᠎ᠪᠠᠷ ᠴᠢᠷᠮᠠᠢ᠌ᠵᠤ᠂ 《ᠲᠠᠪᠤᠨ ᠶᠡᠬᠡ ᠡᠭᠦᠷᠭᠡ》 ᠵᠢᠨ ᠲᠣᠭᠣᠷᠢᠨ᠎ᠳᠤ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠪᠤᠳᠠᠳᠤ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠤᠨ᠎ᠠ ᠬᠡᠵᠦ ᠢᠯᠡᠷᠬᠡᠢ᠌ᠯᠡᠪᠠ᠃
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ᠎ᠤᠨ ᠳᠠᠷᠤᠭ᠎ᠠ ᠯᠢ ᠿᠢ ᠱᠤ᠌᠄ 2025 ᠣᠨ ᠪᠣᠯ ᠶᠠᠭ ᠰᠠᠢ᠌ᠬᠠᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠬᠦᠯᠵᠦ ᠲᠠᠭᠤᠰᠬᠤ ᠵᠢᠯ ᠪᠣᠯᠤᠨ᠎ᠠ᠂ ᠡᠨᠡ ᠵᠢᠯ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠤᠷᠠᠯᠳᠤᠭᠰᠠᠨ᠎ᠨᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠬᠦ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠬᠤ᠂ ᠢᠲᠡᠭᠡᠯ ᠵᠣᠷᠢᠭ ᠵᠶ᠋ᠠᠨ ᠨᠡᠮᠡᠭᠳᠡᠭᠦᠯᠬᠦ᠂ ᠡᠷᠴᠢ ᠬᠦᠴᠦᠨ ᠵᠶ᠋ᠠᠨ ᠬᠥᠪᠴᠢᠯᠡᠬᠦ ᠵᠢᠴᠢ ᠪᠥᠬᠥ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠢ᠌ᠴᠢᠯᠠᠨ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠴᠢᠷᠮᠠᠢ᠌ᠨ ᠤᠷᠤᠭᠰᠢᠯᠠᠬᠤ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠣᠢ᠌ᠯᠠᠭ᠋ᠠᠭᠳᠠᠬᠤᠨ ᠭᠦᠢ᠍ᠴᠡᠳ ᠢᠯᠡᠷᠡᠵᠦ ᠪᠠᠢ᠌ᠬᠤ ᠵᠢ ᠪᠢᠳᠡ ᠤᠯᠵᠤ ᠬᠠᠷᠠᠪᠠ᠃ ᠦᠨᠳᠦᠰᠦᠲᠡᠨ᠎ᠤ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ ᠪᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠦᠢ᠍ᠯᠡᠴᠢᠯᠡᠬᠦ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠠᠵᠠ ᠲᠣᠬᠢᠶᠠᠯ᠎ᠢ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠠᠰᠤᠷᠠᠯᠲᠠ ᠦᠭᠡᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠬᠥᠭᠵᠢᠯᠲᠡ ᠵᠢᠨ ᠬᠦᠴᠢᠷ ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠋ᠠᠨ᠎ᠤ ᠦᠷ᠎ᠡ ᠪᠦᠲᠦᠭᠡᠯ᠎ᠢ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠡᠯ᠎ᠡ ᠲᠦᠷᠦᠯ᠎ᠤᠨ ᠪᠣᠳᠠᠲᠠᠢ ᠠᠵᠢᠯ᠎ᠤᠨ ᠳᠤᠮᠳᠠ ᠦᠢ᠍ᠯᠡᠳᠦᠯᠬᠡᠵᠢᠬᠦᠯᠦᠨ᠎ᠠ ᠬᠡᠵᠦ ᠢᠯᠡᠷᠬᠡᠢ᠌ᠯᠡᠪᠠ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠶᠡᠷᠦᠩᠭᠡᠢ ᠪᠠᠲᠤᠯᠠᠭ᠎ᠠ ᠵᠢᠨ ᠲᠥᠪ)᠎ᠤᠨ ᠡᠷᠬᠢᠯᠡᠭᠴᠢ ᠠᠯᠲᠠᠨᠪᠠᠭ᠋ᠠᠨ᠎ᠠ᠄ 2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠥᠩᠭᠡᠷᠡᠭᠰᠡᠨ ᠨᠢᠭᠡ ᠵᠢᠯ᠎ᠤᠨ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠣᠯᠤᠭᠰᠠᠨ ᠡᠯ᠎ᠡ ᠲᠦᠷᠦᠯ᠎ᠤᠨ ᠠᠮᠵᠢᠯᠲᠠ ᠵᠢ ᠪᠦᠬᠦ ᠲᠠᠯ᠎ᠠ᠎ᠪᠠᠷ ᠡᠷᠬᠢᠴᠡᠬᠦᠯᠪᠡ᠂ 2024 ᠣᠨ᠎ᠳᠤ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠡᠷᠡᠮᠡᠬᠡᠢ᠌ᠯᠡᠨ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠢᠳᠡᠷᠡᠭᠦᠨ ᠠᠯᠬᠤᠭ᠎ᠠ ᠵᠢ ᠠᠯᠬᠤᠪᠠ᠃ ᠢᠯᠡᠳᠬᠡᠯ᠎ᠳᠤ 2025 ᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠷᠦᠩᠬᠡᠢ ᠬᠠᠷᠠᠯᠲᠠ ᠵᠢ ᠲᠤᠳᠤᠷᠬᠠᠢ᠌ᠯᠠᠪᠠ᠂ ᠢᠯᠠᠩᠭᠤᠶ᠎ᠠ 2025 ᠣᠨ᠎ᠤ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ᠎ᠳᠤ ᠰᠢᠨ᠎ᠡ ᠱᠠᠭ᠋ᠠᠷᠳᠠᠯᠭ᠎ᠠ ᠳᠤᠷᠠᠳᠴᠠᠢ᠂ ᠨᠠᠮ᠎ᠤᠨ ᠦᠨᠳᠦᠰᠦᠲᠡᠨ᠎ᠤ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ ᠪᠢᠳᠡ ᠡᠭᠦᠷᠭᠡ ᠬᠦᠨᠳᠦ ᠪᠠᠢ᠌ᠬᠤ᠎ᠪᠠᠨ ᠭᠦᠨᠵᠡᠭᠡᠢ ᠮᠡᠳᠡᠵᠦ ᠪᠠᠢ᠌ᠨ᠎ᠠ᠃ ᠢᠯᠡᠳᠬᠡᠯ᠎ᠨᠢ ᠲᠡᠬᠥᠰ ᠪᠣᠳᠠᠲᠠᠢ ᠪᠠᠢ᠌ᠵᠤ᠂ ᠬᠥᠮᠦᠰ᠎ᠤᠨ ᠰᠡᠳᠬᠢᠯ᠎ᠢ ᠬᠥᠭᠵᠢᠭᠡᠵᠦ᠂ ᠪᠢᠳᠡᠨ᠎ᠤ 2025 ᠣᠨ᠎ᠤ ᠠᠵᠢᠯ᠎ᠢ ᠰᠠᠢ᠌ᠲᠤᠷ ᠬᠢᠬᠦ ᠢᠲᠡᠭᠡᠯ ᠵᠣᠷᠢᠭ᠎ᠢ ᠨᠡᠩ ᠪᠠᠲᠤᠳᠬᠠᠪᠠ᠃ ᠳᠠᠷᠠᠭ᠎ᠠ ᠠᠯᠬᠤᠮ᠎ᠳᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠨᠢ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠪᠠᠷᠢᠮᠳᠠᠯᠠᠵᠤ᠂ 《ᠠᠨᠠᠷ᠎ᠤᠨ ᠬᠡᠯᠬᠢᠶ᠎ᠡ》 ᠦᠨᠳᠦᠰᠦᠲᠡᠨ᠎ᠤ ᠠᠵᠢᠯ᠎ᠤᠨ ᠨᠡᠷᠡᠳᠤ ᠲᠡᠮᠳᠡᠭ᠎ᠤᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠲᠣᠣᠷ᠎ᠢ ᠦᠷᠭᠦᠯᠵᠢᠯᠡᠨ ᠨᠢᠭᠲᠠ ᠰᠦᠯᠵᠢᠵᠦ᠂ 《ᠵᠢᠷᠭᠤᠭ᠋ᠠᠨ ᠢᠨᠵᠧᠨᠧᠷᠢᠩ》᠎ᠢ ᠨᠠᠢ᠌ᠳᠠᠪᠤᠷᠢᠵᠢᠭᠤᠯᠬᠤ᠎ᠳᠤ ᠬᠦᠴᠦᠨ ᠨᠡᠮᠡᠷᠢᠯᠡᠵᠦ᠂ 《ᠵᠢᠷᠭᠤᠭ᠋ᠠᠨ ᠪᠤᠳᠠᠳᠤ ᠠᠵᠢᠯᠯᠠᠭ᠎ᠠ》᠎ᠪᠠᠷ ᠰᠢᠨ᠎ᠠ ᠵᠢ ᠡᠬᠦᠳᠬᠦ ᠵᠢ ᠨᠢᠬᠡᠳᠬᠡᠨ ᠠᠬᠢᠭᠤᠯᠵᠤ᠂ ᠬᠦᠴᠦᠨ ᠵᠢᠡᠨ ᠬᠠᠮᠳᠤᠳᠬᠠᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠲᠠᠰᠤᠷᠠᠯᠲᠠ ᠥᠬᠡᠶ ᠠᠬᠢᠭᠤᠯᠬᠤ᠎ᠳᠤ ᠬᠦᠴᠦᠨ ᠨᠡᠮᠡᠷᠢᠯᠡᠵᠦ᠂ ᠦᠨᠳᠦᠰᠦᠲᠡᠨ᠎ᠤ ᠭᠠᠵᠠᠷ ᠣᠷᠣᠨ᠎ᠤ ᠤᠳᠤᠬᠢᠴᠢᠯᠠᠭᠰᠠᠨ ᠪᠦᠳᠦᠭᠡᠨ ᠪᠠᠢ᠌ᠭᠤᠯᠤᠯᠲᠠ ᠵᠢᠨ ᠠᠯᠬᠤᠴᠠ ᠵᠢ ᠲᠦᠷᠭᠡᠳᠬᠡᠬᠦ᠎ᠳᠤ ᠨᠡᠩ ᠶᠡᠬᠡ ᠰᠢᠨ᠎ᠡ ᠦᠢ᠍ᠯᠡᠳᠦᠯ ᠵᠢᠡᠨ ᠪᠠᠳᠠᠷᠠᠭᠤᠯᠤᠨ᠎ᠠ ᠬᠡᠵᠦ ᠢᠯᠡᠷᠬᠡᠢ᠌ᠯᠡᠪᠠ᠃
      ᠪᠤᠭᠤᠲᠤ ᠬᠣᠲᠠ ᠵᠢᠨ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ ᠮᠢ ᠯᠢ ᠰᠢᠨ᠄ ᠡᠨᠡ ᠤᠳᠠᠭ᠋ᠠᠨ᠎ᠤ ᠪᠥᠬᠥ ᠤᠯᠤᠰ᠎ᠤᠨ ᠬᠣᠶᠠᠷ ᠬᠤᠷᠠᠯ ᠪᠣᠯ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠨᠢᠭᠡ ᠤᠳᠠᠭ᠋ᠠᠨ᠎ᠤ ᠴᠢᠬᠤᠯᠠ ᠬᠤᠷᠠᠯ ᠮᠥᠨ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠂ ᠬᠦᠴᠦᠨ ᠴᠢᠳᠠᠯ᠎ᠢ ᠬᠥᠭᠵᠢᠭᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠦᠷ ᠵᠢᠪᠬᠤᠭ᠋ᠠᠳᠤ ᠰᠢᠨ᠎ᠡ ᠬᠠᠭᠤᠳᠠᠰᠤ ᠵᠢ ᠪᠢᠴᠢᠭᠯᠡᠬᠦ ᠨᠢᠭᠡ ᠤᠳᠠᠭ᠋ᠠᠨ᠎ᠤ ᠦᠪᠡᠳᠡᠭᠰᠢ ᠬᠤᠷᠠᠯ ᠮᠥᠨ᠃ ᠪᠢᠳᠡ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠪᠤᠭᠤᠲᠤ ᠬᠤᠳᠠ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠯ᠎ᠡ ᠲᠦᠷᠦᠯ᠎ᠤᠨ ᠠᠵᠢᠯ ᠦᠢ᠍ᠯᠡᠰ᠎ᠢ ᠶᠡᠷᠦᠩᠬᠡᠢ᠌ᠯᠡᠨ ᠵᠢᠯᠤᠭᠤᠳᠤᠭᠤᠯᠵᠤ᠂ ᠪᠤᠭᠤᠲᠤ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠭᠡᠷᠡᠯ ᠰᠠᠴᠤᠷᠠᠩᠭᠤᠢ ᠥᠩᠭᠡᠷᠡᠯᠲᠡ᠂ ᠰᠠᠢ᠍ᠢ᠍ᠨ ᠰᠠᠢ᠌ᠬᠠᠨ ᠪᠠᠢ᠌ᠳᠠᠯ᠎ᠢ ᠨᠠᠨᠳᠢᠩᠨᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠤᠨᠤᠯ᠎ᠤᠨ ᠰᠤᠳᠤᠯᠭ᠋ᠠᠨ᠎ᠢ ᠦᠢ᠍ᠯᠡᠳᠦᠯᠭᠡ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠳᠣᠲᠣᠭ᠋ᠠᠳᠤ ᠭᠠᠳᠠᠭ᠋ᠠᠳᠤ ᠤᠬᠠᠭᠤᠯᠭ᠎ᠠ ᠵᠢᠨ ᠲᠤᠭᠳᠠᠯᠴᠠᠭ᠎ᠠ ᠵᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠢ᠌ᠭᠤᠯᠤᠨ᠎ᠠ; ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ ᠣᠷᠣᠨ᠎ᠢ ᠲᠣᠭᠲᠠᠪᠤᠷᠢᠵᠢᠭᠤᠯᠤᠨ ᠪᠡᠬᠢᠵᠢᠭᠦᠯᠬᠦ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠭᠤᠤᠯ ᠬᠣᠲᠠ ᠪᠠᠯᠭ᠋ᠠᠰᠤ ᠪᠣᠯᠤᠨ ᠬᠢᠯᠢ ᠬᠢᠵᠠᠭ᠋ᠠᠷ᠎ᠤᠨ 《ᠲᠠᠪᠤᠨ ᠬᠠᠮᠲᠤ᠎ᠪᠠᠷ》 ᠤᠬᠠᠭᠤᠯᠭ᠎ᠠ ᠬᠥᠮᠦᠵᠢᠯ᠎ᠤᠨ ᠤᠷᠲᠤ ᠬᠣᠩᠭᠢᠯ᠎ᠤᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠳᠠᠮᠵᠢᠵᠤ᠂ ᠦᠨᠳᠦᠰᠦᠲᠡᠨ᠎ᠨᠦᠭᠦᠳ ᠬᠠᠮᠲᠤ᠎ᠪᠠᠷ ᠣᠳᠣᠬᠢᠴᠢᠯᠠᠯᠲᠠ ᠳᠠᠢ᠌ᠰᠢ ᠤᠷᠤᠭᠰᠢᠯᠠᠬᠤ ᠵᠢ ᠠᠬᠢᠭᠤᠯᠤᠨ᠎ᠠ;  《ᠭᠤᠷᠪᠠᠨ ᠲᠦᠷᠦᠯ᠎ᠤᠨ ᠲᠥᠯᠥᠪᠯᠡᠭᠡ》 ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠡᠭᠦᠳᠦᠨ ᠪᠠᠢ᠌ᠭᠤᠯᠬᠤ ᠵᠠᠭᠪᠤᠷ᠎ᠤᠨ ᠰᠢᠨ᠎ᠡ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠪᠥᠬᠥ ᠲᠠᠯ᠎ᠠ᠎ᠪᠠᠷ ᠬᠠᠷᠢᠯᠴᠠᠨ ᠰᠢᠬᠢᠳᠬᠡᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠤᠨ᠎ᠠ; ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠰᠤᠷᠤᠯᠴᠠᠯᠭ᠎ᠠ ᠵᠢᠨ 《8 + N᠎ᠳᠤ ᠤᠷᠤᠭᠤᠯᠬᠤ》 ᠵᠢ ᠥᠷᠭᠡᠳᠬᠡᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠳᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ ᠴᠢᠷᠮᠠᠢ᠌ᠯᠳᠠ ᠪᠠ ᠪᠣᠳᠠᠲᠠᠢ ᠠᠵᠢᠯᠯᠠᠭ᠎ᠠ᠎ᠪᠠᠷ ᠵᠶ᠋ᠠᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠢ᠎ᠡ ᠦᠵᠡᠭᠦᠯᠬᠦ ᠬᠤᠳᠠ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠪᠡᠶᠡᠯᠡᠭᠦᠯᠬᠦ ᠳᠤᠮᠳᠠ ᠪᠤᠭᠤᠲᠤ ᠵᠢᠨ ᠦᠨᠳᠦᠰᠦᠲᠡᠨ᠎ᠤ ᠵᠥᠪᠯᠡᠯ᠎ᠤᠨ ᠬᠦᠴᠦᠨ᠎ᠢ ᠬᠠᠨᠳᠢᠪᠯᠠᠵᠤ᠂ 《ᠨᠢᠭᠡ ᠣᠷᠣᠨ ᠪᠦᠰᠡ ᠵᠢᠨ ᠭᠡᠷᠡᠯ ᠭᠢᠯᠪᠠᠭ᠎ᠠ》᠎ᠪᠠᠷ 《ᠪᠦᠬᠦ ᠲᠠᠯ᠎ᠠ᠎ᠳᠤ ᠭᠡᠷᠡᠯ ᠭᠢᠯᠪᠠᠭ᠎ᠠ ᠨᠡᠮᠡᠷᠢᠯᠡᠨ᠎ᠡ》 ᠬᠡᠵᠦ ᠢᠯᠡᠷᠬᠡᠢ᠌ᠯᠡᠪᠠ᠃
      ᠰᠢᠯᠢ ᠵᠢᠨ ᠭᠣᠤᠯ ᠠᠢ᠌ᠮᠠᠭ᠎ᠤᠨ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢ ᠰᠦᠨ ᡁᠢ ᠵᠢᠶᠠᠨ᠄ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠲᠠᠰᠤᠷᠠᠯᠲᠠ ᠥᠬᠡᠶ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠤᠳᠤᠬᠢᠴᠢᠯᠠᠭᠰᠠᠨ ᠪᠥᠲᠥᠭᠡᠨ ᠪᠠᠢ᠌ᠭᠤᠯᠤᠯᠲᠠ ᠵᠢᠨ ᠠᠯᠬᠤᠴᠠ ᠵᠢ ᠲᠦᠷᠬᠡᠳᠬᠡᠬᠦ ᠬᠡᠷᠡᠭᠳᠡᠢ ᠬᠡᠵᠦ ᠲᠤᠷᠠᠳᠴᠠᠢ᠃ ᠰᠢᠯᠢ ᠵᠢᠨ ᠭᠣᠤᠯ ᠠᠢ᠌ᠮᠠᠭ 《ᠪᠠᠳᠤᠳᠬᠠᠬᠤ》 ᠭᠣᠤᠯ ᠰᠢᠵᠢᠮ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠢᠮᠠᠭᠲᠠ ᠪᠠᠷᠢᠮᠲᠠᠯᠠᠵᠤ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠢ᠌ᠮᠠᠭ᠎ᠢ ᠴᠢᠷᠮᠠᠢ᠌ᠨ ᠪᠠᠢ᠌ᠭᠤᠯᠬᠤ᠎ᠪᠠᠷ ᠭᠠᠷᠳᠠᠴᠠ ᠪᠤᠯᠭ᠋ᠠᠵᠤ᠂ 《ᠨᠢᠭᠡ ᠬᠣᠩᠭᠢᠯ ᠨᠢᠭᠡ ᠪᠦᠰᠡ ᠳᠥᠷᠪᠡᠨ ᠰᠠᠭᠤᠷᠢᠨ ᠭᠠᠵᠠᠷ》᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠭᠦᠳᠴᠦ ᠬᠠᠮᠲᠤ᠎ᠪᠠᠷ ᠡᠳ᠋ᠯᠡᠬᠦ ᠪᠠᠢ᠌ᠷᠢᠰᠢᠯ᠎ᠢ ᠪᠡᠬᠢᠵᠢᠭᠦᠯᠵᠦ᠂ 《ᠤᠯᠠᠭ᠋ᠠᠨᠮᠥ᠋ᠴᠢᠷ》᠂ 《ᠤᠯᠠᠭ᠋ᠠᠨ ᠪᠢᠴᠢᠭ᠎ᠤᠨ ᠪᠣᠭᠴᠣ》 ᠵᠡᠷᠭᠡ ᠪᠥᠬᠥ ᠤᠯᠤᠰ᠂ ᠪᠥᠬᠥ ᠣᠷᠣᠨ᠎ᠤ ᠲᠡᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ᠂ ᠵᠢᠱ᠌ᠢᠶᠡᠴᠢ ᠬᠤᠪᠢ ᠬᠥᠮᠦᠨ᠎ᠤ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠦᠨᠳᠦᠰᠦᠲᠡᠨ᠎ᠤ ᠪᠦᠯᠬᠦᠮᠳᠡᠯ᠎ᠤᠨ ᠦᠯᠢᠬᠡᠷ᠎ᠢ ᠪᠢ ᠶᠠᠷᠢᠶ᠎ᠠ》᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ ᠤᠷᠤᠠᠠᠰᠢᠯᠠᠬᠤ ᠲᠤᠬᠠᠢ ᠮᠢᠨᠦ ᠶᠠᠷᠢᠬᠤ ᠵᠢ ᠰᠤᠨᠤᠰᠤᠭ᠋ᠠᠷᠠᠢ》 ᠵᠡᠷᠭᠡ ᠠᠷᠭ᠎ᠠ ᠬᠡᠯᠪᠡᠷᠢ᠎ᠪᠠᠷ ᠤᠬᠠᠭᠤᠯᠤᠨ ᠲᠠᠢ᠌ᠯᠪᠤᠷᠢᠯᠠᠬᠤ ᠵᠢ ᠥᠷᠭᠡᠨ ᠵᠶ᠋ᠡᠷ ᠦᠷᠨᠢᠬᠦᠯᠵᠡᠢ᠃ ᠭᠦᠢᠵᠧᠦ ᠮᠤᠵᠢ ᠵᠢᠨ ᠭᠦᠢᠶᠠᠩ ᠬᠣᠲᠠ᠂ ᠵᠢᠶᠠᠩᠰᠦ ᠮᠤᠵᠢ ᠵᠢᠨ ᠬᠤᠸᠠᠶ ᠠᠨ ᠬᠣᠲᠠ ᠵᠡᠷᠭᠡ ᠭᠠᠵᠠᠷ ᠣᠷᠣᠨ᠎ᠯᠤᠭ᠎ᠠ ᠵᠢᠨ ᠬᠠᠮᠵᠢᠯᠴᠠᠭ᠋ᠠᠨ᠎ᠤ ᠡᠷᠴᠢᠮ ᠵᠶ᠋ᠡᠨ ᠤᠯᠠᠮ ᠨᠢᠬᠡ ᠠᠯᠬᠤᠮ ᠴᠢᠩᠭ᠋ᠠᠷᠠᠭᠤᠯᠵᠤ᠂ 《ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠭ᠎ᠠ》 ᠵᠢᠨ ᠣᠨᠴᠠᠯᠢᠭᠲᠤ ᠨᠡᠷᠡᠳᠦ ᠲᠡᠮᠳᠡᠭ᠎ᠢ ᠢᠳᠡᠪᠬᠢᠳᠠᠢ᠎ᠪᠠᠷ ᠡᠬᠦᠳᠦᠨ᠎ᠠ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠶᠡᠬᠡ᠎ᠪᠠᠷ ᠬᠡᠷᠡᠭᠵᠢᠭᠦᠯᠵᠦ᠂ 《ᠲᠠᠪᠤᠨ ᠬᠠᠮᠲᠤ᠎ᠪᠠᠷ》 ᠤᠷᠲᠤ ᠬᠣᠩᠭᠢᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠬᠦᠴᠦᠯᠡᠨ ᠰᠠᠢ᠌ᠵᠢᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠰᠢᠯᠢ ᠵᠢᠨ ᠭᠣᠣᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠬᠡᠵᠦ ᠢᠯᠡᠷᠬᠡᠢ᠌ᠯᠠᠪᠠ᠃
      ᠦᠬᠠᠢ ᠬᠤᠳᠠ ᠵᠢᠨ ᠦᠨᠳᠦᠰᠦᠳᠡᠨ᠎ᠤ ᠵᠥᠪᠯᠡᠯ᠎ᠤᠨ ᠡᠷᠬᠢᠯᠡᠭᠴᠢ ᠯᠢᠶᠠᠩ ᠳ᠋ᠢᠩ ᠰᠢᠨ᠄ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ  《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ ᠦᠬᠠᠢ ᠬᠤᠳᠠ ᠵᠢᠨ ᠦᠨᠳᠦᠰᠦᠳᠡᠨ᠎ᠤ ᠵᠥᠪᠯᠡᠯ᠎ᠤᠨ ᠪᠦᠬᠦ ᠺᠠᠳ᠋ᠷᠴᠤᠳ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠡᠵᠡᠮᠰᠢᠨ ᠲᠤᠭᠤᠰᠢᠯᠠᠭᠤᠵᠤ᠂ 《ᠵᠢᠷᠭᠤᠭ᠋ᠠᠨ ᠪᠤᠳᠠᠳᠤ ᠠᠵᠢᠯᠯᠠᠭ᠎ᠠ》᠎ᠳᠤ ᠠᠩᠬᠠᠷᠤᠯ ᠵᠶ᠋ᠠᠨ ᠲᠦᠪᠯᠡᠷᠡᠬᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠲᠥᠯᠥᠪᠵᠢᠭᠦᠯᠭᠡ ᠵᠢᠨ ᠪᠡᠶᠡᠯᠡᠬᠦᠯᠵᠦ ᠲᠠᠭᠤᠰᠬᠤ ᠳᠠᠢ᠌ᠯᠠᠯᠳᠤᠭ᠋ᠠᠨ᠎ᠢ ᠰᠠᠢ᠌ᠲᠤᠷ  ᠬᠢᠵᠦ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ᠎ᠪᠠᠷ ᠭᠠᠷᠳᠠᠴᠠ ᠪᠤᠯᠭ᠋ᠠᠵᠤ᠂ 《ᠳᠡᠭᠡᠷ᠎ᠡ ᠳᠣᠤᠷ᠎ᠠ ᠱᠠᠲᠤ ᠬᠠᠮᠲᠤᠷᠠᠨ ᠬᠥᠳᠡᠯᠦᠯᠴᠡᠬᠦ᠂ ᠬᠣᠲᠠ ᠲᠣᠭᠣᠷᠢᠭ ᠬᠣᠯᠪᠣᠭ᠋ᠠᠯᠠᠨ ᠬᠥᠳᠡᠯᠦᠯᠴᠡᠬᠦ᠂ ᠣᠷᠣᠨ ᠪᠦᠰᠡ ᠬᠠᠮᠲᠤᠷᠠᠨ ᠬᠥᠳᠡᠯᠦᠯᠴᠡᠬᠦ》 ᠡᠭᠦᠳᠦᠨ ᠪᠠᠢ᠌ᠭᠤᠯᠬᠤ ᠠᠵᠢᠯ᠎ᠤᠨ ᠲᠤᠠᠠᠳᠠᠯᠴᠠᠭ᠎ᠠ ᠵᠢ ᠲᠦᠷᠬᠡᠳᠬᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠨᠡᠢ᠌ᠳᠡᠮ ᠪᠦᠷᠬᠦᠬᠦᠯᠬᠦ ᠲᠦᠷᠦᠯ ᠵᠤᠢ᠌ᠯ᠎ᠢ ᠬᠦᠨᠵᠡᠬᠡᠢ ᠬᠡᠷᠡᠭᠵᠢᠬᠦᠯᠵᠦ᠂ 《ᠭᠤᠷᠪᠠᠨ ᠲᠦᠷᠦᠯ᠎ᠤᠨ ᠲᠥᠯᠥᠪᠯᠡᠭᠡ》᠎ᠪᠠᠷ ᠠᠴᠢᠶᠠᠯᠠᠪᠤᠷᠢ ᠪᠤᠯᠭ᠋ᠠᠵᠤ᠂ ᠰᠢᠨ᠎ᠠ ᠵᠢ ᠡᠬᠦᠳᠬᠦ ᠬᠡᠯᠪᠡᠷᠢ ᠵᠢ ᠬᠡᠷᠡᠭᠵᠢᠬᠦᠯᠵᠦ᠂ ᠪᠦᠬᠦ ᠣᠷᠣᠨ᠎ᠤ ᠬᠠᠷᠢᠯᠴᠠᠨ ᠰᠢᠬᠢᠳᠬᠡᠬᠦ ᠮᠠᠶᠢᠭ᠎ᠤᠨ ᠨᠡᠢ᠌ᠭᠡᠮ᠎ᠤᠨ ᠪᠦᠲᠦᠴᠡ ᠪᠣᠯᠤᠨ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢ᠌ᠭᠤᠯᠬᠤ ᠠᠵᠢᠯ᠎ᠤᠨ ᠲᠤᠬᠠᠶ ᠵᠢᠨ ᠳᠠᠯᠠᠪᠠᠢ ᠵᠢᠨ ᠲᠤᠷᠰᠢᠯᠭ᠎ᠠ ᠰᠤᠯᠢᠯᠴᠠᠬᠤ ᠬᠤᠷᠠᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠲᠤᠭᠤᠷᠢᠭ ᠵᠶ᠋ᠠᠷ ᠰᠢᠭᠢᠳᠬᠡᠬᠦ᠂ ᠰᠢᠭᠢᠳᠬᠡᠯ ᠵᠶ᠋ᠡᠷ ᠠᠭᠤᠰᠤᠯᠴᠠᠭᠤᠯᠬᠤ᠂ ᠠᠭᠤᠰᠤᠯᠳᠤᠨ ᠨᠢᠭᠡᠳᠬᠦ ᠵᠢ ᠠᠬᠢᠭᠤᠯᠬᠤ ᠬᠣᠲᠠ ᠵᠢᠨ ᠦᠨᠳᠦᠰᠦᠲᠡᠨ᠎ᠤ ᠠᠵᠢᠯ᠎ᠤᠨ ᠠᠷᠭ᠎ᠠ ᠵᠠᠮ᠎ᠢ ᠢᠳᠡᠪᠬᠢᠳᠠᠢ ᠰᠦᠪᠡᠭᠴᠢᠯᠡᠵᠦ᠂ ᠦᠨᠳᠦᠰᠦᠲᠡᠨ᠎ᠤ ᠭᠠᠵᠠᠷ ᠣᠷᠣᠨ᠎ᠤ ᠤᠳᠤᠬᠢᠴᠢᠯᠠᠭᠰᠠᠨ ᠪᠦᠲᠦᠭᠡᠨ ᠪᠠᠢ᠌ᠭᠤᠯᠤᠯᠲᠠ ᠵᠢᠨ ᠲᠥᠯᠥᠭᠡ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠳᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠤᠨ᠎ᠠ ᠬᠡᠵᠦ ᠢᠯᠡᠷᠬᠡᠢ᠌ᠯᠡᠪᠠ᠃

 

 

      ᠤᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
      ᠳᠡᠳ᠋  ᠶᠡᠷᠦᠩᠭᠡᠢ ᠨᠠᠢ᠌ᠷᠠᠭᠤᠯᠤᠠᠠᠴᠢ᠄ ᠬᠤᠤᠰᠪᠠᠶᠠᠷ
      ᠶᠡᠷᠤᠩᠭᠡᠢ ᠨᠠᠢ᠌ᠷᠠᠭᠤᠯᠤᠠᠠᠴᠢ᠄  ᠸᠠᠩ ᠰᠢᠤᠸᠠᠢ ᠳ᠋ᠥᠩ

 

ᠢᠷᠡᠯᠲᠡ᠄ ᠰᠣᠶᠣᠯ ᠤᠬᠠᠭᠤᠯᠭ᠎ᠠ ᠵᠢᠨ ᠭᠠᠵᠠᠷ