ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠪᠥᠬᠥ ᠨᠠᠮ᠎ᠤᠨ ᠬᠡᠪᠴᠢᠶᠡᠨ᠎ᠳᠤ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ 3 ᠳ᠋ᠤᠭ᠋ᠠᠷ ᠰᠠᠷ᠎ᠠ ᠵᠢᠨ 26᠎ᠤ ᠡᠳᠤᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠢᠭᠡᠳᠦᠭᠡᠷ ᠬᠤᠭᠤᠴᠠᠭ᠋ᠠᠨ᠎ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ᠎ᠤᠨ ᠨᠠᠢ᠌ᠳᠠᠯᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠤᠢ ᠹᠸᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠥᠬᠥ ᠨᠠᠮ᠎ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ᠎ᠪᠠᠨ ᠦᠨᠡᠨ ᠬᠦ᠌ ᠳᠡᠭᠡᠭᠰᠢᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢ ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠨᠠᠷᠢᠨ ᠣᠢ᠌ᠯᠠᠭ᠋ᠠᠵᠤ᠂ ᠲᠥᠪ᠎ᠤᠨ ᠨᠠᠢᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠋ᠠᠨ᠎ᠤ ᠭᠣᠤᠯ ᠠᠭᠤᠯᠭ᠎ᠠ ᠪᠠ ᠦᠢᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠶ ᠣᠢ᠌ᠯᠠᠭ᠋ᠠᠵᠤ᠂ ᠰᠤᠷᠤᠯᠴᠠᠯᠭ᠎ᠠ ᠬᠥᠮᠦᠵᠢᠯ᠎ᠢ ᠴᠢᠩᠭ᠎ᠠ ᠪᠣᠳᠠᠲᠠᠶ ᠰᠠᠢ᠌ᠲᠤᠷ ᠠᠳᠬᠤᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠤᠭᠳᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠦᠢ᠍ᠯᠡᠳᠦᠯᠭᠡ ᠵᠢᠨ ᠴᠢᠨᠠᠷ᠎ᠢ ᠭᠦᠨᠵᠡᠭᠡᠢ ᠲᠠᠨᠢᠨ ᠡᠵᠡᠮᠳᠡᠵᠦ᠂ ᠰᠤᠷᠤᠯᠴᠠᠯᠭ᠎ᠠ ᠬᠥᠮᠦᠵᠢᠯ᠎ᠢ ᠤᠯᠤᠰ ᠲᠦᠷᠦ ᠵᠢᠨ ᠪᠡᠶ᠎ᠡ ᠵᠢᠨ ᠪᠠᠢ᠌ᠴᠠᠭ᠋ᠠᠯᠲᠠ᠂ ᠦᠵᠡᠯ ᠰᠠᠨᠠᠭ᠋ᠠᠨ᠎ᠤ ᠠᠷᠢᠭᠤᠳᠬᠠᠯ᠂ ᠰᠤᠷᠲᠠᠯ᠎ᠤᠨ ᠳᠠᠪᠲᠠᠯᠲᠠ ᠵᠢᠨ ᠶᠠᠪᠤᠴᠠ ᠪᠣᠯᠭ᠋ᠠᠬᠤ ᠬᠡᠷᠡᠭᠲᠡᠢ᠃ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠲᠠᠢ ᠪᠦᠲᠦᠮᠵᠢᠲᠡᠢ ᠤᠶᠠᠯᠳᠤᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠪᠠᠷ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠪᠠ ᠣᠨ᠎ᠤ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠪᠡᠶᠡᠯᠡᠭᠦᠯᠬᠦ᠎ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠤᠬ᠍ᠴᠠᠵᠢᠭᠤᠯᠤᠨ ᠬᠦᠴᠦᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠵᠶ᠋ᠡᠷ ᠰᠢᠨ᠎ᠡ ᠭᠠᠷᠤᠭ᠎ᠠ ᠪᠣᠯᠭ᠋ᠠᠵᠤ᠂ ᠭᠦᠨᠵᠡᠭᠡᠢ ᠰᠤᠷᠤᠯᠴᠠᠨ ᠨᠠᠷᠢᠯᠢᠭ ᠣᠢ᠌ᠯᠠᠭ᠋ᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠥᠪᠡᠷ᠎ᠢ᠎ᠪᠠᠨ ᠪᠠᠢ᠌ᠴᠠᠭ᠋ᠠᠵᠤ ᠪᠤᠷᠤᠭᠤ᠎ᠪᠠᠨ ᠵᠠᠯᠠᠷᠠᠭᠤᠯᠬᠤ ᠳᠤᠮᠳᠠ ᠠᠵᠢᠯ᠎ᠤᠨ ᠰᠤᠷᠲᠠᠯ ᠵᠶ᠋ᠠᠨ ᠰᠠᠢ᠌ᠵᠢᠷᠠᠭᠤᠯᠵᠤ᠂ ᠪᠣᠳᠠᠲᠠᠢ ᠠᠵᠢᠯᠯᠠᠬᠤ ᠵᠢ ᠪᠠᠲᠤᠲᠠᠢ ᠬᠡᠷᠡᠭᠵᠢᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠳᠠᠳᠠᠢ ᠲᠦᠷᠦᠭᠳᠡᠯ᠎ᠲᠠᠢ ᠪᠦᠲᠦᠮᠵᠢᠲᠡᠢ ᠪᠠᠳᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃