3 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠨᠢ 2025 ᠣᠨ᠎ᠤ 3 ᠳ᠋ᠤᠭ᠋ᠠᠷ ᠤᠳᠠᠭ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ ᠵᠢᠴᠢ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠨᠢᠭᠡᠳᠦᠭᠡᠷ ᠬᠤᠭᠤᠴᠠᠭ᠋ᠠᠨ᠎ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢ ᠡᠷᠬᠢᠯᠡᠵᠦ᠂ ᠰᠢ ᠵᠢᠨ ᠫᠢᠩ ᠶᠡᠷᠦᠩᠬᠡᠢ ᠱᠦᠵᠢ ᠵᠢᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ᠂ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠯᠭ᠎ᠠ ᠵᠢ ᠥᠷᠨᠢᠭᠦᠯᠪᠡ᠃
ᠬᠤᠷᠠᠯ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠰᠢ ᠵᠢᠨ ᠫᠢᠩ ᠶᠡᠷᠦᠩᠬᠡᠢ ᠱᠦᠵᠢ ᠵᠢᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠤᠷᠠᠳᠤᠭᠰᠠᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠣᠨᠣᠪᠴᠢᠲᠠᠢ ᠡᠵᠡᠮᠰᠢᠵᠦ᠂ ᠰᠢᠨ᠎ᠡ ᠬᠥᠭᠵᠢᠯᠲᠡ ᠵᠢᠨ ᠱᠠᠲᠤᠨ᠎ᠳᠠᠬᠢ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠤᠢ᠌ᠯᠠᠭ᠋ᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠲᠡᠵᠦ᠂ ᠪᠦᠬᠦ ᠵᠢᠯ᠎ᠤᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠪᠤᠳᠠᠳᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ 《ᠪᠦᠬᠦ ᠨᠠᠮ᠎ᠳᠤ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 ᠪᠣᠯᠣᠨ ᠰᠦᠨ ᠱᠤᠤ ᠴᠸᠩ ᠱᠦᠵᠢ ᠵᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠤᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠨᠠᠮ᠎ᠤᠨ ᠲᠥᠪ ᠬᠣᠷᠢᠶᠠᠨ᠎ᠠᠴᠠ 2025 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠠᠴᠠ 7 ᠳ᠋ᠤᠭ᠋ᠠᠷ ᠰᠠᠷ᠎ᠠ ᠪᠣᠯᠲᠠᠯ᠎ᠠ ᠪᠦᠬᠦ ᠨᠠᠮ᠎ᠳᠤ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠤᠬᠳᠠᠬᠰᠠᠨ᠎ᠨᠢ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ ᠪᠣᠯᠣᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠠᠷᠠᠯᠲᠠ ᠱᠠᠭ᠋ᠠᠷᠳᠠᠯᠭ᠎ᠠ ᠪᠠ ᠡᠭᠦᠷᠭᠡ ᠵᠢᠨ ᠲᠣᠬᠢᠷᠠᠭᠤᠯᠤᠯᠲᠠ ᠵᠢ ᠣᠨᠣᠪᠴᠢᠲᠠᠢ ᠨᠡᠪᠲᠡᠷᠬᠡᠢ ᠡᠵᠡᠮᠰᠢᠵᠦ᠂ ᠪᠣᠳᠠᠲᠠᠢ᠎ᠲᠠᠢ ᠤᠶᠠᠯᠳᠤᠭᠤᠯᠵᠦ ᠰᠤᠷᠤᠯᠴᠠᠬᠤ ᠪᠠᠢ᠌ᠴᠠᠭ᠋ᠠᠬᠤ ᠥᠭᠡᠷᠡᠴᠢᠯᠡᠬᠦ ᠡᠯ᠎ᠡ ᠵᠦᠢ᠍ᠯ᠎ᠤᠨ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠦᠮᠦᠵᠢᠬᠦᠯᠵᠦ ᠬᠥᠲᠥᠯᠥᠨ ᠵᠢᠯᠤᠭᠣᠳᠴᠤ ᠪᠠᠢ᠌ᠭ᠋ᠠᠳ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠢ ᠴᠥᠬᠥᠷᠡᠰᠢ ᠦᠭᠡᠢ ᠲᠤᠭᠤᠰᠢᠯᠠᠭᠤᠯᠵᠦ᠂ ᠪᠠᠢ᠌ᠭᠤᠯᠭ᠎ᠠ ᠵᠢᠨ ᠠᠵᠢᠯ᠎ᠤᠨ ᠰᠤᠷᠲᠠᠯ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠠᠵᠢᠯ᠎ᠤᠨ ᠱᠠᠭ᠋ᠠᠷᠳᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠯᠭ᠎ᠠ ᠵᠢ ᠥᠷᠨᠢᠭᠦᠯᠵᠦ᠂ ᠬᠡᠰᠡᠭ ᠭᠠᠵᠠᠷ ᠠᠯᠪᠠᠨ ᠭᠡᠷ᠎ᠤᠨ ᠬᠠᠷᠢᠭᠤᠴᠠᠯᠭ᠋ᠠᠲᠠᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠠᠢ᠃ ᠬᠤᠷᠠᠯ᠎ᠠᠴᠠ᠂ ᠰᠢ ᠵᠢᠨ ᠫᠢᠩ ᠤᠨ ᠰᠣᠶᠣᠯ᠎ᠤᠨ ᠦᠵᠡᠯ ᠰᠠᠨᠠᠭ᠎ᠠ ᠪᠣᠯ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠨᠠᠮ᠎ᠤᠨ ᠰᠢᠨ᠎ᠡ ᠴᠠᠭ ᠦᠶ᠎ᠡ ᠵᠢᠨ ᠰᠣᠶᠣᠯ᠎ᠤᠨ ᠪᠠᠢ᠌ᠭᠤᠯᠤᠯᠲᠠ ᠵᠢ ᠤᠳᠤᠷᠢᠳᠤᠭᠰᠠᠨ ᠦᠢ᠍ᠯᠡᠳᠦᠯᠭᠡ ᠵᠢᠨ ᠲᠤᠷᠰᠢᠯᠭ᠎ᠠ ᠵᠢᠨ ᠤᠨᠤᠯ᠎ᠤᠨ ᠳ᠋ᠦᠩᠨᠡᠯᠲᠡ ᠮᠥᠨ᠂ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠬᠤ᠂ ᠮᠠᠷᠺᠰ᠎ᠤᠨ ᠦᠵᠡᠯ᠎ᠤᠨ ᠰᠣᠶᠣᠯ᠎ᠤᠨ ᠤᠨᠤᠯ᠎ᠤᠨ ᠰᠢᠨ᠎ᠡ ᠡᠭᠦᠳᠦᠯᠲᠡ ᠵᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠢ᠌ᠲᠤᠷ ᠬᠢᠬᠦ᠂ ᠰᠣᠶᠣᠯ᠎ᠤᠨ ᠴᠡᠴᠡᠭᠯᠡᠯᠳᠡ ᠵᠢ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ᠎ᠳᠤ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ ᠪᠠ ᠰᠢᠨᠵᠢᠯᠡᠬᠦ ᠤᠬᠠᠭ᠋ᠠᠨᠴᠢ ᠠᠵᠢᠯᠯᠠᠭ᠋ᠠᠨ᠎ᠤ ᠵᠦᠭᠯᠡᠭᠦᠷ᠎ᠢ ᠬᠠᠩᠭ᠋ᠠᠵᠠᠢ᠃ ᠰᠢ ᠵᠢᠨ ᠫᠢᠩ ᠤᠨ ᠰᠣᠶᠣᠯ ᠤᠨ ᠦᠵᠡᠯ ᠰᠠᠨᠠᠭ᠋ᠠᠨ ᠤ ᠴᠢᠬᠤᠯᠠ ᠶᠡᠬᠡ ᠠᠴᠢ ᠬᠣᠯᠪᠣᠭᠳᠠᠯ ᠪᠣᠯᠣᠨ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠲᠠᠨᠢᠵᠤ᠂ ᠤᠬᠠᠮᠰᠠᠷ᠎ᠠᠴᠠ᠎ᠪᠠᠨ ᠰᠢ ᠵᠢᠨ ᠫᠢᠩ ᠤᠨ ᠰᠣᠶᠣᠯ᠎ᠤᠨ ᠦᠵᠡᠯ ᠰᠠᠨᠠᠭ᠎ᠠ᠎ᠪᠠᠷ ᠡᠯ᠎ᠡ ᠵᠦᠢ᠍ᠯ ᠤᠨ ᠠᠵᠢᠯ ᠢ ᠵᠢᠯᠣᠭᠣᠳᠤᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠬᠣᠷᠢᠶ ᠠ)
ᠠᠩᠬᠠᠨ᠎ᠤ ᠬᠢᠨᠠᠯᠲᠠ᠄ ᠸᠠᠩ ᠸᠠᠨ ᠳ᠋ᠦᠩ
ᠳᠠᠬᠢᠨ ᠬᠢᠨᠠᠯᠲᠠ᠄ ᠯᠢ ᠵᠢᠶᠠ
ᠡᠴᠦᠰ᠎ᠤᠨ ᠬᠢᠨᠠᠯᠲᠠ᠄ ᠺᠠᠩ ᠢᠥᠢ ᠹᠸᠩ
ᠨᠠᠢ᠌ᠷᠠᠭᠤᠯᠤᠨ ᠦᠢ᠍ᠯᠡᠳᠦᠭᠴᠢ᠄ ᠥᠪᠥᠷ ᠮᠤᠩᠭᠤᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶ᠎ᠠ