ᠰᠢᠨ᠎ᠡ ᠵᠢᠯ ᠰᠢᠨ᠎ᠡ ᠵᠢᠪᠬᠤᠭ᠎ᠠ᠎ᠲᠠᠢ ᠡᠷᠡᠮᠡᠬᠡᠢ᠌ᠯᠡᠨ ᠤᠷᠤᠠᠠᠰᠢᠯᠠᠨᠠ᠃ ᠥᠪᠥᠷ ᠮᠣᠩᠭᠣᠯ᠎ᠤᠨ ᠡᠨᠡ ᠬᠦ᠌ ᠨᠡᠭᠡᠭᠡᠯᠳᠡ᠎ᠲᠠᠢ ᠪᠠᠭᠳᠠᠭ᠋ᠠᠮᠵᠢᠳᠠᠢ᠎ᠲᠠᠢ᠂ ᠪᠦᠯᠬᠦᠮᠳᠡᠯ᠎ᠲᠠᠢ ᠳᠠᠢ᠌ᠪᠤᠡᠭ ᠲᠣᠭᠲᠠᠭᠤᠨ ᠭᠠᠵᠠᠷ ᠨᠤᠳᠤᠭ ᠳᠡᠭᠡᠷ᠎ᠡ ᠦᠨᠳᠦᠰᠦᠲᠡᠨ᠎ᠨᠦᠭᠦᠳ᠎ᠤᠨ 2400 ᠲᠦᠮᠡᠨ ᠬᠥᠪᠡᠭᠦᠳ ᠥᠬᠢᠳ ᠭᠠᠷ ᠭᠠᠷ ᠵᠶ᠋ᠠᠨ ᠬᠤᠯᠪᠤᠯᠴᠠᠵᠤ᠂ ᠮᠥᠷᠥ ᠵᠡᠷᠭᠡᠴᠡᠨ ᠤᠷᠤᠭᠰᠢᠯᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠵᠦ᠂ ᠬᠠᠮᠲᠤ᠎ᠪᠠᠷ ᠰᠠᠢ᠍ᠢ᠍ᠨ ᠰᠠᠢ᠌ᠬᠠᠨ ᠠᠮᠢᠳᠤᠷᠠᠯ ᠵᠶ᠋ᠠᠨ ᠴᠤᠭᠴᠠᠯᠠᠵᠤ ᠪᠠᠢ᠌ᠨ᠎ᠠ᠃
ᠰᠠᠶᠢᠬᠠᠨ ᠥᠩᠭᠡᠷᠡᠭᠰᠡᠨ 2024 ᠣᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ᠎ᠨᠢ ᠰᠢ ᠵᠢᠨ ᠫᠢᠩ ᠶᠡᠷᠦᠩᠬᠡᠶ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠢᠮᠠᠭᠲᠠ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠵᠠᠰᠠᠯᠲᠠ ᠵᠢ ᠴᠢᠩᠭ᠋ᠠᠳᠬᠠᠬᠤ᠎ᠪᠠᠷ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠵᠣᠷᠢᠯᠲᠠ ᠪᠠ ᠲᠤᠰᠤᠯᠲᠠ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠴᠠᠷᠠᠭ᠎ᠠ ᠬᠦᠷᠢᠶᠡᠨ᠎ᠤ ᠡᠯ᠎ᠡ ᠲᠦᠷᠦᠯ᠎ᠤᠨ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠦᠷᠭᠦᠯᠵᠢᠯᠡᠨ ᠠᠬᠢᠭᠤᠯᠪᠠ᠃

ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠢᠭᠡ ᠭᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠵᠤ᠂ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠨ᠎ᠠ᠃ (ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ)
ᠦᠨᠳᠦᠰᠦ ᠵᠢ ᠪᠡᠬᠢᠯᠡᠨ ᠰᠦᠭ ᠰᠦᠨᠡᠰᠦ ᠵᠢ ᠱᠤᠭᠤᠵᠤ ᠰᠡᠳᠬᠢᠯ ᠵᠢᠡᠨ ᠨᠢᠭᠡᠤᠡᠭᠡᠪᠡ
ᠰᠣᠶᠣᠯ᠎ᠤᠨ ᠬᠠᠮᠲᠤ ᠵᠢᠨ ᠲᠠᠨᠢᠯᠲᠠ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠢ᠌ᠷᠠᠮᠳᠠᠭᠤ ᠵᠢᠨ ᠰᠦᠭ ᠰᠦᠨᠡᠰᠦ ᠮᠥᠨ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠢ ᠨᠢᠬᠡᠳᠬᠡᠵᠦ᠂ ᠬᠠᠷᠢᠯᠴᠠᠨ ᠲᠦᠰᠢᠯᠴᠡᠭᠰᠡᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠨᠠᠷ ᠰᠠᠢ᠌ᠲᠠᠢ ᠰᠠᠢ᠌ᠲᠤᠷ ᠬᠢᠬᠦ᠎ᠳᠤ ᠦᠨᠳᠦᠰᠦᠲᠡᠨ᠎ᠨᠦᠭᠦᠳ᠎ᠤᠨ ᠬᠠᠮᠲᠤ ᠵᠢᠨ ᠰᠣᠶᠣᠯ᠎ᠤᠨ ᠬᠣᠯᠪᠣᠭ᠋ᠠᠰᠤ ᠵᠢ ᠲᠠᠰᠤᠷᠠᠯᠳᠠ ᠦᠭᠡᠢ ᠪᠠᠲᠤ ᠴᠤᠠᠠᠴᠠᠯᠠᠬᠤ ᠭᠡᠷᠡᠭᠳᠡᠢ᠃
2024 ᠣᠨ᠎ᠳᠤ ᠥᠪᠥᠷ ᠮᠣᠩᠭᠣᠯ᠎ᠨᠢ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠠᠵᠢᠯ᠎ᠢ ᠬᠢᠭᠰᠡᠨ ᠪᠥᠭᠡᠳ ᠪᠠᠰᠠ ᠵᠦᠬᠡᠯᠡᠨ ᠬᠤᠷ᠎ᠠ ᠲᠦᠮᠡᠨ ᠪᠣᠳᠠᠰ᠎ᠢ ᠤᠮᠳᠠᠯᠠᠬᠤ ᠮᠡᠳᠤ ᠤᠯᠠᠨ ᠠᠵᠢᠯ᠎ᠢ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠤᠳᠠᠳᠠᠢ ᠲᠦᠷᠦᠭᠳᠡᠯ᠎ᠲᠠᠢ ᠪᠦᠳᠦᠮᠵᠢ᠎ᠲᠠᠢ ᠴᠣᠭᠴᠠᠯᠠᠪᠠ᠃
ᠰᠣᠶᠣᠯ ᠵᠶ᠋ᠠᠷ ᠬᠥᠮᠦᠨ᠎ᠢ ᠤᠬᠠᠭ᠋ᠠᠷᠠᠭᠤᠯᠵᠤ᠂ ᠰᠤᠶᠤᠯ ᠵᠶ᠋ᠠᠷ ᠰᠡᠳᠬᠢᠯ᠎ᠢ ᠤᠮᠳᠠᠯᠠᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠡᠯ᠎ᠡ ᠱᠠᠲᠤᠨ᠎ᠤ ᠭᠣᠣᠯ ᠰᠡᠳᠦᠪᠲᠦ ᠤᠬᠠᠭᠤᠯᠭ᠎ᠠ ᠲᠠᠢ᠌ᠯᠪᠤᠷᠢᠯᠠᠯᠳᠠ᠂ ᠡᠯ᠎ᠡ ᠲᠦᠷᠦᠯ᠎ᠤᠨ ᠤᠬᠠᠭᠤᠯᠭ᠎ᠠ ᠬᠥᠮᠦᠵᠢᠯ᠂ ᠦᠨᠳᠦᠰᠦᠨ ᠱᠠᠲᠤᠨ᠎ᠳᠤ ᠠᠶᠠᠯᠠᠬᠤ ᠡᠯ᠎ᠡ ᠲᠦᠷᠦᠯ᠎ᠤᠨ ᠲᠤᠰᠬᠠᠢ ᠰᠡᠳᠦᠪᠲᠦ ᠠᠵᠢᠯᠯᠠᠭ᠎ᠠ᠎ᠳᠤ ᠪᠦᠬᠦ ᠲᠠᠯ᠎ᠠ᠎ᠪᠠᠷ ᠠᠭᠤᠰᠤᠯᠴᠠᠭᠤᠯᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠲᠠᠰᠤᠷᠠᠯᠳᠠ ᠦᠭᠡᠢ ᠪᠡᠬᠢᠵᠢᠬᠦᠯᠪᠠ; ᠪᠥᠬᠥ ᠤᠯᠤᠰ᠎ᠤᠨ 《ᠦᠨᠳᠦᠰᠦᠲᠡᠨ᠎ᠤ ᠪᠦᠯᠬᠦᠮᠳᠡᠯ ᠬᠤᠨᠳᠠᠭ᠋ᠠᠲᠤ》 ᠦᠨᠳᠦᠰᠦᠲᠡᠨ᠎ᠤ ᠮᠠᠶᠢᠭ᠎ᠤᠨ ᠪᠥᠬᠡ ᠵᠢᠨ ᠤᠷᠤᠯᠳᠤᠭ᠋ᠠᠨ᠎ᠢ ᠡᠷᠭᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠦᠯᠬᠦᠮᠳᠡᠨ ᠨᠢᠭᠡᠳᠴᠦ᠂ ᠢᠳᠡᠪᠬᠢᠲᠡᠶ᠎ᠪᠠᠷ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢᠴᠡᠳ ᠢᠯᠡᠷᠡᠬᠦᠯᠪᠠ᠃
《ᠤᠮᠠᠷᠠᠲᠤ ᠬᠢᠯᠢ ᠵᠢᠨ ᠰᠣᠶᠣᠯ》᠎ᠤᠨ ᠨᠡᠷᠡᠲᠦ ᠲᠡᠮᠳᠡᠭ᠎ᠢ ᠬᠦᠴᠦᠯᠡᠨ ᠡᠭᠦᠳᠴᠦ᠂ 《ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠷ ᠪᠢᠴᠢᠭ᠎ᠢ ᠡᠮᠬᠢᠳᠬᠡᠬᠦ ᠰᠤᠳᠤᠯᠬᠤ ᠴᠤᠪᠤᠷᠠᠯ ᠨᠣᠮ ᠪᠢᠴᠢᠭ᠎ᠤᠨ ᠲᠣᠬᠠᠢ ᠬᠡᠷᠡᠭᠵᠢᠭᠦᠯᠬᠦ ᠲᠥᠰᠦᠯ (2025—2030 ᠣᠨ)》᠎ᠢ ᠲᠣᠭᠲᠠᠭ᠋ᠠᠨ ᠲᠠᠷᠬᠠᠭ᠋ᠠᠵᠤ᠂ ᠦᠨᠳᠦᠰᠦᠲᠡᠨ᠎ᠤ ᠰᠤᠳᠤᠷ ᠪᠢᠴᠢᠭ ᠵᠶ᠋ᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠡᠬᠢ ᠪᠠᠶᠠᠯᠢᠭ ᠪᠣᠯᠭ᠋ᠠᠬᠤ ᠵᠢ ᠠᠬᠢᠭᠤᠯᠪᠠ; 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠵᠢᠷᠤᠭ᠎ᠤᠨ ᠴᠠᠳᠢᠭ (ᠥᠪᠥᠷ ᠮᠣᠩᠭᠣᠯ᠎ᠤᠨ ᠪᠤᠳᠢ)》 ᠤᠨ ᠨᠠᠢ᠌ᠷᠠᠭᠤᠯᠬᠤ ᠡᠭᠦᠷᠭᠡ ᠵᠢ ᠪᠡᠶᠡᠯᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠲᠠᠢ 965 ᠬᠤᠪᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠭᠤᠳᠠᠯᠤᠨ ᠡᠮᠬᠢᠯᠡᠵᠦ᠂ ᠬᠥᠮᠦᠰ᠎ᠤᠨ ᠰᠡᠳᠬᠢᠯ᠎ᠢ ᠤᠯᠠᠮ ᠨᠢᠬᠡ ᠠᠯᠬᠤᠮ ᠨᠢᠭᠲᠠᠷᠠᠭᠤᠯᠬᠤ᠂ ᠪᠦᠯᠬᠦᠮᠳᠡᠨ ᠤᠷᠤᠭᠰᠢᠯᠠᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠣᠯᠪᠣᠭ᠋ᠠᠰᠤ ᠵᠢ ᠪᠡᠬᠢᠵᠢᠬᠦᠯᠪᠠ᠃

ᠬᠥᠬᠡᠬᠣᠲᠠ ᠵᠢᠨ ᠰᠠᠢ᠌ᠬᠠᠨ ᠲᠣᠭᠣᠷᠢᠭ ᠪᠣᠯᠤᠨ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠠᠨᠨᠢᠩ ᠬᠣᠲᠠ ᠵᠢᠨ ᠪᠢᠨ ᠶᠡᠩ ᠰᠢᠶᠠᠨ ᠬᠠᠮᠲᠤᠷᠠᠨ 《ᠵᠤᠸᠠᠩ ᠦᠨᠳᠦᠰᠦᠲᠡᠨ᠎ᠤ ᠭᠤᠷᠪᠠᠨ ᠰᠠᠷ᠎ᠠ ᠵᠢᠨ ᠭᠤᠷᠪᠠᠨ᠂ ᠪᠢᠨ ᠶᠡᠩ ᠰᠢᠶᠠᠨ — ᠰᠠᠢ᠌ᠬᠠᠨ ᠲᠤᠭᠤᠷᠢᠭ ᠰᠡᠳᠬᠢᠯ ᠵᠢᠷᠦᠬᠡ᠎ᠪᠠᠨ ᠬᠤᠯᠪᠤᠬᠤ》 ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠪᠡ᠃ (ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ)
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠷᠭ᠋ᠠᠨ ᠬᠥᠮᠦᠵᠢᠯ᠎ᠤᠨ ᠲᠤᠠᠠᠳᠠᠯᠴᠠᠭᠠ ᠵᠢ ᠳᠡᠬᠦᠯᠳᠡᠷᠵᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠦᠢᠯᠡᠳᠦᠯᠭᠡ ᠵᠢᠨ ᠲᠦᠷᠦᠭᠦᠦ ᠪᠦᠯᠦᠭ 26 ᠰᠠᠭᠤᠷᠢᠨ ᠭᠠᠵᠠᠷ᠎ᠢ ᠨᠡᠷᠡᠢ᠌ᠳᠴᠦ᠂ ᠪᠥᠬᠥ ᠨᠡᠢ᠌ᠭᠡᠮ᠎ᠳᠤ ᠬᠠᠨᠳᠤᠭᠤᠯᠤᠭᠰᠠᠨ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠰᠤᠷᠭ᠋ᠠᠨ ᠬᠥᠮᠦᠵᠢᠯ᠎ᠤᠨ ᠦᠢᠯᠡᠳᠦᠯᠭᠡ ᠵᠢᠨ ᠠᠵᠢᠯᠯᠠᠭ᠎ᠠ ᠵᠢ 10798 ᠲᠠᠯᠠᠪᠤᠷ ᠥᠷᠨᠢᠭᠦᠯᠵᠦ᠂ 3581 ᠲᠦᠮᠡᠨ ᠬᠥᠮᠦᠨ ᠤᠳᠠᠭ᠎ᠠ ᠤᠷᠤᠯᠴᠠᠪᠠ; ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠦᠨᠳᠦᠰᠦᠲᠡᠨ᠎ᠤ ᠵᠥᠪᠯᠡᠯ ᠬᠠᠮᠲᠤᠷᠠᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠭᠣᠤᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ 10220 ᠲᠠᠯᠠᠪᠠᠶ ᠥᠷᠨᠢᠭᠦᠯᠵᠦ᠂ ᠭᠥᠯᠢᠶᠡᠨ ᠠᠪᠤᠭᠴᠢᠳ 108 ᠲᠦᠮᠡᠨ ᠬᠥᠮᠦᠨ ᠤᠳᠠᠭ᠎ᠠ ᠵᠢ ᠳᠠᠪᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠳᠤ ᠭᠦᠨ ᠬᠠᠳᠠᠩᠰᠢᠭᠤᠯᠪᠠ᠃
ᠡᠯᠪᠡᠭ ᠪᠠᠶᠠᠯᠢᠭ ᠰᠣᠶᠣᠯ᠎ᠤᠨ ᠠᠵᠢᠯᠯᠠᠭ᠎ᠠ᠂ ᠣᠯᠠᠨ ᠲᠦᠮᠡᠨ᠎ᠲᠠᠢ ᠣᠢ᠌ᠷᠠᠲᠤᠭᠰᠠᠨ ᠣᠨᠣᠯ᠎ᠤᠨ ᠤᠬᠠᠭᠤᠯᠭ᠎ᠠ᠂ ᠪᠣᠳᠠᠲᠠᠶ ᠵᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ᠎ᠨᠦᠭᠦᠳ᠎ᠨᠢ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠰᠤᠷᠪᠤᠯᠵᠢ ᠵᠢ ᠲᠠᠰᠤᠷᠠᠯᠲᠠ ᠦᠭᠡᠶ ᠪᠡᠬᠢᠵᠢᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠪᠠ᠃
ᠣᠯᠠᠨ ᠲᠦᠷᠦᠯ᠎ᠤᠨ ᠠᠷᠭ᠎ᠠ ᠬᠡᠮᠵᠢᠶ᠎ᠡ᠎ᠪᠠᠷ ᠬᠥᠭᠵᠢᠯᠲᠡ ᠵᠢ ᠠᠬᠢᠭᠤᠯᠪᠠ
ᠥᠪᠥᠷ ᠮᠣᠩᠭᠣᠯ᠎ᠤᠨ ᠪᠠᠷᠠᠭᠤᠨ ᠦᠵᠦᠮᠦᠴᠢᠨ᠎ᠤ ᠲᠠᠯ᠎ᠠ ᠨᠤᠲᠤᠭ ᠳᠡᠬᠡᠷᠡᠬᠢ 《99 ᠨᠣᠮᠧᠷᠲᠤ ᠵᠠᠰᠠᠮᠠᠯ ᠵᠠᠮ》᠎ᠨᠢ ᠵᠤᠢ᠌ᠷᠯᠡᠰᠢ ᠦᠬᠡᠢ ᠭᠣᠢ᠌ᠳᠠ ᠰᠠᠢ᠌ᠬᠠᠨ ᠬᠠᠷᠠᠭᠳᠠᠨ᠎ᠠ᠃ ᠲᠡᠷᠡ᠎ᠨᠢ ᠶᠠᠭ ᠯᠠ ᠥᠩᠭᠡᠲᠦ ᠰᠤᠯᠤᠩᠭ᠎ᠠ ᠮᠡᠳᠦ᠎ᠪᠠᠷ ᠲᠠᠯ᠎ᠠ ᠨᠤᠲᠤᠭ᠎ᠤᠨ ᠭᠦᠨ ᠳᠤ ᠰᠤᠨᠤᠨ ᠦᠷᠬᠦᠯᠵᠢᠯᠡᠭᠰᠡᠨ ᠵᠶ᠋ᠡᠷ ᠪᠦᠬᠦ ᠤᠯᠤᠰ᠎ᠤᠨ ᠡᠯ᠎ᠡ ᠭᠠᠵᠠᠷ᠎ᠤᠨ ᠵᠤᠭ᠋ᠠᠴᠠᠭᠰᠠᠳ ᠳᠡᠷᠭᠡ᠎ᠪᠠᠨ ᠵᠢᠯᠤᠭᠤᠳᠤᠨ ᠡᠨᠳᠡ ᠢᠷᠡᠴᠢᠬᠡᠨᠠ᠃

ᠲᠠᠯ᠎ᠠ ᠨᠤᠲᠤᠭ᠎ᠤᠨ ᠭᠦᠨ᠎ᠳᠠᠬᠢ 《99 ᠨᠣᠮᠧᠷᠲᠤ ᠵᠠᠰᠠᠮᠠᠯ ᠵᠠᠮ》 (ᠭᠡᠷᠡᠯ ᠵᠢᠷᠤᠭ᠄ ᠬᠦᠴᠦᠨᠳᠡᠬᠦᠰ)
ᠣᠢ᠌ᠷ᠎ᠠ ᠵᠢᠨ ᠵᠢᠯ᠎ᠳᠤ ᠪᠠᠷᠠᠭᠤᠨ ᠦᠵᠦᠮᠦᠴᠢᠨ ᠬᠣᠰᠢᠭᠤ 《ᠬᠥᠳᠡᠭᠡ ᠲᠣᠰᠬᠣᠨ᠎ᠤ ᠳᠥᠷᠪᠡᠨ ᠰᠠᠢ᠌ᠨ᠎ᠲᠠᠶ ᠵᠠᠮ》᠎ᠤᠨ ᠪᠥᠲᠥᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢ ᠮᠠᠯᠵᠢᠬᠤ ᠣᠷᠣᠨ᠎ᠤ ᠠᠵᠤ ᠦᠢᠯᠡᠰ᠎ᠤᠨ ᠬᠥᠭᠵᠢᠯᠲᠡ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ ᠪᠠ ᠰᠢᠨ᠎ᠡ ᠮᠠᠯᠵᠢᠬᠤ ᠣᠷᠣᠨ᠎ᠤ ᠪᠥᠲᠥᠭᠡᠨ ᠪᠠᠢ᠌ᠭᠤᠯᠤᠯᠲᠠ᠎ᠲᠠᠢ ᠤᠶᠠᠯᠳᠤᠭᠤᠯᠵᠤ᠂ 2.5 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》᠎ᠤᠨ ᠬᠠᠮᠤᠭ᠎ᠤᠨ ᠭᠣᠶᠣ ᠰᠠᠢ᠌ᠬᠠᠨ ᠰᠣᠳᠣᠨ ᠵᠢᠭᠤᠯᠴᠢᠯᠠᠯ᠎ᠤᠨ ᠱᠤᠭᠤᠮ᠎ᠢ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠡᠢ᠌ᠭᠡᠮ ᠵᠢᠷᠤᠮᠳᠦ ᠣᠳᠣᠬᠢᠴᠢᠯᠠᠯᠲᠠ ᠳᠡᠢ᠌ᠰᠢ ᠬᠠᠮᠲᠤ᠎ᠪᠠᠷ ᠤᠷᠤᠭᠰᠢᠯᠠᠬᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠠᠮ᠎ᠢ ᠳᠡᠪᠢᠰᠦᠭᠰᠡᠨ ᠪᠠᠢ᠌ᠨ᠎ᠠ᠃ 2024 ᠣᠨ᠎ᠤ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠬᠣᠰᠢᠭᠤᠨ᠎ᠤ ᠵᠢᠭᠤᠯᠴᠢᠯᠠᠯ᠎ᠤᠨ ᠣᠷᠣᠯᠭ᠎ᠠ 6.85 ᠳ᠋ᠦᠩᠰᠢᠭᠤᠷ ᠲᠥᠭᠥᠷᠢᠭ ᠨᠡᠮᠡᠭᠳᠡᠵᠦ᠂ ᠵᠠᠮ ᠳᠠᠭ᠋ᠠᠤ ᠵᠢᠨ ᠲᠦᠮᠡ ᠭᠠᠷᠤᠶ ᠮᠠᠯᠴᠢᠳ᠎ᠤᠨ ᠵᠢᠯ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠨᠢ ᠦᠷᠭᠦᠯᠵᠢᠯᠡᠨ ᠨᠡᠮᠡᠭᠳᠡᠪᠡ᠃
ᠬᠥᠭᠵᠢᠯᠲᠡ ᠪᠣᠯ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠠᠯᠲᠠᠨ ᠲᠦᠯᠬᠢᠭᠦᠷ ᠮᠥᠨ᠃ 2024 ᠣᠨ᠎ᠳᠤ ᠥᠪᠥᠷ ᠮᠣᠩᠭᠣᠯ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠶᠡᠬᠡ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮᠳᠦ ᠣᠳᠣᠬᠢᠴᠢᠯᠠᠯᠲᠠ ᠲᠡᠢ᠌ᠰᠢ ᠬᠠᠮᠲᠤ᠎ᠪᠠᠷ ᠤᠷᠤᠭᠰᠢᠯᠠᠬᠤ ᠵᠢ ᠯᠠᠪᠳᠠᠭᠤᠨ ᠪᠠᠲᠤᠲᠠᠶ ᠠᠬᠢᠭᠤᠯᠬᠤ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠦᠷᠢᠮ ᠲᠤᠭᠳᠠᠯᠴᠠᠭ᠎ᠠ ᠵᠢ ᠰᠦᠪᠡᠭᠴᠢᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠠᠯᠠ ᠮᠥᠩᠭᠥ ᠵᠢ 7.2 ᠳ᠋ᠦᠩᠰᠢᠭᠤᠷ ᠲᠥᠭᠥᠷᠢᠭ ᠪᠠᠭᠤᠯᠭ᠋ᠠᠵᠤ᠂ 623 ᠲᠥᠷᠥᠯ ᠵᠦᠢᠯ᠎ᠢ ᠬᠡᠷᠡᠭᠵᠢᠭᠦᠯᠵᠦ᠂ 212 ᠲᠦᠮᠡᠨ ᠬᠥᠮᠦᠨ᠎ᠳᠤ ᠰᠢᠭᠤᠳ ᠠᠰᠢᠭ ᠬᠦᠷᠲᠡᠭᠡᠪᠡ; ᠬᠢᠯᠢ ᠵᠢᠨ 20 ᠬᠣᠰᠢᠭᠤ ᠬᠣᠲᠠ ᠲᠣᠭᠣᠷᠢᠭ᠎ᠲᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠠᠯᠠ ᠮᠥᠩᠭᠥ ᠵᠢ 2.68 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠪᠠᠯᠠ ᠮᠥᠩᠭᠥ ᠵᠢᠨ ᠶᠡᠷᠦᠩᠬᠡᠶ ᠲᠣᠭ᠋ᠠᠨ᠎ᠤ 37.12%᠎ᠢ ᠡᠵᠡᠯᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢ ᠬᠦᠴᠦᠲᠡᠶ ᠳᠡᠮᠵᠢᠪᠡ᠃
ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠤ 《ᠤᠰᠤ ᠴᠠᠬᠢᠯᠭ᠋ᠠᠨ ᠵᠠᠮ ᠴᠢᠮᠡᠭᠡ ᠬᠣᠯᠪᠣᠭ᠎ᠠ》 ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠵᠦ᠂ ᠬᠢᠯᠢ ᠳᠠᠭ᠋ᠠᠤ ᠨᠢᠭᠡᠳᠦᠭᠡᠷ ᠹᠷᠣᠨᠲ᠎ᠲᠤ 590 ᠬᠤᠳᠳᠤᠭ᠂ 124 ᠤᠰᠤᠨ ᠵᠣᠭᠣᠷᠢ ᠪᠠᠢ᠌ᠭᠤᠯᠵᠤ᠂ 114 ᠺᠢᠯᠤᠮᠸᠲᠷ ᠰᠦᠯᠵᠢᠶᠠᠨ᠎ᠤ ᠲᠣᠣᠷ ᠤᠭᠰᠠᠷᠠᠵᠤ᠂ 2.8 ᠲᠦᠮᠡ ᠭᠠᠷᠤᠢ ᠬᠥᠮᠦᠨ᠎ᠳᠤ ᠠᠰᠢᠭ ᠬᠦᠷᠲᠡᠭᠡᠪᠡ; ᠡᠯ᠎ᠡ ᠲᠡᠰ᠎ᠤᠨ ᠵᠠᠰᠠᠮᠠᠯ ᠵᠠᠮ᠎ᠢ 492 ᠺᠢᠯᠦᠮᠸᠲᠷ ᠨᠡᠪᠲᠡᠷᠡᠭᠦᠯᠵᠦ᠂ ᠬᠢᠯᠢ ᠬᠢᠵᠠᠭ᠋ᠠᠷ᠎ᠤᠨ ᠰᠠᠭᠤᠷᠢ ᠥᠷᠳᠡᠭᠡ ᠵᠢ 198 ᠪᠠᠢ᠌ᠭᠤᠯᠵᠤ᠂ ᠭᠡᠷᠡᠯᠯᠢᠭ ᠳᠡᠭᠡᠰᠦ ᠵᠢ 1845 ᠺᠢᠯᠦᠮᠸᠲᠷ ᠳᠡᠪᠢᠰᠬᠦ ᠵᠡᠷᠬᠡ ᠬᠢᠯᠢ ᠬᠢᠵᠠᠭ᠋ᠠᠷ ᠣᠷᠣᠨ᠎ᠤ ᠰᠠᠭᠤᠷᠢ ᠪᠥᠳᠥᠭᠡᠨ ᠪᠠᠢ᠌ᠭᠤᠯᠤᠯᠲᠠ ᠵᠢ ᠲᠠᠰᠤᠷᠠᠯᠳᠠ ᠥᠭᠡᠢ ᠴᠢᠩᠭ᠋ᠠᠤᠠᠬᠠᠨ ᠠᠬᠢᠭᠤᠯᠪᠠ᠃

ᠮᠠᠨᠵᠤᠤᠷ ᠬᠣᠲᠠ ᠵᠢᠨ ᠴᠥᠭᠡᠨ ᠲᠣᠭ᠋ᠠᠲᠤ ᠦᠨᠳᠦᠰᠦᠲᠡᠨ᠎ᠤ ᠬᠤᠪᠴᠠᠰᠤ ᠵᠠᠰᠠᠯ ᠵᠢᠷᠤᠵᠤ ᠲᠥᠯᠥᠪᠯᠡᠨ ᠦᠢᠯᠡᠳᠬᠦ ᠪᠣᠯᠪᠠᠰᠤᠷᠠᠯ᠎ᠤᠨ ᠠᠩᠭᠢ (ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ)
ᠦᠨᠳᠦᠰᠦᠲᠡᠨ᠎ᠤ ᠠᠷᠠᠯᠵᠢᠶ᠎ᠠ ᠠᠷᠠᠳ᠎ᠤᠨ ᠦᠢᠯᠡᠳᠬᠦᠨ᠎ᠤ ᠠᠵᠤ ᠦᠢᠯᠡᠰ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠤ ᠠᠷᠠᠯᠵᠢᠶ᠎ᠠ ᠠᠷᠠᠳ᠎ᠤᠨ ᠦᠢᠯᠡᠳᠬᠦᠨ᠎ᠤ ᠵᠢᠭᠡᠯᠡᠯᠭᠡ ᠵᠢᠨ ᠬᠦᠦ ᠮᠦᠩᠬᠦ ᠨᠦᠬᠦᠪᠤᠷᠢᠯᠡᠬᠦ ᠬᠥᠲᠥᠯᠥᠨ ᠵᠢᠯᠣᠭᠣᠳᠬᠤ ᠪᠠᠯᠠ ᠮᠥᠩᠭᠥ ᠵᠢ 2.66 ᠳ᠋ᠦᠩᠰᠢᠭᠤᠷ ᠲᠥᠭᠥᠷᠢᠭ ᠪᠠᠭᠤᠯᠭ᠋ᠠᠵᠤ᠂ 414.28 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠵᠢ ᠲᠠᠢ᠌ᠴᠢᠯᠠᠵᠦ᠂ 513 ᠠᠵᠤ ᠠᠬᠤᠢ᠌ᠯᠡᠯ᠎ᠳᠤ ᠵᠢᠭᠡᠯᠡᠯᠭᠡ ᠵᠢᠨ ᠬᠦᠦ ᠮᠦᠩᠬᠦ ᠨᠦᠬᠦᠪᠤᠷᠢᠯᠡᠵᠦ᠂ 7.8 ᠲᠦᠮᠡᠨ ᠬᠥᠮᠦᠨ᠎ᠤ ᠠᠵᠢᠯ ᠣᠯᠭᠣᠯᠲᠠ ᠵᠢ ᠳᠠᠢ᠌ᠴᠢᠯᠠᠪᠠ; ᠦᠨᠳᠦᠰᠦᠲᠡᠨ᠎ᠤ ᠭᠠᠷ ᠤᠷᠠᠯᠠᠯ᠎ᠢ ᠰᠢᠨ᠎ᠡ ᠡᠬᠦᠳᠦᠯᠳᠡ᠎ᠲᠠᠢ᠎ᠪᠠᠷ ᠠᠭᠤᠰᠤᠯᠴᠠᠭᠤᠯᠤᠨ ᠬᠦᠭᠵᠢᠬᠦᠯᠬᠦ ᠪᠣᠯᠪᠠᠰᠤᠷᠠᠯ᠎ᠤᠨ ᠠᠩᠭᠢ ᠵᠢ 133 ᠬᠤᠭᠤᠴᠠᠭ᠎ᠠ ᠡᠷᠬᠢᠯᠡᠵᠦ᠂ 87 ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠢᠯᠣᠭᠣᠳᠤᠨ ᠪᠠᠢ᠌ᠭᠤᠯᠵᠤ᠂ ᠲᠦᠮᠡ ᠰᠢᠬᠠᠮ ᠬᠥᠮᠦᠨ᠎ᠤ ᠠᠵᠢᠯ ᠤᠯᠭᠤᠯᠳᠠ ᠵᠢ ᠲᠠᠢ᠌ᠴᠢᠯᠠᠭ᠋ᠠᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠳᠡᠬᠡᠮᠵᠢᠳᠤ ᠲᠥᠷᠥᠭᠳᠡᠯ᠂ ᠵᠢᠷᠭ᠋ᠠᠯᠲᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠪᠡ᠃
ᠪᠡᠯᠡ ᠣᠷᠣᠭᠤᠯᠤᠯᠲᠠ᠂ ᠠᠵᠤ ᠦᠢ᠍ᠯᠡᠰ᠎ᠤᠨ ᠳᠡᠮᠵᠢᠯᠭᠡ᠂ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠢ᠌ᠭᠤᠯᠤᠯᠲᠠ ᠵᠡᠷᠬᠡ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ᠎ᠨᠤᠭᠤᠳ᠎ᠢ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠵᠤ᠂ ᠦᠷ᠎ᠡ ᠪᠦᠲᠦᠮᠵᠢ ᠣᠯᠵᠤ᠂ ᠬᠥᠭᠵᠢᠯᠲᠡ ᠵᠢᠨ ᠦᠷ᠎ᠡ ᠪᠦᠲᠦᠭᠡᠯ ᠪᠦᠬᠦᠨ᠎ᠢ ᠤᠯᠠᠨ ᠲᠦᠮᠡᠨ᠎ᠳᠤ ᠬᠦᠷᠲᠡᠭᠡᠵᠦ᠂ ᠬᠥᠮᠦᠰ᠎ᠤᠨ ᠰᠡᠳᠬᠢᠯ᠎ᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠠᠬᠢᠴᠠ ᠵᠢ ᠲᠠᠰᠤᠷᠠᠯᠳᠠ ᠦᠭᠡᠢ ᠲᠦᠷᠭᠡᠳᠬᠡᠪᠡ᠃
ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠵᠠᠰᠠᠯᠳᠡ ᠵᠢ ᠡᠷᠴᠢᠮᠵᠢᠬᠦᠯᠪᠠ
ᠰᠠᠭᠤᠭ᠋ᠠᠯᠢ ᠠᠷᠠᠳ᠂ ᠲᠣᠣᠷᠵᠢᠭᠤᠯᠤᠭᠰᠠᠨ ᠬᠠᠮᠢᠶᠠᠷᠤᠯᠲᠠ ᠵᠢᠨ ᠠᠵᠢᠯᠲᠠᠨ᠂ ᠨᠡᠢ᠌ᠭᠡᠮ ᠲᠣᠭᠣᠷᠢᠭ᠎ᠤᠨ ᠠᠵᠢᠯᠲᠠᠳ ᠬᠠᠮᠲᠤ ᠰᠠᠭᠤᠵᠤ᠂ ᠵᠣᠪᠠᠭᠤᠷᠢ ᠵᠦᠳᠡᠭᠦᠷᠢ᠎ᠪᠠᠨ ᠲᠣᠭ᠋ᠠᠴᠢᠨ ᠶᠠᠷᠢᠵᠤ᠂ ᠲᠥᠷᠥ ᠵᠢᠨ ᠪᠣᠳᠣᠯᠭ᠎ᠠ ᠵᠢ ᠬᠦᠡᠵᠡᠭᠡᠢ ᠶᠠᠷᠢᠵᠤ᠂ ᠵᠥᠷᠢᠴᠡᠯ ᠮᠦᠷᠬᠦᠯᠳᠦᠬᠡᠨ ᠵᠢᠡᠨ ᠨᠡᠪᠳᠡᠷᠡᠳᠡᠯ᠎ᠡ ᠶᠠᠷᠢᠨ᠎ᠠ ᠁ 《ᠵᠢᠵᠢᠭ ᠰᠠᠨᠳᠠᠯᠢ ᠲᠡᠭᠡᠷᠡᠬᠢ ᠬᠡᠷᠡᠭ ᠵᠥᠪᠯᠡᠬᠦ ᠬᠤᠷᠠᠯ》᠂ 《ᠰᠠᠭᠤᠭ᠋ᠠᠯᠢ ᠠᠷᠠᠳ᠎ᠤᠨ ᠬᠡᠷᠡᠭ ᠵᠥᠪᠯᠡᠬᠦ ᠬᠤᠷᠠᠯ》 ᠪᠣᠯ ᠬᠣᠲᠣᠩ ᠠᠷᠠᠳ᠎ᠤᠨ ᠲᠣᠭᠣᠷᠢᠭ᠎ᠤᠨ ᠦᠨᠳᠦᠰᠦᠨ ᠱᠠᠲᠤᠨ᠎ᠤ ᠵᠠᠰᠠᠯᠲᠠ ᠵᠢᠨ ᠰᠢᠨ᠎ᠡ ᠬᠡᠪ ᠵᠠᠭᠪᠤᠷ᠎ᠤᠨ ᠵᠢᠵᠢᠭ ᠬᠤᠷᠢᠶᠠᠩᠭᠤᠶ ᠳᠦᠷᠰᠦ ᠪᠣᠯᠤᠨ᠎ᠠ᠃ ᠣᠢ᠌ᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠨᠢ ᠦᠨᠳᠦᠰᠦᠨ ᠱᠠᠲᠤᠨ᠎ᠤ ᠵᠠᠰᠠᠯᠲᠠ ᠵᠢᠨ ᠰᠢᠨ᠎ᠡ ᠦᠢᠯᠡᠳᠦᠯᠭᠡ ᠵᠢ ᠶᠡᠬᠡ᠎ᠪᠠᠷ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠬᠠᠤᠯᠢᠵᠢᠯ᠎ᠤᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠨ᠎ᠡ ᠠᠷᠭ᠎ᠠ ᠵᠠᠮ᠎ᠢ ᠬᠠᠢ᠌ᠨ ᠰᠦᠪᠡᠭᠴᠢᠯᠡᠪᠠ᠃
ᠪᠦᠯᠬᠦᠮᠳᠡᠯ᠎ᠢ ᠠᠬᠢᠭᠤᠯᠬᠤ᠂ ᠬᠥᠭᠵᠢᠯᠲᠡ ᠵᠢ ᠡᠷᠢᠯᠬᠢᠯᠡᠬᠦ ᠶᠠᠪᠤᠴᠠ᠎ᠳᠤ ᠬᠠᠤᠯᠢᠵᠢᠯ᠎ᠤᠨ ᠰᠠᠭᠤᠷᠢ ᠵᠢ ᠪᠡᠬᠢᠵᠢᠭᠦᠯᠵᠦ᠂ ᠬᠠᠤᠯᠢᠵᠢᠯ᠎ᠤᠨ ᠵᠠᠮ ᠳᠡᠭᠡᠷ᠎ᠡ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠴᠢᠳᠠᠪᠤᠷᠢ ᠪᠣᠯᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠨᠢ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠨᠡᠩ ᠠᠰᠢᠭᠲᠠᠢ ᠶᠤᠮ᠃

ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢᠨ ᠠᠬᠤᠶ ᠲᠠᠯᠠᠪᠠᠶ (ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ)
2024 ᠣᠨ᠎ᠳᠤ ᠥᠪᠥᠷ ᠮᠣᠩᠭᠣᠯ ᠬᠦᠴᠦᠯᠡᠨ ᠴᠢᠷᠮᠠᠢ᠌ᠵᠤ ᠪᠠᠢ᠌ᠭ᠋ᠠᠤᠨ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠲᠦᠪᠰᠢᠨ ᠵᠶ᠋ᠡᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠨᠳᠥᠷ ᠲᠦᠪᠰᠢᠨ ᠪᠥᠬᠥᠶ ᠬᠠᠤᠯᠢᠵᠢᠯ᠎ᠤᠨ ᠦᠢᠯᠡᠴᠢᠯᠡᠭᠡ᠎ᠪᠠᠷ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠪᠠᠲᠤᠯᠠᠨ ᠬᠠᠮᠠᠭ᠋ᠠᠯᠠᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠢ ᠰᠢᠨᠡᠴᠢᠯᠡᠨ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠷᠢᠳᠠᠴᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》᠂ 《ᠵᠠᠰᠠᠭ ᠵᠠᠬᠢᠷᠭ᠋ᠠᠨ᠎ᠤ ᠲᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠤᠷᠢᠳᠠᠴᠢ ᠬᠢᠨᠠᠨ ᠬᠠᠷᠭᠤᠭᠤᠯᠬᠤ ᠠᠵᠢᠯ ᠬᠢᠬᠦ ᠵᠢᠭ᠋ᠠᠯᠳᠡ》 ᠵᠢ ᠲᠣᠭᠲᠠᠭ᠋ᠠᠪᠠ; ᠡᠯ᠎ᠡ ᠭᠠᠵᠠᠷ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠷᠢᠳᠡᠴᠢ ᠬᠢᠨᠠᠨ ᠬᠠᠷᠭᠤᠭᠤᠯᠬᠤ ᠲᠦᠷᠢᠮ᠎ᠢ ᠵᠡᠷᠭᠡ᠎ᠪᠠᠷ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠠᠯᠬᠤᠮ ᠠᠯᠬᠤᠮ ᠵᠶ᠋ᠠᠷ ᠥᠪᠥᠷ ᠮᠣᠩᠭᠣᠯ᠎ᠤᠨ ᠡᠯ᠎ᠡ ᠲᠦᠷᠦᠯ᠎ᠤᠨ ᠠᠵᠢᠯ᠎ᠤᠨ ᠤᠷᠢᠲᠠᠯ ᠨᠥᠬᠥᠴᠡᠯ ᠪᠠ ᠬᠠᠲᠠᠭᠤ ᠬᠢᠵᠠᠭ᠋ᠠᠷᠯᠠᠯ ᠪᠤᠯᠭ᠋ᠠᠵᠤ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠳᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠪᠠ᠃

ᠰᠢᠯᠢ ᠵᠢᠨ ᠭᠣᠤᠯ ᠠᠢ᠌ᠮᠠᠭ᠎ᠤᠨ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠬᠠᠲᠠᠪᠴᠢ ᠬᠢᠯᠢ ᠵᠢᠨ ᠲᠣᠮᠢᠯᠠᠭᠰᠠᠨ ᠰᠠᠯᠪᠤᠷᠢ ᠵᠢᠨ ᠴᠠᠭᠳᠠᠭ᠋ᠠᠨ᠎ᠤ ᠮᠤᠷᠢᠳᠤ ᠠᠩᠭᠢ ᠵᠢᠨ᠎ᠬᠢᠨ ᠮᠠᠯᠴᠢᠳ᠎ᠲᠠᠢ ᠬᠠᠮᠲᠤ ᠴᠠᠭᠳᠠᠨ ᠪᠠᠢ᠌ᠴᠠᠭ᠋ᠠᠵᠤ ᠪᠠᠢ᠌ᠭ᠎ᠠ᠎ᠨᠢ (ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ)
ᠦᠨᠳᠦᠰᠦᠨ ᠱᠠᠲᠤᠨ᠎ᠤ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠳᠡ ᠵᠢᠨ ᠬᠢᠷᠢ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠳᠤ ᠣᠷᠣᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠦᠯᠵᠢᠶᠡᠵᠢᠭᠰᠡᠨ ᠦᠢᠯᠡᠴᠢᠯᠡᠭᠡ ᠬᠠᠮᠢᠶᠠᠷᠤᠯᠲᠠ᠎ᠳᠤ ᠨᠡᠢ᠌ᠲᠡ 379 ᠵᠦᠢᠯᠡᠰ᠎ᠢ ᠣᠷᠣᠭᠤᠯᠪᠠ; ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠠᠵᠢᠯ᠎ᠢ ᠪᠥᠬᠥ ᠬᠦᠴᠦᠨ ᠵᠶ᠋ᠡᠷ ᠠᠬᠢᠭᠤᠯᠵᠤ᠂ ᠬᠥᠬᠡᠬᠣᠲᠠ ᠵᠢᠨ 《ᠠᠨᠠᠷ᠎ᠤᠨ ᠥᠷᠲᠡᠭᠡ》᠂ ᠬᠥᠯᠥᠨ ᠪᠣᠢ᠌ᠷ ᠬᠣᠲᠠ ᠵᠢᠨ 《ᠠᠨᠠᠷ᠎ᠤᠨ ᠦᠷ᠎ᠡ》 ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠩᠭᠢ᠂ ᠣᠷᠳᠣᠰ ᠬᠣᠲᠠ ᠵᠢᠨ 《ᠰᠠᠢ᠌ᠨ ᠦᠨᠡᠯᠡᠯᠲᠡ》 ᠤᠶᠤᠨᠲᠤ ᠦᠨᠳᠦᠰᠦᠨ ᠱᠠᠲᠤᠨ᠎ᠤ ᠵᠠᠰᠠᠯᠲᠠ ᠵᠡᠷᠭᠡ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠢ᠌ᠲᠡᠯᠢᠭ ᠲᠤᠷᠰᠢᠯᠭ᠎ᠠ ᠠᠷᠭ᠎ᠠ ᠬᠢᠳᠡᠯ᠎ᠢ ᠪᠦᠷᠢᠯᠳᠦᠭᠦᠯᠵᠦ᠂ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠳᠤᠮᠳᠠ ᠦᠨᠳᠦᠰᠦᠨ ᠱᠠᠲᠤᠨ᠎ᠤ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢ ᠰᠢᠨ᠎ᠡ ᠰᠢᠪᠲᠤᠯᠤᠯᠲᠠ᠎ᠲᠠᠢ ᠪᠤᠯᠭ᠋ᠠᠬᠤ ᠵᠢ ᠠᠬᠢᠭᠤᠯᠪᠠ᠃
ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠤᠠᠠᠳᠠᠯᠴᠠᠭᠠ ᠵᠢ ᠪᠦᠷᠢᠨᠰᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠦᠨᠳᠦᠰᠦᠲᠡᠨ᠎ᠤ ᠴᠠᠷᠠᠭ᠎ᠠ ᠬᠦᠷᠢᠶᠡᠨ᠎ᠳᠤ᠎ᠬᠢ ᠠᠶᠤᠯ ᠲᠦᠭᠰᠢᠭᠦᠷᠢ ᠳᠠᠯᠳᠠ ᠬᠡᠮ᠎ᠢ ᠰᠡᠷᠭᠡᠢ᠌ᠯᠡᠨ ᠠᠷᠢᠯᠭ᠋ᠠᠬᠤ ᠵᠡᠷᠬᠡ ᠬᠠᠤᠯᠢᠵᠢᠯ᠎ᠤᠨ ᠳᠡᠵᠢᠬᠡᠯ ᠵᠶ᠋ᠡᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠴᠡᠴᠡᠭ᠎ᠢ ᠰᠢᠮᠡᠵᠢᠭᠦᠯᠵᠦ ᠤᠮᠠᠷᠠᠲᠤ ᠬᠢᠯᠢ ᠵᠢᠨ ᠡᠬᠡ ᠭᠠᠵᠠᠷ᠎ᠲᠤ ᠭᠣᠢ᠌ᠳᠠ ᠰᠠᠢ᠌ᠬᠠᠨ ᠳᠡᠯᠬᠡᠷᠡᠬᠦᠯᠪᠠ᠃
(ᠦᠢ᠍ᠯᠡᠳᠦᠯᠭᠡ ᠰᠡᠳᠬᠦᠯ᠎ᠤᠨ ᠬᠤᠷᠢᠶ᠎ᠠ ᠵᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ᠄ ᠪᠤᠯᠤᠷᠴᠡᠴᠡᠭ)
ᠢᠷᠡᠯᠲᠡ᠄ ᠦᠢᠯᠡᠳᠦᠯᠭᠡ ᠰᠡᠳᠬᠦᠯ᠎ᠤᠨ ᠬᠤᠷᠢᠶ᠎ᠠ ᠵᠢᠨ ᠬᠠᠮ ᠵᠠᠭᠤᠴᠢᠯᠠᠭᠤᠷ
ᠨᠠᠢ᠌ᠷᠠᠭᠤᠯᠤᠭᠴᠢ᠄ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ
ᠤᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠭᠡᠢ ᠨᠠᠢ᠌ᠷᠠᠭᠤᠯᠤᠠᠠᠴᠢ᠄ ᠬᠤᠤᠰᠪᠠᠶᠠᠷ
ᠶᠡᠷᠤᠩᠭᠡᠢ ᠨᠠᠢ᠌ᠷᠠᠭᠤᠯᠤᠠᠠᠴᠢ᠄ ᠸᠠᠩ ᠰᠢᠤᠸᠠᠢ ᠳ᠋ᠥᠩ