ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠥᠷ ᠮᠣᠩᠭᠤᠯ᠎ᠤᠨ 1.13 ᠲᠦᠮᠡᠨ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠣᠢ
ᠨᠡᠶ᠋ᠢᠲᠡᠯᠡᠭᠰᠡᠨ ᠴᠠᠭ᠄ 2025-03-31


     ᠬᠠᠲᠤᠨ ᠭᠤᠣᠯ ᠳᠣᠯᠭᠢᠶᠠᠯᠠᠨ ᠤᠷᠤᠰᠴᠤ᠂ ᠬᠠᠪᠤᠷ᠎ᠤᠨ ᠤᠷᠢ ᠵᠢ ᠳᠠᠭ᠋ᠠᠭᠤᠯᠤᠨ ᠠᠶ᠋ᠢᠰᠤᠢ᠃ ᠬᠠᠲᠤᠨ ᠭᠤᠣᠯ᠎ᠤᠨ ᠬᠥᠪᠡᠭᠡᠨ᠎ᠳᠠᠬᠢ ᠬᠥᠬᠡᠬᠤᠲᠠ ᠵᠢᠨ ᠲᠣᠭᠲᠠᠬᠤ ᠰᠢᠶᠠᠨ᠎ᠤ ᠱᠤᠸᠠᠩ ᠾᠧ ᠪᠠᠯᠭ᠋ᠠᠰᠤᠨ᠎ᠤ ᠳ᠋ᠠ ᠶᠠᠩ ᠴᠠᠩ ᠲᠣᠰᠬᠤᠨ ᠬᠠᠪᠤᠷ᠎ᠤᠨ ᠲᠠᠷᠢᠶᠠᠯᠠᠭ᠎ᠠ ᠵᠢᠨ ᠶᠠᠭ᠋ᠠᠷᠠᠯᠲᠠᠢ ᠤᠯᠠᠷᠢᠯ᠎ᠢ ᠤᠭᠲᠤᠯ᠎ᠠ᠃
    《ᠡᠨᠡ ᠵᠢᠯ᠎ᠤᠨ 〈ᠭᠠᠵᠠᠷ ᠰᠢᠷᠣᠢ ᠳᠠᠭ᠋ᠠᠭ᠋ᠠᠴᠢᠯᠠᠭᠰᠠᠨ ᠵᠣᠭᠤᠰ〉 ᠶᠠᠭᠤ ᠴᠤ᠌ ᠭᠡᠰᠡᠨ ᠨᠠᠶ᠋ᠢᠳᠠᠪᠤᠷᠢᠲᠠᠢ ᠪᠣᠯᠪᠠ᠂ ᠦᠨᠡᠬᠡᠷ ᠰᠠᠶ᠋ᠢᠨ ᠴᠢᠮᠡᠭᠡ ᠪᠠᠶ᠋ᠢᠨ᠎ᠠ ᠳ᠋ᠠ᠃》 《ᠶᠦᠩ ᠱᠧᠩ ᠠ᠋᠂ ᠮᠢᠨᠤ ᠪᠡᠯᠡᠳᠬᠡᠭᠰᠡᠨ ᠵᠢᠭᠡᠯᠡᠯᠭᠡ ᠠᠪᠬᠤ ᠮᠠᠲ᠋ᠧᠷᠢᠶᠠᠯ᠎ᠢ ᠬᠤᠷᠳᠤᠨ ᠦᠵᠡᠵᠦ ᠥᠭᠭᠦᠭᠡᠴᠢ᠂ ᠪᠣᠯᠣᠨ᠎ᠠ ᠦᠦ ᠦᠭᠡᠢ ᠦᠦ?》 《ᠮᠢᠨᠤ ᠭᠤᠶᠤᠴᠢᠯᠠᠭᠰᠠᠨ ᠵᠢᠭᠡᠯᠡᠯᠭᠡ ᠵᠢ ᠵᠥᠪᠰᠢᠶᠡᠷᠡᠭᠰᠡᠨ ᠦᠦ ᠦᠭᠡᠢ ᠦᠦ᠂ ᠶᠠᠭ᠋ᠠᠬᠢᠵᠤ ᠰᠢᠯᠵᠢᠭᠦᠯᠵᠦ ᠭᠠᠷᠭ᠋ᠠᠨ ᠠᠪᠬᠤ ᠪᠤᠢ?》 ᠁ 3 ᠳ᠋ᠤᠭ᠋ᠠᠷ ᠰᠠᠷ᠎ᠠ ᠵᠢᠨ 20᠎ᠤ ᠥᠷᠯᠥᠭᠡ ᠡᠷᠲᠡ᠎ᠪᠠᠷ ᠳ᠋ᠠ ᠶᠠᠩ ᠴᠠᠩ ᠲᠣᠰᠬᠤᠨ᠎ᠤ ᠨᠠᠮ ᠪᠠ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠬᠦᠷ ᠬᠥᠭᠵᠢᠶᠡᠨ᠎ᠲᠠᠢ ᠪᠣᠯᠵᠤ᠂ ᠲᠣᠰᠬᠤᠨ᠎ᠤ ᠠᠷᠠᠳ ᠹᠠᠨ ᠶᠦᠩ ᠱᠧᠩ᠎ᠢ ᠲᠣᠭᠤᠷᠢᠭ᠋ᠠᠳ ᠠᠰᠠᠭᠤᠨ ᠯᠠᠪᠯᠠᠵᠤ ᠶᠠᠷᠢᠨ ᠬᠡᠯᠡᠯᠴᠡᠵᠦ ᠪᠠᠶ᠋ᠢᠯ᠎ᠠ᠃
     ᠹᠠᠨ ᠶᠦᠩ ᠱᠧᠩ ᠪᠣᠯ ᠳ᠋ᠠ ᠶᠠᠩ ᠴᠠᠩ ᠲᠣᠰᠬᠤᠨ᠎ᠤ ᠨᠠᠮ᠎ᠤᠨ ᠶᠡᠷᠦᠩᠬᠡᠢ ᠡᠭᠦᠷ᠎ᠤᠨ ᠳᠡᠳ᠋ ᠱᠦᠵᠢ ᠪᠣᠯᠣᠨ᠎ᠠ᠂ ᠲᠡᠭᠡᠬᠦ ᠮᠥᠷᠲᠡᠭᠡᠨ ᠲᠡᠷᠡ ᠪᠠᠰᠠ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠵᠢᠨ ᠲᠤᠰᠢᠶᠠᠯ᠎ᠲᠠᠢ ᠪᠠᠶ᠋ᠢᠪᠠ᠃ 《ᠲᠠ ᠨᠠᠷ ᠪᠢᠲᠡᠭᠡᠢ ᠶᠠᠭ᠋ᠠᠷᠠ᠂ ᠨᠢᠭᠡ ᠨᠢᠭᠡ᠎ᠪᠠᠷ ᠨᠠᠭ᠋ᠠᠰᠢ ᠢᠷ᠎ᠡ! ᠤᠯᠤᠰ᠎ᠤᠨ ᠲᠥᠷᠥ ᠵᠢᠨ ᠪᠣᠳᠣᠯᠭ᠎ᠠ ᠰᠠᠶ᠋ᠢᠨ᠂ ᠮᠥᠩᠭᠦᠨ ᠭᠦᠢ᠍ᠯᠭᠡᠭᠡᠨ ᠵᠶ᠋ᠠᠷ ᠲᠠᠷᠢᠶᠠᠯᠠᠩ᠎ᠢ ᠳᠡᠮᠵᠢᠬᠦ ᠡᠷᠴᠢᠮ ᠤᠯᠠᠮ ᠴᠢᠩᠭ᠋ᠠᠷᠠᠵᠤ᠂ ᠵᠢᠭᠡᠯᠡᠯᠭᠡ ᠲᠠᠯᠪᠢᠬᠤ᠎ᠳᠤ ᠤᠯᠠᠮ ᠳᠥᠭᠦᠮ ᠪᠣᠯᠵᠠᠢ᠃ ᠲᠠ ᠨᠠᠷ ᠦᠵᠡᠭᠡᠴᠢ᠂ ᠡᠨᠡ ᠨᠢᠭᠡ 〈ᠲᠠᠷᠢᠶᠠᠯᠠᠩ᠎ᠢ ᠬᠥᠭᠵᠢᠭᠦᠯᠦᠨ ᠮᠠᠨᠳᠤᠭᠤᠯᠬᠤ ᠲᠦᠷᠭᠡᠨ ᠵᠢᠭᠡᠯᠡᠯᠭᠡ〉᠎ᠨᠢ ᠳᠣᠣᠷ᠎ᠠ᠎ᠪᠠᠨ ᠵᠢᠭᠡᠯᠡᠬᠦ ᠪᠠ ᠳᠣᠣᠷ᠎ᠠ᠎ᠪᠠᠨ ᠲᠥᠯᠥᠵᠦ ᠪᠣᠯᠬᠤ ᠵᠢᠭᠡᠯᠡᠯᠭᠡ ᠶᠤᠮ᠂ ᠬᠦᠦ ᠮᠥᠩᠭᠦ ᠵᠢ᠎ᠨᠢ ᠪᠠᠰᠠ ᠰᠠᠷ᠎ᠠ᠎ᠪᠠᠷ ᠲᠥᠯᠥᠵᠦ ᠪᠣᠯᠣᠨ᠎ᠠ᠂ ᠲᠥᠯᠥᠵᠦ ᠳᠠᠭᠤᠰᠤᠭᠰᠠᠨ᠎ᠤ ᠳᠠᠷᠠᠭ᠎ᠠ ᠳᠠᠬᠢᠭ᠋ᠠᠳ ᠵᠢᠭᠡᠯᠡᠵᠦ ᠪᠣᠯᠣᠨ᠎ᠠ᠃》 ᠹᠠᠨ ᠶᠦᠩ ᠱᠧᠩ ᠭᠠᠷ ᠤᠲᠠᠰᠤ᠎ᠪᠠᠨ ᠳᠡᠯᠭᠡᠨ ᠠᠵᠢᠯᠯᠠᠭᠤᠯᠵᠤ ᠪᠠᠶ᠋ᠢᠭ᠋ᠠᠳ ᠲᠣᠰᠬᠤᠨ᠎ᠤ ᠠᠷᠠᠳ᠎ᠲᠤ ᠲᠠᠶ᠋ᠢᠯᠪᠤᠷᠢᠯᠠᠵᠤ ᠪᠠᠶ᠋ᠢᠯ᠎ᠠ᠃
    2024 ᠣᠨ᠎ᠳᠤ᠂ ᠲᠣᠭᠲᠠᠬᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠣᠪᠴᠢᠶ᠎ᠠ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠮᠥᠩᠭᠦᠨ ᠭᠦᠢ᠍ᠯᠭᠡᠭᠡᠨ ᠵᠶ᠋ᠠᠷ ᠳᠡᠮᠵᠢᠬᠦ ᠠᠵᠢᠯ᠎ᠤᠨ ᠲᠣᠭᠤᠷᠢᠨ᠎ᠳᠤ᠂ ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠬᠥᠬᠡᠬᠤᠲᠠ ᠬᠤᠪᠢᠶᠠᠷᠢ ᠪᠠᠩᠬᠢ ᠵᠢᠨ ᠲᠣᠭᠲᠠᠬᠤ ᠰᠠᠯᠪᠤᠷᠢ ᠪᠠᠩᠬᠢ᠎ᠯᠤᠭ᠎ᠠ ᠬᠤᠯᠪᠣᠭ᠋ᠠᠯᠠᠨ 《ᠮᠥᠩᠭᠦᠨ ᠭᠦᠢ᠍ᠯᠭᠡᠭᠡᠨ ᠵᠶ᠋ᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ》 ᠠᠵᠢᠯᠯᠠᠭ᠎ᠠ ᠵᠢ ᠥᠷᠨᠢᠭᠦᠯᠵᠦ᠂ 《ᠪᠥᠬᠦ ᠰᠢᠶᠠᠨ᠎ᠢ ᠬᠠᠮᠤᠷᠴᠤ ᠲᠣᠰᠬᠤᠨ ᠪᠣᠯᠭ᠋ᠠᠨ᠎ᠳᠤ ᠲᠣᠬᠢᠷᠠᠭᠤᠯᠬᠤ》 ᠵᠠᠷᠴᠢᠮ ᠶᠣᠰᠣᠭ᠋ᠠᠷ᠂ ᠶᠡᠷᠦᠩᠬᠡᠶ᠋ᠢᠯᠡᠨ ᠵᠣᠬᠢᠴᠠᠭᠤᠯᠬᠤ ᠴᠢᠳᠠᠪᠤᠷᠢ᠎ᠪᠠᠷ ᠨᠡᠯᠢᠶᠡᠳ ᠴᠢᠩᠭ᠎ᠠ ᠪᠥᠭᠡᠳ ᠲᠣᠰᠬᠤᠨ᠎ᠤ ᠪᠠᠶ᠋ᠢᠳᠠᠯ ᠪᠠ ᠲᠣᠰᠬᠤᠨ᠎ᠤ ᠠᠷᠠᠳ᠎ᠢ ᠰᠠᠶ᠋ᠢᠨ ᠣᠶ᠋ᠢᠯᠠᠭ᠋ᠠᠵᠤ ᠮᠡᠳᠡᠳᠡᠭ 121 ᠬᠥᠮᠥᠨ᠎ᠢ ᠰᠢᠯᠢᠨ ᠳᠡᠪᠰᠢᠭᠦᠯᠵᠦ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠪᠣᠯᠭ᠋ᠠᠵᠤ᠂ ᠪᠦᠬᠦ ᠰᠢᠶᠠᠨ᠎ᠤ ᠪᠤᠢ ᠪᠦᠬᠦᠢ ᠵᠠᠰᠠᠭ ᠵᠠᠬᠢᠷᠭ᠋ᠠᠨ᠎ᠤ ᠲᠣᠰᠬᠤᠨ᠎ᠢ ᠬᠠᠮᠤᠷᠪᠠ᠃
    《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠵᠢᠨ ᠬᠠᠪᠰᠤᠷᠤᠯᠭ᠎ᠠ ᠳᠣᠣᠷ᠎ᠠ᠂ ᠲᠣᠰᠬᠤᠨ᠎ᠤ ᠠᠷᠠᠳ ᠲᠣᠰᠬᠤᠨ ᠳᠣᠲᠣᠷ᠎ᠠ᠎ᠪᠠᠨ ᠮᠥᠩᠭᠦᠨ ᠭᠦᠢ᠍ᠯᠭᠡᠭᠡᠨ᠎ᠤ ᠵᠥᠪᠯᠡᠯᠭᠡ ᠪᠠ ᠵᠢᠭᠡᠯᠡᠯᠭᠡ ᠠᠪᠴᠤ ᠳᠡᠶ᠋ᠢᠯᠬᠦ ᠪᠣᠯᠵᠤ᠂ ᠭᠠᠷ ᠤᠲᠠᠰᠤ᠎ᠪᠠᠷ ᠵᠢᠭᠡᠯᠡᠯᠭᠡ ᠭᠤᠶᠤᠴᠢᠯᠠᠬᠤ᠂ ᠬᠢᠨᠠᠨ ᠵᠥᠪᠰᠢᠶᠡᠷᠡᠭᠦᠯᠬᠦ᠂ ᠭᠡᠷ᠎ᠡ ᠲᠣᠭᠲᠠᠬᠤ᠂ ᠵᠠᠷᠤᠵᠤ ᠬᠡᠷᠡᠭᠯᠡᠬᠦ ᠵᠢᠴᠢ ᠵᠢᠭᠡᠯᠡᠯᠭᠡ᠎ᠪᠠᠨ ᠪᠤᠴᠠᠭ᠋ᠠᠬᠤ ᠵᠡᠷᠭᠡ ᠮᠥᠩᠭᠦᠨ ᠭᠦᠢ᠍ᠯᠭᠡᠭᠡᠨ᠎ᠤ ᠲᠤᠬᠠᠶ᠋ᠢᠯᠠᠭᠰᠠᠨ ᠠᠵᠢᠯ᠎ᠢ ᠥᠪᠡᠰᠦᠪᠡᠨ ᠬᠢᠵᠦ ᠳᠡᠶ᠋ᠢᠯᠬᠦ ᠪᠣᠯᠭ᠋ᠠᠭᠰᠠᠨ ᠵᠶ᠋ᠠᠷ ᠲᠠᠷᠢᠶᠠᠴᠢᠳ᠎ᠤᠨ ᠪᠡᠯᠡ ᠮᠥᠩᠭᠦ ᠴᠤᠭᠯᠠᠭᠤᠯᠬᠤ᠎ᠳᠤ ᠬᠦᠴᠢᠷᠲᠡᠢ᠂ ᠪᠡᠯᠡ ᠮᠥᠩᠭᠦ ᠴᠤᠭᠯᠠᠭᠤᠯᠬᠤ᠎ᠳᠤ ᠦᠨᠡᠲᠡᠢ᠂ ᠪᠡᠯᠡ ᠮᠥᠩᠭᠦ ᠴᠤᠭᠯᠠᠭᠤᠯᠬᠤ᠎ᠳᠤ ᠤᠳᠠᠭ᠋ᠠᠨ ᠪᠠᠶ᠋ᠢᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠭᠰᠡᠨ ᠪᠠᠶ᠋ᠢᠨ᠎ᠠ᠃ 3 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠬᠥᠬᠡᠬᠤᠲᠠ ᠬᠤᠪᠢᠶᠠᠷᠢ ᠪᠠᠩᠬᠢ ᠵᠢᠨ ᠲᠣᠭᠲᠠᠬᠤ ᠰᠠᠯᠪᠤᠷᠢ ᠪᠠᠩᠬᠢ ᠡᠨᠡ ᠵᠢᠯ 《ᠲᠠᠷᠢᠶᠠᠯᠠᠩ᠎ᠢ ᠬᠥᠭᠵᠢᠭᠦᠯᠦᠨ ᠮᠠᠨᠳᠤᠭᠤᠯᠬᠤ ᠲᠦᠷᠭᠡᠨ ᠵᠢᠭᠡᠯᠡᠯᠭᠡ》 ᠵᠢ ᠨᠡᠶ᠋ᠢᠲᠡ 116 ᠬᠤᠪᠢ ᠲᠠᠯᠪᠢᠵᠤ᠂ ᠲᠠᠯᠪᠢᠭᠰᠠᠨ ᠵᠢᠭᠡᠯᠡᠯᠭᠡ ᠵᠢᠨ ᠵᠣᠭᠤᠰ 9200 ᠲᠦᠮᠡᠨ ᠲᠥᠭᠦᠷᠢᠭ᠎ᠲᠤ ᠬᠦᠷᠴᠡᠢ᠂ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠪᠡᠯᠡ ᠮᠥᠩᠭᠦ ᠵᠢᠨ ᠬᠡᠷᠡᠭᠴᠡᠭᠡ ᠵᠢ ᠪᠦᠲᠦᠮᠵᠢᠲᠡᠶ ᠬᠠᠩᠭ᠋ᠠᠪᠠ᠃
     ᠥᠪᠥᠷ ᠮᠣᠩᠭᠤᠯ᠎ᠳᠤ᠂ ᠹᠠᠨ ᠶᠦᠩ ᠱᠧᠩ᠎ᠯᠦᠭᠡ ᠠᠳᠠᠯᠢᠬᠠᠨ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠨᠢᠭᠡᠨᠲᠡ 1.13 ᠲᠦᠮᠡ᠎ᠳᠤ ᠬᠦᠷᠴᠦ᠂ 12 ᠠᠶ᠋ᠢᠮᠠᠭ ᠬᠤᠳᠠ ᠵᠢᠨ 103 ᠬᠤᠰᠢᠭᠤ ᠰᠢᠶᠠᠨ᠎ᠤ ᠪᠦᠬᠦ ᠵᠠᠰᠠᠭ ᠵᠠᠬᠢᠷᠭ᠋ᠠᠨ᠎ᠤ ᠲᠣᠰᠬᠤᠨ (ᠬᠥᠳᠡᠭᠡ ᠲᠣᠰᠬᠤᠨ᠎ᠯᠤᠭ᠎ᠠ ᠬᠤᠯᠪᠣᠭᠳᠠᠬᠤ ᠵᠡᠭᠡᠯᠢ ᠭᠤᠳᠤᠮᠵᠢ᠂ ᠨᠡᠶ᠋ᠢᠭᠡᠮ ᠲᠣᠭᠤᠷᠢᠭ ᠪᠠᠭᠲᠠᠨ᠎ᠠ)᠎ᠢ ᠬᠠᠮᠤᠷᠪᠠ᠂ ᠡᠨᠡ᠎ᠨᠢ ᠵᠠᠰᠠᠭ ᠵᠠᠬᠢᠷᠭ᠋ᠠᠨ᠎ᠤ ᠲᠣᠰᠬᠤᠨ ᠪᠣᠯᠭ᠋ᠠᠨ᠎ᠳᠤ ᠮᠥᠩᠭᠦᠨ ᠭᠦᠢ᠍ᠯᠭᠡᠭᠡᠨ᠎ᠤ ᠲᠤᠰᠬᠠᠢ 《ᠬᠤᠯᠪᠣᠭ᠋ᠠᠴᠢᠨ》᠎ᠲᠠᠢ ᠪᠣᠯᠤᠭᠰᠠᠨ᠎ᠢ ᠬᠠᠷᠠᠭᠤᠯᠵᠤ ᠪᠤᠢ᠃ 2023 ᠣᠨ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ〉 ᠵᠢᠨ ᠦᠢ᠍ᠯᠡᠴᠢᠯᠡᠭᠡᠨ᠎ᠤ ᠬᠡᠪ ᠵᠠᠭᠪᠤᠷ᠎ᠢ ᠳᠡᠯᠭᠡᠷᠡᠭᠦᠯᠦᠭᠰᠡᠨ ᠠᠵᠢᠯ᠎ᠤᠨ ᠬᠡᠷᠡᠭ᠎ᠤᠨ ᠵᠢᠱ᠌ᠢᠶ᠎ᠡ》᠎ᠨᠢ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠮᠥᠩᠭᠦᠨ ᠭᠦᠢ᠍ᠯᠭᠡᠭᠡᠨ ᠵᠶ᠋ᠠᠷ ᠲᠠᠷᠢᠶᠠᠯᠠᠩ᠎ᠢ ᠳᠡᠮᠵᠢᠭᠰᠡᠨ ᠠᠷᠪᠠᠨ ᠶᠡᠭᠡ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠪᠠ᠃ ᠣᠳᠣᠬᠠᠨ᠎ᠳᠤ᠂ ᠪᠥᠬᠦ ᠣᠷᠣᠨ᠎ᠤ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》᠎ᠨᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠠᠮᠵᠢᠨ ᠬᠠᠪᠰᠤᠷᠴᠤ ᠪᠠᠶ᠋ᠢᠭ᠋ᠠᠳ ᠡᠯ᠎ᠡ ᠲᠥᠷᠥᠯ᠎ᠤᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠪᠣᠯᠬᠤ 9.5 ᠲᠦᠮᠡᠨ ᠡᠷᠦᠬᠡ᠎ᠳᠤ ᠢᠲᠡᠭᠡᠮᠵᠢ ᠣᠯᠭᠤᠵᠤ᠂ ᠢᠲᠡᠭᠡᠮᠵᠢ ᠣᠯᠭᠤᠭᠰᠠᠨ ᠵᠣᠭᠤᠰ᠎ᠤᠨ ᠲᠤᠭ᠎ᠠ᠎ᠨᠢ 134.9 ᠳ᠋ᠦᠩᠰᠢᠭᠤᠷ ᠲᠥᠭᠦᠷᠢᠭ᠎ᠲᠤ ᠬᠦᠷᠴᠡᠢ᠃
     ᠣᠶ᠋ᠢᠯᠠᠭ᠋ᠠᠭᠰᠠᠨ ᠵᠶ᠋ᠠᠷ᠂ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠪᠠᠰᠠ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠵᠢᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠪᠠ ᠮᠠᠯᠴᠢᠨ ᠲᠠᠷᠢᠶᠠᠴᠢᠳ᠎ᠯᠤᠭ᠎ᠠ ᠵᠢᠨ ᠬᠤᠯᠪᠣᠭ᠋ᠠᠰᠤ ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠡᠭᠦᠨ᠎ᠤ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠵᠢ ᠪᠣᠶ᠋ᠢᠵᠢᠭᠤᠯᠤᠨ ᠵᠢᠯᠤᠭᠤᠳᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠣᠯᠪᠠᠰᠤᠷᠠᠯ᠎ᠤᠨ ᠠᠭᠤᠯᠭ᠎ᠠ ᠵᠢ ᠥᠷᠭᠡᠳᠬᠡᠨ᠂ 《ᠮᠥᠩᠭᠦᠨ ᠭᠦᠢ᠍ᠯᠭᠡᠭᠡᠨ᠎ᠤ ᠳᠡᠳ᠋ ᠲᠣᠰᠬᠤᠨ ᠳᠠᠷᠤᠭ᠎ᠠ》 ᠵᠢᠨ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠤᠬᠠᠭᠤᠯᠬᠤ᠂ ᠮᠥᠩᠭᠦᠨ ᠭᠦᠢ᠍ᠯᠭᠡᠭᠡᠨ᠎ᠤ ᠮᠡᠳᠡᠯᠭᠡ ᠵᠢ ᠲᠦᠭᠡᠮᠡᠯᠵᠢᠭᠦᠯᠬᠦ ᠵᠡᠷᠭᠡ ᠠᠵᠢᠯ ᠵᠶ᠋ᠠᠨ ᠰᠠᠶ᠋ᠢᠲᠤᠷ ᠬᠢᠬᠦ ᠵᠢ ᠲᠦᠯᠬᠢᠨ ᠠᠬᠢᠭᠤᠯᠵᠤ᠂ ᠬᠠᠮᠲᠤ᠎ᠪᠠᠷ ᠪᠠᠶ᠋ᠢᠭᠤᠯᠬᠤ᠂ ᠬᠠᠮᠲᠤ᠎ᠪᠠᠷ ᠪᠣᠶ᠋ᠢᠵᠢᠭᠤᠯᠬᠤ᠂ ᠬᠠᠮᠲᠤ᠎ᠪᠠᠷ ᠬᠦᠷᠲᠡᠬᠦ ᠬᠥᠭᠵᠢᠯᠲᠡ ᠵᠢᠨ ᠲᠥᠯᠥᠪ ᠪᠠᠶ᠋ᠢᠳᠠᠯ᠎ᠢ ᠪᠣᠶ ᠪᠣᠯᠭ᠋ᠠᠨ᠎ᠠ᠃
    

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ